ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠲᠢᠩᠬᠢᠮ ᠤᠨ ᠬᠢᠨ ᠠᠴᠠ ᠤᠶᠢᠯᠠᠭᠠᠬᠰᠠᠨ ᠢᠶᠠᠷ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠮᠡᠳᠡᠭᠡ | ᠵᠠᠩᠭᠢᠵᠢᠯᠲᠠ ᠶᠢᠨ ᠲᠢᠩᠬᠢᠮ ᠤᠨ ᠬᠢᠨ ᠦᠨᠤ ᠵᠢᠯ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠲᠡᠬᠡᠷ᠎ᠡ | ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠵᠠᠮ ᠢᠶᠠᠷ ᠵᠠᠮᠨᠠᠬᠤ᠂ ᠲᠤᠮᠳᠠ ᠲᠦᠪᠰᠢᠨ ᠳᠤ ᠣᠷᠣᠬᠤ ᠬᠠᠷᠠᠯᠲᠠ ᠶᠢ | ᠲᠣᠭᠲᠠᠭᠠᠵᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢᠶᠠᠨ ᠤᠯᠠᠮ ᠴᠢᠩᠭᠠᠷᠠᠭᠤᠯᠤᠨ᠂ ︽ᠵᠠᠰᠠᠭ᠂ | ᠮᠦᠡᠭᠭᠦᠨ ᠬᠦᠢᠯᠬᠡᠬᠡ᠂ ᠠᠵᠤ ᠠᠬᠤᠶᠢᠯᠠᠯ︾ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠦᠢᠯᠡᠳᠬᠦ ᠦᠢᠯᠡᠰ ᠤᠨ | ᠳᠡᠭᠡᠳᠦ ᠦᠵᠦᠭᠦᠷᠵᠢᠭᠰᠡᠨ᠂ ᠣᠶᠤᠨᠴᠢᠯᠠᠭᠰᠠᠨ᠂ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠤᠨ᠂ ᠰᠢᠨ᠎ᠡ | ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠠᠬᠢᠴᠠ ᠶᠢ ᠲᠦᠷᠭᠡᠳᠬᠡᠵᠦ᠂ ᠪᠥᠬᠦ ᠵᠢᠯ ᠳᠤ ᠳ᠋ᠦᠩᠰᠢᠭᠤᠷ | ᠲᠥᠭᠦᠷᠢᠭ ᠠᠴᠠ ᠳᠡᠭᠡᠭᠰᠢᠬᠢ ᠦᠢᠯᠡᠳᠬᠦ ᠦᠢᠯᠡᠰ ᠤᠨ 960 ᠲᠥᠷᠥᠯ ᠵᠦᠢᠯ ᠢ ᠬᠡᠷᠡᠭᠵᠢᠬᠦᠯᠵᠤ᠂ 3500 | ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠬᠤ ᠪᠠᠷ ᠪᠠᠶᠢᠨ᠎ᠠ᠃ | ᠳᠡᠭᠡᠳᠦ ᠲᠠᠰ ᠤᠨ ᠬᠦᠭᠵᠢᠬᠦᠯᠤᠯᠳᠡ ᠶᠢᠨ ᠲᠠᠯ᠎ᠠ ᠪᠠᠷ᠂ 5 ᠳ᠋ᠦᠩᠰᠢᠭᠤᠷ ᠲᠥᠭᠦᠷᠢᠭ ᠪᠤᠶᠤ 5 ᠳ᠋ᠦᠩᠰᠢᠭᠤᠷ | ᠲᠥᠭᠦᠷᠢᠭ ᠠᠴᠠ ᠳᠡᠭᠡᠭᠰᠢ ᠪᠡᠯᠡ ᠣᠷᠣᠭᠤᠯᠤᠭᠰᠠᠨ ᠮᠥᠷᠲᠡᠭᠡᠨ ᠪᠠᠷᠢᠯᠭ᠎ᠠ ᠳᠠᠭᠤᠰᠴᠤ ᠠᠰᠢᠭᠯᠠᠯᠲᠠ ᠳᠤ | ᠣᠷᠣᠭᠤᠯᠤᠭᠰᠠᠨ ᠦᠢᠯᠡᠳᠬᠦ ᠦᠢᠯᠡᠰ ᠤᠨ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠲᠥᠷᠥᠯ | ᠵᠦᠢᠯ ᠳᠤ ᠪᠣᠳᠠᠲᠠᠢ ᠵᠢᠭᠡᠯᠡᠯᠭᠡ ᠶᠢᠨ ᠬᠦᠦ ᠮᠥᠩᠭᠦ ᠶᠢᠨ 30% ᠪᠠᠷ ᠨᠢᠭᠡ ᠯᠨ ᠤᠳᠠᠭ᠎ᠠ ᠳᠤ ᠬᠦᠦ ᠮᠦᠡᠭᠭᠦ ᠶᠢᠨ | ᠨᠥᠬᠦᠪᠦᠷᠢ ᠱᠠᠩᠨᠠᠨ᠎ᠠ᠃ 2000 ᠲᠦᠮᠡᠨ ᠲᠥᠭᠦᠷᠢᠭ ᠪᠠ 2000 ᠲᠦᠮᠡᠨ ᠲᠦᠬᠦᠷᠢᠭ ᠠᠴᠠ ᠳᠡᠭᠡᠭᠰᠢ ᠪᠡᠯᠡ | ᠣᠷᠣᠭᠤᠯᠤᠭᠰᠠᠨ ᠮᠥᠷᠲᠡᠭᠡᠨ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠭᠤᠯᠤᠭᠰᠠᠨ ᠦᠢᠯᠡᠳᠬᠦ ᠦᠢᠯᠡᠰ ᠤᠨ | ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠳᠤ ᠮᠡᠷᠭᠡᠵᠢᠯ ᠤᠨ ᠥᠭᠡᠷᠡᠴᠢᠯᠡᠯᠲᠡ ᠶᠢᠨ ᠲᠥᠬᠦᠭᠡᠷᠦᠮᠵᠢ ᠶᠢᠨ | ᠪᠡᠯᠡ ᠣᠷᠣᠭᠤᠯᠤᠯᠲᠠ ᠶᠢᠨ 20% ᠪᠠᠷ ᠨᠢᠭᠡ ᠯᠨ ᠤᠳᠠᠭ᠎ᠠ ᠳᠤ ᠨᠥᠬᠦᠪᠦᠷᠢ ᠱᠠᠩᠨᠠᠯ ᠣᠯᠭᠤᠨ᠎ᠠ᠃ | ᠰᠢᠨ᠎ᠡ ᠪᠠᠷ ᠦᠨᠡᠯᠡᠭᠰᠡᠨ ᠤᠯᠤᠰ ᠤᠨ ᠲᠠᠰ ᠤᠨ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠲᠡᠷᠢᠭᠦᠨ ᠤ | ᠦᠢᠯᠡᠳᠬᠦ ᠦᠢᠯᠡᠰ ᠤᠨ ᠰᠦᠷᠦᠭᠵᠢᠯ ᠪᠠ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠵᠢᠱᠢᠶ᠎ᠡ | ᠦᠵᠡᠭᠦᠯᠬᠦ ᠰᠠᠭᠤᠷᠢᠨ ᠭᠠᠵᠠᠷ ᠲᠤ ᠨᠢᠭᠡ ᠯᠨ ᠤᠳᠠᠭ᠎ᠠ ᠶᠢᠨ ᠨᠦᠬᠦᠪᠤᠷᠢ ᠱᠠᠩᠨᠠᠵᠤ ᠤᠯᠭᠤᠨ᠎ᠠ᠃ | ᠣᠶᠤᠨᠴᠢᠯᠠᠭᠰᠠᠨ ᠬᠦᠭᠵᠢᠬᠦᠯᠤᠯᠳᠡ ᠶᠢᠨ ᠲᠠᠯ᠎ᠠ ᠪᠠᠷ᠂ ᠤᠯᠤᠰ ᠤᠨ ᠳᠤᠮᠳᠠ ᠪᠠᠭ᠎ᠠ ᠠᠵᠤ ᠠᠬᠤᠶᠢᠯᠠᠯ ᠤᠨ | ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠬᠤᠲᠠ ᠶᠢᠨ ᠲᠤᠷᠰᠢᠯᠲᠠ ᠪᠠ ᠥᠪᠡᠷᠲᠡᠭᠡᠨ ᠵᠠᠰᠠᠬᠤ ᠣᠷᠣᠨ ᠤ | ᠦᠢᠯᠡᠳᠬᠦ ᠦᠢᠯᠡᠰ ᠤᠨ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠲᠤᠷᠰᠢᠯᠲᠠ ᠶᠢᠨ ᠴᠡᠭ ᠲᠤ | ᠵᠢᠭᠰᠠᠭᠠᠭᠳᠠᠭᠰᠠᠨ ᠠᠶᠢᠮᠠᠭ ᠬᠤᠲᠠ ᠳᠤ 5000 ᠲᠦᠮᠡᠨ ᠲᠥᠭᠦᠷᠢᠭ ᠤᠨ ᠱᠠᠩᠨᠠᠯ ᠨᠥᠬᠦᠪᠦᠷᠢ ᠣᠯᠭᠤᠨ᠎ᠠ᠃ | ᠠᠩᠬᠠᠨ ᠤ ᠬᠡᠪᠯᠡᠯ ᠤᠨ ᠵᠥᠭᠡᠯᠡᠨ ᠲᠣᠨᠤᠭ ᠲᠤ ᠪᠣᠷᠣᠯᠠᠭᠤᠯᠤᠯᠲᠠ ᠶᠢᠨ ᠶᠡᠷᠦᠩᠬᠡᠢ ᠲᠣᠭᠠᠨ ᠤ 20% ᠪᠠᠷ ᠱᠠᠩᠨᠠᠯ | ᠨᠥᠬᠦᠪᠦᠷᠢ ᠣᠯᠭᠤᠨ᠎ᠠ᠃ ᠠᠵᠤ ᠠᠬᠤᠶᠢᠯᠠᠯ ᠤᠨ ᠰᠢᠨ᠎ᠡ ᠪᠠᠷ ᠨᠡᠭᠡᠭᠡᠨ ᠬᠥᠭᠵᠢᠭᠦᠯᠦᠭᠰᠡᠨ ᠠᠵᠤ ᠦᠢᠯᠡᠳᠪᠦᠷᠢ ᠶᠢᠨ | ᠵᠥᠭᠡᠯᠡᠨ ᠲᠣᠨᠤᠭ ᠲᠤ ᠰᠤᠳᠤᠯᠤᠨ ᠨᠡᠭᠡᠭᠡᠬᠦ ᠣᠷᠣᠭᠤᠯᠤᠯᠲᠠ ᠶᠢᠨ 20% ᠪᠠᠷ ᠱᠠᠩᠨᠠᠯ ᠨᠥᠬᠦᠪᠦᠷᠢ ᠣᠯᠭᠤᠨ᠎ᠠ᠃ | ᠪᠣᠬᠢᠷᠲᠤᠯ ᠦᠭᠡᠢ ᠬᠦᠭᠵᠢᠬᠦᠯᠤᠯᠳᠡ ᠶᠢᠨ ᠲᠠᠯ᠎ᠠ ᠪᠠᠷ᠂ ᠡᠨᠧᠷᠭᠢ ᠠᠷᠪᠢᠯᠠᠬᠤ᠂ ᠤᠰᠤ ᠠᠷᠪᠢᠯᠠᠬᠤ ᠮᠡᠷᠭᠡᠵᠢᠯ ᠤᠨ | ᠥᠭᠡᠷᠡᠴᠢᠯᠡᠯᠲᠡ ᠶᠢᠨ ᠲᠥᠷᠥᠯ ᠵᠦᠢᠯ ᠳᠤ ᠡᠨᠧᠷᠭᠢ ᠠᠷᠪᠢᠯᠠᠬᠤ᠂ ᠤᠰᠤ ᠠᠷᠪᠢᠯᠠᠬᠤ ᠬᠡᠮᠵᠢᠶ᠎ᠡ ᠪᠠᠷ ᠱᠠᠩᠨᠠᠯ | ᠨᠥᠬᠦᠪᠦᠷᠢ ᠣᠯᠭᠤᠨ᠎ᠠ ᠃ ᠲᠣᠮᠣ ᠳ᠋ᠠᠶᠢᠲ᠋ᠠ ᠶᠢᠨ ᠲᠥᠪ ᠤᠨ ᠴᠠᠬᠢᠯᠭᠠᠨ ᠡᠭᠦᠰᠬᠡᠭᠴᠢ ᠶᠢᠨ ᠬᠡᠷᠡᠭᠯᠡᠯᠲᠡ ᠶᠢᠨ ᠦᠷ᠎ᠡ | ᠪᠦᠲᠦᠮᠵᠢ ︵PUE ᠬᠡᠮᠵᠢᠭᠳᠡᠯ︶ ᠶᠢ ᠠᠩᠬ᠎ᠠ ᠤᠳᠠᠭ᠎ᠠ 1.3 ᠪᠣᠯᠲᠠᠯ᠎ᠠ ᠪᠠᠭᠤᠷᠠᠭᠤᠯᠤᠭᠰᠠᠨ ᠪᠤᠯ ᠮᠡᠷᠭᠡᠵᠢᠯ ᠤᠨ | ᠥᠭᠡᠷᠡᠴᠢᠯᠡᠯᠲᠡ ᠶᠢᠨ ᠪᠡᠯᠡ ᠣᠷᠣᠭᠤᠯᠤᠯᠲᠠ ᠶᠢᠨ ᠲᠣᠭᠠᠨ ᠤ 10% ᠪᠠᠷ ᠱᠠᠩᠨᠠᠯ ᠨᠥᠬᠦᠪᠦᠷᠢ ᠣᠯᠭᠤᠨ᠎ᠠ᠃ | ᠰᠢᠨ᠎ᠡ ᠪᠠᠷ ᠪᠠᠶᠢᠭᠤᠯᠤᠭᠰᠠᠨ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠬᠢ ᠪᠠᠶᠠᠯᠢᠭ ᠢ | ᠶᠡᠷᠦᠩᠬᠡᠶᠢᠯᠡᠨ ᠠᠰᠢᠭᠯᠠᠬᠤ ᠪᠠ ᠲᠠᠬᠢᠨ ᠠᠰᠢᠬᠯᠠᠵᠤ ᠪᠤᠯᠬᠤ ᠡᠬᠢ ᠪᠠᠶᠠᠯᠢᠭ ᠤᠨ ᠳᠣᠲᠣᠷᠠᠬᠢ ᠬᠠᠶᠠᠭᠳᠠᠮᠠᠯ | ᠰᠦᠯᠢᠶᠥᠦ᠂ ᠬᠠᠶᠠᠭᠳᠠᠮᠠᠯ ᠴᠠᠭᠠᠰᠤ ᠶᠢ ᠬᠤᠷᠢᠶᠠᠨ᠂ ᠡᠳ᠋ᠰᠢᠭᠦᠯᠦᠨ ᠠᠰᠢᠭᠯᠠᠬᠤ ᠲᠥᠷᠥᠯ ᠵᠦᠢᠯ ᠳᠤ ᠵᠣᠬᠢᠬᠤ | ᠱᠠᠩᠨᠠᠯ ᠨᠥᠬᠦᠪᠦᠷᠢ ᠣᠯᠭᠤᠨ᠎ᠠ᠃ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠲᠥ᠋ᠷᠥᠭᠴᠢ ᠶᠢ ᠪᠠᠭ᠎ᠠ | ᠭᠠᠳᠠᠭᠰᠢᠯᠠᠭᠤᠯᠬᠤ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ᠂ ᠨᠡᠭᠦᠷᠡᠰᠦᠲᠥ᠋ᠷᠥᠭᠴᠢ ᠦᠭᠡᠢ ᠭᠠᠳᠠᠭᠰᠢᠯᠠᠭᠤᠯᠬᠤ | ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠲᠤ ᠵᠣᠬᠢᠬᠤ ᠱᠠᠩᠨᠠᠯ ᠨᠥᠬᠦᠪᠦᠷᠢ ᠣᠯᠭᠤᠨ᠎ᠠ᠃ | ᠰᠢᠨ᠎ᠡ ᠶᠢ ᠡᠭᠦᠳᠬᠦ ᠬᠦᠭᠵᠢᠬᠦᠯᠤᠯᠳᠡ ᠶᠢᠨ ᠲᠠᠯ᠎ᠠ ᠪᠠᠷ᠂ ᠰᠢᠨ᠎ᠡ ᠪᠠᠷ ᠪᠠᠶᠢᠭᠤᠯᠤᠭᠰᠠᠨ ᠤᠯᠤᠰ ᠤᠨ ᠳᠡᠰ ᠤᠨ᠂ | ᠥᠪᠡᠷᠲᠡᠭᠡᠨ ᠵᠠᠰᠠᠬᠤ ᠣᠷᠣᠨ ᠤ ᠳᠡᠰ ᠤᠨ ᠦᠢᠯᠡᠳᠬᠦ ᠦᠢᠯᠡᠰ ᠤᠨ ᠰᠢᠨ᠎ᠡ ᠶᠢ ᠡᠭᠦᠳᠬᠦ ᠲᠥᠪ᠂ ᠠᠵᠤ | ᠦᠢᠯᠡᠳᠪᠦᠷᠢ ᠶᠢᠨ ᠵᠢᠷᠤᠭ ᠲᠥᠯᠥᠪᠯᠡᠭᠡ ᠶᠢᠨ ᠲᠥᠪ ᠲᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨ᠎ᠡ ᠪᠠᠷ | ᠦᠨᠡᠯᠡᠭᠰᠡᠨ ᠠᠵᠤ ᠠᠬᠤᠶᠢᠯᠠᠯ ᠤᠨ ᠮᠡᠷᠭᠡᠵᠢᠯ ᠤᠨ ᠲᠥᠪ ᠲᠤ᠂ ᠤᠯᠤᠰ ᠤᠨ ᠰᠢᠨ᠎ᠡ ᠪᠠᠷ ᠦᠨᠡᠯᠡᠭᠰᠡᠨ ᠮᠡᠷᠭᠡᠵᠢᠯ ᠤᠨ | ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠠᠵᠤ ᠠᠬᠤᠶᠢᠯᠠᠯ᠂ ᠪᠥᠬᠦ ᠤᠯᠤᠰ ᠤᠨ ︽ᠶᠠᠰᠤ ᠴᠢᠨᠠᠷ ᠤᠨ ᠬᠡᠪ | ᠳᠠᠭᠤᠷᠢᠶᠠᠯ︾ ᠠᠵᠤ ᠠᠬᠤᠶᠢᠯᠠᠯ᠂ ᠣᠯᠠᠨ ᠤᠯᠤᠰ ᠤᠨ᠂ ᠤᠯᠤᠰ ︵ᠠᠵᠢᠯ ᠲᠥᠷᠥᠯ︶ ᠤᠨ ᠪᠠᠷᠢᠮᠵᠢᠶ᠎ᠠ ᠶᠢ | ᠭᠤᠣᠯᠯᠠᠨ ᠲᠣᠭᠲᠠᠭᠠᠭᠰᠠᠨ ᠠᠵᠤ ᠠᠬᠤᠶᠢᠯᠠᠯ᠂ ᠣᠯᠠᠨ ᠤᠯᠤᠰ ᠤᠨ᠂ ᠤᠯᠤᠰ ︵ᠠᠵᠢᠯ ᠲᠥᠷᠥᠯ︶ ᠤᠨ | ᠪᠠᠷᠢᠮᠵᠢᠶ᠎ᠠ ᠶᠢ ᠲᠣᠭᠲᠠᠭᠠᠬᠤ ᠳᠤ ᠣᠷᠣᠯᠴᠠᠭᠰᠠᠨ ᠠᠵᠤ ᠠᠬᠤᠶᠢᠯᠠᠯ ᠳᠤ ᠰᠤᠳᠤᠯᠤᠨ ᠨᠡᠭᠡᠭᠡᠬᠦ ᠵᠠᠷᠤᠳᠠᠯ ᠤᠨ ᠱᠠᠩᠨᠠᠯ | ᠨᠥᠬᠦᠪᠦᠷᠢ ᠶᠢ ᠨᠢᠭᠡ ᠯᠨ ᠤᠳᠠᠭ᠎ᠠ ᠳᠤ ᠣᠯᠭᠤᠨ᠎ᠠ᠃ ᠰᠢᠨ᠎ᠡ ᠬᠢᠮᠢ ᠶᠢᠨ ᠡᠮ ᠤᠨ ᠵᠦᠢᠯ ᠤᠨ ᠳᠠᠩᠰᠠᠯᠠᠯᠲᠠ ᠪᠠᠷ | ᠲᠥᠷᠥᠯ ᠬᠤᠪᠢᠶᠠᠨ ᠳᠠᠩᠰᠠᠯᠠᠭᠤᠯᠬᠤ ᠪᠠᠷ ᠭᠤᠶᠤᠴᠢᠯᠠᠭᠠᠳ ᠵᠥᠪᠰᠢᠶᠡᠷᠡᠯ ᠣᠯᠣᠭᠰᠠᠨ ᠪᠤᠶᠤ ᠳᠠᠭᠤᠷᠢᠶᠠᠮᠠᠯ ᠡᠮ ᠤᠨ | ᠨᠢᠭᠡᠳᠦᠯᠲᠦ ᠴᠢᠨᠠᠷ ᠤᠨ ᠦᠨᠡᠯᠡᠯᠲᠡ ᠶᠢ ᠲᠠᠪᠠᠭᠰᠠᠨ ᠡᠮ ᠤᠨ ᠵᠦᠢᠯ ᠤᠨ ᠲᠥᠷᠥᠯ ᠵᠦᠢᠯ ᠢ ᠨᠢᠭᠡ ᠯᠨ ᠤᠳᠠᠭ᠎ᠠ | ᠱᠠᠩᠨᠠᠵᠤ ᠨᠥᠬᠦᠪᠦᠷᠢᠯᠡᠨ᠎ᠡ᠃ | ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠣᠶᠢᠵᠢᠭᠤᠯᠬᠤ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ ᠠᠴᠠ | ᠦᠨᠡᠯᠡᠭᠰᠡᠨ ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ᠂ ︽ᠲᠤᠰᠬᠠᠢ᠂ ᠨᠠᠷᠢᠯᠢᠭ᠂ | ᠣᠨᠴᠠ᠂ ᠰᠢᠨ᠎ᠡ︾ ᠳᠤᠮᠳᠠ ᠵᠢᠵᠢᠭ ᠠᠵᠤ ᠠᠬᠤᠶᠢᠯᠠᠯ ᠪᠠ ᠪᠠᠭ᠎ᠠ ᠪᠤᠯᠪᠠᠴᠤ ᠶᠡᠭᠡ ᠶᠢ ᠪᠦᠳᠤᠬᠡᠵᠤ ᠪᠠᠶᠢᠭ᠎ᠠ ᠠᠵᠤ | ᠠᠬᠤᠶᠢᠯᠠᠯ ᠳᠤ᠂ ᠰᠢᠨ᠎ᠡ ᠪᠠᠷ ᠦᠨᠡᠯᠡᠭᠰᠡᠨ ᠥᠪᠡᠷᠲᠡᠭᠡᠨ ᠵᠠᠰᠠᠬᠤ ᠣᠷᠣᠨ ᠤ ᠲᠠᠰ ᠤᠨ ᠳᠤᠮᠳᠠ ᠵᠢᠵᠢᠭ ᠠᠵᠤ | ᠠᠬᠤᠶᠢᠯᠠᠯ ᠤᠨ ᠣᠨᠴᠠᠯᠢᠭᠲᠤ ᠠᠵᠤ ᠦᠢᠯᠡᠰ ᠤᠨ ᠪᠦᠯᠦᠭᠯᠡᠯ ᠪᠠ ᠤᠯᠤᠰ ᠤᠨ ᠲᠠᠰ ᠤᠨ ᠳᠤᠮᠳᠠ ᠵᠢᠵᠢᠭ ᠠᠵᠤ | ᠠᠬᠤᠶᠢᠯᠠᠯ ᠤᠨ ᠣᠨᠴᠠᠯᠢᠭᠲᠤ ᠠᠵᠤ ᠦᠢᠯᠡᠰ ᠤᠨ ᠪᠦᠯᠦᠭᠯᠡᠯ ᠳᠤ ᠨᠢᠭᠡ ᠯᠨ ᠤᠳᠠᠭ᠎ᠠ ᠶᠢᠨ ᠱᠠᠩᠨᠠᠯ ᠨᠥᠬᠦᠪᠦᠷᠢ | ᠣᠯᠭᠤᠨ᠎ᠠ᠃ ᠤᠯᠤᠰ ᠤᠨ ᠲᠠᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠦᠢᠯᠡᠳᠬᠦ ᠦᠢᠯᠡᠰ ᠤᠨ ᠭᠠᠭᠴᠠ | ᠵᠦᠢᠯ ᠤᠨ ᠮᠠᠩᠯᠠᠢ ᠪᠠᠷ ᠦᠨᠡᠯᠡᠬᠦᠯᠦᠭᠰᠡᠨ ᠠᠵᠤ ᠠᠬᠤᠶᠢᠯᠠᠯ ᠳᠤ ᠨᠢᠬᠡ ᠯᠨ ᠤᠳᠠᠭ᠎ᠠ ᠶᠢᠨ ᠱᠠᠩᠨᠠᠯ ᠨᠥᠬᠦᠪᠦᠷᠢ | ᠣᠯᠭᠤᠨ᠎ᠠ᠃ | ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠪᠡᠯᠡ | ᠮᠥᠩᠭᠦ ᠶᠢ ᠲᠥᠪᠯᠡᠷᠡᠭᠦᠯᠵᠦ ᠪᠠᠶᠢᠭᠠᠳ ᠶᠡᠷᠦᠩᠬᠡᠶᠢᠯᠡᠭᠰᠡᠨ ᠪᠣᠳᠠᠲᠤ ᠬᠦᠴᠦᠨ ᠴᠢᠩᠭ᠎ᠠ᠂ ᠪᠣᠳᠠᠲᠠᠶᠢᠵᠢᠭᠤᠯᠤᠭᠰᠠᠨ | ᠲᠥᠷᠥᠯ ᠵᠦᠢᠯ ᠣᠯᠠᠨ᠂ ᠡᠷᠴᠢᠮᠵᠢᠭᠦᠯᠦᠨ ᠬᠥᠭᠵᠢᠭᠦᠯᠬᠦ ᠲᠦᠪᠰᠢᠨ ᠥᠨᠳᠥᠷ᠂ ᠠᠵᠤ ᠦᠢᠯᠡᠰ ᠤᠨ ᠲᠠᠭᠠᠭᠠᠴᠨ | ᠰᠠᠶᠢᠳᠠᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠰᠠᠭᠤᠷᠢ ᠲᠦᠬᠦᠬᠡᠷᠤᠮᠵᠢ ᠶᠢᠨ ᠪᠦᠲᠦᠭᠡᠨ | ᠪᠠᠶᠢᠭᠤᠯᠤᠯᠲᠠ ᠳᠤ ᠨᠥᠬᠦᠪᠦᠷᠢ ᠣᠯᠭᠤᠨ᠎ᠠ᠃ | | | | | | | | | | | | | |