ᠠᠷᠠᠳ ᠤᠨ ᠶᠠᠪᠤᠳᠠᠯ ᠤᠨ ᠶᠠᠮᠤᠨ ︽ᠭᠠᠵᠠᠷ ᠤᠨ ᠨᠡᠷᠡᠰ ᠤᠨ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠬᠦ ᠠᠷᠭ᠎ᠠ︾ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2024/3/25
    ᠠᠷᠠᠳ ᠤᠨ ᠶᠠᠪᠤᠳᠠᠯ ᠤᠨ ᠶᠠᠮᠤᠨ ᠤ ᠬᠢᠨ ᠤᠷᠴᠢᠮ ᠳᠤ ︽ᠭᠠᠵᠠᠷ ᠤᠨ  ᠨᠡᠷᠡᠰ ᠤᠨ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠬᠦ ᠠᠷᠭ᠎ᠠ︾ ︵ᠠᠷᠠᠳ ᠤᠨ ᠶᠠᠪᠤᠳᠠᠯ ᠤᠨ ᠶᠠᠮᠤᠨ ᠤ ᠵᠠᠷᠯᠢᠭ 71 ᠳ᠋ᠤᠬᠡᠷ ᠲᠣᠭᠠᠲᠤ ᠪᠢᠴᠢᠭ ᠮᠠᠲ᠋ᠧᠷᠢᠶᠠᠯ︶  ᠶᠢ ᠨᠡᠶᠢᠳᠡᠯᠡᠪᠡ᠂ 2024 ᠣᠨ ᠤ 5 ᠰᠠᠷ᠎ᠠ ᠶᠢᠨ 1 ᠤ ᠡᠳᠦᠷ ᠠᠴᠠ ᠬᠡᠷᠡᠭᠵᠢᠭᠦᠯᠦᠨ᠎ᠡ᠃    ᠭᠠᠵᠠᠷ ᠤᠨ ᠨᠡᠷᠡᠰ ᠪᠣᠯ ᠨᠡᠶᠢᠭᠡᠮ ᠤᠨ ᠦᠨᠳᠦᠰᠦᠨ ᠣᠯᠠᠨ ᠨᠡᠶᠢᠲᠡ ᠶᠢᠨ ᠮᠡᠳᠡᠭᠡ ᠵᠠᠩᠭᠢ᠂ ᠲᠡᠦᠬᠡ ᠰᠣᠶᠣᠯ ᠤᠨ ᠴᠢᠬᠤᠯᠠ ᠠᠴᠢᠶᠠᠯᠠᠪᠤᠷᠢ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠳᠤᠮᠳᠠ ᠴᠢᠬᠤᠯᠠ ᠰᠠᠭᠤᠷᠢ ᠴᠢᠨᠠᠷᠲᠠᠢ ᠦᠢᠯᠡᠳᠦᠯ ᠪᠠᠳᠠᠷᠠᠭᠤᠯᠵᠤ ᠪᠠᠶᠢᠳᠠᠭ᠃ 2022 ᠣᠨ ᠤ 5 ᠳ᠋ᠤᠭᠠᠷ ᠰᠠᠷ᠎ᠠ ᠶᠢᠨ 1 ᠤ ᠡᠳᠦᠷ ᠠᠴᠠ ᠬᠡᠷᠡᠭᠵᠢᠭᠦᠯᠦᠭᠰᠡᠨ ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠳᠦᠷᠢᠮ︾   ᠳᠤ ᠭᠠᠵᠠᠷ ᠤᠨ ᠨᠡᠷ᠎ᠡ ᠶᠢᠨ ᠬᠠᠮᠢᠶᠠᠷᠤᠯᠲᠠ ᠳᠤ ᠪᠥᠬᠦ ᠲᠠᠯ᠎ᠠ ᠶᠢᠨ᠂ ᠰᠢᠰᠲ᠋ᠧᠮ ᠲᠠᠢ ᠲᠣᠭᠲᠠᠭᠠᠯ ᠭᠠᠷᠭᠠᠪᠠ᠃ ︽ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠳᠦᠷᠢᠮ︾ ᠢ  ᠨᠠᠶᠢᠳᠠᠪᠤᠷᠢᠵᠢᠭᠤᠯᠵᠤ᠂ ᠭᠠᠵᠠᠷ ᠤᠨ ᠨᠡᠷᠡᠰ ᠤᠨ ᠬᠠᠮᠢᠶᠠᠷᠤᠯᠲᠠ ᠶᠢᠨ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠬᠦ ᠶᠢᠨ ᠲᠥᠯᠥᠭᠡ᠂ ᠠᠷᠠᠳ ᠤᠨ ᠶᠠᠪᠤᠳᠠᠯ ᠤᠨ ᠶᠠᠮᠤᠨ ᠤ ᠬᠢᠨ ᠦᠢᠯᠡᠳᠦᠯᠭᠡ ᠶᠢᠨ ᠲᠤᠷᠰᠢᠯᠭ᠎ᠠ ᠪᠠᠨ ᠳ᠋ᠦᠩᠨᠡᠵᠦ᠂ ᠭᠦᠢᠴᠡᠳ ᠰᠤᠳᠤᠯᠤᠨ ᠨᠤᠲᠠᠯᠠᠵᠤ᠂ ᠥᠷᠭᠡᠨ ᠢᠶᠠᠷ ᠰᠠᠨᠠᠯ ᠬᠤᠷᠢᠶᠠᠭᠰᠠᠨ ᠰᠠᠭᠤᠷᠢᠨ ᠳᠡᠭᠡᠷ᠎ᠡ ︽ᠭᠠᠵᠠᠷ ᠤᠨ ᠨᠡᠷᠡᠰ ᠤᠨ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠬᠦ ᠠᠷᠭ᠎ᠠ︾ ᠶᠢ ᠲᠣᠭᠲᠠᠭᠠᠨ ᠨᠡᠶᠢᠲᠡᠯᠡᠪᠡ᠃︽ᠭᠠᠵᠠᠷ ᠤᠨ  ᠨᠡᠷᠡᠰ ᠤᠨ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠬᠦ ᠠᠷᠭ᠎ᠠ︾ ᠨᠢ ᠨᠡᠶᠢᠲᠡ 26 ᠵᠦᠢᠯ ᠲᠠᠢ ᠂ ︽ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠳᠦᠷᠢᠮ︾ ᠢ ᠨᠠᠷᠢᠯᠢᠭᠵᠢᠭᠤᠯᠤᠨ ᠨᠥᠬᠦᠪᠦᠷᠢᠯᠡᠵᠦ᠂ ᠬᠠᠨᠳᠤᠯᠭᠠᠲᠤ ᠴᠢᠨᠠᠷ᠂ ᠬᠡᠷᠡᠭᠯᠡᠭᠡᠨ ᠤ ᠴᠢᠨᠠᠷ᠂ ᠬᠡᠷᠡᠭᠵᠢᠭᠦᠯᠵᠦ ᠪᠣᠯᠬᠤᠶᠢᠴᠠ ᠴᠢᠨᠠᠷ ᠢ ᠲᠣᠪᠤᠶᠢᠯᠭᠠᠨ᠂ ᠭᠠᠵᠠᠷ ᠤᠨ ᠨᠡᠷᠡᠰ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠬᠦ ᠳᠤ ᠳᠦᠷᠢᠮ ᠤᠨ ᠪᠠᠲᠤᠯᠠᠭ᠎ᠠ ᠬᠠᠩᠭᠠᠭᠰᠠᠨ ᠪᠠᠶᠢᠨ᠎ᠠ᠃ ᠭᠤᠣᠯ ᠠᠭᠤᠯᠭ᠎ᠠ ᠳᠤ᠄ᠨᠢᠭᠡ ᠳᠤ᠂ ᠭᠠᠵᠠᠷ ᠤᠨ ᠨᠡᠷᠡᠰ ᠢ  ᠨᠡᠷᠡᠶᠢᠳᠬᠦ᠂ ᠬᠠᠯᠠᠬᠤ᠃ ︽ᠭᠠᠵᠠᠷ ᠤᠨ  ᠨᠡᠷᠡᠰ ᠤᠨ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠬᠦ ᠠᠷᠭ᠎ᠠ︾ ᠳᠤ ᠭᠠᠵᠠᠷ ᠤᠨ ᠨᠡᠷᠡᠰ ᠤᠨ ᠲᠥᠰᠥᠯ ᠢ ᠨᠠᠶᠢᠷᠠᠭᠤᠯᠤᠨ ᠵᠣᠬᠢᠶᠠᠬᠤ ᠠᠭᠤᠯᠭ᠎ᠠ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠬᠤᠪᠢᠷᠠᠭᠤᠯᠬᠤ ᠵᠢᠷᠤᠮ ᠢ ᠲᠣᠭᠲᠠᠭᠠᠵᠠᠢ᠂ ᠬᠥᠮᠥᠨ ᠤ ᠨᠡᠷ᠎ᠡ᠂ ᠠᠵᠤ ᠠᠬᠤᠶᠢᠯᠠᠯ ᠤᠨ ᠨᠡᠷᠡᠶᠢᠳᠦᠯ᠂ ᠲᠠᠸᠠᠷ ᠤᠨ ᠲᠡᠮᠳᠡᠭ ᠤᠨ ᠨᠡᠷᠡᠶᠢᠳᠦᠯ ᠢᠶᠠᠷ ᠭᠠᠵᠠᠷ ᠤᠨ ᠨᠡᠷᠡᠰ ᠪᠣᠯᠭᠠᠬᠤ ᠦᠭᠡᠢ ᠪᠠᠶᠢᠬᠤ ᠲᠤᠬᠠᠢ ᠣᠨᠴᠠᠭᠠᠶ ᠲᠣᠭᠲᠠᠭᠠᠯ ᠢ ᠲᠣᠳᠣᠷᠬᠠᠶᠢᠯᠠᠵᠤ᠂ ᠶᠡᠷᠦᠩᠬᠡᠶᠢᠯᠡᠨ ᠦᠨᠡᠯᠡᠬᠦ᠂ ᠲᠤᠰᠬᠠᠢ ᠮᠡᠷᠭᠡᠵᠢᠯᠲᠡᠨ ᠨᠤᠳᠠᠯᠠᠬᠤ᠂ ᠰᠠᠨᠠᠯ ᠬᠤᠷᠢᠶᠠᠬᠤ ᠮᠡᠳᠡᠭᠦᠯᠦᠯᠲᠡ ᠶᠢᠨ ᠠᠭᠤᠯᠭ᠎ᠠ ᠪᠠ ᠭᠠᠵᠠᠷ ᠤᠨ  ᠨᠡᠷᠡᠰ ᠢ ᠳᠠᠩᠰᠠᠯᠠᠬᠤ᠂ ᠵᠠᠷᠯᠠᠬᠤ ᠬᠤᠯᠪᠣᠭᠳᠠᠯ ᠪᠦᠬᠦᠢ ᠱᠠᠭᠠᠷᠳᠠᠯᠭ᠎ᠠ ᠶᠢ ᠨᠠᠷᠢᠯᠢᠭᠵᠢᠭᠤᠯᠵᠤ᠂ ᠴᠢᠬᠤᠯᠠ ᠭᠠᠵᠠᠷ ᠵᠦᠢ ᠶᠢᠨ ᠣᠷᠣᠨ ᠪᠠᠶᠢᠷᠢ ᠶᠢᠨ ᠠᠴᠢ ᠬᠤᠯᠪᠣᠭᠳᠠᠯ ᠲᠠᠢ ᠬᠠᠮᠢᠶ᠎ᠠ ᠪᠦᠬᠦᠢ ᠨᠡᠷᠡᠶᠢᠳᠦᠯ ᠤᠨ ᠬᠡᠪᠴᠢᠶ᠎ᠡ ᠶᠢ ᠬᠤᠯᠪᠣᠭᠳᠠᠯ ᠪᠦᠬᠦᠢ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠪᠣᠳᠠᠲᠠᠢ ᠪᠠᠶᠢᠳᠠᠯ ᠲᠠᠢ ᠪᠠᠨ ᠤᠶᠠᠯᠳᠤᠭᠤᠯᠤᠨ ᠲᠤᠰᠢᠶᠠᠯ ᠬᠠᠷᠢᠭᠤᠴᠠᠯᠭ᠎ᠠ ᠶᠢᠨ ᠡᠷᠬᠡ ᠶᠢᠨ ᠬᠢᠵᠠᠭᠠᠷ ᠢ ᠦᠨᠳᠦᠰᠦᠯᠡᠨ ᠲᠣᠭᠲᠠᠭᠠᠨ᠎ᠠ ᠭᠡᠵᠦ ᠲᠣᠭᠲᠠᠭᠠᠵᠠᠢ᠃ᠬᠤᠶᠠᠷ ᠲᠤ᠂ ᠭᠠᠵᠠᠷ ᠤᠨ ᠨᠡᠷᠡᠰ ᠢ ᠬᠡᠷᠡᠭᠯᠡᠬᠦ᠃ ︽ᠭᠠᠵᠠᠷ ᠤᠨ  ᠨᠡᠷᠡᠰ ᠤᠨ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠬᠦ ᠠᠷᠭ᠎ᠠ︾ ᠳᠤ ᠭᠠᠵᠠᠷ ᠤᠨ ᠨᠡᠷᠡᠰ ᠢ ᠷᠣᠮᠠ ᠥᠰᠥᠭ ᠢᠶᠠᠷ ᠠᠪᠢᠶᠠᠴᠢᠯᠠᠨ ᠪᠢᠴᠢᠬᠦ᠂ ᠭᠠᠵᠠᠷ ᠤᠨ ᠨᠡᠷᠡᠰ  ᠤᠨ ᠬᠡᠷᠡᠭᠯᠡᠭᠡᠨ ᠤ ᠥᠰᠥᠭ ᠤᠨ ᠳᠠᠭᠤᠳᠠᠯᠭ᠎ᠠ ᠶᠢ ᠬᠢᠨᠠᠨ ᠲᠣᠭᠲᠠᠭᠠᠬᠤ᠂ ᠴᠥᠭᠡᠨ ᠲᠣᠭᠠᠲᠤ ᠦᠨᠳᠦᠰᠦᠲᠡᠨ ᠤ ᠬᠡᠯᠡᠨ ᠤ ᠭᠠᠵᠠᠷ ᠤᠨ  ᠨᠡᠷᠡᠰ ᠪᠠ ᠭᠠᠳᠠᠭᠠᠳᠤ ᠬᠡᠯᠡᠨ ᠤ ᠭᠠᠵᠠᠷ ᠤᠨ ᠨᠡᠷᠡᠰ ᠢ ᠬᠢᠲᠠᠳ ᠥᠰᠥᠭ ᠢᠶᠠᠷ ᠣᠷᠴᠢᠭᠤᠯᠤᠨ ᠪᠢᠴᠢᠬᠦ ᠪᠠ ᠪᠠᠷᠢᠮᠵᠢᠶᠠᠲᠤ ᠬᠢᠲᠠᠳ ᠥᠰᠥᠭ ᠤᠨ ᠣᠷᠴᠢᠭᠤᠯᠭ᠎ᠠ ᠶᠢᠨ ᠨᠡᠷ᠎ᠡ ᠶᠢ ᠬᠡᠷᠡᠭᠯᠡᠬᠦ ᠵᠡᠷᠭᠡ ᠱᠠᠭᠠᠷᠳᠠᠯᠭ᠎ᠠ ᠶᠢ ᠨᠠᠷᠢᠯᠢᠭᠵᠢᠭᠤᠯᠵᠤ᠂ ᠤᠯᠤᠰ ᠤᠨ ᠭᠠᠵᠠᠷ ᠤᠨ  ᠨᠡᠷᠡᠰ ᠤᠨ ᠮᠡᠳᠡᠭᠡ ᠵᠠᠩᠭᠢ ᠶᠢᠨ ᠬᠥᠮᠥᠷᠭᠡ ᠶᠢᠨ ᠬᠠᠮᠢᠶᠠᠷᠤᠯᠲᠠ᠂ ᠭᠠᠵᠠᠷ ᠤᠨ  ᠨᠡᠷᠡᠰ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠪᠠ ᠲᠤᠭ᠎ᠠ ᠪᠠᠷᠢᠮᠲᠠ ᠶᠢ ᠬᠠᠮᠢᠶᠠᠷᠬᠤ ᠵᠡᠷᠭᠡ ᠱᠠᠭᠠᠷᠳᠠᠯᠭ᠎ᠠ ᠶᠢ ᠲᠣᠭᠲᠠᠭᠠᠵᠤ᠂ ᠭᠠᠵᠠᠷ ᠤᠨ  ᠨᠡᠷᠡᠰ ᠤᠨ ᠲᠡᠮᠳᠡᠭ ᠤᠨ ᠪᠠᠶᠢᠷᠢᠯᠠᠭᠤᠯᠤᠯᠲᠠ ᠪᠠ ᠬᠠᠮᠠᠭᠠᠯᠠᠯᠲᠠ ᠶᠢᠨ ᠪᠣᠳᠠᠲᠠᠢ ᠠᠭᠤᠯᠭ᠎ᠠ ᠶᠢ ᠲᠣᠳᠣᠷᠬᠠᠶᠢᠯᠠᠭᠰᠠᠨ ᠪᠠᠶᠢᠨ᠎ᠠ᠃ᠭᠤᠷᠪᠠ ᠳᠤ᠂ ᠭᠠᠵᠠᠷ ᠤᠨ  ᠨᠡᠷᠡᠰ ᠤᠨ ᠰᠣᠶᠣᠯ ᠤᠨ ᠬᠠᠮᠠᠭᠠᠯᠠᠯᠲᠠ᠃ ︽ᠭᠠᠵᠠᠷ ᠤᠨ  ᠨᠡᠷᠡᠰ ᠤᠨ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠬᠦ ᠠᠷᠭ᠎ᠠ︾ ᠳᠤ ᠭᠠᠵᠠᠷ ᠤᠨ ᠨᠡᠷᠡᠰ ᠤᠨ ᠬᠠᠮᠠᠭᠠᠯᠠᠯᠲᠠ ᠶᠢᠨ ᠨᠡᠷᠡᠰ ᠤᠨ ᠵᠢᠭᠰᠠᠭᠠᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠭᠠᠵᠠᠷ ᠤᠨ  ᠨᠡᠷᠡᠰ ᠤᠨ ᠬᠠᠮᠠᠭᠠᠯᠠᠯᠲᠠ ᠶᠢᠨ ᠨᠡᠷᠡᠰ ᠤᠨ ᠵᠢᠭᠰᠠᠭᠠᠯᠲᠠ ᠶᠢᠨ ᠲᠥᠷᠥᠯ ᠢᠯᠭᠠᠯ᠂ ᠠᠭᠤᠯᠭ᠎ᠠ᠂ ᠨᠡᠶᠢᠲᠡᠯᠡᠬᠦ ᠵᠡᠷᠭᠡ ᠱᠠᠭᠠᠷᠳᠠᠯᠭ᠎ᠠ ᠶᠢ ᠨᠠᠷᠢᠯᠢᠭᠵᠢᠭᠤᠯᠵᠤ᠂ ᠬᠠᠮᠠᠭᠠᠯᠠᠯᠲᠠ ᠶᠢᠨ ᠨᠡᠷᠡᠰ ᠤᠨ ᠵᠢᠭᠰᠠᠭᠠᠯᠲᠠ ᠳᠤ ᠵᠢᠭᠰᠠᠭᠠᠭᠳᠠᠭᠰᠠᠨ ᠭᠠᠵᠠᠷ ᠤᠨ ᠨᠡᠷᠡᠰ ᠤᠨ ᠲᠡᠮᠳᠡᠭ ᠲᠠᠯᠪᠢᠬᠤ᠂ ᠰᠠᠯᠪᠤᠷᠢᠯᠠᠨ ᠨᠡᠷᠡᠶᠢᠳᠬᠦ᠂ ᠠᠮᠢᠳᠤᠯᠢᠭ ᠬᠡᠷᠡᠭᠯᠡᠬᠦ᠂ ᠰᠣᠶᠣᠯ ᠤᠨ ᠪᠦᠲᠦᠭᠡᠭᠳᠡᠬᠦᠨ ᠦᠢᠯᠡᠳᠬᠦ᠂ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠬᠦ ᠵᠡᠷᠭᠡ ᠠᠷᠭ᠋ ᠪᠠᠷ ᠬᠠᠮᠠᠭᠠᠯᠠᠨ ᠠᠰᠢᠭᠯᠠᠵᠤ ᠪᠣᠯᠣᠨ᠎ᠠ ᠭᠡᠵᠦ ᠲᠣᠭᠲᠠᠭᠠᠵᠠᠢ᠃ᠳᠥᠷᠪᠡ ᠳᠤ᠂ ᠬᠢᠨᠠᠯᠲᠠ  ᠬᠠᠮᠢᠶᠠᠷᠤᠯᠳᠠ᠃ ︽ᠭᠠᠵᠠᠷ ᠤᠨ  ᠨᠡᠷᠡᠰ ᠤᠨ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠬᠦ ᠠᠷᠭ᠎ᠠ︾ ᠳᠤ ᠭᠠᠵᠠᠷ ᠤᠨ ᠨᠡᠷᠡᠰ ᠤᠨ ᠬᠠᠮᠢᠶᠠᠷᠤᠯᠲᠠ ᠶᠢᠨ ᠴᠢᠳᠠᠪᠤᠷᠢ ᠶᠢᠨ ᠪᠣᠳᠠᠲᠠᠢ ᠠᠭᠤᠯᠭ᠎ᠠ ᠶᠢ ᠲᠣᠭᠲᠠᠭᠠᠪᠠ᠃   ᠳᠠᠩᠰᠠᠯᠠᠭᠤᠯᠤᠭᠰᠠᠨ ᠦᠭᠡᠢ ᠪᠤᠶᠤ ᠴᠠᠭ ᠲᠤᠬᠠᠢ ᠳᠤ ᠨᠢ ᠳᠠᠩᠰᠠᠯᠠᠭᠤᠯᠤᠭᠰᠠᠨ ᠦᠭᠡᠢ ᠲᠣᠭᠲᠠᠭᠠᠯ ᠠᠴᠠ ᠵᠥᠷᠢᠴᠡᠭᠰᠡᠨ  ᠠᠵᠢᠯᠯᠠᠭ᠎ᠠ ᠳᠤ ᠴᠢᠭᠯᠡᠭᠦᠯᠦᠨ ᠰᠢᠢᠳᠪᠦᠷᠢᠯᠡᠬᠦ ᠲᠠᠰ ᠳᠠᠷᠠᠭᠠᠯᠠᠯ ᠢ ᠤᠯᠠᠮ ᠲᠣᠳᠣᠷᠬᠠᠶᠢᠯᠠᠪᠠ᠃ᠡᠭᠦᠨ ᠠᠴᠠ ᠭᠠᠳᠠᠨ᠎ᠠ ︽ᠭᠠᠵᠠᠷ ᠤᠨ  ᠨᠡᠷᠡᠰ ᠤᠨ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠬᠦ ᠠᠷᠭ᠎ᠠ︾ ᠳᠤ ᠴᠢᠬᠤᠯᠠ ᠭᠠᠵᠠᠷ ᠵᠦᠢ ᠶᠢᠨ ᠣᠷᠣᠨ ᠪᠠᠶᠢᠷᠢ ᠶᠢᠨ ᠠᠴᠢ ᠬᠤᠯᠪᠣᠭᠳᠠᠯ ᠲᠠᠢ᠂ ᠭᠠᠵᠠᠷ ᠤᠨ ᠨᠡᠷᠡᠰ ᠤᠨ ᠲᠤᠰᠬᠠᠢ ᠨᠡᠷ᠎ᠡ ᠪᠠ ᠲᠦᠭᠡᠮᠡᠯ ᠨᠡᠷ᠎ᠡ᠂ ᠭᠠᠵᠠᠷ ᠤᠨ ᠨᠡᠷᠡᠰ ᠤᠨ ᠰᠣᠶᠣᠯ ᠤᠨ ᠥᠪ᠂ ᠲᠡᠦᠬᠡ ᠶᠢᠨ ᠭᠠᠵᠠᠷ ᠤᠨ ᠨᠡᠷ᠎ᠡ ᠵᠡᠷᠭᠡ ᠤᠬᠠᠭᠳᠠᠬᠤᠨ ᠢ ᠲᠠᠶᠢᠯᠪᠤᠷᠢᠯᠠᠨ ᠲᠣᠳᠣᠷᠬᠠᠶᠢᠯᠠᠭᠰᠠᠨ ᠪᠠᠶᠢᠨ᠎ᠠ᠃ 
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号