ᠮᠠᠨ ᠤ ᠤᠷᠤᠨ ᠦᠨᠤ ᠵᠢᠯ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠦᠢᠯᠡᠳᠬᠦ ᠦᠢᠯᠡᠰ ᠤᠨ 960 ᠲᠥᠷᠥᠯ ᠵᠦᠢᠯ ᠢ ᠬᠡᠷᠡᠭᠵᠢᠭᠦᠯᠬᠦ ᠪᠠᠷ ᠪᠣᠶ
ᠨᠡᠶᠢᠲᠡᠯᠡᠭᠰᠡᠨ ᠴᠠᠭ᠄
2024/3/20
    ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠤᠨ ᠬᠢᠨ ᠠᠴᠠ ᠤᠶᠢᠯᠠᠭᠠᠬᠰᠠᠨ ᠢᠶᠠᠷ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠢᠩᠬᠢᠮ ᠤᠨ ᠬᠢᠨ ᠦᠨᠤ ᠵᠢᠯ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠲᠡᠬᠡᠷ᠎ᠡ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠵᠠᠮ ᠢᠶᠠᠷ ᠵᠠᠮᠨᠠᠬᠤ᠂  ᠲᠤᠮᠳᠠ ᠲᠦᠪᠰᠢᠨ ᠳᠤ ᠣᠷᠣᠬᠤ ᠬᠠᠷᠠᠯᠲᠠ ᠶᠢ ᠲᠣᠭᠲᠠᠭᠠᠵᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢᠶᠠᠨ ᠤᠯᠠᠮ ᠴᠢᠩᠭᠠᠷᠠᠭᠤᠯᠤᠨ᠂ ︽ᠵᠠᠰᠠᠭ᠂ ᠮᠦᠡᠭᠭᠦᠨ ᠬᠦᠢᠯᠬᠡᠬᠡ᠂ ᠠᠵᠤ ᠠᠬᠤᠶᠢᠯᠠᠯ︾ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠦᠢᠯᠡᠳᠬᠦ ᠦᠢᠯᠡᠰ ᠤᠨ ᠳᠡᠭᠡᠳᠦ ᠦᠵᠦᠭᠦᠷᠵᠢᠭᠰᠡᠨ᠂ ᠣᠶᠤᠨᠴᠢᠯᠠᠭᠰᠠᠨ᠂ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠤᠨ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠠᠬᠢᠴᠠ ᠶᠢ ᠲᠦᠷᠭᠡᠳᠬᠡᠵᠦ᠂ ᠪᠥᠬᠦ ᠵᠢᠯ ᠳᠤ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠦᠢᠯᠡᠳᠬᠦ ᠦᠢᠯᠡᠰ ᠤᠨ 960 ᠲᠥᠷᠥᠯ ᠵᠦᠢᠯ ᠢ ᠬᠡᠷᠡᠭᠵᠢᠬᠦᠯᠵᠤ᠂ 3500 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠬᠤ ᠪᠠᠷ ᠪᠠᠶᠢᠨ᠎ᠠ᠃   ᠳᠡᠭᠡᠳᠦ ᠲᠠᠰ ᠤᠨ ᠬᠦᠭᠵᠢᠬᠦᠯᠤᠯᠳᠡ ᠶᠢᠨ ᠲᠠᠯ᠎ᠠ ᠪᠠᠷ᠂ 5 ᠳ᠋ᠦᠩᠰᠢᠭᠤᠷ ᠲᠥᠭᠦᠷᠢᠭ ᠪᠤᠶᠤ 5 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠯᠡ ᠣᠷᠣᠭᠤᠯᠤᠭᠰᠠᠨ ᠮᠥᠷᠲᠡᠭᠡᠨ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠭᠤᠯᠤᠭᠰᠠᠨ ᠦᠢᠯᠡᠳᠬᠦ ᠦᠢᠯᠡᠰ ᠤᠨ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠲᠥᠷᠥᠯ ᠵᠦᠢᠯ ᠳᠤ ᠪᠣᠳᠠᠲᠠᠢ ᠵᠢᠭᠡᠯᠡᠯᠭᠡ ᠶᠢᠨ ᠬᠦᠦ ᠮᠥᠩᠭᠦ ᠶᠢᠨ 30% ᠪᠠᠷ ᠨᠢᠭᠡ ᠯᠨ ᠤᠳᠠᠭ᠎ᠠ ᠳᠤ ᠬᠦᠦ ᠮᠦᠡᠭᠭᠦ ᠶᠢᠨ ᠨᠥᠬᠦᠪᠦᠷᠢ ᠱᠠᠩᠨᠠᠨ᠎ᠠ᠃ 2000 ᠲᠦᠮᠡᠨ ᠲᠥᠭᠦᠷᠢᠭ ᠪᠠ 2000 ᠲᠦᠮᠡᠨ ᠲᠦᠬᠦᠷᠢᠭ ᠠᠴᠠ ᠳᠡᠭᠡᠭᠰᠢ ᠪᠡᠯᠡ ᠣᠷᠣᠭᠤᠯᠤᠭᠰᠠᠨ ᠮᠥᠷᠲᠡᠭᠡᠨ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠭᠤᠯᠤᠭᠰᠠᠨ ᠦᠢᠯᠡᠳᠬᠦ ᠦᠢᠯᠡᠰ ᠤᠨ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠳᠤ ᠮᠡᠷᠭᠡᠵᠢᠯ ᠤᠨ ᠥᠭᠡᠷᠡᠴᠢᠯᠡᠯᠲᠡ ᠶᠢᠨ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢᠨ 20% ᠪᠠᠷ ᠨᠢᠭᠡ  ᠯᠨ ᠤᠳᠠᠭ᠎ᠠ ᠳᠤ   ᠨᠥᠬᠦᠪᠦᠷᠢ ᠱᠠᠩᠨᠠᠯ ᠣᠯᠭᠤᠨ᠎ᠠ᠃ ᠰᠢᠨ᠎ᠡ ᠪᠠᠷ ᠦᠨᠡᠯᠡᠭᠰᠡᠨ ᠤᠯᠤᠰ ᠤᠨ ᠲᠠᠰ ᠤᠨ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠲᠡᠷᠢᠭᠦᠨ ᠤ ᠦᠢᠯᠡᠳᠬᠦ ᠦᠢᠯᠡᠰ ᠤᠨ ᠰᠦᠷᠦᠭᠵᠢᠯ ᠪᠠ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠲᠤ ᠨᠢᠭᠡ ᠯᠨ ᠤᠳᠠᠭ᠎ᠠ ᠶᠢᠨ ᠨᠦᠬᠦᠪᠤᠷᠢ ᠱᠠᠩᠨᠠᠵᠤ ᠤᠯᠭᠤᠨ᠎ᠠ᠃   ᠣᠶᠤᠨᠴᠢᠯᠠᠭᠰᠠᠨ ᠬᠦᠭᠵᠢᠬᠦᠯᠤᠯᠳᠡ ᠶᠢᠨ ᠲᠠᠯ᠎ᠠ ᠪᠠᠷ᠂ ᠤᠯᠤᠰ ᠤᠨ ᠳᠤᠮᠳᠠ ᠪᠠᠭ᠎ᠠ ᠠᠵᠤ ᠠᠬᠤᠶᠢᠯᠠᠯ ᠤᠨ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠬᠤᠲᠠ ᠶᠢᠨ ᠲᠤᠷᠰᠢᠯᠲᠠ ᠪᠠ ᠥᠪᠡᠷᠲᠡᠭᠡᠨ ᠵᠠᠰᠠᠬᠤ ᠣᠷᠣᠨ ᠤ ᠦᠢᠯᠡᠳᠬᠦ ᠦᠢᠯᠡᠰ ᠤᠨ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠲᠤᠷᠰᠢᠯᠲᠠ ᠶᠢᠨ ᠴᠡᠭ ᠲᠤ ᠵᠢᠭᠰᠠᠭᠠᠭᠳᠠᠭᠰᠠᠨ ᠠᠶᠢᠮᠠᠭ ᠬᠤᠲᠠ ᠳᠤ 5000 ᠲᠦᠮᠡᠨ ᠲᠥᠭᠦᠷᠢᠭ ᠤᠨ ᠱᠠᠩᠨᠠᠯ ᠨᠥᠬᠦᠪᠦᠷᠢ ᠣᠯᠭᠤᠨ᠎ᠠ᠃ ᠠᠩᠬᠠᠨ ᠤ ᠬᠡᠪᠯᠡᠯ ᠤᠨ ᠵᠥᠭᠡᠯᠡᠨ ᠲᠣᠨᠤᠭ ᠲᠤ ᠪᠣᠷᠣᠯᠠᠭᠤᠯᠤᠯᠲᠠ ᠶᠢᠨ ᠶᠡᠷᠦᠩᠬᠡᠢ ᠲᠣᠭᠠᠨ ᠤ 20% ᠪᠠᠷ ᠱᠠᠩᠨᠠᠯ ᠨᠥᠬᠦᠪᠦᠷᠢ ᠣᠯᠭᠤᠨ᠎ᠠ᠃ ᠠᠵᠤ ᠠᠬᠤᠶᠢᠯᠠᠯ ᠤᠨ ᠰᠢᠨ᠎ᠡ ᠪᠠᠷ ᠨᠡᠭᠡᠭᠡᠨ ᠬᠥᠭᠵᠢᠭᠦᠯᠦᠭᠰᠡᠨ ᠠᠵᠤ ᠦᠢᠯᠡᠳᠪᠦᠷᠢ ᠶᠢᠨ ᠵᠥᠭᠡᠯᠡᠨ ᠲᠣᠨᠤᠭ ᠲᠤ ᠰᠤᠳᠤᠯᠤᠨ ᠨᠡᠭᠡᠭᠡᠬᠦ ᠣᠷᠣᠭᠤᠯᠤᠯᠲᠠ ᠶᠢᠨ 20% ᠪᠠᠷ ᠱᠠᠩᠨᠠᠯ ᠨᠥᠬᠦᠪᠦᠷᠢ ᠣᠯᠭᠤᠨ᠎ᠠ᠃    ᠪᠣᠬᠢᠷᠲᠤᠯ ᠦᠭᠡᠢ ᠬᠦᠭᠵᠢᠬᠦᠯᠤᠯᠳᠡ ᠶᠢᠨ ᠲᠠᠯ᠎ᠠ ᠪᠠᠷ᠂ ᠡᠨᠧᠷᠭᠢ ᠠᠷᠪᠢᠯᠠᠬᠤ᠂ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠳᠤ ᠡᠨᠧᠷᠭᠢ ᠠᠷᠪᠢᠯᠠᠬᠤ᠂ ᠤᠰᠤ ᠠᠷᠪᠢᠯᠠᠬᠤ ᠬᠡᠮᠵᠢᠶ᠎ᠡ ᠪᠠᠷ ᠱᠠᠩᠨᠠᠯ ᠨᠥᠬᠦᠪᠦᠷᠢ ᠣᠯᠭᠤᠨ᠎ᠠ ᠃ ᠲᠣᠮᠣ ᠳ᠋ᠠᠶᠢᠲ᠋ᠠ ᠶᠢᠨ ᠲᠥᠪ ᠤᠨ ᠴᠠᠬᠢᠯᠭᠠᠨ ᠡᠭᠦᠰᠬᠡᠭᠴᠢ ᠶᠢᠨ ᠬᠡᠷᠡᠭᠯᠡᠯᠲᠡ ᠶᠢᠨ ᠦᠷ᠎ᠡ ᠪᠦᠲᠦᠮᠵᠢ ︵PUE ᠬᠡᠮᠵᠢᠭᠳᠡᠯ︶ ᠶᠢ ᠠᠩᠬ᠎ᠠ ᠤᠳᠠᠭ᠎ᠠ 1.3 ᠪᠣᠯᠲᠠᠯ᠎ᠠ ᠪᠠᠭᠤᠷᠠᠭᠤᠯᠤᠭᠰᠠᠨ ᠪᠤᠯ ᠮᠡᠷᠭᠡᠵᠢᠯ ᠤᠨ ᠥᠭᠡᠷᠡᠴᠢᠯᠡᠯᠲᠡ ᠶᠢᠨ ᠪᠡᠯᠡ ᠣᠷᠣᠭᠤᠯᠤᠯᠲᠠ ᠶᠢᠨ ᠲᠣᠭᠠᠨ ᠤ 10% ᠪᠠᠷ ᠱᠠᠩᠨᠠᠯ ᠨᠥᠬᠦᠪᠦᠷᠢ ᠣᠯᠭᠤᠨ᠎ᠠ᠃ ᠰᠢᠨ᠎ᠡ ᠪᠠᠷ ᠪᠠᠶᠢᠭᠤᠯᠤᠭᠰᠠᠨ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠪᠠ  ᠲᠠᠬᠢᠨ ᠠᠰᠢᠬᠯᠠᠵᠤ ᠪᠤᠯᠬᠤ ᠡᠬᠢ ᠪᠠᠶᠠᠯᠢᠭ ᠤᠨ ᠳᠣᠲᠣᠷᠠᠬᠢ ᠬᠠᠶᠠᠭᠳᠠᠮᠠᠯ ᠰᠦᠯᠢᠶᠥᠦ᠂ ᠬᠠᠶᠠᠭᠳᠠᠮᠠᠯ ᠴᠠᠭᠠᠰᠤ ᠶᠢ ᠬᠤᠷᠢᠶᠠᠨ᠂ ᠡᠳ᠋ᠰᠢᠭᠦᠯᠦᠨ ᠠᠰᠢᠭᠯᠠᠬᠤ ᠲᠥᠷᠥᠯ ᠵᠦᠢᠯ ᠳᠤ ᠵᠣᠬᠢᠬᠤ ᠱᠠᠩᠨᠠᠯ ᠨᠥᠬᠦᠪᠦᠷᠢ ᠣᠯᠭᠤᠨ᠎ᠠ᠃ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠲᠥ᠋ᠷᠥᠭᠴᠢ ᠶᠢ ᠪᠠᠭ᠎ᠠ ᠭᠠᠳᠠᠭᠰᠢᠯᠠᠭᠤᠯᠬᠤ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ᠂ ᠨᠡᠭᠦᠷᠡᠰᠦᠲᠥ᠋ᠷᠥᠭᠴᠢ ᠦᠭᠡᠢ ᠭᠠᠳᠠᠭᠰᠢᠯᠠᠭᠤᠯᠬᠤ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠲᠤ ᠵᠣᠬᠢᠬᠤ ᠱᠠᠩᠨᠠᠯ ᠨᠥᠬᠦᠪᠦᠷᠢ ᠣᠯᠭᠤᠨ᠎ᠠ᠃    ᠰᠢᠨ᠎ᠡ ᠶᠢ ᠡᠭᠦᠳᠬᠦ ᠬᠦᠭᠵᠢᠬᠦᠯᠤᠯᠳᠡ ᠶᠢᠨ ᠲᠠᠯ᠎ᠠ  ᠪᠠᠷ᠂ ᠰᠢᠨ᠎ᠡ ᠪᠠᠷ ᠪᠠᠶᠢᠭᠤᠯᠤᠭᠰᠠᠨ ᠤᠯᠤᠰ ᠤᠨ ᠳᠡᠰ ᠤᠨ᠂ ᠥᠪᠡᠷᠲᠡᠭᠡᠨ ᠵᠠᠰᠠᠬᠤ ᠣᠷᠣᠨ ᠤ ᠳᠡᠰ ᠤᠨ ᠦᠢᠯᠡᠳᠬᠦ ᠦᠢᠯᠡᠰ ᠤᠨ ᠰᠢᠨ᠎ᠡ ᠶᠢ ᠡᠭᠦᠳᠬᠦ ᠲᠥᠪ᠂ ᠠᠵᠤ ᠦᠢᠯᠡᠳᠪᠦᠷᠢ ᠶᠢᠨ ᠵᠢᠷᠤᠭ ᠲᠥᠯᠥᠪᠯᠡᠭᠡ ᠶᠢᠨ ᠲᠥᠪ ᠲᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨ᠎ᠡ ᠪᠠᠷ ᠦᠨᠡᠯᠡᠭᠰᠡᠨ ᠠᠵᠤ ᠠᠬᠤᠶᠢᠯᠠᠯ ᠤᠨ ᠮᠡᠷᠭᠡᠵᠢᠯ ᠤᠨ ᠲᠥᠪ ᠲᠤ᠂ ᠤᠯᠤᠰ ᠤᠨ ᠰᠢᠨ᠎ᠡ ᠪᠠᠷ ᠦᠨᠡᠯᠡᠭᠰᠡᠨ ᠮᠡᠷᠭᠡᠵᠢᠯ ᠤᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠠᠵᠤ ᠠᠬᠤᠶᠢᠯᠠᠯ᠂ ᠪᠥᠬᠦ ᠤᠯᠤᠰ ᠤᠨ ︽ᠶᠠᠰᠤ ᠴᠢᠨᠠᠷ ᠤᠨ ᠬᠡᠪ ᠳᠠᠭᠤᠷᠢᠶᠠᠯ︾ ᠠᠵᠤ ᠠᠬᠤᠶᠢᠯᠠᠯ᠂ ᠣᠯᠠᠨ ᠤᠯᠤᠰ ᠤᠨ᠂ ᠤᠯᠤᠰ ︵ᠠᠵᠢᠯ ᠲᠥᠷᠥᠯ︶ ᠤᠨ ᠪᠠᠷᠢᠮᠵᠢᠶ᠎ᠠ ᠶᠢ ᠭᠤᠣᠯᠯᠠᠨ ᠲᠣᠭᠲᠠᠭᠠᠭᠰᠠᠨ ᠠᠵᠤ ᠠᠬᠤᠶᠢᠯᠠᠯ᠂ ᠣᠯᠠᠨ ᠤᠯᠤᠰ ᠤᠨ᠂ ᠤᠯᠤᠰ ︵ᠠᠵᠢᠯ ᠲᠥᠷᠥᠯ︶ ᠤᠨ ᠪᠠᠷᠢᠮᠵᠢᠶ᠎ᠠ ᠶᠢ ᠲᠣᠭᠲᠠᠭᠠᠬᠤ ᠳᠤ ᠣᠷᠣᠯᠴᠠᠭᠰᠠᠨ ᠠᠵᠤ ᠠᠬᠤᠶᠢᠯᠠᠯ ᠳᠤ ᠰᠤᠳᠤᠯᠤᠨ ᠨᠡᠭᠡᠭᠡᠬᠦ ᠵᠠᠷᠤᠳᠠᠯ ᠤᠨ ᠱᠠᠩᠨᠠᠯ ᠨᠥᠬᠦᠪᠦᠷᠢ ᠶᠢ ᠨᠢᠭᠡ ᠯᠨ ᠤᠳᠠᠭ᠎ᠠ  ᠳᠤ ᠣᠯᠭᠤᠨ᠎ᠠ᠃ ᠰᠢᠨ᠎ᠡ ᠬᠢᠮᠢ ᠶᠢᠨ ᠡᠮ ᠤᠨ ᠵᠦᠢᠯ ᠤᠨ ᠳᠠᠩᠰᠠᠯᠠᠯᠲᠠ ᠪᠠᠷ ᠲᠥᠷᠥᠯ ᠬᠤᠪᠢᠶᠠᠨ ᠳᠠᠩᠰᠠᠯᠠᠭᠤᠯᠬᠤ ᠪᠠᠷ ᠭᠤᠶᠤᠴᠢᠯᠠᠭᠠᠳ ᠵᠥᠪᠰᠢᠶᠡᠷᠡᠯ ᠣᠯᠣᠭᠰᠠᠨ ᠪᠤᠶᠤ ᠳᠠᠭᠤᠷᠢᠶᠠᠮᠠᠯ ᠡᠮ ᠤᠨ ᠨᠢᠭᠡᠳᠦᠯᠲᠦ ᠴᠢᠨᠠᠷ ᠤᠨ ᠦᠨᠡᠯᠡᠯᠲᠡ ᠶᠢ ᠲᠠᠪᠠᠭᠰᠠᠨ ᠡᠮ ᠤᠨ ᠵᠦᠢᠯ ᠤᠨ ᠲᠥᠷᠥᠯ ᠵᠦᠢᠯ ᠢ ᠨᠢᠭᠡ ᠯᠨ ᠤᠳᠠᠭ᠎ᠠ ᠱᠠᠩᠨᠠᠵᠤ ᠨᠥᠬᠦᠪᠦᠷᠢᠯᠡᠨ᠎ᠡ᠃   ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠣᠶᠢᠵᠢᠭᠤᠯᠬᠤ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ ᠠᠴᠠ  ᠦᠨᠡᠯᠡᠭᠰᠡᠨ ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ᠂ ︽ᠲᠤᠰᠬᠠᠢ᠂ ᠨᠠᠷᠢᠯᠢᠭ᠂ ᠣᠨᠴᠠ᠂ ᠰᠢᠨ᠎ᠡ︾ ᠳᠤᠮᠳᠠ ᠵᠢᠵᠢᠭ ᠠᠵᠤ ᠠᠬᠤᠶᠢᠯᠠᠯ ᠪᠠ ᠪᠠᠭ᠎ᠠ ᠪᠤᠯᠪᠠᠴᠤ ᠶᠡᠭᠡ ᠶᠢ ᠪᠦᠳᠤᠬᠡᠵᠤ ᠪᠠᠶᠢᠭ᠎ᠠ ᠠᠵᠤ ᠠᠬᠤᠶᠢᠯᠠᠯ ᠳᠤ᠂ ᠰᠢᠨ᠎ᠡ ᠪᠠᠷ  ᠦᠨᠡᠯᠡᠭᠰᠡᠨ ᠥᠪᠡᠷᠲᠡᠭᠡᠨ ᠵᠠᠰᠠᠬᠤ ᠣᠷᠣᠨ ᠤ ᠲᠠᠰ ᠤᠨ ᠳᠤᠮᠳᠠ ᠵᠢᠵᠢᠭ ᠠᠵᠤ ᠠᠬᠤᠶᠢᠯᠠᠯ ᠤᠨ ᠣᠨᠴᠠᠯᠢᠭᠲᠤ ᠠᠵᠤ ᠦᠢᠯᠡᠰ ᠤᠨ ᠪᠦᠯᠦᠭᠯᠡᠯ ᠪᠠ ᠤᠯᠤᠰ ᠤᠨ ᠲᠠᠰ ᠤᠨ ᠳᠤᠮᠳᠠ ᠵᠢᠵᠢᠭ ᠠᠵᠤ ᠠᠬᠤᠶᠢᠯᠠᠯ ᠤᠨ ᠣᠨᠴᠠᠯᠢᠭᠲᠤ ᠠᠵᠤ ᠦᠢᠯᠡᠰ ᠤᠨ ᠪᠦᠯᠦᠭᠯᠡᠯ ᠳᠤ ᠨᠢᠭᠡ ᠯᠨ ᠤᠳᠠᠭ᠎ᠠ ᠶᠢᠨ ᠱᠠᠩᠨᠠᠯ ᠨᠥᠬᠦᠪᠦᠷᠢ ᠣᠯᠭᠤᠨ᠎ᠠ᠃ ᠤᠯᠤᠰ ᠤᠨ ᠲᠠᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠦᠢᠯᠡᠳᠬᠦ ᠦᠢᠯᠡᠰ ᠤᠨ ᠭᠠᠭᠴᠠ ᠵᠦᠢᠯ ᠤᠨ ᠮᠠᠩᠯᠠᠢ ᠪᠠᠷ ᠦᠨᠡᠯᠡᠬᠦᠯᠦᠭᠰᠡᠨ ᠠᠵᠤ ᠠᠬᠤᠶᠢᠯᠠᠯ ᠳᠤ ᠨᠢᠬᠡ ᠯᠨ ᠤᠳᠠᠭ᠎ᠠ ᠶᠢᠨ ᠱᠠᠩᠨᠠᠯ ᠨᠥᠬᠦᠪᠦᠷᠢ ᠣᠯᠭᠤᠨ᠎ᠠ᠃ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠪᠡᠯᠡ ᠮᠥᠩᠭᠦ ᠶᠢ ᠲᠥᠪᠯᠡᠷᠡᠭᠦᠯᠵᠦ ᠪᠠᠶᠢᠭᠠᠳ ᠶᠡᠷᠦᠩᠬᠡᠶᠢᠯᠡᠭᠰᠡᠨ ᠪᠣᠳᠠᠲᠤ ᠬᠦᠴᠦᠨ ᠴᠢᠩᠭ᠎ᠠ᠂ ᠪᠣᠳᠠᠲᠠᠶᠢᠵᠢᠭᠤᠯᠤᠭᠰᠠᠨ ᠲᠥᠷᠥᠯ ᠵᠦᠢᠯ ᠣᠯᠠᠨ᠂ ᠡᠷᠴᠢᠮᠵᠢᠭᠦᠯᠦᠨ ᠬᠥᠭᠵᠢᠭᠦᠯᠬᠦ ᠲᠦᠪᠰᠢᠨ ᠥᠨᠳᠥᠷ᠂ ᠠᠵᠤ ᠦᠢᠯᠡᠰ ᠤᠨ ᠲᠠᠭᠠᠭᠠᠴᠨ ᠰᠠᠶᠢᠳᠠᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠰᠠᠭᠤᠷᠢ ᠲᠦᠬᠦᠬᠡᠷᠤᠮᠵᠢ ᠶᠢᠨ ᠪᠦᠲᠦᠭᠡᠨ ᠪᠠᠶᠢᠭᠤᠯᠤᠯᠲᠠ ᠳᠤ ᠨᠥᠬᠦᠪᠦᠷᠢ ᠣᠯᠭᠤᠨ᠎ᠠ᠃    
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号