ᠪᠥᠬᠦ ᠤᠯᠤᠰ ᠤᠨ ᠠᠷᠠᠳ ᠤᠨ ᠶᠠᠪᠤᠳᠠᠯ ᠤᠨ ᠠᠵᠢᠯ ᠲᠥᠷᠥᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠭᠠᠷᠠᠭᠤᠯᠬᠤ ᠤᠷᠤᠯᠳᠤᠭᠠᠨ ᠪᠠ ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠠᠷᠠᠳ ᠤᠨ ᠶᠠᠪᠤᠳᠠᠯ ᠤᠨ ᠠᠵᠢᠯ ᠲᠥᠷᠥᠯ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠤ ᠬᠢᠮᠡᠯ ᠮᠥᠴᠢ ᠤᠭᠰᠠᠷᠠᠬᠤ ᠠᠵᠢᠯᠴᠢᠨ ᠤ ᠵᠠᠯᠠᠭᠤᠷ ᠤᠭᠰᠠᠷᠠᠬᠤ ᠤᠷ᠎ᠠ ᠴᠢᠳᠠᠪᠤᠷᠢ ᠶᠢᠨ ᠤᠷᠤᠯᠳᠤᠭᠠᠨ ᠬᠥᠬᠡᠬᠤᠲᠠ ᠶᠢᠨ ᠬᠤᠪᠢᠶᠠᠷᠢ ᠤᠷᠤᠯᠳᠤᠭᠠᠨ ᠤ ᠲᠣᠭᠤᠷᠢᠭ ᠲᠤ ᠶᠠᠪᠤᠬᠳᠠᠪᠠ
ᠨᠡᠶᠢᠲᠡᠯᠡᠭᠰᠡᠨ ᠴᠠᠭ᠄
2024/3/28
    ᠪᠥᠬᠦ ᠤᠯᠤᠰ ᠤᠨ ᠠᠷᠠᠳ ᠤᠨ ᠶᠠᠪᠤᠳᠠᠯ ᠤᠨ ᠠᠵᠢᠯ ᠲᠥᠷᠥᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠭᠠᠷᠠᠭᠤᠯᠬᠤ ᠤᠷᠤᠯᠳᠤᠭᠠᠨ ᠪᠠ ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠠᠷᠠᠳ ᠤᠨ ᠶᠠᠪᠤᠳᠠᠯ ᠤᠨ ᠠᠵᠢᠯ ᠲᠥᠷᠥᠯ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠤ ᠬᠢᠮᠡᠯ ᠮᠥᠴᠢ ᠤᠭᠰᠠᠷᠠᠬᠤ ᠠᠵᠢᠯᠴᠢᠨ ᠤ ᠵᠠᠯᠠᠭᠤᠷ ᠤᠭᠰᠠᠷᠠᠬᠤ ᠤᠷ᠎ᠠ ᠴᠢᠳᠠᠪᠤᠷᠢ ᠶᠢᠨ ᠤᠷᠤᠯᠳᠤᠭᠠᠨ 3 ᠳ᠋ᠤᠭᠠᠷ ᠰᠠᠷ᠎ᠠ ᠶᠢᠨ 25 ᠠᠴᠠ 27 ᠤ ᠡᠳᠤᠷ ᠬᠥᠬᠡᠬᠤᠲᠠ ᠶᠢᠨ ᠬᠤᠪᠢᠶᠠᠷᠢ ᠤᠷᠤᠯᠳᠤᠭᠠᠨ ᠤ ᠲᠣᠭᠤᠷᠢᠭ ᠲᠤ ᠶᠠᠪᠤᠬᠳᠠᠪᠠ᠃ ᠬᠤᠶᠠᠷ ᠤᠷᠤᠯᠳᠤᠭᠠᠨ ᠨᠢ ᠴᠥᠮ ᠭᠠᠭᠴᠠ ᠬᠥᠮᠥᠨ ᠤ ᠤᠷᠤᠯᠳᠤᠭᠠᠨ ᠤ ᠲᠦᠷᠤᠯ ᠶᠤᠮ᠂ ᠨᠡᠶᠢᠲᠡ 14 ᠬᠥᠮᠥᠨ ᠤᠷᠤᠯᠳᠤᠭᠠᠨ ᠳᠤ ᠣᠷᠣᠯᠴᠠᠪᠠ ︵ᠡᠭᠦᠨ ᠳᠤ ᠬᠢᠮᠡᠯ ᠮᠥᠴᠢ ᠤᠭᠰᠠᠷᠠᠬᠤ ᠠᠵᠢᠯᠴᠢᠨ ᠤ ᠤᠷᠤᠯᠳᠤᠭᠠᠨ ᠳᠤ 7 ᠬᠥᠮᠥᠨ᠂  ᠵᠦᠭᠰᠢᠷᠡᠬᠭᠦᠯᠬᠦ ᠪᠠᠭᠠᠵᠢ ᠤᠭᠰᠠᠷᠠᠬᠤ ᠠᠵᠢᠯᠴᠢᠨ ᠤ ᠤᠷᠤᠯᠳᠤᠭᠠᠨ 7 ᠬᠥᠮᠥᠨ ᠪᠤᠶ︶᠃ ᠤᠷᠤᠯᠳᠤᠭᠠᠨ ᠳᠤ ᠤᠷᠤᠯᠴᠠᠬᠰᠠᠳ ᠤᠷ᠎ᠠ ᠴᠢᠳᠠᠪᠤᠷᠢ ᠪᠠᠷ ᠡᠷᠡᠮᠴᠡᠬᠦ᠂ ᠤᠷᠤᠯᠳᠤᠭᠠᠨ ᠤ ᠴᠢᠳᠠᠪᠤᠷᠢ ᠪᠠᠨ ᠭᠠᠶᠢᠬᠠᠭᠤᠯᠬᠤ ᠪᠠ ᠦᠡᠭᠭᠡ ᠬᠢᠯᠪᠠᠭ᠎ᠠ ᠪᠠᠨ ᠢᠯᠡᠷᠬᠦᠯᠬᠦ ᠲᠤᠮᠳᠠ ᠤᠷᠤᠯᠳᠤᠭᠠᠨ ᠤ ᠲᠠᠪᠴᠠᠩ ᠢ ᠠᠰᠢᠬᠯᠠᠨ ᠬᠠᠷᠢᠯᠴᠠᠨ ᠰᠤᠷᠤᠯᠴᠠᠵᠤ᠂ ᠤᠷ᠎ᠠ ᠮᠡᠷᠭᠡᠵᠢᠯ ᠢᠶᠠᠨ ᠰᠣᠯᠢᠯᠴᠠᠵᠤ᠂ ᠬᠠᠮᠲᠤ ᠪᠠᠷ ᠳᠡᠭᠡᠭᠰᠢᠯᠡᠬᠦ ᠠᠭᠤᠷ ᠠᠮᠢᠰᠬᠤᠯ ᠢ ᠪᠤᠢ ᠪᠤᠯᠭᠠᠵᠤ ᠴᠢᠳᠠᠬᠰᠠᠨ ᠪᠠᠶᠢᠯ᠎ᠠ᠃

W020240327551567722423_ORIGIN.jpg

   ᠤᠷᠤᠯᠳᠤᠭᠠᠨ ᠳᠤ ᠤᠷᠤᠯᠴᠠᠬᠰᠠᠳ ᠪᠢᠷ ᠤᠨ ᠰᠢᠯᠭᠠᠯᠲᠠ ᠶᠢ ᠬᠢᠬᠦ ᠳᠤ ᠪᠠᠨ ᠰᠢᠯᠭᠠᠯᠳᠠ ᠶᠢᠨ ᠰᠡᠳᠤᠪ ᠢ ᠨᠢᠮᠪᠠᠢ

ᠠᠡᠩᠬᠠᠷᠤᠨ᠂ ᠬᠢᠨᠠᠮᠠᠭᠠᠢ ᠬᠠᠷᠢᠭᠤᠯᠵᠤ᠂ ᠰᠢᠯᠢᠳᠡᠭ ᠰᠠᠶᠢᠨ ᠣᠨᠣᠯ ᠤᠨ ᠰᠠᠭᠤᠷᠢ ᠪᠠ ᠯᠠᠪᠳᠠᠭᠤᠨ ᠪᠠᠲᠤᠲᠠᠢ ᠲᠤᠰᠬᠠᠢ

ᠮᠡᠷᠭᠡᠵᠢᠯ ᠤᠨ  ᠴᠢᠳᠠᠪᠤᠷᠢ ᠪᠠᠨ ᠬᠦᠢᠴᠡᠳ ᠢᠯᠡᠷᠡᠬᠦᠯᠦᠭᠰᠡᠨ ᠪᠤᠯ ᠭᠠᠷ ᠬᠦᠳᠡᠯᠤᠨ ᠬᠢᠬᠦ ᠤᠷᠤᠯᠳᠤᠭᠠᠨ ᠳᠤ ᠮᠤᠳᠧᠯ

 ᠤᠨ ᠰᠢᠷᠬ᠎ᠠ ᠰᠤᠷᠪᠢ ᠶᠢ ᠦᠨᠳᠤᠰᠤᠯᠡᠨ ᠦᠯᠢᠬᠡᠷ ᠢ ᠤᠨᠤᠪᠴᠢᠳᠠᠢ ᠠᠪᠴᠤ᠂ ᠲᠤᠬᠠᠢ ᠶᠢᠨ ᠲᠠᠯᠠᠪᠠᠢ ᠳᠤ

ᠦᠢᠯᠡᠳᠬᠦ ᠪᠠᠷ ᠲᠠᠮᠵᠢᠭᠤᠯᠤᠨ ᠨᠠᠷᠢᠨ ᠤᠷ᠎ᠠ ᠪᠠᠷ ᠵᠡᠮᠳᠡᠭᠴᠤᠳ ᠢ ᠡᠷᠡᠬᠦᠯᠵᠢᠬᠦᠯᠬᠦ ᠠᠪᠢᠶᠠᠰ ᠪᠢᠯᠢᠭ ᠢᠶᠠᠨ

ᠭᠠᠶᠢᠬᠠᠭᠤᠯᠵᠤ ᠴᠢᠳᠠᠪᠠ᠃ 

W020240327551567751229.jpg

    ᠲᠣᠰ ᠮᠡᠷᠭᠡᠵᠢᠯ ᠴᠢᠳᠠᠪᠤᠷᠢ ᠶᠢᠨ ᠤᠷᠤᠯᠳᠤᠭᠠᠨ ᠨᠢ ᠮᠡᠷᠭᠡᠵᠢᠯ ᠤᠨ ᠮᠥᠷᠥᠶᠢᠴᠡᠭᠡᠨ ᠲᠡᠳᠦᠢ ᠦᠬᠡᠢ᠂ ᠮᠥᠨ

ᠴᠤ ᠪᠤᠳᠠᠳᠠᠢ ᠰᠢᠯᠭᠠᠯᠲᠠ᠂ ᠮᠠᠨ ᠤ ᠣᠷᠣᠨ ᠤ ᠴᠢᠳᠠᠪᠤᠷᠢᠲᠠᠨ ᠬᠥᠮᠥᠵᠢᠭᠦᠯᠬᠦ ᠠᠷᠭ᠎ᠠ ᠶᠢ ᠥᠷᠭᠡᠳᠬᠡᠬᠦ ᠠᠰᠢᠭᠲᠠᠢ

ᠰᠦᠪᠡᠭᠴᠢᠯᠡᠯᠲᠡ᠂ ᠡᠷᠡᠭᠦᠯᠵᠢᠯ ᠤᠨ ᠲᠤᠰᠠᠯᠠᠬᠤ ᠪᠠᠭᠠᠵᠢ ᠶᠢᠨ ᠦᠢᠯᠡᠴᠢᠯᠡᠭᠡᠨ ᠤ ᠠᠵᠢᠯ ᠤᠨ ᠲᠡᠩᠴᠡᠭᠦᠷᠢ ᠦᠭᠡᠢ᠂

ᠭᠦᠢᠴᠡᠳ ᠪᠤᠰᠤ ᠬᠥᠭᠵᠢᠯᠲᠡ ᠶᠢ  ᠠᠷᠭᠠᠴᠠᠭᠠᠬᠤ ᠢᠳᠡᠪᠬᠢᠲᠡᠢ ᠠᠷᠭ᠎ᠠ ᠪᠦᠬᠡᠳ ᠵᠡᠮᠳᠡᠭᠴᠦᠳ ᠤᠨ ᠰᠠᠶᠢᠨ

ᠰᠠᠶᠢᠬᠠᠨ ᠠᠮᠢᠳᠤᠷᠠᠯ ᠳᠤ ᠬᠦᠴᠦᠨ ᠨᠡᠮᠡᠷᠢᠯᠡᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠠᠮᠢᠳᠤᠯᠢᠭ

ᠦᠢᠯᠡᠳᠦᠯᠭᠡ ᠮᠥᠨ᠃ ᠤᠷᠤᠯᠳᠤᠭᠠᠨ ᠳᠤ ᠣᠷᠣᠯᠴᠠᠭᠰᠠᠳ᠄ ︽ᠤᠷᠤᠯᠳᠤᠭᠠᠨ ᠤ ᠲᠤᠷᠰᠢᠯᠭ᠎ᠠ ᠪᠠᠨ ᠬᠢᠨᠠᠮᠠᠭᠠᠢ

ᠳ᠋ᠦᠩᠨᠡᠵᠦ᠂ ᠤᠷᠤᠯᠳᠤᠭᠠᠨ ᠤ ᠤᠷᠮ᠎ᠠ ᠵᠣᠷᠢᠭ ᠪᠠᠷ ᠦᠢᠯᠡᠴᠢᠯᠡᠭᠡᠨ ᠤ ᠲᠦᠪᠰᠢᠨ ᠢᠶᠠᠨ ᠲᠡᠭᠡᠭᠰᠢᠯᠡᠬᠦᠯᠵᠤ

ᠵᠡᠮᠳᠡᠭᠴᠦᠳ ᠲᠤ ᠦᠨᠡᠨ ᠬᠦ ᠬᠠᠪᠰᠤᠷᠤᠯᠭ᠎ᠠ ᠪᠤᠯᠭᠠᠨ᠎ᠠ︾ ᠬᠡᠵᠡᠬᠡᠵᠤ ᠪᠠᠶᠢᠯ᠎ᠠ᠃

 

 

 

 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号