ᠮᠠᠨ ᠤ ᠣᠷᠣᠨ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠷᠰᠢᠯᠲᠠ ᠶᠢᠨ ᠮᠤᠵᠢ ᠣᠷᠣᠨ ᠢᠶᠠᠷ ᠰᠤᠩᠭᠤᠬᠳᠠᠪᠠ
ᠨᠡᠶᠢᠲᠡᠯᠡᠭᠰᠡᠨ ᠴᠠᠭ᠄
2024/3/20
     ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠤᠯᠤᠰ ᠤᠨ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠶᠢᠨ ᠬᠢᠨ ᠤ 3 ᠰᠠᠷ᠎ᠠ ᠶᠢᠨ 18 ᠤ ᠡᠳᠦᠷ ᠨᠡᠶᠢᠲᠡᠯᠡᠭᠰᠡᠨ ᠮᠡᠳᠡᠭᠡ ᠳᠤ ᠮᠠᠨ ᠤ ᠤᠷᠤᠨ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠷᠰᠢᠯᠲᠠ ᠶᠢᠨ ᠮᠤᠵᠢ ᠣᠷᠣᠨ ᠢᠶᠠᠷ ᠰᠤᠩᠭᠤᠬᠳᠠᠵᠠᠢ᠃    ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠪᠣᠯ ᠡᠮᠨᠡᠯᠭᠡ ᠶᠢᠨ ᠬᠤᠷᠢᠶ᠎ᠠ ᠶᠢᠨ ᠰᠢᠭᠤᠳ ᠬᠠᠩᠭᠠᠬᠤ ᠡᠮᠴᠢᠯᠡᠭᠡᠨ ᠤ ᠮᠡᠷᠭᠡᠵᠢᠯ ᠤᠨ ᠵᠦᠢᠯᠡᠰ᠂ ᠲᠣᠨᠤᠭ ᠲᠥᠬᠦᠭᠡᠷᠦᠮᠵᠢ ᠶᠢᠨ ᠦᠢᠯᠡᠴᠢᠯᠡᠭᠡ ᠶᠢᠨ ᠰᠦᠢᠳᠬᠡᠯ ᠬᠤᠷᠢᠶᠠᠬᠤ ᠪᠠᠷᠢᠮᠵᠢᠶ᠎ᠠ ᠶᠤᠮ᠃ ᠲᠤᠬᠠᠶᠢᠯᠠᠪᠠᠯ ᠡᠯ᠎ᠡ ᠵᠦᠢᠯ ᠤᠨ ᠮᠡᠰᠡ ᠵᠠᠰᠠᠯ ᠬᠢᠬᠦ᠂ ᠪᠠᠶᠢᠴᠠᠭᠠᠨ ᠤᠨᠤᠰᠢᠯᠠᠬᠤ᠂ ᠪᠠᠶᠢᠴᠠᠭᠠᠨ ᠰᠢᠯᠭᠠᠬᠤ᠂ ᠰᠤᠪᠢᠯᠠᠬᠤ ᠵᠡᠷᠭᠡ ᠡᠮᠴᠢᠯᠡᠭᠡᠨ ᠤ ᠦᠢᠯᠡᠴᠢᠯᠡᠭᠡ ᠶᠢᠨ ᠰᠦᠢᠳᠬᠡᠯ ᠪᠣᠯᠣᠨ᠎ᠠ᠃ ᠲᠤᠰ ᠤᠳᠠᠭᠠᠨ ᠤ ᠥᠭᠡᠷᠡᠴᠢᠯᠡᠯᠲᠡ ᠨᠢ ᠭᠤᠣᠯᠳᠠᠭᠤ ᠶᠡᠷᠦᠩᠬᠡᠢ ᠬᠡᠮᠵᠢᠶ᠎ᠡ ᠶᠢ ᠲᠣᠬᠢᠷᠠᠭᠤᠯᠤᠨ ᠡᠵᠡᠮᠳᠡᠬᠦ ᠲᠣᠭᠲᠠᠴᠠ᠂ ᠦᠨ᠎ᠡ ᠬᠠᠩᠰᠢ  ᠶᠢ ᠲᠥᠷᠥᠯ ᠬᠤᠪᠢᠶᠠᠨ ᠪᠦᠷᠢᠯᠳᠦᠭᠦᠯᠬᠦ ᠲᠣᠭᠲᠠᠴᠠ᠂ ᠦᠨ᠎ᠡ ᠬᠠᠩᠰᠢ ᠶᠢ ᠬᠥᠳᠡᠯᠦᠩᠭᠦᠢ ᠪᠠᠷ ᠲᠣᠬᠢᠷᠠᠭᠤᠯᠬᠤ ᠲᠣᠭᠲᠠᠴᠠ᠂ ᠦᠨ᠎ᠡ ᠬᠠᠩᠰᠢ ᠶᠢᠨ ᠵᠦᠢᠯᠡᠰ ᠤᠨ ᠬᠠᠮᠢᠶᠠᠷᠤᠯᠲᠠ ᠶᠢᠨ ᠲᠣᠭᠲᠠᠴᠠ ᠪᠣᠯᠣᠨ ᠦᠨ᠎ᠡ ᠬᠠᠩᠰᠢ ᠶᠢ ᠬᠢᠨᠠᠨ ᠰᠢᠯᠭᠠᠬᠤ ᠲᠣᠭᠲᠠᠴᠠ ᠵᠡᠷᠭᠡ 5 ᠲᠠᠯ᠎ᠠ ᠶᠢᠨ ᠲᠣᠭᠤᠷᠢᠨ ᠳᠤ ᠶᠠᠪᠤᠭᠳᠠᠨ᠎ᠠ᠃ ᠡᠭᠦᠨ ᠤ ᠵᠣᠷᠢᠯᠭ᠎ᠠ ᠨᠢ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢᠨ ᠬᠠᠮᠢᠶᠠᠷᠤᠯᠲᠠ ᠶᠢᠨ ᠡᠷᠬᠡ ᠮᠡᠳᠡᠯ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢ ᠲᠣᠭᠲᠠᠭᠠᠬᠤ ᠪᠠ ᠲᠣᠬᠢᠷᠠᠭᠤᠯᠬᠤ ᠳᠦᠷᠢᠮ ᠵᠢᠷᠤᠮ ᠢ ᠲᠡᠭᠦᠯᠳᠡᠷᠵᠢᠭᠦᠯᠦᠨ᠂ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢᠨ ᠬᠠᠮᠢᠶᠠᠷᠤᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢᠨ ᠬᠠᠮᠢᠶᠠᠷᠤᠯᠳᠠ ᠶᠢᠨ ᠲᠤᠯᠠᠭᠠᠭᠤᠷᠢᠯᠠᠯ ᠰᠢᠰᠲ᠋ᠧᠮ ᠢ ᠲᠡᠬᠦᠯᠳᠡᠷᠵᠢᠬᠦᠯᠬᠦ ᠪᠤᠯᠤᠨ᠎ᠠ᠃    ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠢᠨ ᠡᠮ ᠡᠮᠨᠡᠯᠭᠡ ᠶᠢᠨ ᠦᠨ᠎ᠡ ᠬᠠᠩᠰᠢ ᠬᠢᠭᠡᠳ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠭᠠᠵᠠᠷ ᠤᠨ ᠳᠠᠷᠤᠭ᠎ᠠ ᠯᠢ ᠱᠤ᠋ ᠵᠧᠨ᠄ ︽ᠥᠭᠡᠷᠡᠴᠢᠯᠡᠯᠲᠡ ᠶᠢᠨ ᠭᠤᠣᠯᠳᠠᠯᠭ᠎ᠠ ᠪᠣᠯ ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠩᠰᠢ  ᠶᠢᠨ ᠰᠢᠨ᠎ᠡ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠲᠣᠬᠢᠷᠠᠭᠤᠯᠬᠤ ᠡᠰᠡᠬᠦ᠂ ᠬᠡᠳᠦᠢ ᠲᠣᠬᠢᠷᠠᠭᠤᠯᠬᠤ᠂ ᠶᠠᠭᠤ  ᠶᠢ ᠲᠣᠬᠢᠷᠠᠭᠤᠯᠬᠤ᠂ ᠬᠡᠷᠬᠢᠨ ᠲᠣᠬᠢᠷᠠᠭᠤᠯᠬᠤ ᠮᠡᠷᠭᠡᠵᠢᠯ ᠤᠨ ᠴᠢᠨᠠᠷᠲᠠᠢ ᠠᠰᠠᠭᠤᠳᠠᠯ ᠢ ᠠᠯᠪᠠᠨ ᠠᠴᠠ ᠡᠷᠭᠢᠯᠡᠭᠰᠡᠨ ᠡᠮᠨᠡᠯᠭᠡ ᠶᠢᠨ ᠬᠤᠷᠢᠶᠠᠨ ᠤ ᠨᠥᠬᠦᠪᠦᠷᠢ ᠥᠭᠬᠦ ᠲᠣᠭᠲᠠᠴᠠ᠂ ᠱᠠᠲᠤ ᠬᠤᠪᠢᠶᠠᠨ ᠣᠨᠣᠰᠢᠯᠠᠨ ᠡᠮᠨᠡᠬᠦ᠂ ᠡᠮᠴᠢᠯᠡᠭᠡᠨ ᠤ ᠵᠠᠷᠤᠳᠠᠯ ᠢ ᠬᠢᠵᠠᠭᠠᠷᠯᠠᠬᠤ᠂ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠢ ᠲᠥᠯᠥᠬᠦ ᠵᠡᠷᠭᠡ ᠰᠢᠰᠲ᠋ᠧᠮ ᠤᠨ ᠴᠢᠨᠠᠷᠲᠠᠢ ᠠᠰᠠᠭᠤᠳᠠᠯ ᠯᠤᠭ᠎ᠠ ᠨᠢᠭᠡᠳᠦᠯᠲᠡᠢ ᠲᠥᠯᠥᠪᠯᠡᠵᠦ᠂ ᠶᠡᠷᠦᠩᠬᠡᠶᠢᠯᠡᠭᠰᠡᠨ ᠦᠢᠯᠡᠳᠦᠯ ᠭᠠᠷᠭᠠᠬᠤ ᠶᠠᠪᠤᠳᠠᠯ ᠪᠣᠯᠣᠨ᠎ᠠ᠃  ᠲᠤᠷᠰᠢᠯᠲᠠ ᠶᠢᠨ ᠠᠵᠢᠯ ᠤᠨ ᠡᠯ᠎ᠡ ᠵᠦᠢᠯ ᠤᠨ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠵᠤ᠂ ᠲᠤᠷᠰᠢᠯᠲᠠ ᠶᠢᠨ ᠦᠢᠯᠡᠳᠦᠯ ᠢ ᠦᠨᠡᠨ ᠬᠦ ᠪᠠᠳᠠᠷᠠᠭᠤᠯᠬᠤ ᠪᠠᠷ ᠴᠢᠷᠮᠠᠶᠢᠵᠤ᠂ ᠤᠯᠤᠰ ᠲᠤ ᠡᠮᠴᠢᠯᠡᠭᠡᠨ ᠤ ᠦᠨ᠎ᠡ ᠬᠠᠩᠰᠢ ᠶᠢᠨ ᠥᠭᠡᠷᠡᠴᠢᠯᠡᠯᠲᠡ ᠶᠢᠨ ᠥᠪᠥᠷ ᠮᠣᠩᠭᠤᠯ ᠤᠨ ᠬᠢᠨ ᠤ ᠬᠠᠭᠤᠯᠪᠤᠷᠢᠯᠠᠨ ᠳᠡᠯᠭᠡᠷᠡᠭᠦᠯᠵᠦ ᠪᠣᠯᠬᠤ ᠲᠤᠷᠰᠢᠯᠭ᠎ᠠ ᠶᠢ ᠰᠦᠪᠡᠭᠴᠢᠯᠡᠵᠦ ᠥᠭᠭᠦᠨ᠎ᠡ︾ ᠭᠡᠵᠡᠢ᠃ 
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号