ᠮᠠᠨ ᠤ ᠤᠷᠤᠨ ᠬᠤᠶᠠᠷ ᠰᠠᠯᠠᠭ᠎ᠠ ᠮᠥᠴᠢᠷ ᠤᠨ ᠬᠢᠨ ᠬᠠᠩᠰᠢ ᠶᠢᠨ ᠪᠤᠯᠪᠠᠰᠤᠨ ᠲᠠᠶᠢᠯᠭ᠎ᠠ ᠶᠢ ᠰᠠᠨᠠᠭᠠᠴᠢᠯᠠᠪᠠ
ᠨᠡᠶᠢᠲᠡᠯᠡᠭᠰᠡᠨ ᠴᠠᠭ᠄
2024/3/28
     ᠬᠠᠩᠰᠢ ᠤᠶᠢᠷᠠᠳᠤᠬᠰᠠᠨ ᠪᠤᠯᠬᠤᠷ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠵᠤ᠂ ᠪᠣᠬᠢᠷᠲᠤᠯ ᠦᠭᠡᠢ᠂ ᠪᠣᠯᠪᠠᠰᠤᠨ᠂ ᠨᠡᠭᠦᠷᠡᠰᠦᠲᠥ᠋ᠷᠥᠭᠴᠢ ᠶᠢ ᠪᠠᠭ᠎ᠠ ᠭᠠᠳᠠᠭᠰᠢᠯᠠᠭᠤᠯᠬᠤ᠂ ᠠᠷᠪᠢᠲᠠᠢ ᠭᠠᠮᠲᠠᠢ᠂ ᠣᠷᠴᠢᠨ ᠠᠬᠤᠢ ᠶᠢ ᠬᠠᠮᠠᠭᠠᠯᠠᠬᠤ᠂ ᠠᠮᠤᠷ ᠲᠦᠪᠰᠢᠨ ᠢ ᠪᠠᠲᠤᠯᠠᠬᠤ ᠰᠢᠨ᠎ᠡ ᠰᠤᠷᠲᠠᠯ ᠢ ᠰᠠᠨᠠᠭᠠᠴᠢᠯᠠᠬᠤ ᠶᠢᠨ ᠲᠥᠯᠥᠭᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠵᠥᠪᠯᠡᠯ ᠤᠨ ᠠᠯᠪᠠᠨ ᠭᠡᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ 3 ᠰᠠᠷ᠎ᠠ ᠶᠢᠨ 27 ᠤ ᠡᠳᠦᠷ  ᠪᠥᠬᠦ ᠣᠷᠣᠨ ᠤ ᠺᠠᠳ᠋ᠷ ᠣᠯᠠᠨ ᠲᠦᠮᠡᠨ ᠳᠤ ᠲᠠᠷᠠᠭᠠᠬᠢ ᠰᠠᠨᠠᠭᠠᠴᠢᠯᠠᠭ᠎ᠠ ᠶᠢ ᠭᠠᠷᠭᠠᠪᠠ᠄    ᠪᠣᠯᠪᠠᠰᠤᠨ᠂ ᠪᠣᠬᠢᠷᠲᠤᠯ ᠦᠭᠡᠢ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠷᠭ᠎ᠠ ᠪᠠᠷ ᠲᠠᠶᠢᠯᠭ᠎ᠠ ᠦᠢᠯᠡᠳᠤᠨ᠎ᠡ᠃ ᠰᠠᠯᠬᠢᠨ ᠳᠤ ᠭᠠᠷᠬᠤ᠂ ᠰᠣᠷᠭᠤᠭ ᠴᠡᠴᠡᠭ ᠢᠶᠠᠷ ᠲᠠᠶᠢᠬᠤ ᠶᠢ ᠰᠠᠨᠠᠭᠠᠴᠢᠯᠠᠵᠤ᠂ ᠭᠡᠷ ᠤᠨ ᠰᠤᠷᠲᠠᠯ ᠭᠡᠷ ᠤᠨ ᠰᠤᠷᠭᠠᠯ ᠢ ᠤᠩᠰᠢᠵᠤ᠂ ᠳᠡᠭᠡᠳᠦᠰ ᠤᠨ ᠦᠯᠢᠭᠡᠷ ᠢ ᠰᠠᠶᠢᠲᠤᠷ ᠶᠠᠷᠢᠵᠤ᠂ ᠤᠩᠭᠤᠨ ᠤ ᠬᠥᠰᠢᠶ᠎ᠡ ᠤᠩᠭᠤᠨ ᠤ ᠭᠠᠵᠠᠷ ᠢ ᠴᠡᠪᠡᠷᠯᠡᠬᠦ᠂ ᠰᠦᠯᠵᠢᠶ᠎ᠡ ᠪᠠᠷ  ᠲᠠᠶᠢᠬᠤ ᠵᠡᠷᠭᠡ ᠠᠷᠭ᠎ᠠ ᠪᠠᠷ ᠨᠥᠭᠴᠢᠭᠰᠡᠳ ᠲᠤ ᠪᠠᠨ ᠳᠠᠬᠢᠯᠭ᠎ᠠ ᠡᠷᠬᠦᠵᠤ ᠭᠠᠰᠢᠭᠤᠳᠠᠬᠤ ᠶᠢ ᠰᠠᠨᠠᠭᠠᠴᠢᠯᠠᠨ᠎ᠠ᠃ ᠶᠡᠭᠡ ᠪᠠᠷ ᠪᠠᠵᠠᠭᠠᠵᠤ ᠶᠡᠭᠡ ᠪᠠᠷ ᠬᠢᠬᠦ᠂ ᠪᠠᠶᠠᠨ ᠢᠶᠠᠨ ᠭᠠᠶᠢᠬᠠᠭᠤᠯᠵᠤ ᠠᠳᠠᠯᠢᠳᠬᠠᠬᠤ᠂ ᠠᠮᠢᠳᠤ ᠳᠤ ᠠᠰᠠᠷᠠᠬᠰᠠᠨ ᠦᠬᠡᠢ ᠪᠠᠶᠢᠭᠠᠳ  ᠪᠡᠯᠪᠡᠰᠤᠷᠡᠯ ᠢ ᠨᠢ  ᠶᠡᠭᠡ ᠪᠠᠷ ᠦᠢᠯᠡᠳᠬᠦ ᠵᠡᠷᠭᠡ ᠬᠠᠭᠤᠴᠢᠨ ᠶᠣᠰᠣ ᠪᠦᠳᠦᠭᠦᠯᠢᠭ ᠳᠠᠳᠬᠠᠯ ᠢ ᠲᠡᠪᠴᠢᠵᠤ᠂ ᠪᠣᠬᠢᠷᠲᠤᠯ ᠦᠭᠡᠢ᠂ ᠣᠷᠴᠢᠨ ᠲᠣᠭᠤᠷᠢᠨ ᠢ ᠬᠠᠮᠠᠭᠠᠯᠠᠬᠤ ᠠᠷᠭ᠎ᠠ ᠪᠠᠷ ᠨᠡᠭᠦᠷᠡᠰᠦᠲᠥ᠋ᠷᠥᠭᠴᠢ ᠶᠢ ᠪᠠᠭ᠎ᠠ ᠭᠠᠳᠠᠭᠰᠢᠯᠠᠭᠤᠯᠬᠤ ᠪᠣᠯᠪᠠᠰᠤᠨ ᠤ ᠰᠢᠨ᠎ᠡ ᠬᠡᠪ ᠰᠤᠷᠲᠠᠯ ᠢ ᠦᠢᠯᠡᠳᠤᠯᠬᠡᠵᠢᠬᠦᠯᠬᠦ ᠬᠡᠷᠡᠭᠳᠡᠢ᠃    ᠲᠠᠶᠢᠯᠭ᠎ᠠ ᠶᠢᠨ ᠠᠶᠤᠯ ᠦᠬᠡᠢ᠂  ᠡᠶ᠎ᠡ ᠵᠣᠬᠢᠴᠠᠯ ᠢ ᠡᠷᠬᠢᠮᠯᠡᠨ᠎ᠡ᠃ ᠠᠶᠤᠯ ᠦᠬᠡᠢ ᠶᠢᠨ ᠲᠤᠬᠠᠢ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠰᠠᠬᠢᠵᠤ᠂ ᠲᠣᠭᠲᠠᠭᠠᠯ ᠠᠴᠠ ᠵᠥᠷᠢᠴᠡᠨ ᠭᠠᠯ ᠬᠡᠷᠡᠭᠯᠡᠬᠦ ᠦᠭᠡᠢ᠂ ᠬᠡᠭᠡᠷ᠎ᠡ ᠭᠠᠳᠠᠨ᠎ᠠ᠂ ᠣᠶ ᠰᠢᠭᠤᠢ᠂ ᠲᠠᠯ᠎ᠠ ᠨᠤᠲᠤᠭ᠂ ᠠᠭᠤᠳᠠᠮ ᠲᠠᠯᠠᠪᠠᠶ᠂ ᠬᠤᠷᠢᠶᠠᠯᠠᠯ᠂ ᠵᠠᠮ ᠤᠨ ᠠᠭᠤᠯᠵᠠᠷ᠂ ᠨᠡᠶᠢᠲᠡ ᠶᠢᠨ ᠣᠩᠭᠤᠨ ᠵᠡᠷᠭᠡ ᠣᠯᠠᠨ ᠨᠡᠶᠢᠲᠡ ᠶᠢᠨ ᠲᠠᠯᠠᠪᠤᠷ ᠲᠤ ᠴᠠᠭᠠᠰᠤᠨ ᠵᠣᠭᠤᠰ ᠰᠢᠲᠠᠭᠠᠬᠤ ᠦᠭᠡᠢ᠂ ᠫᠤᠤᠵᠢᠩ ᠲᠠᠯᠪᠢᠵᠤ᠂ ᠲᠠᠬᠢᠯᠭ᠎ᠠ ᠶᠢᠨ ᠬᠡᠷᠡᠭᠰᠡᠯ ᠢ ᠬᠠᠶᠠᠵᠤ᠂ ᠣᠷᠴᠢᠨ ᠲᠣᠭᠤᠷᠢᠨ ᠢ ᠪᠣᠬᠢᠷᠲᠤᠭᠤᠯᠬᠤ ᠦᠭᠡᠢ᠂ ᠪᠤᠰᠤᠳ ᠤᠨ ᠠᠮᠢᠳᠤᠷᠠᠯ ᠢ ᠨᠥᠯᠥᠭᠡᠯᠡᠬᠦ ᠦᠭᠡᠢ ᠪᠠᠷ ᠪᠣᠯᠪᠠᠰᠤᠨ᠂ ᠡᠶ᠎ᠡ ᠵᠣᠬᠢᠴᠠᠯ ᠲᠠᠢ  ᠲᠠᠶᠢᠯᠭ᠎ᠠ ᠪᠡᠯᠪᠡᠰᠤᠷᠠᠯ ᠤᠨ ᠠᠭᠤᠷ ᠠᠮᠢᠰᠬᠤᠯ ᠢ ᠬᠠᠮᠲᠤ ᠪᠠᠷ ᠪᠣᠶ ᠪᠣᠯᠭᠠᠵᠤ᠂  ᠲᠠᠶᠢᠯᠭ᠎ᠠ ᠶᠢᠨ ᠠᠵᠢᠯᠯᠠᠭ᠎ᠠ ᠶᠢ ᠠᠶᠤᠯ ᠦᠬᠡᠢ ᠂ ᠲᠣᠭᠲᠠᠭᠤᠨ᠂ ᠡᠮᠬᠢ ᠵᠢᠷᠤᠮ ᠢ ᠪᠠᠳᠤᠯᠠᠬᠤ ᠬᠡᠷᠡᠭᠳᠡᠢ᠃     ᠨᠠᠮ ᠤᠨ ᠭᠡᠰᠢᠭᠦᠨ ᠲᠦᠷᠦᠭᠦᠯᠡᠨ ᠳᠠᠭᠤᠷᠢᠶᠠᠯ ᠪᠤᠯᠬᠤ ᠬᠡᠷᠡᠭᠳᠡᠢ᠃ ᠨᠠᠮ ᠤᠨ ᠭᠡᠰᠢᠭᠦᠨ ᠺᠠᠳ᠋ᠷᠴᠤᠳ ᠬᠤᠰᠢᠭᠤᠴᠢ ᠵᠢᠱᠢᠶᠡᠴᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠪᠡᠶ᠎ᠡ ᠪᠠᠷ ᠢᠶᠠᠨ ᠦᠯᠢᠭᠡᠷ ᠳᠠᠭᠤᠷᠢᠶᠠᠯ ᠦᠵᠡᠬᠦᠯᠤᠨ ᠬᠡᠪ ᠳᠦᠷᠢᠮ ᠪᠣᠯᠵᠤ᠂ ᠲᠦᠷᠦᠯ ᠰᠠᠳᠤᠨ ᠰᠠᠶᠢᠨ ᠨᠠᠶᠢᠵᠠ ᠨᠥᠬᠦᠳ ᠪᠠ ᠳᠡᠷᠭᠡᠳᠡᠬᠢ ᠤᠯᠠᠨ ᠲᠦᠮᠡᠨ  ᠳᠤ ᠪᠠᠨ ᠪᠣᠯᠪᠠᠰᠤᠨ ᠡᠷᠡᠭᠦᠯ ᠲᠠᠶᠢᠯᠭ᠎ᠠ ᠶᠢᠨ ᠠᠷᠭ᠎ᠠ ᠶᠢ ᠢᠳᠡᠪᠬᠢᠲᠡᠢ ᠤᠬᠠᠭᠤᠯᠬᠤ ᠶᠢᠨ ᠬᠠᠮᠲᠤ ᠪᠣᠯᠪᠠᠰᠤᠨ ᠪᠤᠰᠤ᠂ ᠵᠢᠷᠤᠮᠵᠢᠭᠤᠨ ᠦᠭᠡᠢ᠂ ᠠᠮᠤᠷ ᠲᠦᠪᠰᠢᠨ ᠪᠤᠰᠤ  ᠲᠠᠶᠢᠯᠭ᠎ᠠ ᠶᠢᠨ ᠠᠵᠢᠯᠯᠠᠭ᠎ᠠ ᠳᠤ ᠬᠠᠷᠢᠯᠴᠠᠨ ᠬᠢᠨᠠᠯᠲᠠ ᠲᠠᠯᠪᠢᠬᠤ ᠪᠠ ᠬᠤᠷᠢᠭᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠳᠡᠷᠭᠡᠳᠡᠬᠢ ᠬᠥᠮᠥᠰ ᠢᠶᠠᠨ ᠨᠥᠯᠥᠭᠡᠯᠡᠨ᠂ ᠲᠠᠶᠢᠯᠭ᠎ᠠ ᠶᠢᠨ ᠰᠢᠨ᠎ᠡ ᠰᠤᠷᠲᠠᠯ ᠢ ᠪᠤᠢ ᠪᠣᠯᠭᠠᠵᠤ᠂ ᠪᠣᠯᠪᠠᠰᠤᠨ ᠤ ᠳᠠᠬᠢᠯᠭ᠎ᠠ ᠶᠢ ᠡᠷᠬᠢᠮᠯᠡᠬᠦ ᠬᠡᠷᠡᠭᠲᠡᠢ᠃  
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号