︽ᠡᠷᠡᠭᠦᠯᠵᠢᠯ ᠳᠤ ᠲᠤᠰᠠᠯᠠᠬᠤ ᠢᠨᠵᠧᠨᠧᠷᠢᠩ︾ ᠢᠶᠠᠷ ᠵᠡᠬᠦᠳᠤ ᠶᠢ ᠨᠢ ᠲᠡᠷᠬᠡᠯᠰᠢᠬᠦᠯᠵᠤ ᠪᠠᠶᠢᠨ᠎ᠠ
ᠨᠡᠶᠢᠲᠡᠯᠡᠭᠰᠡᠨ ᠴᠠᠭ᠄
2024/3/26
    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯᠵᠢᠯ ᠤᠨ ᠲᠤᠰᠠᠯᠠᠬᠤ ᠪᠠᠭᠠᠵᠢ ᠶᠢᠨ ᠲᠥᠪ ᠤᠨ ᠪᠠᠶᠢᠴᠠᠭᠠᠨ ᠰᠢᠯᠭᠠᠬᠤ ᠰᠠᠯᠠᠭ᠎ᠠ ᠶᠢᠨ ᠠᠵᠢᠯᠲᠠᠨ 2024 ᠣᠨ ᠤ 3 ᠳ᠋ᠤᠭᠠᠷ ᠰᠠᠷ᠎ᠠ ᠶᠢᠨ 15 ᠠᠴᠠ 18 ᠤ ᠡᠳᠦᠷ ᠪᠤᠭᠤᠲᠤ ᠬᠤᠲᠠ᠂ ᠪᠠᠶᠠᠨᠨᠠᠭᠤᠷ ᠬᠤᠲᠠ ᠶᠢᠨ ᠬᠡᠦᠬᠡᠳ ᠤᠨ ᠠᠰᠠᠷᠠᠮᠵᠢ ᠶᠢᠨ ᠬᠦᠷᠢᠶᠡᠯᠡᠩ ᠳᠤ ᠬᠦᠷᠴᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ︽ᠡᠷᠡᠭᠦᠯᠵᠢᠯ ᠳᠤ ᠲᠤᠰᠠᠯᠠᠬᠤ ᠢᠨᠵᠧᠨᠧᠷᠢᠩ︾ ᠤᠨ ᠲᠥᠷᠥᠯ ᠵᠦᠢᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠪᠡ᠃    ᠠᠷᠠᠳ ᠤᠨ ᠶᠠᠪᠤᠳᠠᠯ ᠤᠨ ᠲᠢᠩᠬᠢᠮ ᠤᠨ ᠡᠷᠡᠭᠦᠯᠵᠢᠯ ᠤᠨ ᠲᠤᠰᠠᠯᠠᠬᠤ ᠪᠠᠭᠠᠵᠢ ᠶᠢᠨ ᠲᠥᠪ ᠤᠨ ᠠᠵᠢᠯᠲᠠᠳ ᠲᠤᠰᠬᠠᠢ ᠮᠡᠷᠭᠡᠵᠢᠯ ᠤᠨ ᠲᠣᠨᠤᠭ ᠲᠥᠬᠦᠭᠡᠷᠦᠮᠵᠢ ᠪᠠᠷ ᠠᠰᠠᠷᠠᠮᠵᠢ ᠶᠢᠨ ᠬᠦᠷᠢᠶᠡᠯᠡᠩ ᠤᠨ ᠵᠡᠮᠳᠡᠭ ᠬᠡᠦᠬᠡᠳ ᠲᠤ ᠬᠦᠯ ᠵᠦᠭᠰᠢᠷᠡᠬᠦᠯᠬᠦ ᠱᠠᠬᠠᠢ ᠶᠢᠨ ᠦᠯᠢᠬᠡᠷ ᠠᠪᠬᠤ ᠠᠵᠢᠯ ᠢ ᠶᠠᠭᠠᠷᠠᠯᠳᠠᠢ ᠬᠢᠵᠤ ᠪᠠᠶᠢᠯ᠎ᠠ᠃      ᠵᠡᠮᠳᠡᠭ ᠬᠡᠦᠬᠡᠳ ᠤᠨ ᠪᠡᠶ᠎ᠡ ᠮᠠᠬᠠᠪᠤᠳ ᠤᠨ ᠣᠨᠴᠠᠭᠠᠶ ᠠᠴᠠ ᠪᠣᠯᠵᠤ ᠣᠨᠴᠠᠭᠠᠶ ᠱᠠᠬᠠᠢ ᠪᠠᠷ ᠠᠯᠬᠤᠬᠤ ᠪᠠ ᠡᠳᠦᠷ ᠲᠤᠲᠤᠮ ᠤᠨ ᠠᠮᠢᠳᠤᠷᠠᠯ ᠳᠤ ᠬᠠᠪᠰᠤᠷᠤᠭᠤᠯᠬᠤ ᠴᠢᠬᠤᠯᠠ ᠪᠤᠯᠪᠠᠴᠤ ᠣᠯᠠᠨ ᠵᠦᠢᠯ ᠤᠨ ᠰᠢᠯᠲᠠᠭᠠᠨ ᠠᠴᠠ ᠪᠣᠯᠵᠤ ᠮᠠᠰᠢ ᠣᠯᠠᠨ ᠵᠡᠮᠳᠡᠭ ᠬᠡᠦᠬᠡᠳ ᠬᠦᠯ ᠵᠦᠭᠰᠢᠷᠡᠬᠦᠯᠬᠦ ᠲᠤᠬᠢᠷᠠᠮᠵᠢᠳᠠᠢ ᠱᠠᠬᠠᠢ ᠣᠯᠵᠤ ᠡᠮᠤᠰᠬᠦ ᠦᠬᠡᠢ ᠪᠤᠯᠬᠤᠷ ᠦᠰᠦᠨ ᠪᠤᠶᠢᠵᠢᠯᠲᠠ ᠳᠤ ᠨᠢ ᠯᠤᠲᠤ ᠪᠡᠷᠬᠡᠰᠢᠶᠡᠯ ᠤᠴᠠᠷᠠᠭᠤᠯᠳᠠᠭ ᠪᠠᠶᠢᠯ᠎ᠠ᠃ ᠠᠵᠢᠯᠲᠠᠳ ᠬᠠᠷᠢᠨ ᠬᠡᠦᠬᠡᠳ ᠪᠤᠯᠭᠠᠨ ᠤᠨ ᠬᠥᠯ ᠢ ᠨᠢᠮᠪᠠᠢ ᠪᠠᠶᠢᠴᠠᠭᠠᠵᠤ᠂ ᠦᠯᠢᠬᠡᠷ ᠠᠪᠳᠠᠭ ᠪᠦᠬᠡᠳ ᠬᠦᠯ ᠵᠦᠭᠰᠢᠷᠡᠬᠦᠯᠬᠦ ᠲᠣᠬᠢᠷᠠᠮᠵᠢᠲᠠᠢ ᠵᠠᠯᠠᠷᠠᠭᠤᠯᠬᠤ ᠱᠠᠬᠠᠢ ᠬᠢᠵᠦ ᠥᠭᠲᠡᠭ᠃  
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号