ᠮᠠᠨ ᠤ ᠣᠷᠣᠨ ᠤ ᠴᠢᠬᠤᠯᠠ ᠡᠪᠡᠰᠦᠨ ᠤ ᠦᠷ᠎ᠡ ᠶᠢᠨ ᠡᠬᠢ ᠪᠠᠶᠠᠯᠢᠭ ᠢ ᠴᠤᠭᠯᠠᠭᠤᠯᠬᠤ ᠠᠵᠢᠯ  ᠱᠠᠳᠤᠴᠢ ᠦᠷ᠎ᠡ ᠪᠦᠲᠦᠭᠡᠯ ᠣᠯᠪᠠ
ᠨᠡᠶᠢᠲᠡᠯᠡᠭᠰᠡᠨ ᠴᠠᠭ᠄
2024/3/21
    ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠳᠤᠭ ᠪᠡᠯᠴᠢᠭᠡᠷ ᠤᠨ ᠲᠣᠪᠴᠢᠶ᠎ᠠ ᠶᠢᠨ ᠬᠢᠨ ᠠᠴᠠ ᠣᠶᠢᠯᠠᠭᠠᠭᠰᠠᠨ ᠢᠶᠠᠷ ᠮᠠᠨ ᠤ ᠣᠷᠣᠨ 2023 ᠣᠨ ᠳᠤ ᠴᠢᠬᠤᠯᠠ ᠡᠪᠡᠰᠦᠨ ᠤ ᠦᠷ᠎ᠡ ᠶᠢᠨ ᠡᠬᠢ ᠪᠠᠶᠠᠯᠢᠭ ᠢ ᠨᠡᠶᠢᠳᠡᠮ ᠪᠠᠶᠢᠴᠠᠭᠠᠵᠤ ᠬᠤᠷᠢᠶᠠᠨ ᠴᠤᠭᠯᠠᠭᠤᠯᠬᠤ ᠲᠥᠷᠥᠯ ᠵᠦᠢᠯ ᠢ  ᠡᠬᠢᠯᠡᠬᠦᠯᠦᠭᠰᠡᠨ ᠠᠴᠠ ᠨᠠᠭᠠᠰᠢ ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ ᠲᠦᠩᠯᠢᠶᠣᠣ ᠬᠤᠲᠠ᠂ ᠰᠢᠯᠢ ᠶᠢᠨ ᠭᠤᠣᠯ ᠠᠶᠢᠮᠠᠭ ᠵᠡᠷᠭᠡ 4 ᠠᠶᠢᠮᠠᠭ ᠬᠤᠲᠠ ᠳᠤ ᠬᠡᠬᠡᠷ᠎ᠠ ᠭᠠᠳᠠᠭᠠᠬᠢ ᠨᠡᠶᠢᠳᠡᠮ ᠪᠠᠶᠢᠴᠠᠭᠠᠯᠲᠠ ᠪᠠ ᠡᠬᠢ ᠪᠠᠶᠠᠯᠢᠭ ᠢ ᠬᠤᠷᠢᠶᠠᠨ ᠴᠤᠭᠯᠠᠭᠤᠯᠬᠤ ᠡᠭᠦᠷᠭᠡ ᠶᠢ ᠪᠡᠶᠡᠯᠡᠬᠦᠯᠬᠦ ᠳᠤ ᠪᠠᠨ ᠴᠢᠬᠤᠯᠠ ᠡᠪᠡᠰᠦᠨ ᠤ ᠦᠷ᠎ᠡ ᠶᠢᠨ ᠡᠬᠢ ᠪᠠᠶᠠᠯᠢᠭ ᠢ 950 ᠬᠤᠪᠢ ᠴᠤᠭᠯᠠᠭᠤᠯᠬᠤ ᠶᠢᠨ ᠬᠠᠮᠲᠤ ᠬᠢᠨᠠᠨ ᠦᠨᠡᠯᠡᠬᠦ ᠪᠠ ᠳᠠᠩᠰᠠᠯᠠᠵᠤ ᠬᠥᠮᠥᠷᠭᠡ ᠳᠤ ᠣᠷᠣᠭᠤᠯᠬᠤ ᠠᠵᠢᠯ ᠢ ᠠᠯᠬᠤᠮ ᠠᠯᠬᠤᠮ ᠢᠶᠠᠷ ᠥᠷᠨᠢᠭᠦᠯᠪᠡ᠃     ᠲᠣᠰ ᠨᠡᠶᠢᠳᠡᠮ ᠪᠠᠶᠢᠴᠠᠭᠠᠯᠲᠠ ᠳᠤ ᠥᠪᠥᠷ ᠮᠣᠩᠭᠤᠯ ᠤᠨ ᠡᠪᠡᠰᠦᠨ ᠤ ᠦᠷ᠎ᠡ ᠶᠢᠨ ᠡᠬᠢ ᠪᠠᠶᠠᠯᠢᠭ ᠤᠨ ᠲᠠᠷᠬᠠᠯᠲᠠ ᠶᠢᠨ ᠪᠠᠶᠢᠳᠠᠯ᠂ ᠬᠦᠶ ᠶᠢᠨ ᠲᠥᠷᠥᠯ ᠬᠡᠯᠪᠡᠷᠢ᠂ ᠥᠰᠦᠯᠲᠡ ᠶᠢᠨ ᠣᠷᠴᠢᠨ ᠲᠣᠭᠤᠷᠢᠨ᠂ ᠥᠰᠦᠯᠲᠡ ᠶᠢᠨ ᠪᠠᠶᠢᠳᠠᠯ᠂ ᠬᠠᠳᠠᠭᠠᠯᠠᠯᠲᠠ ᠶᠢᠨ ᠪᠠᠶᠢᠳᠠᠯ᠂ ᠣᠷᠴᠢᠨ ᠲᠣᠭᠤᠷᠢᠨ ᠤ ᠨᠥᠯᠥᠭᠡᠯᠡᠯ ᠵᠡᠷᠭᠡ ᠲᠠᠯ᠎ᠠ ᠪᠠᠷ ᠬᠢ ᠪᠥᠬᠦ ᠲᠠᠯ᠎ᠠ ᠶᠢᠨ ᠪᠠᠶᠢᠴᠠᠭᠠᠯᠲᠠ ᠪᠣᠯᠣᠨ᠎ᠠ᠂ ᠡᠨᠡ ᠨᠢ ᠬᠡᠭᠡᠷ᠎ᠡ ᠶᠢᠨ ᠡᠪᠡᠰᠦᠨ ᠤ ᠦᠷ᠎ᠡ ᠶᠢᠨ ᠡᠬᠢ ᠪᠠᠶᠠᠯᠢᠭ ᠢ ᠠᠮᠤᠷ ᠲᠦᠪᠰᠢᠨ ᠢᠶᠠᠷ ᠬᠠᠳᠠᠭᠠᠯᠠᠬᠤ ᠪᠠ ᠵᠦᠢ ᠵᠣᠬᠢᠰᠲᠠᠢ ᠠᠰᠢᠭᠯᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃  ᠡᠨᠡ ᠬᠦ ᠠᠵᠢᠯ ᠨᠢ ᠰᠦ ᠶᠢᠨ ᠦᠢᠯᠡᠰ ᠢ ᠬᠦᠭᠵᠢᠬᠦᠯᠬᠦ ᠪᠠ ︽ᠤᠮᠠᠷᠠᠲᠤ ᠶᠢᠨ ᠭᠤᠷᠪᠠᠨ ᠣᠷᠣᠨ︾  ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ᠂ ᠪᠡᠯᠭᠡ ᠲᠡᠮᠳᠡᠭᠴᠢ ᠴᠢᠨᠠᠷᠲᠠᠢ ᠭᠤᠷᠪᠠᠨ ᠶᠡᠭᠡ ᠳᠠᠶᠢᠯᠠᠯᠳᠤᠭᠠᠨ ᠤ ᠢᠯᠠᠯᠲᠠ ᠶᠢ ᠣᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠪᠣᠯᠣᠨ᠎ᠠ᠃     
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号