ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠤ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠸᠢᠳᠢᠤ᠋ ᠬᠤᠷᠠᠯ ᠬᠤᠷᠠᠯᠳᠤᠵᠤ᠂ ᠵᠸᠡᠭ ᠭᠤᠸᠠᠩ ᠵᠤᠤ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2024/3/20
    ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠸᠢᠳᠢᠤ᠋ ᠬᠤᠷᠠᠯ ᠤᠷᠴᠢᠮ ᠳᠤ ᠬᠤᠷᠠᠯᠳᠤᠵᠤ᠂ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠪᠣᠯᠣᠨ ᠦᠪᠤᠷ ᠮᠤᠩᠭᠤᠯ  ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ᠂ ᠪᠥᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ  ᠬᠢᠨ ᠤ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ᠂ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃    ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠵᠧᠩ ᠭᠤᠸᠠᠩ ᠭᠤᠸᠠᠩ ᠶᠠᠷᠢᠶ᠎ᠠ ᠲᠠᠯᠪᠢᠪᠠ᠃     ᠬᠤᠷᠠᠯ ᠲᠡᠬᠡᠷ᠎ᠡ ᠪᠦᠬᠦ ᠲᠠᠯ᠎ᠠ ᠪᠠᠷ ᠨᠠᠮ ᠢ ᠴᠢᠩᠭ᠎ᠠ ᠬᠠᠮᠢᠶᠠᠷᠴᠤ ᠴᠠᠭᠳᠠᠭ᠎ᠠ ᠶᠢ ᠴᠢᠩᠭ᠎ᠠ ᠵᠠᠰᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠠᠮ ᠤᠨ ᠳᠣᠲᠣᠭᠠᠳᠤ ᠶᠢ ᠬᠠᠮᠠᠭᠠᠯᠠᠬᠤ ᠠᠵᠢᠯ ᠳᠤ ᠬᠢ ᠬᠠᠷᠢᠴᠠᠯᠠᠰᠢᠭᠦᠢ ᠤᠳᠤᠷᠢᠳᠤᠯᠭ᠎ᠠ ᠶᠢᠨ ᠳᠦᠷᠢᠮ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠲᠦᠷᠪᠡᠨ ᠡᠷᠡᠰ︾ ᠢ ᠰᠠᠶᠢᠲᠤᠷ ᠠᠳᠬᠤᠵᠤ᠂ ︽ᠲᠦᠷᠪᠡᠨ ᠬᠡᠯᠪᠡᠷᠢ︾ ᠢ ᠰᠠᠶᠢᠲᠤᠷ ᠬᠡᠷᠡᠭᠯᠡᠵᠦ᠂ ᠰᠤᠷᠲᠠᠯ ᠤᠨ ᠠᠷᠬᠠᠭ ᠢ ᠴᠡᠭᠴᠡᠯᠡᠨ᠂ ᠰᠢᠯᠢᠳᠡᠭ ᠴᠠᠭᠳᠠᠭ᠎ᠠ ᠶᠢᠨ ᠰᠤᠷᠲᠠᠯ ᠢ ᠪᠠᠳᠠᠷᠠᠭᠤᠯᠵᠤ᠂ ︽︿ᠲᠦᠷᠪᠡᠨ﹀ ᠭᠠᠨᠭ᠌ ᠲᠡᠮᠤᠷ ᠮᠡᠳᠤ︾ ᠳᠣᠲᠣᠭᠠᠳᠤ ᠶᠢ  ᠬᠠᠮᠠᠭᠠᠯᠠᠬᠴᠢ ᠶᠢ ᠳᠠᠪᠲᠠᠨ ᠪᠣᠯᠪᠠᠰᠤᠷᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃  
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号