ᠪᠥᠬᠦ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠠ ᠲᠠᠷᠢᠶᠠᠯᠠᠩ ᠤᠨ | ᠥᠨᠳᠥᠷ ᠪᠦᠲᠦᠮᠵᠢᠲᠡᠶ ᠤᠰᠤ ᠠᠷᠪᠢᠯᠠᠬᠤ ᠠᠵᠢᠯ ᠢ ᠠᠬᠢᠭᠤᠯᠬᠤ ᠲᠤᠬᠠᠢ ᠶᠢᠨ ᠲᠠᠯᠠᠪᠠᠶ ᠶᠢᠨ ᠬᠤᠷᠠᠯ 3 ᠳ᠋ᠤᠭᠠᠷ | ᠰᠠᠷ᠎ᠠ ᠶᠢᠨ 16 ᠤ ᠡᠳᠦᠷ᠂ᠲᠦᠩᠯᠢᠶᠣᠣ ᠬᠤᠲᠠ ᠳᠤ ᠬᠤᠷᠠᠯᠳᠤᠪᠠ᠃ | ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠲᠠᠶᠢᠴᠢᠨ ᠬᠤᠷᠠᠯ ᠳᠤ ᠣᠷᠣᠯᠴᠠᠵᠤ | ᠶᠠᠷᠢᠶ᠎ᠠ ᠲᠠᠯᠪᠢᠵᠠᠢ᠃ | ᠬᠤᠷᠠᠯ ᠲᠡᠬᠡᠷ᠎ᠡ ᠡᠯ᠎ᠡ ᠱᠠᠲᠤᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ | ᠵᠣᠭᠰᠣᠴᠠ ᠪᠠᠨ ᠳᠡᠭᠡᠭᠰᠢᠯᠡᠭᠦᠯᠵᠦ᠂ ᠠᠵᠢᠯ ᠤᠨ ᠬᠠᠷᠢᠭᠤᠴᠠᠯᠭ᠎ᠠ ᠪᠠᠨ ᠪᠠᠲᠤᠳᠬᠠᠵᠤ᠂ ᠵᠠᠩᠭᠢᠯᠠᠭ᠎ᠠ ᠶᠢᠨ ᠴᠡᠭ | ᠶᠣᠰᠣᠭᠠᠷ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ᠂ ᠲᠦᠷᠭᠡᠨ ᠠᠵᠢᠯᠯᠠᠵᠤ᠂ ᠪᠦᠲᠦᠭᠡᠨ | ᠪᠠᠶᠢᠭᠤᠯᠬᠤ ᠬᠠᠮᠢᠶᠠᠷᠬᠤ ᠲᠡᠭᠡᠭᠡᠪᠦᠷᠢᠯᠡᠬᠦ ᠶᠢ ᠨᠢᠭᠡ ᠴᠣᠭᠴᠠᠵᠢᠭᠤᠯᠬᠤ ᠪᠠ ᠠᠵᠢᠯ ᠣᠯᠭᠤᠬᠤ ᠪᠠᠷ ᠲᠡᠳᠬᠦᠮᠵᠢ ᠶᠢ | ᠣᠷᠣᠯᠠᠭᠤᠯᠬᠤ ᠵᠡᠷᠭᠡ ᠵᠠᠭᠪᠤᠷ ᠢ ᠶᠡᠭᠡ ᠪᠠᠷ ᠲᠡᠯᠬᠡᠷᠡᠬᠦᠯᠤᠨ᠂ ᠭᠠᠵᠠᠷ ᠰᠢᠷᠣᠢ ᠶᠢ ᠥᠨᠳᠥᠷ ᠪᠦᠲᠦᠮᠵᠢᠲᠡᠢ | ᠠᠰᠢᠭᠯᠠᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ | ᠤᠰᠤᠨ ᠤ ᠡᠬᠢ ᠪᠠᠶᠠᠯᠢᠭ ᠢ ᠠᠷᠪᠢᠯᠠᠨ ᠠᠰᠢᠭᠯᠠᠬᠤ ᠶᠢ ᠰᠠᠶᠢᠲᠤᠷ ᠠᠳᠬᠤᠵᠤ᠂ ᠤᠰᠤᠨ ᠤ ᠦᠨ᠎ᠡ ᠶᠢᠨ | ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ | ᠠᠪᠤᠭᠰᠠᠨ ᠠᠰᠠᠭᠤᠳᠠᠯ ᠢ ᠶᠡᠷᠦᠩᠬᠡᠶᠢᠯᠡᠨ ᠵᠠᠰᠠᠬᠤ ᠠᠵᠢᠯ ᠢ ᠴᠢᠩᠭᠠᠳᠬᠠᠵᠤ᠂ ᠤᠰᠤᠨ ᠠᠰᠢᠭᠯᠠᠯᠲᠠ ᠶᠢᠨ ᠬᠠᠮᠢᠶ᠎ᠠ | ᠪᠦᠬᠦᠢ ᠭᠤᠣᠯᠳᠠᠯᠭ᠎ᠠ ᠲᠠᠢ ᠠᠵᠢᠯ ᠢ ᠰᠤᠳᠤᠯᠤᠨ ᠰᠦᠪᠡᠭᠴᠢᠯᠡᠵᠦ᠂ ᠣᠨ ᠤ ᠡᠭᠦᠷᠭᠡ ᠪᠠᠨ ᠴᠢᠨᠠᠷ ᠰᠠᠶᠢᠲᠠᠢ ᠥᠨᠳᠥᠷ | ᠦᠷ᠎ᠡ ᠪᠦᠲᠦᠮᠵᠢᠲᠡᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ | | | | |