ᠭᠠᠵᠠᠷ ᠤᠨ ᠨᠡᠷᠡᠰ ᠤᠨ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠬᠦ ᠠᠷᠭ᠎ᠠ ︵ᠲᠡᠬᠡᠳᠤ︶
ᠨᠡᠶᠢᠲᠡᠯᠡᠭᠰᠡᠨ ᠴᠠᠭ᠄
2024/3/25
    ︵ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ ᠶᠠᠪᠤᠳᠠᠯ ᠤᠨ ᠶᠠᠮᠤᠨ ᠤ 71 ᠳ᠋ᠤᠬᠡᠷ ᠵᠠᠷᠯᠢᠭ ᠢᠶᠠᠷ 2024 ᠣᠨ ᠤ 1 ᠳ᠋ᠤᠬᠡᠷ ᠰᠠᠷ᠎ᠠ ᠶᠢᠨ 4 ᠤ ᠡᠳᠦᠷ ᠠᠷᠠᠳ ᠤᠨ ᠶᠠᠪᠤᠳᠠᠯ ᠤᠨ ᠶᠠᠮᠤᠨ ᠤ ᠶᠠᠮᠤᠨ ᠤ ᠶᠠᠪᠤᠳᠠᠯ ᠤᠨ ᠬᠤᠷᠠᠯᠳᠤᠭᠠᠨ ᠠᠴᠠ ᠬᠢᠨᠠᠨ ᠶᠠᠷᠢᠯᠴᠠᠵᠤ ᠪᠠᠳᠤᠯᠠᠬᠰᠠᠨ ᠢ ᠤᠳᠤ ᠨᠡᠶᠢᠳᠡᠯᠡᠵᠤ ᠪᠠᠶᠢᠨ᠎ᠠ᠂ 2024 ᠣᠨ ᠤ 5 ᠳ᠋ᠤᠭᠠᠷ ᠰᠠᠷ᠎ᠠ ᠶᠢᠨ 1 ᠤ ᠡᠳᠦᠷ ᠠᠴᠠ ᠬᠡᠷᠡᠭᠵᠢᠭᠦᠯᠦᠨ᠎ᠡ︶     ᠨᠢᠭᠡᠳᠦᠭᠡᠷ ᠵᠦᠢᠯ᠄ ︽ᠭᠠᠵᠠᠷ ᠤᠨ ᠨᠡᠷᠡᠰ ᠤᠨ ᠬᠠᠮᠢᠶᠠᠷᠤᠯᠲᠠ ᠶᠢᠨ ᠳᠦᠷᠢᠮ︾  ᠢ ᠦᠨᠳᠦᠰᠦᠯᠡᠨ ᠲᠤᠰ ᠠᠷᠭ᠎ᠠ  ᠶᠢ ᠲᠣᠭᠲᠠᠭᠠᠪᠠ᠃   ᠬᠤᠶᠠᠳᠤᠭᠠᠷ ᠵᠦᠢᠯ᠄ ᠳᠦᠷᠢᠮ ᠤᠨ ᠨᠠᠢᠮᠠᠳᠤᠭᠠᠷ ᠵᠦᠢᠯ ᠳᠤ ᠲᠣᠭᠲᠠᠭᠠᠭᠰᠠᠨ ᠭᠠᠵᠠᠷ ᠤᠨ  ᠨᠡᠷᠡᠰ ᠤᠨ ᠲᠥᠰᠥᠯ ᠢ ᠭᠠᠵᠠᠷ ᠤᠨ ᠨᠡᠷᠡᠰ ᠢ ᠨᠡᠷᠡᠶᠢᠳᠬᠦ ᠪᠠᠷ ᠭᠤᠣᠯᠳᠠᠯᠭ᠎ᠠ ᠪᠣᠯᠭᠠᠵᠤ᠂ ᠭᠠᠵᠠᠷ ᠤᠨ ᠨᠡᠷᠡᠰ ᠤᠨ ᠲᠡᠮᠳᠡᠭ ᠤᠨ ᠪᠠᠶᠢᠷᠢᠯᠠᠭᠤᠯᠤᠯᠲᠠ᠂ ᠭᠠᠵᠠᠷ ᠤᠨ ᠨᠡᠷᠡᠰ ᠤᠨ  ᠰᠣᠶᠣᠯ ᠤᠨ ᠬᠠᠮᠠᠭᠠᠯᠠᠯᠲᠠ ᠵᠡᠷᠭᠡ ᠠᠭᠤᠯᠭ᠎ᠠ ᠶᠢ ᠨᠢᠭᠡᠳᠦᠯᠲᠡᠢ ᠲᠥᠯᠥᠪᠵᠢᠭᠦᠯᠦᠨ᠎ᠡ᠃   ᠬᠠᠤᠯᠢ ᠶᠣᠰᠣᠭᠠᠷ ᠵᠥᠪᠰᠢᠶᠡᠷᠡᠭᠦᠯᠦᠭᠰᠡᠨ ᠭᠠᠵᠠᠷ ᠤᠨ ᠨᠡᠷᠡᠰ ᠤᠨ ᠲᠥᠰᠥᠯ ᠢ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠭᠠᠵᠠᠷ ᠤᠨ ᠨᠡᠷᠡᠰ ᠤᠨ  ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠠᠢ ᠬᠠᠮᠲᠤᠷᠠᠨ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠂ ᠬᠤᠪᠢᠷᠠᠭᠤᠯᠬᠤ ᠴᠢᠬᠤᠯᠠᠲᠠᠢ ᠪᠤᠯ ᠲᠣᠭᠲᠠᠭᠠᠭᠰᠠᠨ ᠵᠢᠷᠤᠮ ᠶᠣᠰᠣᠭᠠᠷ ᠲᠡᠬᠢᠵᠦ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠢ᠃    ᠭᠤᠷᠪᠠᠳᠤᠭᠠᠷ ᠵᠦᠢᠯ᠄ ᠳᠦᠷᠢᠮ ᠤᠨ ᠶᠢᠰᠦᠳᠦᠭᠡᠷ ᠵᠦᠢᠯ ᠤᠨ ᠨᠢᠭᠡᠳᠦᠭᠡᠷ ᠪᠠᠳᠠᠭ ᠲᠤ ᠲᠣᠭᠲᠠᠭᠠᠭᠰᠠᠨ ᠬᠥᠮᠥᠨ ᠤ ᠨᠡᠷ᠎ᠡ ᠳᠤ  ᠲᠠᠷᠠᠭᠠᠬᠢ ᠵᠦᠢᠯᠡᠰ ᠢ ᠪᠠᠭᠲᠠᠭᠠᠪᠠᠯ ᠵᠣᠬᠢᠨ᠎ᠠ᠄   ︵ᠨᠢᠭᠡ︶ ᠵᠢᠩᠭᠢᠨᠢ ᠨᠡᠷ᠎ᠡ ᠪᠠ ᠥᠭᠡᠷ᠎ᠡ ᠨᠡᠷ᠎ᠡ᠂ ᠪᠤᠷᠤᠭᠤᠯᠠᠭᠰᠠᠨ ᠨᠡᠷ᠎ᠡ ᠵᠡᠷᠭᠡ᠃   ︵ᠬᠤᠶᠠᠷ︶ ᠤᠳᠬ᠎ᠠ ᠤᠷᠠᠯᠢᠭ ᠤᠨ ᠪᠦᠲᠦᠭᠡᠯ ᠤᠨ ᠳᠣᠲᠣᠷᠠᠬᠢ ᠵᠣᠬᠢᠶᠠᠯ ᠤᠨ ᠪᠠᠭᠠᠲᠤᠷ ᠤᠨ ᠳᠦᠷᠢ ᠶᠢᠨ ᠨᠡᠷᠡᠶᠢᠳᠦᠯ᠃     ᠭᠡᠪᠡᠴᠦ ᠭᠠᠵᠠᠷ ᠤᠨ  ᠨᠡᠷᠡᠰ ᠢ ᠨᠡᠷᠡᠶᠢᠳᠬᠦ ᠳᠤ ᠬᠡᠷᠡᠭᠯᠡᠭᠰᠡᠨ ᠦᠰᠦᠭ᠂ ᠦᠭᠡ ᠨᠢ ᠬᠥᠮᠥᠨ ᠤ ᠨᠡᠷ᠎ᠡ ᠲᠠᠢ ᠣᠨᠴᠠᠭᠠᠶ ᠬᠠᠷᠢᠴᠠᠭ᠎ᠠ ᠪᠠᠶᠢᠬᠤ ᠦᠭᠡᠢ ᠨᠢ ᠡᠭᠦᠨ ᠳᠤ ᠪᠠᠭᠲᠠᠬᠤ ᠦᠭᠡᠢ᠃    ᠳᠥᠷᠪᠡᠳᠦᠭᠡᠷ ᠵᠦᠢᠯ᠄ ᠡᠵᠤ ᠠᠬᠤᠶᠢᠯᠠᠯ ᠤᠨ ᠨᠡᠷᠡᠶᠢᠳᠦᠯ ᠪᠤᠶᠤ ᠲᠠᠸᠠᠷ ᠤᠨ ᠲᠡᠮᠳᠡᠭᠲᠦ ᠶᠢᠨ ᠨᠡᠷᠡᠶᠢᠳᠦᠯ ᠢᠶᠠᠷ ᠭᠠᠵᠠᠷ ᠤᠨ  ᠨᠡᠷᠡᠰ ᠪᠣᠯᠭᠠᠬᠤ ᠦᠭᠡᠢ᠂ ᠭᠡᠪᠡᠴᠦ ᠭᠠᠵᠠᠷ ᠤᠨ ᠨᠡᠷᠡᠶᠢᠳᠦᠯ ᠢ ᠨᠡᠷᠡᠶᠢᠳᠬᠦ ᠳᠤ ᠬᠡᠷᠡᠭᠯᠡᠬᠦ ᠦᠰᠦᠭ᠂ ᠦᠭᠡ ᠨᠢ ᠠᠵᠤ ᠠᠬᠤᠶᠢᠯᠠᠯ ᠤᠨ ᠨᠡᠷᠡᠶᠢᠳᠦᠯ ᠪᠤᠶᠤ ᠲᠠᠸᠠᠷ ᠤᠨ ᠲᠡᠮᠳᠡᠭᠲᠦ ᠶᠢᠨ ᠨᠡᠷᠡᠶᠢᠳᠦᠯ ᠯᠦᠭᠡ ᠣᠨᠴᠠ ᠲᠣᠭᠲᠠᠭᠰᠠᠨ ᠬᠠᠷᠢᠴᠠᠭ᠎ᠠ ᠦᠭᠡᠢ ᠪᠠᠶᠢᠪᠠᠯ ᠡᠭᠦᠨ ᠳᠤ ᠪᠠᠭᠲᠠᠬᠤ ᠦᠭᠡᠢ᠃   ᠲᠠᠪᠤᠳᠤᠭᠠᠷ ᠵᠦᠢᠯ᠄ ᠳᠦᠷᠢᠮ ᠤᠨ ᠠᠷᠪᠠᠨ ᠨᠢᠭᠡᠳᠦᠭᠡᠷ ᠵᠦᠢᠯ ᠤᠨ ᠬᠤᠶᠠᠳᠤᠭᠠᠷ ᠪᠠᠳᠠᠭ ᠲᠤ ᠲᠣᠭᠲᠠᠭᠠᠭᠰᠠᠨ ᠶᠡᠷᠦᠩᠬᠡᠶᠢᠯᠡᠨ ᠦᠨᠡᠯᠡᠭᠰᠡᠨ ᠮᠡᠳᠡᠭᠦᠯᠦᠯᠲᠡ ᠳᠤ ᠭᠠᠵᠠᠷ ᠤᠨ ᠨᠡᠷᠡᠰ ᠢ  ᠨᠡᠷᠡᠶᠢᠳᠬᠦ᠂ ᠬᠠᠯᠠᠬᠤ ᠶᠢᠨ ᠬᠠᠤᠯᠢ ᠶᠣᠰᠣᠴᠢ ᠴᠢᠨᠠᠷ᠂ ᠪᠣᠯᠣᠮᠵᠢᠲᠤ ᠴᠢᠨᠠᠷ᠂ ᠡᠵᠡᠮᠳᠡᠵᠦ ᠪᠣᠯᠬᠤ ᠴᠢᠨᠠᠷ᠂ ᠡᠭᠦᠰᠴᠦ ᠮᠡᠳᠡᠬᠦ ᠨᠡᠶᠢᠭᠡᠮ ᠤᠨ ᠨᠥᠯᠥᠭᠡ᠂ ᠲᠦᠭᠰᠢᠭᠦᠷᠢ ᠪᠠ ᠠᠷᠭᠠᠴᠠᠭᠠᠬᠤ  ᠠᠷᠭ᠎ᠠ ᠵᠡᠷᠭᠡ ᠠᠭᠤᠯᠭ᠎ᠠ ᠶᠢ ᠪᠠᠭᠲᠠᠭᠠᠬᠤ ᠬᠡᠷᠡᠭᠲᠡᠢ᠃ ᠲᠤᠰᠬᠠᠢ ᠮᠡᠷᠭᠡᠵᠢᠯᠲᠡᠨ ᠤ ᠨᠤᠲᠠᠯᠠᠯᠲᠠ ᠶᠢᠨ ᠮᠡᠳᠡᠭᠦᠯᠦᠯᠲᠡ ᠳᠤ ᠭᠠᠵᠠᠷ ᠤᠨ  ᠨᠡᠷᠡᠰ ᠢ ᠨᠡᠷᠡᠶᠢᠳᠬᠦ᠂ ᠬᠠᠯᠠᠬᠤ ᠶᠢᠨ ᠴᠢᠬᠤᠯᠠ ᠴᠢᠨᠠᠷ᠂ ᠰᠢᠨᠵᠢᠯᠡᠬᠦ ᠤᠬᠠᠭᠠᠨᠴᠢ ᠴᠢᠨᠠᠷ᠂ ᠵᠦᠢ ᠵᠣᠬᠢᠰᠲᠠᠢ ᠴᠢᠨᠠᠷ᠂ ᠣᠷᠣᠰᠢᠵᠤ ᠮᠡᠳᠡᠬᠦ ᠲᠦᠭᠰᠢᠭᠦᠷᠢ᠂ ᠭᠠᠵᠠᠷ ᠤᠨ ᠨᠡᠷᠡᠰ ᠢ ᠨᠡᠷᠡᠶᠢᠳᠬᠦ᠂ ᠬᠠᠯᠠᠬᠤ ᠲᠥᠰᠥᠯ ᠪᠠ ᠵᠣᠬᠢᠶᠠᠨ ᠪᠠᠶᠢᠭᠤᠯᠵᠤ ᠬᠡᠷᠡᠭᠵᠢᠭᠦᠯᠬᠦ ᠰᠠᠨᠠᠯ ᠰᠠᠨᠠᠭᠤᠯᠭ᠎ᠠ ᠵᠡᠷᠭᠡ ᠠᠭᠤᠯᠭ᠎ᠠ ᠶᠢ ᠪᠠᠭᠲᠠᠭᠠᠬᠤ ᠬᠡᠷᠡᠭᠲᠡᠢ᠃ ᠰᠠᠨᠠᠯ ᠬᠤᠷᠢᠶᠠᠭᠰᠠᠨ ᠮᠡᠳᠡᠭᠦᠯᠦᠯᠲᠡ ᠳᠤ ᠰᠠᠨᠠᠯ ᠬᠤᠷᠢᠶᠠᠭᠰᠠᠨ ᠶᠠᠪᠤᠴᠠ ᠪᠠ ᠬᠦᠷᠢᠶ᠎ᠡ ᠬᠡᠪᠴᠢᠶ᠎ᠡ᠂ ᠭᠤᠣᠯ ᠰᠠᠨᠠᠯ ᠰᠠᠨᠠᠭᠤᠯᠭ᠎ᠠ ᠪᠠ ᠰᠢᠢᠳᠪᠦᠷᠢᠯᠡᠭᠰᠡᠨ ᠪᠠᠶᠢᠳᠠᠯ ᠵᠡᠷᠭᠡ ᠠᠭᠤᠯᠭ᠎ᠠ ᠶᠢ ᠪᠠᠭᠲᠠᠭᠠᠬᠤ ᠬᠡᠷᠡᠭᠲᠡᠢ ᠭᠠᠵᠠᠷ ᠤᠨ ᠨᠡᠷᠡᠰ ᠢ ᠨᠡᠷᠡᠶᠢᠳᠬᠦ᠂ ᠬᠠᠯᠠᠬᠤ ᠶᠢ ᠭᠠᠵᠠᠷ ᠤᠨ ᠨᠡᠷᠡᠰ ᠢ ᠵᠥᠪᠰᠢᠶᠡᠷᠡᠬᠦ ᠪᠠᠶᠢᠭᠤᠯᠭ᠎ᠠ ᠠᠴᠠ ᠪᠤᠰᠤᠳ ᠵᠦᠢᠯᠡᠰ ᠢ ᠵᠥᠪᠰᠢᠶᠡᠷᠡᠬᠦ ᠳᠤ ᠪᠠᠨ ᠬᠠᠮᠲᠤ ᠳᠤ ᠨᠢ ᠵᠥᠪᠰᠢᠶᠡᠷᠡᠭᠰᠡᠨ ᠪᠤᠯ ᠬᠠᠮᠢᠶ᠎ᠠ ᠪᠦᠬᠦᠢ ᠵᠦᠢᠯᠡᠰ ᠤᠨ ᠭᠤᠶᠤᠴᠢᠯᠠᠯ ᠤᠨ ᠮᠠᠲ᠋ᠧᠷᠢᠶᠠᠯ ᠳᠤ ᠳᠦᠷᠢᠮ ᠤᠨ ᠠᠷᠪᠠᠨ ᠨᠢᠭᠡᠳᠦᠭᠡᠷ ᠵᠦᠢᠯ ᠳᠤ ᠲᠣᠭᠲᠠᠭᠠᠭᠰᠠᠨ ᠠᠭᠤᠯᠭ᠎ᠠ ᠶᠢ ᠪᠠᠭᠲᠠᠭᠠᠬᠤ ᠬᠡᠷᠡᠭᠲᠡᠢ᠃    ᠵᠢᠷᠭᠤᠳᠤᠭᠠᠷ ᠵᠦᠢᠯ᠄ ᠭᠠᠵᠠᠷ ᠤᠨ ᠨᠡᠷᠡᠰ ᠢ ᠨᠡᠷᠡᠶᠢᠳᠬᠦ᠂ ᠬᠠᠯᠠᠵᠤ ᠳᠠᠩᠰᠠᠯᠠᠭᠤᠯᠬᠤ ᠳᠤ ᠤᠯᠤᠰ ᠤᠨ ᠭᠠᠵᠠᠷ ᠤᠨ  ᠨᠡᠷᠡᠰ ᠤᠨ ᠮᠡᠳᠡᠭᠡ ᠵᠠᠩᠭᠢ ᠶᠢᠨ ᠬᠥᠮᠥᠷᠭᠡ ᠪᠠᠷ ᠳᠡᠮᠵᠢᠨ ᠳᠡᠩᠰᠡᠯᠡᠨ ᠲᠡᠮᠳᠡᠭᠯᠡᠬᠦ ᠬᠦᠰᠦᠨᠦᠭᠲᠦ ᠶᠢ ᠲᠠᠬᠠᠯᠬᠤ ᠶᠢᠨ ᠬᠠᠮᠲᠤ  ᠲᠠᠷᠠᠭᠠᠬᠢ ᠮᠠᠲ᠋ᠧᠷᠢᠶᠠᠯ ᠤᠨ ᠡᠯᠧᠺᠲᠷᠣᠨ ᠲᠣᠪᠬᠢᠮᠠᠯ ᠢ ᠲᠤᠰᠢᠶᠠᠬᠤ ᠬᠡᠷᠡᠭᠲᠡᠢ᠄   ︵ᠨᠢᠭᠡ︶ ᠳᠠᠩᠰᠠᠯᠠᠭᠤᠯᠤᠭᠰᠠᠨ ᠮᠡᠳᠡᠭᠦᠯᠦᠯᠲᠡ᠃   ︵ᠬᠤᠶᠠᠷ︶ ᠭᠠᠵᠠᠷ ᠤᠨ ᠨᠡᠷᠡᠰ ᠢ ᠨᠡᠷᠡᠶᠢᠳᠬᠦ᠂ ᠬᠠᠯᠠᠬᠤ ᠶᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ᠃   ︵ᠭᠤᠷᠪᠠ︶ ᠳᠦᠷᠢᠮ ᠤᠨ ᠠᠷᠪᠠᠨ ᠨᠢᠭᠡᠳᠦᠭᠡᠷ ᠵᠦᠢᠯ ᠳᠤ ᠲᠣᠭᠲᠠᠭᠠᠭᠰᠠᠨ ᠭᠤᠶᠤᠴᠢᠯᠠᠯ ᠤᠨ ᠪᠢᠴᠢᠭ ᠪᠠ ᠬᠤᠯᠪᠣᠭᠳᠠᠯ ᠪᠦᠬᠦᠢ ᠮᠡᠳᠡᠭᠦᠯᠦᠯᠲᠡ᠃  ᠳᠣᠯᠣᠳᠤᠭᠠᠷ ᠵᠦᠢᠯ᠄ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠭᠠᠵᠠᠷ ᠤᠨ  ᠨᠡᠷᠡᠰ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠳᠠᠩᠰᠠᠯᠠᠭᠤᠯᠬᠤ ᠮᠠᠲ᠋ᠧᠷᠢᠶᠠᠯ ᠢ ᠣᠯᠣᠭᠰᠠᠨ ᠤ ᠳᠠᠷᠠᠭ᠎ᠠ ᠳᠠᠩᠰᠠᠯᠠᠭᠤᠯᠬᠤ ᠪᠡᠶᠡᠴᠢ ᠴᠣᠭᠴᠠ ᠪᠠ ᠳᠠᠩᠰᠠᠯᠠᠭᠤᠯᠬᠤ ᠮᠠᠲ᠋ᠧᠷᠢᠶᠠᠯ ᠢ ᠬᠢᠨᠠᠨ ᠪᠠᠶᠢᠴᠠᠭᠠᠬᠤ ᠬᠡᠷᠡᠭᠲᠡᠢ᠃ ᠳᠠᠩᠰᠠᠯᠠᠭᠤᠯᠤᠭᠰᠠᠨ ᠪᠡᠶᠡᠴᠢ ᠴᠣᠭᠴᠠ ᠨᠢ ᠲᠣᠭᠲᠠᠭᠠᠯ ᠳᠤ ᠨᠡᠶᠢᠴᠡᠬᠦ ᠦᠭᠡᠢ ᠪᠤᠯ ᠭᠠᠵᠠᠷ ᠤᠨ ᠨᠡᠷᠡᠰ  ᠢ ᠵᠥᠪᠰᠢᠶᠡᠷᠡᠭᠰᠡᠨ ᠪᠠᠶᠢᠭᠤᠯᠭ᠎ᠠ ᠶᠢ ᠵᠢᠯᠤᠭᠤᠳᠴᠤ ᠪᠠᠶᠢᠭᠠᠳ ᠲᠠᠬᠢᠨ ᠮᠡᠳᠡᠭᠦᠯᠦᠨ ᠬᠦᠷᠭᠡᠭᠦᠯᠬᠦ ᠬᠡᠷᠡᠭᠲᠡᠢ᠃ ᠳᠠᠩᠰᠠᠯᠠᠭᠤᠯᠤᠭᠰᠠᠨ ᠮᠠᠲ᠋ᠧᠷᠢᠶᠠᠯ ᠨᠢ ᠪᠦᠷᠢᠨ ᠭᠦᠢᠴᠡᠳ ᠦᠭᠡᠢ ᠪᠤᠶᠤ ᠲᠣᠭᠲᠠᠭᠠᠯ ᠳᠤ ᠨᠡᠶᠢᠴᠡᠬᠦ ᠦᠭᠡᠢ  ᠪᠤᠯ ᠭᠠᠵᠠᠷ ᠤᠨ ᠨᠡᠷᠡᠰ ᠢ ᠵᠥᠪᠰᠢᠶᠡᠷᠡᠭᠰᠡᠨ ᠪᠠᠶᠢᠭᠤᠯᠭ᠎ᠠ ᠶᠢ ᠵᠢᠯᠤᠭᠤᠳᠴᠤ ᠪᠠᠶᠢᠭᠠᠳ ᠨᠥᠬᠦᠪᠦᠷᠢᠯᠡᠨ ᠵᠠᠯᠠᠷᠠᠭᠤᠯᠤᠭᠤᠯᠬᠤ ᠬᠡᠷᠡᠭᠲᠡᠢ᠃   ᠨᠠᠢᠮᠠᠳᠤᠭᠠᠷ ᠵᠦᠢᠯ᠄ ᠭᠠᠵᠠᠷ ᠤᠨ ᠨᠡᠷᠡᠰ ᠢ ᠨᠡᠷᠡᠶᠢᠳᠦᠭᠰᠡᠨ᠂ ᠬᠠᠯᠠᠭᠰᠠᠨ ᠤ ᠲᠠᠷᠠᠭ᠎ᠠ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠭᠠᠵᠠᠷ ᠤᠨ ᠨᠡᠷᠡᠰ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠨᠢ ᠳᠦᠷᠢᠮ ᠤᠨ ᠠᠷᠪᠠᠨ ᠳᠥᠷᠪᠡᠳᠦᠭᠡᠷ ᠵᠦᠢᠯ ᠤᠨ ᠲᠣᠭᠲᠠᠭᠠᠯ ᠶᠣᠰᠣᠭᠠᠷ ᠨᠡᠶᠢᠭᠡᠮ ᠳᠤ ᠵᠠᠷᠯᠠᠨ ᠨᠡᠶᠢᠲᠡᠯᠡᠬᠦ ᠬᠡᠷᠡᠭᠲᠡᠢ᠃   ᠳᠠᠩᠰᠠᠯᠠᠭᠤᠯᠬᠤ ᠪᠤᠶᠤ ᠳᠠᠩᠰᠠᠯᠠᠭᠤᠯᠬᠤ  ᠮᠠᠲ᠋ᠧᠷᠢᠶᠠᠯ ᠢ ᠨᠥᠬᠦᠵᠦ ᠵᠠᠯᠠᠷᠠᠭᠤᠯᠬᠤ ᠴᠢᠬᠤᠯᠠ ᠲᠠᠢ ᠪᠣᠯ ᠠᠯᠪᠠᠨ ᠵᠠᠷ ᠤᠨ ᠬᠤᠭᠤᠴᠠᠭ᠎ᠠ ᠶᠢ ᠳᠠᠩᠰᠠᠯᠠᠭᠤᠯᠬᠤ ᠪᠤᠶᠤ ᠳᠠᠩᠰᠠᠯᠠᠭᠤᠯᠬᠤ ᠶᠢ ᠨᠥᠬᠦᠵᠦ ᠵᠠᠯᠠᠷᠠᠭᠤᠯᠬᠤ‌ᠮᠠᠲ᠋ᠧᠷᠢᠶᠠᠯ ᠢ ᠣᠯᠵᠤ ᠠᠪᠤᠭᠰᠠᠨ ᠡᠳᠦᠷ ᠠᠴᠠ ᠡᠬᠢᠯᠡᠵᠦ ᠪᠤᠳᠤᠨ᠎ᠠ᠃   ᠶᠢᠰᠦᠳᠦᠭᠡᠷ ᠵᠦᠢᠯ᠄ ᠭᠠᠵᠠᠷ ᠤᠨ ᠨᠡᠷᠡᠰ ᠢ ᠨᠡᠷᠡᠶᠢᠳᠬᠦ᠂ ᠬᠠᠯᠠᠬᠤ ᠠᠯᠪᠠᠨ ᠵᠠᠷ ᠲᠤ ᠪᠠᠷᠢᠮᠵᠢᠶᠠᠲᠤ ᠭᠠᠵᠠᠷ ᠤᠨ ᠨᠡᠷᠡᠰ ᠪᠠ ᠷᠣᠮᠠ ᠴᠠᠭᠠᠨ ᠲᠣᠯᠣᠭᠠᠢ ᠶᠢ ᠠᠪᠢᠶᠠᠴᠢᠯᠠᠨ ᠪᠢᠴᠢᠬᠦ᠂ ᠬᠠᠷᠢᠶ᠎ᠠ ᠵᠠᠰᠠᠭ ᠵᠠᠬᠢᠷᠭᠠᠨ ᠤ ᠣᠷᠣᠨ᠂ ᠣᠷᠣᠨ ᠪᠠᠶᠢᠷᠢ ᠶᠢ ᠳᠦᠷᠰᠦᠯᠡᠨ ᠲᠣᠭᠠᠴᠢᠬᠤ᠂ ᠵᠥᠪᠰᠢᠶᠡᠷᠡᠬᠦ ᠪᠠᠶᠢᠭᠤᠯᠭ᠎ᠠ᠂ ᠵᠥᠪᠰᠢᠶᠡᠷᠡᠬᠦ ᠴᠠᠭ ᠵᠡᠷᠭᠡ ᠠᠭᠤᠯᠭ᠎ᠠ ᠶᠢ ᠪᠠᠭᠲᠠᠭᠠᠭᠰᠠᠨ ᠪᠠᠶᠢᠬᠤ ᠬᠡᠷᠡᠭᠲᠡᠢ᠃     ᠭᠠᠵᠠᠷ ᠤᠨ ᠨᠡᠷᠡᠰ ᠢ ᠨᠡᠷᠡᠶᠢᠳᠬᠦ᠂ ᠬᠠᠯᠠᠬᠤ ᠠᠯᠪᠠᠨ ᠵᠠᠷ ᠢ ᠵᠠᠰᠠᠭ ᠤᠨ ᠣᠷᠳᠣᠨ ᠤ ᠰᠦᠯᠵᠢᠶᠡᠨ ᠥᠷᠲᠡᠭᠡ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠪᠠ ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ᠂ ᠲᠧᠯᠸᠢᠰ ᠵᠡᠷᠭᠡ ᠠᠷᠭ᠎ᠠ ᠪᠠᠷ ᠨᠡᠶᠢᠲᠡᠯᠡᠬᠦ ᠶᠢᠨ ᠬᠠᠮᠲᠤ ᠤᠯᠤᠰ ᠤᠨ ᠭᠠᠵᠠᠷ ᠤᠨ ᠨᠡᠷᠡᠰ ᠤᠨ ᠮᠡᠳᠡᠭᠡ ᠵᠠᠩᠭᠢ ᠶᠢᠨ ᠬᠥᠮᠥᠷᠭᠡ ᠳᠤ ᠨᠡᠶᠢᠲᠡᠯᠡᠨ᠎ᠡ᠃   ᠠᠷᠪᠠᠳᠤᠭᠠᠷ ᠵᠦᠢᠯ᠄ ᠭᠠᠵᠠᠷ ᠤᠨ ᠨᠡᠷᠡᠰ ᠤᠨ ᠲᠤᠰᠬᠠᠢ ᠨᠡᠷ᠎ᠡ ᠪᠠ ᠨᠡᠶᠢᠲᠡ ᠶᠢᠨ ᠨᠡᠷ᠎ᠡ ᠶᠢᠨ ᠷᠣᠮᠠ ᠦᠰᠦᠭ ᠢ ᠠᠪᠢᠶᠠᠴᠢᠯᠠᠨ ᠪᠢᠴᠢᠬᠦ ᠳᠤ ︽ᠬᠢᠲᠠᠳ ᠬᠡᠯᠡᠨ ᠤ ᠠᠪᠢᠶ᠎ᠠ ᠲᠡᠮᠳᠡᠭᠯᠡᠬᠦ ᠲᠥᠰᠥᠯ︾ ᠢᠶᠠᠷ ᠨᠢᠭᠡᠳᠦᠯᠲᠡᠢ ᠵᠢᠷᠤᠮᠵᠢᠯ ᠪᠣᠯᠭᠠᠨ᠎ᠠ᠃    ᠠᠷᠪᠠᠨ ᠨᠢᠭᠡᠳᠦᠭᠡᠷ ᠵᠦᠢᠯ᠄ ᠨᠢᠭᠡ ᠭᠠᠵᠠᠷ ᠲᠤ ᠤᠯᠠᠨ ᠵᠠᠷᠤᠬᠳᠠᠵᠤ ᠪᠠᠶᠢᠭ᠎ᠠ ᠭᠠᠵᠠᠷ ᠤᠨ ᠨᠡᠷᠡᠰ ᠢ ᠨᠢᠬᠡ ᠯᠨ ᠪᠠᠷᠢᠮᠵᠢᠶ᠎ᠠ ᠪᠠᠷ ᠲᠤᠬᠳᠠᠭᠠᠬᠤ ᠬᠡᠷᠡᠭᠲᠡᠢ᠂ ᠨᠢᠭᠡ ᠨᠡᠷ᠎ᠡ ᠶᠢ ᠤᠯᠠᠨ ᠶᠠᠩᠵᠤ ᠪᠠᠷ ᠪᠢᠴᠢᠬᠦ᠂ ᠤᠯᠠᠨ ᠲᠠᠭᠤᠳᠠᠯᠭ᠎ᠠ ᠲᠠᠢ ᠦᠬᠡ ᠪᠠᠷ ᠪᠢᠴᠢᠭᠰᠡᠨ ᠭᠠᠵᠠᠷ ᠤᠨ ᠨᠡᠷᠡᠰ ᠢ ᠨᠢᠬᠡᠳᠤᠯᠳᠡᠢ ᠦᠰᠦᠭ᠂ ᠨᠢᠬᠡᠳᠤᠯᠳᠡᠢ ᠲᠠᠭᠤᠳᠠᠯᠭ᠎ᠠ ᠪᠠᠷ ᠨᠢᠬᠡᠳᠤᠯᠵᠢᠬᠦᠯᠬᠦ ᠬᠡᠷᠡᠭᠳᠡᠢ᠃       ᠭᠠᠵᠠᠷ ᠤᠨ ᠨᠠᠷᠡᠰ ᠲᠤ ᠬᠢ ᠣᠨᠳᠣᠣ ᠳᠠᠭᠤᠳᠠᠯᠭ᠎ᠠ ᠪᠠ ᠣᠨᠴᠠᠭᠠᠶ ᠦᠰᠦᠭ ᠢ ᠭᠠᠵᠠᠷ ᠤᠨ ᠨᠠᠷᠡᠰ ᠤᠨ ᠬᠡᠷᠡᠭᠯᠡᠭᠡᠨ ᠤ ᠦᠰᠦᠭ ᠤᠨ ᠳᠠᠭᠤᠳᠠᠯᠭ᠎ᠠ ᠶᠢ ᠬᠢᠨᠠᠨ ᠲᠣᠭᠲᠠᠭᠠᠬᠤ ᠵᠢᠷᠤᠮᠵᠢᠯ ᠶᠣᠰᠣᠭᠠᠷ ᠬᠢᠨᠠᠨ ᠲᠣᠭᠲᠠᠭᠠᠬᠤ ᠬᠡᠷᠡᠭᠲᠡᠢ᠃ ᠭᠠᠵᠠᠷ ᠤᠨ ᠨᠠᠷᠡᠰ  ᠤᠨ ᠬᠡᠷᠡᠭᠯᠡᠭᠡᠨ ᠤ ᠦᠰᠦᠭ ᠤᠨ ᠳᠠᠭᠤᠳᠠᠯᠭ᠎ᠠ ᠶᠢ ᠬᠢᠨᠠᠨ ᠲᠣᠭᠲᠠᠭᠠᠬᠤ ᠵᠢᠷᠤᠮᠵᠢᠯ ᠢ ᠲᠦᠷᠦ ᠶᠢᠨ ᠶᠠᠪᠤᠳᠠᠯ ᠤᠨ ᠬᠤᠷᠢᠶᠠᠨ ᠤ ᠭᠠᠵᠠᠷ ᠤᠨ  ᠨᠠᠷᠡᠰ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠲᠦᠷᠦ ᠶᠢᠨ ᠶᠠᠪᠤᠳᠠᠯ ᠤᠨ ᠬᠤᠷᠢᠶᠠᠨ ᠤ ᠦᠭᠡ ᠬᠡᠯᠨ ᠦᠰᠦᠭ ᠪᠢᠴᠢᠭ  ᠤᠨ ᠰᠠᠯᠠᠭ᠎ᠠ ᠮᠦᠴᠢᠷ ᠤᠨ ᠬᠢᠨ ᠲᠤᠬᠳᠠᠭᠠᠨ᠎ᠠ᠃    ᠠᠷᠪᠠᠨ ᠬᠤᠶᠠᠳᠤᠭᠠᠷ ᠵᠦᠢᠯ᠄ ᠴᠥᠭᠡᠨ ᠲᠣᠭᠠᠲᠤ ᠦᠨᠳᠦᠰᠦᠲᠡᠨ ᠤ ᠬᠡᠯᠡᠨ ᠤ ᠭᠠᠵᠠᠷ ᠤᠨ ᠨᠡᠷᠡᠰ ᠤᠨ ᠬᠢᠲᠠᠳ ᠦᠰᠦᠭ ᠤᠨ ᠣᠷᠴᠢᠭᠤᠯᠭ᠎ᠠ ᠶᠢᠨ ᠨᠡᠷ᠎ᠡ ᠨᠢ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠲᠣᠭᠲᠠᠭᠠᠭᠰᠠᠨ ᠴᠥᠭᠡᠨ ᠲᠣᠭᠠᠲᠤ ᠦᠨᠳᠦᠰᠦᠲᠡᠨ ᠤ ᠬᠡᠯᠡᠨ ᠤ ᠭᠠᠵᠠᠷ ᠤᠨ ᠨᠡᠷ᠎ᠡ ᠶᠢᠨ ᠬᠢᠲᠠᠳ ᠤᠷᠴᠢᠭᠤᠯᠭ᠎ᠠ ᠶᠢᠨ ᠭᠠᠵᠠᠷ ᠤᠨ ᠨᠡᠷᠡᠰ ᠤᠨ ᠲᠦᠷᠢᠮ ᠳᠤ ᠨᠡᠶᠢᠴᠡᠬᠦ ᠬᠡᠷᠡᠭᠳᠡᠢ᠃   ᠠᠷᠪᠠᠨ ᠭᠤᠷᠪᠠᠳᠤᠭᠠᠷ ᠵᠦᠢᠯ᠄ ᠭᠠᠳᠠᠭᠠᠳᠤ ᠬᠡᠯᠡᠨ ᠤ ᠭᠠᠵᠠᠷ ᠤᠨ ᠨᠡᠷᠡᠰ ᠤᠨ ᠬᠢᠲᠠᠳ ᠦᠰᠦᠭ ᠢᠶᠠᠷ ᠣᠷᠴᠢᠭᠤᠯᠤᠭᠰᠠᠨ ᠨᠡᠷ᠎ᠡ ᠨᠢ ᠲᠦᠷᠦ ᠶᠢᠨ ᠶᠠᠪᠤᠳᠠᠯ ᠤᠨ ᠬᠤᠷᠢᠶᠠᠨ ᠤ ᠭᠠᠵᠠᠷ ᠤᠨ ᠨᠡᠷᠡᠰ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠲᠣᠭᠲᠠᠭᠠᠭᠰᠠᠨ ᠭᠠᠳᠠᠭᠠᠳᠤ ᠬᠡᠯᠡᠨ ᠤ ᠭᠠᠵᠠᠷ ᠤᠨ ᠨᠡᠷᠡᠰ ᠤᠨ ᠬᠢᠲᠠᠳ ᠦᠰᠦᠭ ᠢᠶᠠᠷ ᠣᠷᠴᠢᠭᠤᠯᠤᠨ ᠪᠢᠴᠢᠬᠦ ᠵᠢᠷᠤᠮᠵᠢᠯ ᠳᠤ ᠨᠡᠶᠢᠴᠡᠭᠰᠡᠨ ᠪᠠᠶᠢᠬᠤ ᠬᠡᠷᠡᠭᠲᠡᠢ᠂ ᠲᠦᠷᠦ ᠶᠢᠨ ᠶᠠᠪᠤᠳᠠᠯ ᠤᠨ ᠬᠤᠷᠢᠶᠠᠨ ᠤ ᠭᠠᠵᠠᠷ ᠤᠨ  ᠨᠡᠷᠡᠰ  ‍ᠤᠨ‌ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠠᠢ ᠬᠠᠮᠲᠤᠷᠠᠨ ᠬᠢᠨᠠᠨ ᠲᠣᠭᠲᠠᠭᠠᠨ᠎ᠠ᠃   ᠮᠠᠨ ᠤ ᠤᠯᠤᠰ ᠤᠨ ᠨᠤᠲᠤᠭ ᠳᠡᠪᠢᠰᠬᠡᠷ ᠤᠨ ᠵᠣᠷᠢᠯᠲᠠ ᠪᠠ ᠡᠷᠬᠡ ᠮᠡᠳᠡᠯ ᠤᠨ ᠡᠷᠬᠡ ᠠᠰᠢᠭ ᠢ ᠬᠤᠬᠢᠷᠠᠭᠤᠯᠵᠤ ᠮᠡᠳᠡᠬᠦ ᠭᠠᠳᠠᠭᠠᠳᠤ ᠬᠡᠯᠡᠨ ᠤ ᠭᠠᠵᠠᠷ ᠤᠨ  ᠨᠡᠷᠡᠰ  ᠢ ᠰᠢᠭᠤᠳ ᠡᠰᠢᠯᠡᠨ ᠬᠡᠷᠡᠭᠯᠡᠬᠦ ᠪᠤᠶᠤ ᠳᠤᠷ᠎ᠠ ᠪᠠᠷ ᠢᠶᠠᠨ ᠰᠢᠯᠵᠢᠭᠦᠯᠦᠨ ᠣᠷᠴᠢᠭᠤᠯᠵᠤ ᠪᠣᠯᠬᠤ ᠦᠭᠡᠢ᠃
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号