ᠭᠠᠵᠠᠷ ᠤᠨ ᠨᠡᠷᠡᠰ ᠤᠨ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠬᠦ ᠠᠷᠭ᠎ᠠ ︵ᠲᠤᠤᠷᠠᠳᠤ︶
ᠨᠡᠶᠢᠲᠡᠯᠡᠭᠰᠡᠨ ᠴᠠᠭ᠄
2024/3/26
   ᠠᠷᠪᠠᠨ ᠳᠥᠷᠪᠡᠳᠦᠭᠡᠷ ᠵᠦᠢᠯ᠄ ᠴᠥᠭᠡᠨ ᠲᠣᠭᠠᠲᠤ ᠦᠨᠳᠦᠰᠦᠲᠡᠨ ᠤ ᠬᠡᠯᠡᠨ ᠤ ᠭᠠᠵᠠᠷ ᠤᠨ ᠨᠡᠷᠡᠰ ᠂ ᠭᠠᠳᠠᠭᠠᠳᠤ ᠬᠡᠯᠡᠨ ᠤ ᠭᠠᠵᠠᠷ ᠤᠨ ᠨᠡᠷᠡᠰ  ᠤᠨ ᠪᠠᠷᠢᠮᠵᠢᠶᠠᠲᠤ ᠬᠢᠲᠠᠳ ᠦᠰᠦᠭ ᠤᠨ ᠣᠷᠴᠢᠭᠤᠯᠭ᠎ᠠ ᠶᠢᠨ ᠨᠡᠷ᠎ᠡ ᠶᠢ ᠬᠡᠷᠡᠭᠯᠡᠬᠦ  ᠳᠤ ᠪᠠᠨ ᠪᠠᠷᠢᠮᠵᠢᠶᠠᠲᠤ ᠭᠠᠵᠠᠷ ᠤᠨ  ᠨᠡᠷᠡᠰ  ᠢ ᠬᠡᠷᠡᠭᠯᠡᠬᠦ ᠲᠤᠬᠠᠢ ᠬᠤᠯᠪᠣᠭᠳᠠᠯ ᠪᠦᠬᠦᠢ ᠲᠣᠭᠲᠠᠭᠠᠯ ᠢ ᠵᠢᠷᠤᠮᠯᠠᠬᠤ ᠬᠡᠷᠡᠭᠲᠡᠢ᠃   ᠴᠥᠭᠡᠨ ᠲᠣᠭᠠᠲᠤ ᠦᠨᠳᠦᠰᠦᠲᠡᠨ ᠤ ᠬᠡᠯᠡᠨ ᠤ ᠭᠠᠵᠠᠷ ᠤᠨ ᠨᠡᠷᠡᠰ᠂ ᠭᠠᠳᠠᠭᠠᠳᠤ ᠬᠡᠯᠡᠨ ᠤ ᠭᠠᠵᠠᠷ ᠤᠨ  ᠨᠡᠷᠡᠰ   ᠤᠨ ᠪᠠᠷᠢᠮᠵᠢᠶᠠᠲᠤ ᠬᠢᠲᠠᠳ ᠦᠰᠦᠭ ᠤᠨ ᠣᠷᠴᠢᠭᠤᠯᠭ᠎ᠠ ᠶᠢᠨ ᠨᠡᠷᠡᠰ  ᠢ ᠭᠠᠵᠠᠷ ᠤᠨ ᠨᠡᠷᠡᠰ  ‍ᠤᠨ‌ᠠᠯᠪᠠᠨ ᠵᠠᠷ᠂ ᠤᠯᠤᠰ ᠤᠨ ᠭᠠᠵᠠᠷ ᠤᠨ  ᠨᠡᠷᠡᠰ  ᠤᠨ ᠮᠡᠳᠡᠭᠡ ᠵᠠᠩᠭᠢ ᠶᠢᠨ ᠬᠥᠮᠥᠷᠭᠡ᠂ ᠪᠠᠷᠢᠮᠵᠢᠶᠠᠲᠤ ᠭᠠᠵᠠᠷ ᠤᠨ  ᠨᠡᠷᠡᠰ  ᠤᠨ ᠬᠡᠪᠯᠡᠭᠳᠡᠬᠦᠨ ᠵᠡᠷᠭᠡ ᠪᠠᠷ ᠳᠠᠮᠵᠢᠭᠤᠯᠤᠨ ᠨᠡᠶᠢᠭᠡᠮ ᠲᠠᠶᠠᠭᠠᠷ ᠲᠤ ᠨᠡᠶᠢᠲᠡᠯᠡᠨ᠎ᠡ᠃   ᠠᠷᠪᠠᠨ ᠲᠠᠪᠤᠳᠤᠭᠠᠷ ᠵᠦᠢᠯ᠄ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠭᠠᠵᠠᠷ ᠤᠨ ᠨᠡᠷᠡᠰ  ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠤᠯᠤᠰ ᠤᠨ ᠭᠠᠵᠠᠷ ᠤᠨ  ᠨᠡᠷᠡᠰ  ᠤᠨ ᠮᠡᠳᠡᠭᠡ ᠵᠠᠩᠭᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠨᠢᠭᠡᠳᠦᠯᠲᠡᠢ ᠭᠠᠵᠠᠷ ᠤᠨ  ᠨᠡᠷᠡᠰ  ᠤᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠪᠠ ᠰᠢᠰᠲ᠋ᠧᠮ ᠤᠨ ᠪᠠᠶᠢᠭᠤᠯᠤᠯᠲᠠ ᠶᠢᠨ ᠵᠢᠷᠤᠮᠵᠢᠯ ᠢ ᠲᠣᠭᠲᠠᠭᠠᠵᠤ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠤᠭᠤᠷᠣᠨᠳᠣᠬᠢ ᠭᠠᠵᠠᠷ ᠤᠨ  ᠨᠡᠷᠡᠰ ᠤᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠡᠮᠬᠢᠯᠡᠨ ᠨᠡᠶᠢᠯᠡᠭᠦᠯᠬᠦ᠂  ᠬᠠᠮᠳᠤ ᠪᠠᠷ ᠭᠥᠷᠳᠡᠬᠦ ᠪᠠ ᠬᠡᠷᠡᠭᠯᠡᠬᠦ ᠶᠢ ᠠᠬᠢᠭᠤᠯᠵᠤ᠂ ᠭᠠᠵᠠᠷ ᠤᠨ  ᠨᠡᠷᠡᠰ  ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠲᠡᠭᠡᠭᠰᠢᠯᠡᠬᠦᠯᠤᠨ᠎ᠡ᠃   ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠭᠠᠵᠠᠷ ᠤᠨ  ᠨᠡᠷᠡᠰ  ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠠ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ  ᠬᠢᠨ ᠲᠤᠰᠢᠶᠠᠯ ᠬᠠᠷᠢᠭᠤᠴᠠᠯᠭ᠎ᠠ ᠶᠢᠨ ᠡᠷᠬᠡ ᠶᠢᠨ ᠬᠡᠪᠴᠢᠶ᠎ᠡ ᠶᠣᠰᠣᠭᠠᠷ ᠤᠯᠤᠰ ᠤᠨ ᠭᠠᠵᠠᠷ ᠤᠨ  ᠨᠡᠷᠡᠰ  ᠤᠨ ᠮᠡᠳᠡᠭᠡ ᠵᠠᠩᠭᠢ ᠶᠢᠨ ᠬᠥᠮᠥᠷᠭᠡ ᠶᠢᠨ ᠭᠠᠵᠠᠷ ᠤᠨ  ᠨᠡᠷᠡᠰ  ᠤᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠴᠠᠭ ᠲᠤᠬᠠᠢ ᠳᠤ ᠨᠢ ᠰᠢᠨᠡᠳᠬᠡᠬᠦ ᠪᠠ ᠬᠠᠮᠠᠭᠠᠯᠠᠵᠤ᠂ ᠭᠠᠵᠠᠷ ᠤᠨ  ᠨᠡᠷᠡᠰ  ᠤᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢᠨ ᠪᠦᠷᠢᠨ ᠪᠦᠲᠦᠨ ᠴᠢᠨᠠᠷ᠂ ᠣᠨᠣᠪᠴᠢᠲᠤ ᠴᠢᠨᠠᠷ᠂ ᠵᠢᠷᠤᠮᠵᠢᠯᠳᠤ ᠴᠢᠨᠠᠷ ᠪᠠ  ᠤᠳᠤᠬᠢᠴᠢ ᠴᠢᠨᠠᠷ ᠢ ᠦᠨᠡᠨ ᠬᠦ ᠪᠠᠲᠤᠯᠠᠬᠤ ᠬᠡᠷᠡᠭᠲᠡᠢ᠃   ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠭᠠᠵᠠᠷ ᠤᠨ  ᠨᠡᠷᠡᠰ  ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠨᠢᠭᠡᠨᠲᠡ ᠪᠠᠶᠢᠭ᠎ᠠ ᠲᠤᠰ ᠱᠠᠲᠤᠨ ᠤ ᠤᠯᠤᠰ ᠤᠨ ᠭᠠᠵᠠᠷ ᠤᠨ ᠨᠡᠷᠡᠰ ᠤᠨ ᠮᠡᠳᠡᠭᠡ ᠵᠠᠩᠭᠢ ᠶᠢᠨ ᠬᠥᠮᠥᠷᠭᠡ ᠶᠢ ᠤᠯᠤᠰ ᠤᠨ ᠳᠡᠰ ᠤᠨ ᠤᠯᠤᠰ ᠤᠨ ᠭᠠᠵᠠᠷ ᠤᠨ ᠨᠡᠷᠡᠰ ‍ᠤᠨ‌ᠮᠡᠳᠡᠭᠡ ᠵᠠᠩᠭᠢ ᠶᠢᠨ ᠬᠥᠮᠥᠷᠭᠡ ᠲᠠᠢ ᠬᠤᠯᠪᠣᠯᠳᠤᠭᠤᠯᠤᠨ ᠨᠡᠪᠲᠡᠷᠡᠯᠴᠡᠭᠦᠯᠵᠦ᠂ ᠭᠠᠵᠠᠷ ᠤᠨ ᠨᠡᠷᠡᠰ ᠤᠨ ᠮᠡᠳᠡᠭᠡ ᠵᠠᠩᠭᠢ ᠶᠢ  ᠠᠷᠪᠠᠨ ᠵᠢᠷᠭᠤᠳᠤᠭᠠᠷ ᠵᠦᠢᠯ᠄ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠭᠠᠵᠠᠷ ᠤᠨ ᠨᠡᠷ᠎ᠡ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠭᠠᠵᠠᠷ ᠤᠨ ᠨᠡᠷ᠎ᠡ ᠶᠢᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤᠪᠠᠷ ᠪᠠᠶᠢᠭᠤᠯᠵᠤ ᠬᠠᠮᠲᠤᠪᠠᠷ ᠭᠥᠷᠳᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠰᠠᠯᠠᠭ᠎ᠠ ᠮᠥᠴᠢᠷ ᠤᠨ ᠬᠤᠭᠤᠷᠣᠨᠳᠣᠬᠢ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠪᠠ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ ᠴᠢᠩᠭᠠᠳᠬᠠᠨ᠂ ᠤᠯᠤᠰ ᠤᠨ ᠭᠠᠵᠠᠷ ᠤᠨ ᠨᠡᠷ᠎ᠡ ᠶᠢᠨ ᠮᠡᠳᠡᠭᠡ ᠵᠠᠩᠭᠢ ᠶᠢᠨ ᠬᠥᠮᠥᠷᠭᠡ ᠳᠤ ᠲᠦᠰᠢᠭᠯᠡᠨ ᠭᠠᠵᠠᠷ ᠤᠨ ᠨᠡᠷᠡᠰ ᠤᠨ ᠮᠡᠳᠡᠭᠡ ᠵᠠᠩᠭᠢ ᠶᠢᠨ ᠬᠦᠮᠦᠷᠬᠡ  ᠳᠤ ᠲᠤᠯᠭᠠᠭᠤᠷᠢᠯᠠᠨ ᠭᠠᠵᠠᠷ ᠤᠨ ᠨᠡᠷᠡᠰ ᠤᠨ ᠦᠷᠬᠡᠨ ᠲᠡᠯᠬᠡᠷ ᠬᠡᠷᠡᠭᠯᠡᠯᠳᠡ ᠶᠢ ᠠᠬᠢᠭᠤᠯᠬᠤ ᠬᠡᠷᠡᠭᠳᠡᠢ᠃ ᠠᠷᠪᠠᠨ ᠳᠣᠯᠣᠳᠤᠭᠠᠷ ᠵᠦᠢᠯ᠄ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠭᠠᠵᠠᠷ ᠤᠨ  ᠨᠡᠷᠡᠰ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠠᠢ ᠬᠠᠮᠲᠤᠷᠠᠨ ᠭᠠᠵᠠᠷ ᠤᠨ ᠨᠡᠷᠡᠰ ᠤᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠴᠤᠭᠯᠠᠭᠤᠯᠬᠤ᠂ ᠬᠠᠳᠠᠭᠠᠯᠠᠬᠤ᠂ ᠳᠠᠮᠵᠢᠭᠤᠯᠬᠤ᠂ ᠬᠡᠷᠡᠭᠯᠡᠬᠦ ᠵᠡᠷᠭᠡ ᠬᠠᠮᠢᠶᠠᠷᠤᠯᠲᠠ ᠶᠢ ᠬᠠᠤᠯᠢ ᠶᠣᠰᠣᠭᠠᠷ ᠴᠢᠩᠭᠠᠳᠬᠠᠵᠤ᠂ ᠭᠠᠵᠠᠷ ᠤᠨ  ᠨᠡᠷᠡᠰ ᠤᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢᠨ ᠠᠶᠤᠯ ᠦᠬᠡᠢ ᠶᠢ ᠪᠠᠳᠤᠯᠠᠬᠤ ᠬᠡᠷᠡᠭᠳᠡᠢ᠃  ᠠᠷᠪᠠᠨ ᠨᠠᠢᠮᠠᠳᠤᠭᠠᠷ ᠵᠦᠢᠯ᠄ ᠭᠠᠵᠠᠷ ᠤᠨ ᠨᠡᠷᠡᠰ ᠤᠨ ᠲᠡᠮᠳᠡᠭ ᠢ ᠪᠠᠶᠢᠷᠢᠯᠠᠭᠤᠯᠬᠤ ᠳᠤ ᠪᠠᠶᠢᠷᠢᠰᠢᠯ ᠨᠢ ᠵᠣᠬᠢᠰᠲᠠᠢ ᠂ ᠣᠷᠣᠨ ᠪᠠᠶᠢᠷᠢ ᠨᠢ ᠢᠯᠡᠷᠬᠡᠢ᠂ ᠠᠶᠤᠯ ᠦᠭᠡᠢ ᠪᠥᠭᠡᠳ ᠨᠠᠶᠢᠳᠠᠪᠤᠷᠢᠲᠠᠢ ᠪᠠᠶᠢᠬᠤ ᠬᠡᠷᠡᠭᠲᠡᠢ᠂ ᠢᠯᠡᠳᠬᠡᠭᠰᠡᠨ ᠬᠠᠮᠢᠶ᠎ᠠ ᠪᠦᠬᠦᠢ ᠮᠡᠳᠡᠭᠡ ᠵᠠᠩᠭᠢ ᠶᠢ ᠣᠨᠣᠪᠴᠢᠲᠠᠶ ᠵᠢᠷᠤᠮᠵᠢᠭᠤᠯᠤᠭᠰᠠᠨ ᠪᠠᠶᠢᠬᠤ ᠬᠡᠷᠡᠭᠲᠡᠢ᠃    ᠠᠷᠪᠠ ᠶᠢᠰᠦᠳᠦᠭᠡᠷ ᠵᠦᠢᠯ᠄ ᠭᠠᠵᠠᠷ ᠤᠨ ᠨᠡᠷᠡᠰ ᠤᠨ ᠢᠯᠡᠳᠬᠡᠮᠵᠢ ᠲᠡᠮᠳᠡᠭ ᠲᠤ ᠲᠠᠷᠠᠭᠠᠬᠢ ᠵᠢᠭᠰᠠᠭᠠᠭᠰᠠᠨ ᠪᠠᠶᠢᠳᠠᠯ ᠤᠨ  ᠠᠯᠢ ᠨᠢᠬᠡ ᠨᠢ ᠤᠷᠤᠰᠢᠪᠠᠯ ᠭᠠᠵᠠᠷ ᠤᠨ  ᠨᠡᠷᠡᠰ ᠤᠨ ᠢᠯᠡᠳᠬᠡᠮᠵᠢ ᠲᠡᠮᠳᠡᠭ ᠢ ᠪᠠᠶᠢᠷᠢᠯᠠᠭᠤᠯᠬᠤ᠂ ᠬᠠᠮᠠᠭᠠᠯᠠᠬᠤ ᠪᠠ ᠬᠠᠮᠢᠶᠠᠷᠬᠤ ᠰᠠᠯᠠᠭ᠎ᠠ ᠮᠥᠴᠢᠷ ᠤᠨ ᠬᠢᠨ ᠴᠠᠭ ᠲᠤᠬᠠᠢ ᠳᠤ ᠨᠢ ᠵᠠᠯᠠᠷᠠᠭᠤᠯᠵᠤ᠂ ᠬᠠᠮᠠᠭᠠᠯᠠᠬᠤ ᠬᠡᠷᠡᠭᠲᠡᠢ᠄  ︵ᠨᠢᠭᠡ︶ ᠲᠣᠳᠣᠷᠬᠠᠶᠢᠯᠠᠭᠰᠠᠨ ᠪᠠᠷᠢᠮᠵᠢᠶᠠᠲᠤ ᠭᠠᠵᠠᠷ ᠤᠨ ᠨᠡᠷᠡᠰ ᠪᠤᠶᠤ ᠲᠡᠭᠦᠨ ᠤ ᠷᠣᠮᠠ ᠦᠰᠦᠭ ᠢ ᠠᠪᠢᠶᠠᠴᠢᠯᠠᠨ ᠪᠢᠴᠢᠭᠰᠡᠨ ᠵᠡᠷᠭᠡ ᠮᠡᠳᠡᠭᠡ ᠵᠠᠩᠭᠢ ᠨᠢ ᠪᠤᠷᠤᠭᠤᠳᠠᠭᠰᠠᠨ᠃   ︵ᠬᠤᠶᠠᠷ︶ ᠤᠭᠰᠠᠷᠠᠭᠰᠠᠨ ᠣᠷᠣᠨ ᠪᠠᠶᠢᠷᠢ᠂ ᠵᠢᠭᠠᠭᠰᠠᠨ ᠣᠷᠣᠨ ᠪᠠᠶᠢᠷᠢ ᠨᠢ ᠪᠤᠷᠤᠭᠤᠳᠠᠭᠰᠠᠨ᠃   ︵ᠭᠤᠷᠪᠠ︶ ᠬᠡᠪᠯᠡᠯ ᠤᠨ ᠨᠢᠭᠤᠷ ᠤᠨ ᠥᠩᠭᠡ ᠨᠢ ᠤᠨᠠᠵᠤ᠂ ᠪᠠᠯᠠᠯᠤᠬᠳᠠᠬᠰᠠᠨ᠂ ᠵᠠᠰᠠᠭᠳᠠᠭᠰᠠᠨ᠂ ᠬᠠᠯᠬᠠᠯᠠᠭᠳᠠᠭᠰᠠᠨ᠂ ᠦᠰᠦᠭ ᠨᠢ  ᠪᠠᠯᠠᠷᠠᠬᠰᠠᠨ ᠃᡾    ︵ᠲᠦᠷᠪᠡ︶ ᠡᠪᠳᠡᠷᠡᠭᠰᠡᠨ᠂ ᠭᠭᠢᠷᠳᠦᠭᠰᠡᠨ᠂ ᠠᠮᠤᠷ ᠲᠦᠪᠰᠢᠨ ᠤ ᠲᠡᠯᠳᠠ ᠭᠡᠮ ᠣᠷᠣᠰᠢᠵᠤ ᠪᠠᠶᠢᠬᠤ᠃  ︵ᠲᠠᠪᠤ︶ ᠵᠠᠯᠠᠷᠠᠭᠤᠯᠬᠤ᠂ ᠬᠠᠮᠠᠭᠠᠯᠠᠬᠤ ᠶᠣᠰᠣᠲᠠᠢ ᠪᠤᠰᠤᠳ ᠪᠠᠶᠢᠳᠠᠯ ᠤᠳ᠃  ᠬᠤᠷᠢᠳᠤᠭᠠᠷ ᠵᠦᠢᠯ᠄ ᠳᠦᠷᠢᠮ ᠤᠨ ᠬᠤᠷᠢᠨ ᠲᠠᠪᠤᠳᠤᠭᠠᠷ ᠵᠦᠢᠯ ᠳᠤ ᠲᠣᠭᠲᠠᠭᠠᠭᠰᠠᠨ ᠭᠠᠵᠠᠷ ᠤᠨ ᠨᠡᠷᠡᠰ ᠤᠨ ᠬᠠᠮᠠᠭᠠᠯᠠᠯᠲᠠ ᠶᠢᠨ ᠨᠡᠷᠡᠰ ᠤᠨ ᠵᠢᠭᠰᠠᠭᠠᠯᠲᠠ ᠳᠤ ᠭᠠᠵᠠᠷ ᠤᠨ ᠨᠡᠷᠡᠰ ᠤᠨ ᠰᠣᠶᠣᠯ ᠤᠨ ᠥᠪ᠂ ᠲᠡᠦᠬᠡ ᠶᠢᠨ ᠭᠠᠵᠠᠷ ᠤᠨ ᠨᠡᠷᠡᠰ ᠪᠠ ᠪᠤᠰᠤᠳ ᠳᠦᠷᠦᠯ ᠢᠯᠭᠠᠯ ᠢ ᠪᠠᠭᠲᠠᠭᠠᠬᠤ ᠬᠡᠷᠡᠭᠲᠡᠢ᠂ ᠠᠳᠠᠯᠢ ᠨᠢᠭᠡᠨ ᠭᠠᠵᠠᠷ ᠤᠨ ᠨᠡᠷᠡᠰ ᠢ ᠠᠳᠠᠯᠢ ᠪᠤᠰᠤ ᠳᠦᠷᠦᠯ ᠢᠯᠭᠠᠯ ᠳᠤ ᠣᠷᠣᠭᠤᠯᠵᠤ ᠪᠣᠯᠣᠨ᠎ᠠ᠃ᠭᠠᠵᠠᠷ ᠤᠨ ᠨᠡᠷᠡᠰ ᠤᠨ ᠬᠠᠮᠠᠭᠠᠯᠠᠯᠲᠠ ᠶᠢᠨ ᠨᠡᠷᠡᠰ ᠤᠨ ᠵᠢᠭᠰᠠᠭᠠᠯᠲᠠ ᠳᠤ ᠵᠢᠭᠰᠠᠭᠠᠨ ᠣᠷᠣᠭᠤᠯᠤᠭᠰᠠᠨ ᠭᠠᠵᠠᠷ ᠤᠨ ᠨᠡᠷᠡᠰ ᠤᠨ ᠮᠡᠳᠡᠭᠡ ᠵᠠᠩᠭᠢ ᠳᠤ ᠪᠠᠷᠢᠮᠵᠢᠶᠠᠲᠤ ᠭᠠᠵᠠᠷ ᠤᠨ ᠨᠡᠷᠡᠰ ᠪᠠ ᠷᠣᠮᠠ ᠴᠠᠭᠠᠨ ᠲᠣᠯᠣᠭᠠᠢ ᠶᠢᠨ ᠠᠪᠢᠶᠠᠴᠢᠯᠠᠨ ᠪᠢᠴᠢᠬᠦ᠂ ᠤᠳᠬ᠎ᠠ᠂ ᠢᠷᠡᠯᠲᠡ᠂ ᠤᠯᠠᠷᠢᠯ ᠬᠤᠪᠢᠰᠤᠯ᠂ ᠲᠡᠦᠬᠡ ᠰᠣᠶᠣᠯ ᠤᠨ ᠦᠨ᠎ᠡ ᠥᠷᠲᠡᠭ ᠵᠡᠷᠭᠡ ᠠᠭᠤᠯᠭ᠎ᠠ ᠶᠢ ᠪᠠᠭᠲᠠᠭᠠᠬᠤ ᠬᠡᠷᠡᠭᠲᠡᠢ᠃   ᠭᠠᠵᠠᠷ ᠤᠨ ᠨᠡᠷᠡᠰ ᠤᠨ  ᠬᠠᠮᠠᠭᠠᠯᠠᠯᠲᠠ ᠤᠨ ᠨᠡᠷᠡᠰ ᠤᠨ ᠵᠢᠭᠰᠠᠭᠠᠯᠲᠠ ᠶᠢ ᠴᠠᠭ ᠲᠤᠬᠠᠢ ᠳᠤ ᠨᠢ ᠨᠡᠶᠢᠭᠡᠮ ᠲᠠᠶᠠᠭᠠᠷ ᠲᠤ ᠨᠡᠶᠢᠲᠡᠯᠡᠬᠦ ᠶᠢᠨ ᠬᠠᠮᠲᠤ ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠤᠨ ᠭᠠᠵᠠᠷ  ᠤᠨ ᠨᠡᠷᠡᠰ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠬᠠᠭᠤᠯᠤᠨ ᠬᠦᠷᠭᠡᠬᠦ ᠬᠡᠷᠡᠭᠲᠡᠢ᠃   ᠬᠤᠷᠢᠨ ᠨᠢᠭᠡᠳᠦᠭᠡᠷ ᠵᠦᠢᠯ᠄ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠭᠠᠵᠠᠷ ᠤᠨ ᠨᠡᠷᠡᠰ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠨᠢ ᠢᠯᠡᠳᠬᠡᠮᠵᠢ ᠲᠡᠮᠳᠡᠭ ᠲᠠᠯᠪᠢᠬᠤ᠂ ᠰᠠᠯᠪᠤᠷᠢᠯᠠᠨ ᠨᠡᠷᠡᠶᠢᠳᠬᠦ᠂ ᠠᠮᠢᠳᠤᠯᠢᠭ ᠬᠡᠷᠡᠭᠯᠡᠬᠦ᠂ ᠰᠣᠶᠣᠯ ᠤᠨ ᠪᠦᠲᠦᠭᠡᠭᠳᠡᠬᠦᠨ ᠦᠢᠯᠡᠳᠬᠦ᠂ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠬᠦ ᠵᠡᠷᠭᠡ ᠠᠷᠭ᠎ᠠ  ᠪᠠᠷ ᠭᠠᠵᠠᠷ ᠤᠨ ᠨᠡᠷᠡᠰ ᠤᠨ ᠬᠠᠮᠠᠭᠠᠯᠠᠯᠲᠠ ᠶᠢᠨ ᠨᠡᠷᠡᠰ ᠤᠨ ᠵᠢᠭᠰᠠᠭᠠᠯᠲᠠ ᠳᠤ ᠣᠷᠣᠭᠤᠯᠤᠭᠰᠠᠨ ᠭᠠᠵᠠᠷ ᠤᠨ ᠨᠡᠷᠡᠰ ᠢ ᠤᠷᠢᠳ ᠢᠶᠠᠷ ᠬᠠᠮᠠᠭᠠᠯᠠᠬᠤ ᠪᠠ ᠵᠦᠢ ᠵᠣᠬᠢᠰᠲᠠᠢ ᠠᠰᠢᠭᠯᠠᠵᠤ ᠪᠣᠯᠣᠨ᠎ᠠ᠃  ᠬᠤᠷᠢᠨ ᠬᠤᠶᠠᠳᠤᠭᠠᠷ ᠵᠦᠢᠯ᠄ ᠳᠦᠷᠢᠮ ᠤᠨ ᠬᠤᠷᠢ ᠶᠢᠰᠦᠳᠦᠭᠡᠷ ᠵᠦᠢᠯ ᠤᠨ ᠬᠤᠶᠠᠳᠤᠭᠠᠷ ᠵᠤᠷᠪᠤᠰ ᠲᠤ ᠲᠣᠭᠲᠠᠭᠠᠭᠰᠠᠨ ᠭᠠᠵᠠᠷ ᠤᠨ  ᠨᠡᠷᠡᠰ ᠤᠨ ᠬᠠᠮᠢᠶᠠᠷᠤᠯᠲᠠ ᠶᠢᠨ ᠴᠢᠳᠠᠪᠤᠷᠢ ᠳᠤ ᠳᠦᠷᠢᠮ ᠤᠨ  ᠰᠢᠰᠲ᠋ᠧᠮ᠂ ᠴᠢᠳᠠᠪᠤᠷᠢᠲᠠᠨ ᠤ ᠡᠩᠨᠡᠭᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ᠂ ᠠᠵᠢᠯ ᠤᠨ ᠨᠥᠬᠦᠴᠡᠯ ᠵᠡᠷᠭᠡ ᠪᠠᠭᠲᠠᠨ᠎ᠠ᠃   ᠬᠤᠷᠢᠨ ᠭᠤᠷᠪᠠᠳᠤᠭᠠᠷ ᠵᠦᠢᠯ᠄ ᠲᠠᠩᠰᠠᠯᠠᠭᠤᠯᠬᠤ ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠬᠦ ᠡᠷᠬᠡ ᠲᠠᠢ ᠭᠠᠵᠠᠷ ᠤᠨ ᠨᠡᠷᠡᠰ ‍ᠤᠨ‌ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠭᠠᠵᠠᠷ ᠤᠨ ᠨᠡᠷᠡᠰ ᠢ ᠵᠥᠪᠰᠢᠶᠡᠷᠡᠭᠰᠡᠨ ᠪᠠᠶᠢᠭᠤᠯᠭ᠎ᠠ ᠶᠢᠨ ᠴᠠᠭ ᠲᠤᠬᠠᠢ ᠳᠤ ᠨᠢ ᠮᠡᠳᠡᠭᠦᠯᠦᠨ ᠳᠠᠩᠰᠠᠯᠠᠭᠤᠯᠤᠭᠰᠠᠨ ᠦᠭᠡᠢ ᠶᠢ ᠣᠯᠵᠤ ᠮᠡᠳᠡᠪᠡᠯ  ᠱᠠᠯᠠᠪᠳᠠᠭᠤᠯᠬᠤ ᠬᠡᠷᠡᠭᠲᠡᠢ᠃  ᠱᠠᠯᠠᠪᠳᠠᠭᠤᠯᠤᠬᠰᠠᠨ ᠪᠠᠶᠢᠲᠠᠯ᠎ᠠ ᠮᠥᠨ  ᠲᠠᠩᠰᠠᠯᠠᠭᠤᠯᠬᠤ ᠪᠠᠷ ᠮᠡᠳᠡᠬᠦᠯᠬᠦ ᠦᠬᠡᠢ ᠪᠤᠯ ᠲᠦᠷᠦ ᠶᠢᠨ ᠶᠠᠪᠤᠳᠠᠯ ᠤᠨ ᠬᠤᠷᠢᠶᠠᠨ ᠤ ᠭᠠᠵᠠᠷ ᠤᠨ  ᠨᠡᠷᠡᠰ ‍ᠤᠨ‌ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠤᠶᠤ ᠭᠠᠵᠠᠷ ᠤᠨ  ᠨᠡᠷᠡᠰ ᠢ ᠵᠥᠪᠰᠢᠶᠡᠷᠡᠭᠰᠡᠨ ᠪᠠᠶᠢᠭᠤᠯᠭ᠎ᠠ ᠶᠢᠨ ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠭᠠᠵᠠᠷ ᠤᠨ ᠨᠡᠷᠡᠰ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠲᠤᠰ ᠭᠠᠵᠠᠷ ᠤᠨ ᠨᠡᠷᠡᠰ ᠢ ᠵᠥᠪᠰᠢᠶᠡᠷᠡᠭᠰᠡᠨ ᠪᠠᠶᠢᠭᠤᠯᠭ᠎ᠠ ᠳᠤ ᠮᠡᠳᠡᠭᠳᠡᠵᠦ᠂ ᠬᠤᠭᠤᠴᠠᠭ᠎ᠠ ᠲᠣᠭᠲᠠᠭᠠᠨ ᠮᠡᠳᠡᠬᠦᠯᠤᠨ᠎ᠡ᠃   ᠭᠠᠵᠠᠷ ᠤᠨ ᠨᠡᠷᠡᠰ ᠢ ᠵᠥᠪᠰᠢᠶᠡᠷᠡᠬᠦ ᠪᠠᠶᠢᠭᠤᠯᠭ᠎ᠠ ᠨᠢ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠪᠤᠯ ᠬᠦᠯᠢᠶᠡᠨ ᠠᠪᠴᠤ ᠰᠢᠢᠳᠪᠦᠷᠢᠯᠡᠬᠦ ᠡᠷᠬᠡ ᠲᠠᠢ ᠭᠠᠵᠠᠷ ᠤᠨ ᠨᠡᠷᠡᠰ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠭᠠᠵᠠᠷ ᠤᠨ ᠨᠡᠷᠡᠰ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠴᠠᠭ ᠲᠤᠬᠠᠢ ᠳᠤ ᠨᠢ ᠮᠡᠳᠡᠭᠦᠯᠬᠦ ᠬᠡᠷᠡᠭᠲᠡᠢ᠃  ᠬᠤᠷᠢᠨ ᠳᠥᠷᠪᠡᠳᠦᠭᠡᠷ ᠵᠦᠢᠯ᠄ ᠴᠢᠬᠤᠯᠠ ᠭᠠᠵᠠᠷ ᠵᠦᠢ ᠶᠢᠨ ᠣᠷᠣᠨ ᠪᠠᠶᠢᠷᠢ ᠶᠢᠨ ᠠᠴᠢ ᠬᠤᠯᠪᠣᠭᠳᠠᠯ ᠲᠠᠢ ᠬᠤᠷᠢᠶᠠᠯᠠᠯ᠂ ᠠᠰᠠᠷ ᠲᠠᠭᠲᠤ ᠶᠢᠨ ᠨᠡᠷᠡᠶᠢᠳᠦᠯ ᠪᠠ ᠵᠠᠮ ᠲᠡᠭᠡᠭᠡᠪᠦᠷᠢ᠂ ᠤᠰᠤᠨ ᠠᠰᠢᠭᠯᠠᠯᠲᠠ᠂ ᠴᠠᠬᠢᠯᠭᠠᠨ ᠬᠦᠴᠦ᠂ ᠮᠡᠳᠡᠭᠡ ᠬᠤᠯᠪᠣᠭ᠎ᠠ᠂ ᠴᠠᠭ ᠠᠭᠤᠷ ᠵᠡᠷᠭᠡ ᠲᠥᠬᠦᠭᠡᠷᠦᠮᠵᠢ ᠶᠢᠨ ᠨᠡᠷᠡᠶᠢᠳᠦᠯ ᠤᠨ ᠬᠡᠪᠴᠢᠶ᠎ᠡ ᠶᠢ ᠬᠤᠯᠪᠣᠭᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠤᠰᠢᠶᠠᠯ ᠬᠠᠷᠢᠭᠤᠴᠠᠯᠭ᠎ᠠ ᠶᠢᠨ ᠡᠷᠬᠡ ᠶᠢᠨ ᠬᠡᠪᠴᠢᠶ᠎ᠡ ᠪᠠᠨ ᠦᠨᠳᠦᠰᠦᠯᠡᠨ ᠲᠣᠭᠲᠠᠭᠠᠨ᠎ᠠ᠃  ᠬᠤᠷᠢᠨ ᠲᠠᠪᠤᠳᠤᠭᠠᠷ ᠵᠦᠢᠯ᠄ ᠳᠦᠷᠢᠮ ᠳᠤ ᠬᠡᠯᠡᠵᠦ ᠪᠠᠶᠢᠭ᠎ᠠ ᠴᠢᠬᠤᠯᠠ ᠭᠠᠵᠠᠷ ᠵᠦᠢ ᠶᠢᠨ ᠣᠷᠣᠨ ᠪᠠᠶᠢᠷᠢ ᠶᠢᠨ ᠠᠴᠢ ᠬᠤᠯᠪᠣᠭᠳᠠᠯ ᠲᠠᠢ ᠭᠡᠳᠡᠭ ᠨᠢ ᠵᠣᠬᠢᠬᠤ ᠣᠷᠣᠨ ᠪᠦᠰᠡ ᠶᠢᠨ ᠬᠡᠪᠴᠢᠶᠡᠨ ᠳᠤ ᠬᠢ ᠠᠳᠠᠯᠢ ᠲᠥᠷᠥᠯ ᠤᠨ ᠭᠠᠵᠠᠷ ᠵᠦᠢ ᠶᠢᠨ ᠪᠣᠳᠠᠲᠤ ᠴᠣᠭᠴᠠ ᠶᠢᠨ ᠳᠤᠮᠳᠠ ᠣᠷᠣᠨ ᠪᠠᠶᠢᠷᠢ ᠶᠢᠨ ᠦᠢᠯᠡᠳᠦᠯ ᠨᠢ ᠬᠠᠷᠢᠴᠠᠩᠭᠤᠢ ᠲᠣᠪᠣᠶᠢᠮ᠎ᠠ ᠪᠠᠶᠢᠵᠤ᠂ ᠲᠡᠭᠦᠨ ᠤ ᠨᠡᠷᠡᠶᠢᠳᠦᠯ ᠢ ᠨᠡᠶᠢᠭᠡᠮ ᠨᠡᠶᠢᠲᠡ ᠳᠤ ᠬᠡᠷᠡᠭᠯᠡᠭᠦᠯᠬᠦ ᠶᠢ ᠵᠢᠭᠠᠵᠤ ᠪᠣᠶ᠃  ᠳᠦᠷᠢᠮ ᠤᠨ ᠶᠢᠰᠦᠳᠦᠭᠡᠷ ᠵᠦᠢᠯ ᠤᠨ ᠨᠢᠭᠡᠳᠦᠭᠡᠷ ᠪᠠᠳᠠᠭ ᠲᠤ ᠬᠡᠯᠡᠵᠦ ᠪᠠᠶᠢᠭ᠎ᠠ ᠲᠤᠰᠬᠠᠢ ᠨᠡᠷᠡᠰ ᠭᠡᠳᠡᠭ ᠨᠢ ᠭᠠᠵᠠᠷ ᠤᠨ  ᠨᠡᠷᠡᠰ ᠤᠨ ᠳᠣᠲᠣᠷᠠᠬᠢ ᠪᠣᠳᠠᠭᠠᠯᠢ ᠪᠡᠶ᠎ᠡ ᠶᠢᠨ ᠭᠠᠵᠠᠷ ᠵᠦᠢ ᠶᠢᠨ ᠪᠣᠳᠠᠲᠤ ᠴᠣᠭᠴᠠ ᠳᠤ ᠲᠤᠰᠬᠠᠢ ᠪᠠᠶᠢᠳᠠᠭ ᠦᠭᠡᠰ ᠤᠨ ᠬᠡᠰᠡᠭ ᠢ ᠵᠢᠭᠠᠵᠤ ᠪᠠᠶᠢᠨ᠎ᠠ᠂ ᠶᠡᠷᠦᠩᠬᠡᠢ ᠨᠡᠷᠡᠶᠢᠳᠤᠯ ᠭᠡᠳᠡᠭ ᠨᠢ ᠭᠠᠵᠠᠷ ᠤᠨ ᠨᠡᠷᠡᠰ ᠤᠨ ᠳᠣᠲᠣᠷᠠᠬᠢ ᠠᠳᠠᠯᠢ ᠲᠥᠷᠥᠯ ᠤᠨ ᠭᠠᠵᠠᠷ ᠵᠦᠢ ᠶᠢᠨ ᠪᠣᠳᠠᠲᠤ ᠴᠣᠭᠴᠠ ᠳᠤ ᠨᠡᠶᠢᠳᠡᠮ ᠬᠡᠷᠡᠭᠯᠡᠭᠳᠡᠳᠡᠭ ᠦᠭᠡᠰ ᠤᠨ ᠬᠡᠰᠡᠭ ᠢ ᠵᠢᠭᠠᠵᠤ ᠪᠠᠶᠢᠨ᠎ᠠ᠃   ᠳᠦᠷᠢᠮ ᠤᠨ ᠬᠤᠷᠢᠨ ᠳᠥᠷᠪᠡᠳᠦᠭᠡᠷ ᠵᠦᠢᠯ ᠳᠤ ᠬᠡᠯᠡᠵᠦ ᠪᠠᠶᠢᠭ᠎ᠠ ᠭᠠᠵᠠᠷ ᠤᠨ ᠨᠡᠷᠡᠰ ᠤᠨ ᠰᠣᠶᠣᠯ ᠤᠨ ᠥᠪ ᠬᠡᠳᠡᠭ ᠨᠢ ᠲᠡᠦᠬᠡ ᠰᠣᠶᠣᠯ ᠤᠨ ᠦᠨ᠎ᠡ ᠦᠷᠳᠡᠭ ᠲᠠᠢ᠂ ᠳᠤᠮᠳᠠᠳᠤ ᠶᠢᠨ ᠲᠡᠦᠬᠡ ᠰᠣᠶᠣᠯ ᠤᠨ ᠰᠤᠳᠠᠰᠤ ᠶᠢ ᠢᠯᠡᠷᠡᠭᠦᠯᠬᠦ ᠶᠢᠨ ᠬᠠᠮᠲᠤ ᠤᠳᠤ ᠪᠣᠯᠲᠠᠯ᠎ᠠ ᠤᠯᠠᠮᠵᠢᠯᠠᠨ ᠬᠡᠷᠡᠭᠯᠡᠵᠦ ᠪᠠᠶᠢᠭ᠎ᠠ ᠭᠠᠵᠠᠷ ᠤᠨ ᠨᠡᠷᠡᠰ ᠪᠤᠯᠤᠨ ᠲᠡᠭᠦᠨ ᠲᠠᠢ ᠬᠤᠯᠪᠣᠭᠳᠠᠬᠤ ᠰᠣᠶᠣᠯ ᠤᠨ ᠢᠯᠡᠷᠡᠬᠦ ᠬᠡᠯᠪᠡᠷᠢ ᠶᠢ ᠵᠢᠭᠠᠵᠤ ᠪᠠᠶᠢᠨ᠎ᠠ᠃ᠲᠣᠰ ᠠᠷᠭ᠎ᠠ ᠶᠢᠨ ᠬᠤᠷᠢᠳᠤᠭᠠᠷ ᠵᠦᠢᠯ ᠳᠤ ᠬᠡᠯᠡᠵᠦ ᠪᠠᠶᠢᠭ᠎ᠠ ᠲᠡᠦᠬᠡ ᠶᠢᠨ ᠭᠠᠵᠠᠷ ᠤᠨ ᠨᠡᠷᠡᠰ ᠭᠡᠳᠡᠭ ᠨᠢ ᠬᠡᠷᠡᠭᠯᠡᠵᠦ ᠥᠩᠭᠡᠷᠡᠭᠰᠡᠨ ᠪᠣᠯᠪᠠᠴᠤ ᠣᠲᠣ ᠬᠡᠷᠡᠭᠯᠡᠬᠦ ᠪᠠᠨ ᠪᠣᠯᠢᠭᠰᠠᠨ ᠭᠠᠵᠠᠷ ᠤᠨ ᠨᠡᠷᠡᠰ ᠢ ᠵᠢᠭᠠᠵᠤ ᠪᠣᠶ᠃  ᠬᠤᠷᠢᠨ ᠵᠢᠷᠭᠤᠳᠤᠭᠠᠷ ᠵᠦᠢᠯ᠄ ᠲᠣᠰ ᠠᠷᠭ᠎ᠠ ᠶᠢ 2024 ᠣᠨ ᠤ 5 ᠳ᠋ᠤᠭᠠᠷ ᠰᠠᠷ᠎ᠠ ᠶᠢᠨ 1 ᠤ ᠡᠳᠦᠷ ᠠᠴᠠ  ᠬᠡᠷᠡᠭᠵᠢᠭᠦᠯᠦᠨ᠎ᠡ᠃ 1996 ᠣᠨ ᠤ 6 ᠳ᠋ᠤᠭᠠᠷ ᠰᠠᠷ᠎ᠠ ᠶᠢᠨ 18 ᠤ ᠡᠳᠦᠷ ᠠᠷᠠᠳ ᠤᠨ ᠶᠠᠪᠤᠳᠠᠯ ᠤᠨ ᠶᠠᠮᠤᠨ ᠠᠴᠠ ᠨᠡᠶᠢᠲᠡᠯᠡᠵᠦ᠂ 2010 ᠣᠨ ᠤ 12 ᠳ᠋ᠤᠭᠠᠷ ᠰᠠᠷ᠎ᠠ ᠶᠢᠨ 27 ᠤ ᠡᠳᠦᠷ ᠠᠷᠠᠳ ᠤᠨ ᠶᠠᠪᠤᠳᠠᠯ ᠤᠨ ᠶᠠᠮᠤᠨ ᠤ 38 ᠳ᠋ᠤᠭᠠᠷ ᠵᠠᠷᠯᠢᠭ ᠢᠶᠠᠷ ᠵᠠᠰᠠᠪᠤᠷᠢ ᠣᠷᠣᠭᠤᠯᠤᠭᠰᠠᠨ ︽ᠭᠠᠵᠠᠷ ᠤᠨ ᠨᠡᠷᠡᠰ ᠤᠨ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠬᠦ ᠨᠠᠷᠢᠨ ᠳᠦᠷᠢᠮ︾ ᠢ ᠳᠠᠭᠠᠤ ᠳᠤ ᠨᠢ ᠬᠦᠴᠦᠨ ᠦᠭᠡᠢ ᠪᠣᠯᠭᠠᠨ᠎ᠠ᠃ 
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号