ᠡᠷᠡᠭᠦᠯ ᠮᠡᠨᠳᠦ ᠨᠢ ᠬᠥᠮᠥᠨ ᠨᠢᠭᠡᠪᠦᠷᠢ ᠲᠠᠢ ᠨᠢᠭᠲᠠ ᠬᠤᠯᠪᠣᠭ᠎ᠠ ᠲᠠᠢ᠂ ᠬᠡᠦᠬᠡᠳ ᠤᠨ ᠡᠷᠡᠭᠦᠯ ᠢᠶᠠᠷ ᠦᠰᠦᠨ | ᠪᠤᠶᠢᠵᠢᠬᠤ ᠨᠢ ᠨᠠᠩ ᠴᠤ ᠭᠡᠷ ᠪᠦᠯᠢ ᠨᠢᠭᠡᠪᠦᠷᠢ ᠶᠢ ᠨᠥᠯᠥᠭᠡᠯᠡᠵᠦ ᠪᠠᠶᠢᠳᠠᠭ᠂ ᠬᠡᠦᠬᠡᠳ ᠤᠨ ᠰᠠᠯᠠᠭᠠᠨ ᠤ | ᠣᠨᠣᠰᠢᠯᠠᠯᠲᠠ ᠡᠮᠴᠢᠯᠡᠭᠡ ᠶᠢ ᠬᠡᠷᠬᠢᠨ ᠵᠢᠭᠳᠡ ᠴᠢᠨᠠᠷᠵᠢᠭᠤᠯᠤᠨ ᠵᠢᠷᠤᠮᠵᠢᠭᠤᠯᠬᠤ ᠶᠢ ᠠᠬᠢᠭᠤᠯᠬᠤ ᠪᠣᠶ︖ | ᠡᠪᠡᠳᠴᠢᠨ ᠡᠪᠡᠳᠴᠢᠲᠡᠨ ᠤ ᠠᠰᠠᠭᠤᠳᠠᠯ ᠢ ᠬᠡᠷᠬᠢᠨ ᠠᠯᠢ ᠴᠢᠳᠠᠬᠤ ᠪᠠᠷ ᠦᠨᠳᠦᠰᠦᠨ ᠱᠠᠲᠤᠨ ᠤ ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠳᠤ ᠰᠢᠢᠳᠪᠦᠷᠢᠯᠡᠬᠦ ᠪᠣᠶ︖ | ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ 19 ᠤ ᠡᠳᠦᠷ ᠰᠣᠨᠢᠨ ᠮᠡᠳᠡᠭᠡ ᠨᠡᠶᠢᠲᠡᠯᠡᠬᠦ | ᠬᠤᠷᠠᠯ ᠬᠤᠷᠠᠯᠳᠤᠭᠤᠯᠵᠤ᠂ ︽ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠵᠤ᠂ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠶᠢ ᠬᠠᠮᠠᠭᠠᠯᠠᠶ᠎ᠠ︾ ᠭᠡᠬᠦ ᠰᠡᠳᠦᠪ ᠤᠨ | ᠲᠣᠭᠤᠷᠢᠨ ᠳᠤ᠂ ᠡᠮᠴᠢᠯᠡᠭᠡ᠂ ᠦᠨᠳᠦᠰᠦᠨ ᠱᠠᠲᠤ ᠪᠠ ᠡᠬᠡ ᠨᠢᠯᠬᠠᠰ ᠤᠨ ᠡᠷᠡᠭᠦᠯ ᠮᠡᠨᠳᠦ ᠶᠢᠨ ᠬᠤᠯᠪᠣᠭᠳᠠᠯ ᠪᠦᠬᠦᠢ | ᠠᠵᠢᠯ ᠵᠢᠴᠢ ᠳᠠᠷᠠᠭ᠎ᠠ ᠶᠢᠨ ᠠᠵᠢᠯ ᠤᠨ ᠲᠥᠯᠥᠪᠯᠡᠭᠡ ᠶᠢ ᠭᠤᠣᠯᠳᠠᠯᠭ᠎ᠠ ᠲᠠᠢ ᠲᠠᠨᠢᠯᠴᠠᠭᠤᠯᠪᠠ᠃ | ᠬᠡᠦᠬᠡᠳ ᠤᠨ ᠰᠠᠯᠠᠭᠠᠨ ᠤ ᠭᠤᠣᠯᠳᠠᠯᠭ᠎ᠠ ᠲᠠᠢ 67 ᠲᠤᠰᠬᠠᠢ ᠰᠠᠯᠠᠭᠠᠨ ᠤ ᠪᠠᠶᠢᠭᠤᠯᠤᠯᠲᠠ ᠶᠢ ᠳᠡᠮᠵᠢᠵᠦ | ᠬᠡᠦᠬᠡᠳ ᠤᠨ ᠰᠠᠯᠠᠭᠠᠨ ᠤ ᠣᠨᠣᠰᠢᠯᠠᠯᠲᠠ ᠡᠮᠴᠢᠯᠡᠭᠡ ᠶᠢ ᠵᠢᠭᠳᠡ ᠴᠢᠨᠠᠷᠵᠢᠭᠤᠯᠬᠤ ᠶᠢ ᠠᠬᠢᠭᠤᠯᠤᠨ᠎ᠠ | ᠬᠡᠦᠬᠡᠳ ᠤᠨ ᠡᠷᠡᠭᠦᠯ ᠢᠶᠠᠷ ᠦᠰᠦᠨ ᠪᠤᠶᠢᠵᠢᠬᠤ ᠨᠢ ᠭᠡᠷ ᠪᠦᠯᠢ ᠨᠢᠭᠡᠪᠦᠷᠢ ᠲᠠᠢ ᠬᠤᠯᠪᠣᠭᠳᠠᠵᠤ ᠪᠠᠶᠢᠳᠠᠭ᠂ | ᠬᠡᠦᠬᠡᠳ ᠤᠨ ᠰᠠᠯᠠᠭᠠᠨ ᠤ ᠡᠮᠴᠢ ᠬᠦᠷᠦᠯᠴᠡᠬᠦ ᠦᠭᠡᠢ ᠪᠤᠶᠤ ᠣᠷᠣᠨ ᠪᠦᠰᠡ ᠶᠢᠨ ᠲᠠᠷᠬᠠᠯᠲᠠ ᠲᠡᠭᠰᠢ ᠪᠤᠰᠤ ᠪᠠᠶᠢᠬᠤ | ᠦᠵᠡᠭᠳᠡᠯ ᠢ ᠬᠡᠷᠬᠢᠨ ᠰᠢᠢᠳᠪᠦᠷᠢᠯᠡᠬᠦ ᠪᠣᠶ︖ | ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠮᠴᠢᠯᠡᠭᠡᠨ ᠤ ᠵᠠᠰᠠᠭ ᠤᠨ ᠵᠤᠷᠭᠠᠨ ᠤ ᠳᠡᠳ᠋ | ᠳᠠᠷᠤᠭ᠎ᠠ ᠯᠢ ᠳ᠋ᠡ ᠴᠤᠸᠠᠨ ᠤ ᠲᠠᠨᠢᠯᠴᠠᠭᠤᠯᠤᠭᠰᠠᠨ ᠢᠶᠠᠷ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠨᠢ ᠬᠡᠦᠬᠡᠳ ᠤᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠣᠭᠲᠠᠯᠴᠠᠭ᠎ᠠ ᠶᠢ ᠢᠳᠡᠪᠬᠢᠲᠡᠢ | ᠪᠦᠷᠢᠨᠰᠢᠭᠦᠯᠵᠦ᠂ ᠤᠯᠤᠰ ᠤᠨ ᠬᠡᠦᠬᠡᠳ ᠤᠨ ᠠᠨᠠᠭᠠᠬᠤ ᠤᠬᠠᠭᠠᠨ ᠤ ᠲᠥᠪ ᠢ 2 ᠪᠠ ᠤᠯᠤᠰ ᠤᠨ ᠬᠡᠦᠬᠡᠳ ᠤᠨ | ᠣᠷᠣᠨ ᠪᠦᠰᠡ ᠶᠢᠨ ᠡᠮᠴᠢᠯᠡᠭᠡᠨ ᠤ ᠲᠥᠪ ᠢ 5 ᠲᠣᠬᠢᠷᠠᠭᠤᠯᠵᠤ᠂ ᠬᠡᠦᠬᠡᠳ ᠤᠨ ᠰᠠᠯᠠᠭᠠᠨ ᠤ ᠬᠠᠮᠢᠶ᠎ᠠ ᠪᠦᠬᠦᠢ | ᠲᠤᠰᠬᠠᠢ ᠮᠡᠷᠭᠡᠵᠢᠯ ᠤᠨ ᠤᠯᠤᠰ ᠤᠨ ᠡᠮᠴᠢᠯᠡᠭᠡᠨ ᠤ ᠭᠤᠣᠯᠳᠠᠯᠭ᠎ᠠ ᠲᠠᠢ 67 ᠲᠤᠰᠬᠠᠢ ᠮᠡᠷᠭᠡᠵᠢᠯ ᠤᠨ | ᠪᠠᠶᠢᠭᠤᠯᠤᠯᠲᠠ ᠶᠢ ᠳᠡᠮᠵᠢᠵᠦ᠂ ᠡᠮᠴᠢᠯᠡᠭᠡᠨ ᠤ ᠬᠤᠯᠪᠣᠭ᠎ᠠ ᠳᠤ ᠲᠦᠰᠢᠭᠯᠡᠨ ᠬᠡᠦᠬᠡᠳ ᠤᠨ ᠡᠮᠴᠢᠯᠡᠭᠡᠨ ᠤ ᠡᠬᠢ | ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠬᠡᠦᠬᠡᠳ ᠤᠨ ᠰᠠᠯᠠᠭᠠᠨ ᠤ ᠡᠮᠴᠢᠯᠡᠭᠡᠨ ᠤ ᠰᠢᠯᠢᠳᠡᠭ ᠡᠬᠢ | ᠪᠠᠶᠠᠯᠢᠭ ᠤᠨ ᠪᠣᠯᠣᠮᠵᠢᠲᠤ ᠴᠢᠨᠠᠷ ᠢ ᠳᠡᠭᠡᠭᠰᠢᠯᠡᠭᠦᠯᠪᠡ᠃ | ᠯᠢ ᠳ᠋ᠡ ᠴᠤᠸᠠᠨ ᠢᠯᠡᠷᠬᠡᠶᠢᠯᠡᠬᠦ ᠳᠤ ᠪᠠᠨ᠂ 2024 ᠣᠨ ᠳᠤ ᠬᠡᠦᠬᠡᠳ ᠤᠨ ᠡᠮᠴᠢᠯᠡᠭᠡ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠲᠣᠭᠲᠠᠯᠴᠠᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠮᠤᠵᠢ ᠪᠣᠯᠭᠠᠨ ᠳᠤ ᠨᠢᠭᠡᠨ | ᠥᠨᠳᠥᠷ ᠲᠦᠪᠰᠢᠨ ᠪᠦᠬᠦᠢ ᠬᠡᠦᠬᠡᠳ ᠤᠨ ᠲᠤᠰᠬᠠᠢ ᠡᠮᠨᠡᠯᠭᠡ ᠪᠤᠶᠤ ᠶᠡᠷᠦᠩᠬᠡᠶᠢᠯᠡᠭᠰᠡᠨ ᠡᠮᠨᠡᠯᠭᠡ ᠶᠢᠨ ᠬᠡᠦᠬᠡᠳ ᠤᠨ | ᠰᠠᠯᠠᠭ᠎ᠠ ᠪᠠᠶᠢᠭᠤᠯᠬᠤ ᠶᠢ ᠱᠠᠭᠠᠷᠳᠠᠵᠤ᠂ ᠡᠮᠴᠢᠯᠡᠭᠡᠨ ᠤ ᠪᠠᠶᠢᠭᠤᠯᠤᠮᠵᠢ ᠶᠢᠨ 24 ᠴᠠᠭ ᠢᠶᠠᠷ ᠠᠪᠤᠷᠠᠨ ᠵᠠᠰᠠᠬᠤ | ᠰᠠᠭᠠᠳ ᠦᠭᠡᠢ ᠵᠠᠮ ᠪᠠ ᠨᠢᠭᠡ ᠴᠣᠭᠴᠠᠵᠢᠭᠤᠯᠤᠭᠰᠠᠨ ᠦᠢᠯᠡᠴᠢᠯᠡᠭᠡ ᠶᠢ ᠲᠡᠭᠦᠯᠳᠡᠷᠵᠢᠭᠦᠯᠵᠦ᠂ ᠬᠡᠦᠬᠡᠳ ᠤᠨ | ᠰᠠᠯᠠᠭᠠᠨ ᠤ ᠡᠮᠨᠡᠯᠭᠡ ᠳᠤ ᠰᠠᠭᠤᠬᠤ ᠡᠮᠴᠢ ᠶᠢᠨ ᠵᠢᠷᠤᠮᠵᠢᠭᠰᠠᠨ ᠪᠣᠯᠪᠠᠰᠤᠷᠠᠯ ᠤᠨ ᠬᠡᠪᠴᠢᠶ᠎ᠡ ᠶᠢ ᠥᠷᠭᠡᠳᠬᠡᠨ᠂ | ᠬᠡᠦᠬᠡᠳ ᠤᠨ ᠰᠠᠯᠠᠭᠠᠨ ᠤ ᠮᠡᠷᠭᠡᠵᠢᠯ ᠤᠨ ᠡᠮᠨᠡᠯᠭᠡ ᠳᠤ ᠰᠠᠭᠤᠬᠤ ᠡᠮᠴᠢ ᠶᠢᠨ ᠵᠢᠷᠤᠮᠵᠢᠭᠰᠠᠨ ᠪᠣᠯᠪᠠᠰᠤᠷᠠᠯ ᠤᠨ | ᠰᠠᠭᠤᠷᠢᠨ ᠭᠠᠵᠠᠷ ᠪᠠ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠬᠡᠦᠬᠡᠳ ᠤᠨ ᠡᠮᠴᠢᠯᠡᠭᠡᠨ ᠤ | ᠪᠠᠲᠤᠯᠠᠭ᠎ᠠ ᠶᠢᠨ ᠣᠯᠭᠤᠮᠵᠢ ᠪᠠ ᠲᠣᠭᠠᠴᠠᠭ᠎ᠠ ᠬᠢᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ ᠭᠡᠵᠡᠢ᠃ | 82.7% ᠶᠢᠨ ᠬᠤᠶᠠᠳᠤᠭᠠᠷ ᠳᠡᠰ ᠠᠴᠠ ᠳᠡᠭᠡᠭᠰᠢᠬᠢ ᠠᠯᠪᠠᠨ ᠤ ᠪᠠᠶᠢᠭᠤᠯᠤᠭᠰᠠᠨ ᠡᠮᠨᠡᠯᠭᠡ ᠳᠤ ᠪᠣᠯᠵᠣᠬᠤ | ᠦᠢᠯᠡᠴᠢᠯᠡᠭᠡ ᠦᠷᠨᠢᠭᠦᠯᠦᠭᠰᠡᠨ ᠪᠦᠭᠡᠳ ︽ᠨᠠᠩ ᠳᠣᠲᠣᠨᠣᠰᠤᠭ ᠡᠮᠴᠢᠯᠡᠭᠡᠨ ᠤ ᠦᠢᠯᠡᠴᠢᠯᠡᠭᠡ︾ ᠬᠠᠩᠭᠠᠨ᠎ᠠ | ᠣᠳᠣᠬᠠᠨ ᠳᠤ ᠨᠢᠭᠡᠨᠲᠡ 82.7% ᠶᠢᠨ ᠬᠤᠶᠠᠳᠤᠭᠠᠷ ᠳᠡᠰ ᠠᠴᠠ ᠳᠡᠭᠡᠭᠰᠢᠬᠢ ᠠᠯᠪᠠᠨ ᠤ ᠪᠠᠶᠢᠭᠤᠯᠤᠭᠰᠠᠨ | ᠡᠮᠨᠡᠯᠭᠡ ᠳᠤ ᠪᠣᠯᠵᠣᠨ ᠣᠨᠣᠰᠢᠯᠠᠵᠤ ᠡᠮᠴᠢᠯᠡᠭᠦᠯᠬᠦ ᠦᠢᠯᠡᠴᠢᠯᠡᠭᠡ ᠦᠷᠨᠢᠭᠦᠯᠵᠦ᠂ ᠪᠦᠬᠦ ᠤᠯᠤᠰ ᠤᠨ ᠭᠤᠷᠪᠠᠳᠤᠭᠠᠷ | ᠳᠡᠰ ᠤᠨ ᠠᠯᠪᠠᠨ ᠤ ᠪᠠᠶᠢᠭᠤᠯᠤᠭᠰᠠᠨ ᠡᠮᠨᠡᠯᠭᠡ ᠶᠢᠨ ᠪᠣᠯᠵᠣᠨ ᠣᠨᠣᠰᠢᠯᠠᠵᠤ ᠡᠮᠴᠢᠯᠡᠭᠦᠯᠬᠦ ᠳᠤᠮᠳᠠᠴᠢ ᠨᠣᠷᠮ᠎ᠠ 61. | 1% ᠳᠤ ᠬᠦᠷᠴᠡᠢ᠃ | ᠯᠢ ᠳ᠋ᠡ ᠴᠤᠸᠠᠨ ᠲᠠᠨᠢᠯᠴᠠᠭᠤᠯᠬᠤ ᠳᠤ ᠪᠠᠨ᠂ ᠡᠮᠴᠢᠯᠡᠭᠡᠨ ᠤ ᠦᠢᠯᠡᠴᠢᠯᠡᠭᠡ ᠶᠢ ᠴᠢᠩᠭᠠᠳᠬᠠᠵᠤ᠂ ᠡᠪᠡᠳᠴᠢᠨ | ᠦᠵᠡᠭᠦᠯᠦᠭᠰᠡᠨ ᠲᠥᠷᠥᠭᠳᠡᠯ ᠢ ᠰᠠᠶᠢᠵᠢᠷᠠᠭᠤᠯᠬᠤ ᠪᠣᠯ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ | ᠮᠥᠴᠢᠷ ᠤᠨ ᠨᠢᠭᠡ ᠵᠦᠢᠯ ᠤᠨ ᠭᠤᠣᠯᠳᠠᠯᠭ᠎ᠠ ᠲᠠᠢ ᠠᠵᠢᠯ ᠮᠥᠨ᠃ 2015 ᠣᠨ ᠠᠴᠠ 2020 ᠣᠨ ᠪᠣᠯᠲᠠᠯ᠎ᠠ | ᠵᠠᠯᠭᠠᠭ᠎ᠠ ᠪᠠᠷ ᠬᠡᠷᠡᠭᠵᠢᠭᠦᠯᠦᠭᠰᠡᠨ ᠡᠮᠴᠢᠯᠡᠭᠡᠨ ᠤ ᠦᠢᠯᠡᠴᠢᠯᠡᠭᠡ ᠶᠢ ᠤᠯᠠᠮ ᠨᠢᠭᠡ ᠠᠯᠬᠤᠮ ᠰᠠᠶᠢᠵᠢᠷᠠᠭᠤᠯᠬᠤ ᠬᠤᠶᠠᠷ | ᠡᠭᠡᠯᠵᠢ ᠶᠢᠨ ᠠᠵᠢᠯᠯᠠᠭᠠᠨ ᠤ ᠲᠥᠯᠥᠪᠯᠡᠭᠡ ᠪᠠ 2023 ᠣᠨ ᠳᠤ ᠡᠬᠢᠯᠡᠭᠦᠯᠦᠭᠰᠡᠨ ︽ᠡᠪᠡᠳᠴᠢᠨ ᠦᠵᠡᠭᠦᠯᠦᠭᠰᠡᠨ | ᠲᠥᠷᠥᠭᠳᠡᠯ ᠢ ᠰᠠᠶᠢᠵᠢᠷᠠᠭᠤᠯᠵᠤ ᠡᠪᠡᠳᠴᠢᠲᠡᠨ ᠤ ᠪᠡᠶᠡᠴᠢ ᠣᠶᠢᠯᠠᠭᠠᠯᠲᠠ ᠶᠢ ᠳᠡᠭᠡᠭᠰᠢᠯᠡᠭᠦᠯᠬᠦ︾ ᠰᠡᠳᠦᠪᠲᠦ | ᠠᠵᠢᠯᠯᠠᠭ᠎ᠠ ᠳᠤ ᠴᠥᠮ ᠴᠠᠭ ᠬᠤᠪᠢᠶᠠᠵᠤ ᠪᠣᠯᠵᠣᠨ ᠡᠮᠴᠢᠯᠡᠭᠦᠯᠬᠦ᠂ ᠡᠪᠡᠳᠴᠢᠲᠡᠨ ᠤ ᠡᠭᠦᠳᠡᠨ ᠡᠮᠨᠡᠯᠭᠡ ᠳᠤ | ᠬᠦᠯᠢᠶᠡᠬᠦ ᠴᠠᠭ ᠢ ᠪᠣᠭᠤᠨᠢᠰᠬᠠᠬᠤ ᠲᠤᠬᠠᠢ ᠪᠣᠳᠠᠲᠠᠢ ᠱᠠᠭᠠᠷᠳᠠᠯᠭ᠎ᠠ ᠳᠤᠷᠠᠳᠴᠠᠢ ᠭᠡᠪᠡ᠃ | ᠯᠢ ᠳ᠋ᠡ ᠴᠤᠸᠠᠨ ᠢᠯᠡᠷᠬᠡᠶᠢᠯᠡᠬᠦ ᠳᠤ ᠪᠠᠨ᠂ 2024 ᠣᠨ ᠳᠤ ᠦᠢᠯᠡᠴᠢᠯᠡᠭᠡ ᠶᠢ ᠰᠠᠶᠢᠵᠢᠷᠠᠭᠤᠯᠬᠤ ︽ᠵᠢᠭᠠᠬᠠᠨ | ᠭᠠᠷᠳᠠᠴᠠ︾ ᠪᠠᠷ ᠡᠪᠡᠳᠴᠢᠨ ᠦᠵᠡᠭᠦᠯᠵᠦ ᠡᠮᠨᠡᠭᠦᠯᠬᠦ ︽ᠶᠡᠭᠡ ᠠᠷᠠᠳ ᠤᠨ ᠠᠮᠢᠳᠤᠷᠠᠯ︾ ᠢ ᠦᠷᠭᠦᠯᠵᠢᠯᠡᠨ | ᠳᠠᠶᠢᠴᠢᠯᠠᠵᠤ᠂ ᠡᠮᠴᠢᠯᠡᠭᠡᠨ ᠤ ᠬᠤᠯᠪᠣᠭ᠎ᠠ ᠳᠤ ᠲᠦᠰᠢᠭᠯᠡᠨ ᠡᠮᠴᠢᠯᠡᠭᠡᠨ ᠤ ᠦᠢᠯᠡᠴᠢᠯᠡᠭᠡ ᠶᠢᠨ ᠦᠷᠭᠦᠯᠵᠢᠯᠡᠬᠦ | ᠴᠢᠨᠠᠷ ᠢ ᠳᠡᠭᠡᠭᠰᠢᠯᠡᠭᠦᠯᠦᠨ᠂ ᠡᠪᠡᠳᠴᠢᠲᠡᠳ ᠲᠤ ᠡᠮᠨᠡᠯᠭᠡ ᠠᠴᠠ ᠭᠠᠷᠤᠭᠰᠠᠨ ᠤ ᠳᠠᠷᠠᠭᠠᠬᠢ ᠬᠠᠮᠢᠶᠠᠷᠤᠯᠲᠠ | ᠪᠠ ᠲᠠᠭᠠᠨ ᠰᠤᠷᠪᠤᠯᠵᠢᠯᠠᠬᠤ ᠦᠢᠯᠡᠴᠢᠯᠡᠭᠡ ᠬᠠᠩᠭᠠᠵᠤ᠂ ᠡᠮᠴᠢᠯᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ | ᠪᠠᠶᠢᠭᠠᠳ ︽ᠨᠢᠭᠡ ᠥᠷᠲᠡᠭᠡᠴᠢᠯᠡᠭᠰᠡᠨ ᠮᠠᠶ᠋ᠢᠭ︾ ᠤᠨ ᠦᠢᠯᠡᠴᠢᠯᠡᠭᠡᠨ ᠤ ᠲᠥᠪ ᠪᠠᠶᠢᠭᠤᠯᠵᠤ᠂ ᠰᠢᠨ᠎ᠡ ᠬᠡᠯᠪᠡᠷᠢ ᠶᠢᠨ | ᠡᠭᠦᠳᠡᠨ ᠡᠮᠨᠡᠯᠭᠡ ᠶᠢ ᠦᠷᠭᠦᠯᠵᠢᠯᠡᠨ ᠳᠡᠯᠭᠡᠷᠡᠭᠦᠯᠬᠦ ᠵᠡᠷᠭᠡ ᠣᠯᠠᠨ ᠲᠦᠮᠡᠨ ᠤ ᠡᠪᠡᠳᠴᠢᠨ ᠦᠵᠡᠭᠦᠯᠵᠦ ᠡᠮᠨᠡᠭᠦᠯᠬᠦ | ᠰᠢᠨ᠎ᠡ ᠬᠦᠰᠡᠯ ᠡᠷᠡᠮᠡᠯᠵᠡᠯ ᠳᠤ ᠰᠠᠨᠠᠭᠠᠴᠢᠯᠠᠭ᠎ᠠ ᠠᠴᠠ ᠪᠠᠨ ᠬᠠᠷᠢᠭᠤ ᠥᠭᠴᠦ᠂ ᠡᠮᠴᠢ ᠪᠠ ᠡᠪᠡᠳᠴᠢᠲᠡᠨ ᠤ ᠡᠶ᠎ᠡ | ᠵᠣᠬᠢᠴᠠᠯᠲᠦ ᠬᠠᠷᠢᠴᠠᠭ᠎ᠠ ᠶᠢ ᠪᠠᠶᠢᠭᠤᠯᠤᠨ᠂ ︽ᠨᠠᠩ ᠳᠣᠲᠣᠨᠣᠰᠤᠭ ᠡᠮᠴᠢᠯᠡᠭᠡᠨ ᠤ ᠦᠢᠯᠡᠴᠢᠯᠡᠭᠡ︾ ᠶᠢ ᠪᠣᠶ | ᠪᠣᠯᠭᠠᠨ᠎ᠠ ᠭᠡᠵᠡᠢ᠃ | ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠣᠨᠣᠰᠢᠯᠠᠨ ᠡᠮᠴᠢᠯᠡᠬᠦ ᠬᠥᠮᠥᠨ | ᠤᠳᠠᠭ᠎ᠠ ᠶᠢᠨ ᠡᠵᠡᠯᠡᠬᠦ ᠬᠠᠷᠢᠴᠠᠯ 52% ᠲᠤ ᠬᠦᠷᠦᠭᠰᠡᠨ ᠪᠦᠭᠡᠳ ᠱᠠᠲᠤ ᠬᠤᠪᠢᠶᠠᠨ ᠣᠨᠣᠰᠢᠯᠠᠨ ᠡᠮᠴᠢᠯᠡᠬᠦ | ᠳᠦᠷᠢᠮ ᠢ ᠡᠮᠬᠢ ᠵᠢᠷᠤᠮ ᠲᠠᠢ ᠠᠬᠢᠭᠤᠯᠤᠨ᠎ᠠ | ︽ᠶᠡᠭᠡ ᠡᠪᠡᠳᠴᠢᠨ ᠬᠦᠨᠳᠦ ᠡᠪᠡᠳᠴᠢᠨ ᠢ ᠲᠤᠰ ᠮᠤᠵᠢ ᠳᠤ ᠪᠠᠨ ᠰᠢᠢᠳᠪᠦᠷᠢᠯᠡᠴᠢᠬᠡᠨ᠎ᠡ᠂ ᠡᠩ ᠤᠨ | ᠡᠪᠡᠳᠴᠢᠨ ᠢ ᠬᠤᠲᠠ ᠰᠢᠶᠠᠨ ᠳᠤ ᠰᠢᠢᠳᠪᠦᠷᠢᠯᠡᠨ᠎ᠡ᠂ ᠲᠣᠯᠣᠭᠠᠢ ᠡᠪᠡᠳᠴᠦ ᠬᠠᠯᠠᠭᠤᠷᠠᠬᠤ ᠶᠢ ᠰᠢᠶᠠᠩ ᠪᠠᠯᠭᠠᠰᠤ᠂ | ᠲᠣᠰᠬᠤᠨ ᠳᠤ ᠰᠢᠢᠳᠪᠦᠷᠢᠯᠡᠨ᠎ᠡ︾᠂ ᠡᠨᠡ ᠪᠣᠯ ᠡᠮᠴᠢᠯᠡᠭᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠴᠢᠬᠤᠯᠠ | ᠬᠠᠷᠠᠯᠲᠠ ᠮᠥᠨ᠃ | ᠣᠳᠣᠬᠠᠨ ᠳᠤ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠣᠨᠣᠰᠢᠯᠠᠨ | ᠡᠮᠴᠢᠯᠡᠬᠦ ᠬᠥᠮᠥᠨ ᠤᠳᠠᠭ᠎ᠠ ᠶᠢᠨ ᠡᠵᠡᠯᠡᠬᠦ ᠬᠠᠷᠢᠴᠠᠯ 52% ᠲᠤ ᠬᠦᠷᠴᠡᠢ᠃ ᠤᠯᠤᠰ ᠤᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ ᠤᠨ ᠦᠨᠳᠦᠰᠦᠨ ᠱᠠᠲᠤᠨ ᠤ ᠵᠤᠷᠭᠠᠨ ᠤ ᠳᠠᠷᠤᠭ᠎ᠠ ᠹᠦ᠋ ᠸᠧᠢ ᠶᠢᠨ | ᠲᠠᠨᠢᠯᠴᠠᠭᠤᠯᠤᠭᠰᠠᠨ ᠢᠶᠠᠷ᠂ ᠱᠠᠲᠤ ᠬᠤᠪᠢᠶᠠᠨ ᠣᠨᠣᠰᠢᠯᠠᠨ ᠡᠮᠴᠢᠯᠡᠬᠦ ᠶᠢ ᠪᠡᠶᠡᠯᠡᠭᠦᠯᠬᠦ ᠶᠢᠨ ᠵᠠᠩᠭᠢᠯᠠᠭ᠎ᠠ ᠪᠣᠯ ᠬᠥᠳᠡᠭᠡ | ᠲᠣᠰᠬᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠢ ᠣᠯᠠᠨ ᠲᠦᠮᠡᠨ ᠤ ᠪᠠᠶᠢᠩᠭᠤ ᠲᠣᠬᠢᠶᠠᠯᠳᠤᠳᠠᠭ | ᠡᠪᠡᠳᠴᠢᠨ᠂ ᠣᠯᠠᠨ ᠡᠭᠦᠰᠳᠡᠭ ᠡᠪᠡᠳᠴᠢᠨ ᠢ ᠰᠢᠢᠳᠪᠦᠷᠢᠯᠡᠬᠦ ᠴᠢᠳᠠᠪᠤᠷᠢ ᠲᠠᠢ ᠪᠠᠶᠢᠵᠤ᠂ ᠡᠪᠡᠳᠴᠢᠨ ᠦᠵᠡᠭᠦᠯᠬᠦ | ᠦᠶ᠋ᠯᠡ ᠠᠵᠢᠯᠯᠠᠭ᠎ᠠ ᠳᠤ ᠴᠢᠬᠤᠯᠠ ᠪᠦᠬᠦᠢ ᠵᠢᠯᠣᠭᠤᠳᠤᠯᠭ᠎ᠠ ᠬᠢᠬᠦ ᠬᠡᠷᠡᠭᠲᠡᠢ᠂ ᠶᠠᠭᠠᠬᠢᠭᠰᠠᠨ ᠴᠤ ︽ᠵᠡᠭᠦᠦ ᠲᠠᠷᠢᠵᠤ︾ | ︽ᠡᠮ ᠠᠪᠬᠤ︾ ᠪᠠᠷ ᠯᠠ ᠬᠢᠵᠠᠭᠠᠷᠯᠠᠵᠤ ᠪᠣᠯᠬᠤ ᠦᠭᠡᠢ ᠭᠡᠵᠡᠢ᠃ | ᠹᠦ᠋ ᠸᠧᠢ ᠢᠯᠡᠷᠬᠡᠶᠢᠯᠡᠬᠦ ᠳᠤ ᠪᠠᠨ᠂ 2024 ᠣᠨ ᠳᠤ ᠨᠢᠭᠲᠠ ᠬᠡᠯᠪᠡᠷᠢ ᠪᠦᠬᠦᠢ ᠡᠮᠴᠢᠯᠡᠭᠡᠨ ᠤ ᠬᠠᠮᠲᠤ ᠶᠢᠨ | ᠴᠣᠭᠴᠠ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠬᠤ ᠪᠠᠷ ᠭᠤᠣᠯᠳᠠᠯᠭ᠎ᠠ ᠪᠣᠯᠭᠠᠵᠤ᠂ ᠠᠵᠢᠯᠲᠠᠨ᠂ | ᠮᠡᠷᠭᠡᠵᠢᠯ᠂ ᠦᠢᠯᠡᠴᠢᠯᠡᠭᠡ᠂ ᠬᠠᠮᠢᠶᠠᠷᠤᠯᠲᠠ ᠵᠡᠷᠭᠡ ᠳᠥᠷᠪᠡ ᠶᠢ ᠳᠣᠷᠣᠭᠰᠢ ᠪᠠᠭᠤᠯᠭᠠᠬᠤ ᠶᠢ ᠠᠬᠢᠭᠤᠯᠵᠤ᠂ | ᠦᠨᠳᠦᠰᠦᠨ ᠱᠠᠲᠤᠨ ᠳᠤ ᠠᠩᠬ᠎ᠠ ᠣᠨᠣᠰᠢᠯᠠᠬᠤ ᠪᠠ ᠬᠦᠴᠢᠷ ᠲᠦᠪᠡᠭᠲᠡᠢ ᠡᠪᠡᠳᠴᠢᠨ ᠡᠮᠭᠡᠭ ᠢ ᠢᠯᠭᠠᠨ ᠲᠠᠨᠢᠵᠤ | ᠰᠢᠯᠵᠢᠭᠦᠯᠦᠨ ᠣᠨᠣᠰᠢᠯᠠᠬᠤ ᠦᠢᠯᠡᠴᠢᠯᠡᠭᠡᠨ ᠤ ᠴᠢᠳᠠᠪᠤᠷᠢ ᠶᠢ ᠴᠢᠩᠭᠠᠳᠬᠠᠨ᠂ ᠦᠨᠳᠦᠰᠦᠨ ᠱᠠᠲᠤᠨ ᠳᠤ | ᠪᠠᠶᠢᠴᠠᠭᠠᠬᠤ᠂ ᠳᠡᠭᠡᠳᠦ ᠱᠠᠲᠤᠨ ᠳᠤ ᠣᠨᠣᠰᠢᠯᠠᠬᠤ᠂ ᠦᠷ᠎ᠡ ᠳ᠋ᠦᠩ ᠢ ᠬᠤᠪᠢᠶᠠᠯᠴᠠᠬᠤ ᠶᠢ ᠬᠡᠷᠡᠭᠵᠢᠭᠦᠯᠵᠦ᠂ | ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠢᠯᠡᠴᠢᠯᠡᠭᠡᠨ ᠤ ᠴᠢᠳᠠᠪᠤᠷᠢ ᠶᠢ | ᠬᠦᠴᠦᠯᠡᠨ ᠳᠡᠭᠡᠭᠰᠢᠯᠡᠭᠦᠯᠵᠦ᠂ ᠨᠠᠩ ᠣᠯᠠᠨ ᠪᠠᠶᠢᠩᠭᠤ ᠲᠣᠬᠢᠶᠠᠯᠳᠤᠳᠠᠭ ᠡᠪᠡᠳᠴᠢᠨ᠂ ᠣᠯᠠᠨ ᠡᠭᠦᠰᠳᠡᠭ | ᠡᠪᠡᠳᠴᠢᠨ ᠢ ᠰᠢᠶᠠᠨ ᠤ ᠬᠡᠪᠴᠢᠶᠡᠨ ᠳᠤ ᠰᠢᠢᠳᠪᠦᠷᠢᠯᠡᠵᠦ ᠴᠢᠳᠠᠬᠤ ᠪᠣᠯᠭᠠᠨ᠎ᠠ ᠭᠡᠪᠡ᠃ | ᠮᠤᠵᠢ ᠬᠤᠲᠠ ᠰᠢᠶᠠᠨ ᠭᠤᠷᠪᠠᠨ ᠱᠠᠲᠤᠨ ᠤ ᠬᠦᠨᠳᠦ ᠲᠦᠭᠰᠢᠭᠦᠷᠢᠲᠡᠢ ᠵᠢᠷᠮᠦᠰᠦᠨ ᠬᠥᠩᠭᠡᠵᠢᠭᠰᠡᠨ | ᠡᠮᠡᠭᠲᠡᠶᠢᠴᠦᠳ ᠢ ᠠᠪᠤᠷᠠᠨ ᠵᠠᠰᠠᠬᠤ ᠲᠥᠪ 3491 ᠳᠤ ᠬᠦᠷᠦᠭᠰᠡᠨ ᠪᠦᠭᠡᠳ ᠡᠬᠡ ᠨᠢᠯᠬᠠᠰ ᠤᠨ ᠠᠮᠤᠷ | ᠲᠦᠪᠰᠢᠨ ᠤ ᠪᠠᠲᠤᠯᠠᠭ᠎ᠠ ᠶᠢᠨ ᠰᠦᠯᠵᠢᠶ᠎ᠡ ᠶᠢ ᠨᠢᠭᠲᠠ ᠰᠦᠯᠵᠢᠨ᠎ᠡ | 2023 ᠣᠨ ᠳᠤ᠂ ᠪᠥᠬᠦ ᠤᠯᠤᠰ ᠤᠨ ᠵᠢᠷᠮᠦᠰᠦᠨ ᠬᠥᠩᠭᠡᠵᠢᠭᠰᠡᠨ ᠡᠮᠡᠭᠲᠡᠶᠢᠴᠦᠳ ᠤᠨ ᠠᠳᠡᠭᠰᠡᠨ ᠨᠣᠷᠮ᠎ᠠ | 15.1/10 ᠲᠦᠮᠡ ᠳᠤ ᠬᠦᠷᠴᠦ᠂ ᠨᠢᠯᠬ᠎ᠠ ᠬᠡᠦᠬᠡᠳ ᠤᠨ ᠠᠳᠡᠭᠰᠡᠨ ᠨᠣᠷᠮ᠎ᠠ 4.5‰᠂ 5 ᠨᠠᠰᠤᠨ ᠠᠴᠠ | ᠳᠣᠷᠣᠭᠰᠢᠬᠢ ᠬᠡᠦᠬᠡᠳ ᠤᠨ ᠠᠳᠡᠭᠰᠡᠨ ᠨᠣᠷᠮ᠎ᠠ 6.2‰ ᠲᠤ ᠬᠦᠷᠴᠦ᠂ 2020 ᠣᠨ ᠤ ᠬᠢ ᠲᠠᠢ | ᠬᠠᠷᠢᠴᠠᠭᠤᠯᠪᠠᠯ᠂ ᠲᠣᠰ ᠲᠣᠰ 10.7%᠂ 16.7% ᠪᠠ 17.3% ᠪᠠᠷ ᠪᠠᠭᠤᠷᠠᠪᠠ᠃ ᠨᠢᠯᠬ᠎ᠠ ᠬᠡᠦᠬᠡᠳ ᠤᠨ | ᠠᠳᠡᠭᠰᠡᠨ ᠨᠣᠷᠮ᠎ᠠ ᠪᠠ 5 ᠨᠠᠰᠤᠨ ᠠᠴᠠ ᠳᠣᠷᠣᠭᠰᠢᠬᠢ ᠬᠡᠦᠬᠡᠳ ᠤᠨ ᠠᠳᠡᠭᠰᠡᠨ ᠨᠣᠷᠮ᠎ᠠ ᠨᠢᠭᠡᠨᠲᠡ ︽14 · 5︾ | ᠶᠢᠨ ᠤᠯᠤᠰ ᠠᠷᠠᠳ ᠤᠨ ᠡᠷᠡᠭᠦᠯ ᠮᠡᠨᠳᠦ ᠶᠢᠨ ᠲᠦᠯᠦᠪᠯᠡᠭᠡ ᠶᠢᠨ ᠬᠠᠷᠠᠯᠲᠠ ᠶᠢᠨ ᠱᠠᠭᠠᠷᠳᠠᠯᠭ᠎ᠠ ᠳᠤ ᠬᠦᠷᠴᠡᠢ᠃ | ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠬᠡ ᠨᠢᠯᠬᠠᠰ ᠤᠨ ᠡᠷᠡᠭᠦᠯ ᠮᠡᠨᠳᠦ ᠶᠢᠨ | ᠵᠤᠷᠭᠠᠨ ᠤ ᠳᠡᠳ᠋ ᠳᠠᠷᠤᠭ᠎ᠠ ᠱᠧᠨ ᠬᠠᠢ ᠫᠢᠩ ᠤᠨ ᠲᠠᠨᠢᠯᠴᠠᠭᠤᠯᠤᠭᠰᠠᠨ ᠢᠶᠠᠷ᠂ ᠪᠥᠬᠦ ᠤᠯᠤᠰ ᠲᠤ ᠨᠢᠭᠡᠨᠲᠡ ᠮᠤᠵᠢ | ᠬᠤᠲᠠ ᠰᠢᠶᠠᠨ ᠭᠤᠷᠪᠠᠨ ᠱᠠᠲᠤᠨ ᠤ ᠬᠦᠨᠳᠦ ᠲᠦᠭᠰᠢᠭᠦᠷᠢᠲᠡᠢ ᠵᠢᠷᠮᠦᠰᠦᠨ ᠬᠥᠩᠭᠡᠵᠢᠭᠰᠡᠨ ᠡᠮᠡᠭᠲᠡᠶᠢᠴᠦᠳ ᠢ | ᠠᠪᠤᠷᠠᠨ ᠵᠠᠰᠠᠬᠤ ᠲᠥᠪ 3491᠂ ᠬᠦᠨᠳᠦ ᠲᠦᠭᠰᠢᠭᠦᠷᠢᠲᠡᠢ ᠨᠢᠷᠠᠢ ᠬᠡᠦᠬᠡᠳ ᠢ ᠠᠪᠤᠷᠠᠨ ᠵᠠᠰᠠᠬᠤ ᠲᠥᠪ ᠢ | 3321 ᠪᠠᠶᠢᠭᠤᠯᠵᠤ᠂ ᠬᠠᠮᠤᠷᠬᠤ ᠬᠡᠪᠴᠢᠶ᠎ᠡ ᠨᠢ ᠥᠷᠭᠡᠨ᠂ ᠱᠠᠲᠤ ᠬᠤᠪᠢᠶᠠᠨ ᠬᠠᠷᠢᠭᠤᠴᠠᠬᠤ᠂ ᠳᠡᠭᠡᠳᠦ ᠳᠣᠣᠷᠠᠳᠤ | ᠱᠠᠲᠤ ᠬᠤᠯᠪᠤᠭᠠᠯᠠᠨ ᠬᠦᠳᠡᠯᠦᠯᠴᠡᠬᠦ᠂ ᠡᠮᠬᠢ ᠵᠢᠷᠤᠮ ᠲᠠᠢ ᠠᠷᠭᠠᠴᠠᠭᠠᠬᠤ ᠬᠦᠨᠳᠦ ᠲᠦᠭᠰᠢᠭᠦᠷᠢᠲᠡᠢ ᠵᠢᠷᠮᠦᠰᠦᠨ | ᠬᠥᠩᠭᠡᠵᠢᠭᠰᠡᠨ ᠡᠮᠡᠭᠲᠡᠶᠢᠴᠦᠳ ᠪᠠ ᠨᠢᠷᠠᠢ ᠬᠡᠦᠬᠡᠳ ᠢ ᠠᠪᠤᠷᠠᠨ ᠵᠠᠰᠠᠬᠤ ᠲᠣᠭᠲᠠᠯᠴᠠᠭ᠎ᠠ ᠶᠢ ᠦᠨᠳᠦᠰᠦᠨ ᠳᠤ ᠪᠠᠨ | ᠪᠠᠶᠢᠭᠤᠯᠪᠠ ᠭᠡᠵᠡᠢ᠃ | ᠱᠧᠨ ᠬᠠᠢ ᠫᠢᠩ ᠢᠯᠡᠷᠬᠡᠶᠢᠯᠡᠬᠦ ᠳᠤ ᠪᠠᠨ᠂ ᠲᠠᠷᠠᠭᠠᠴᠢ ᠶᠢᠨ ᠠᠯᠬᠤᠮ ᠳᠤ᠂ ᠤᠯᠤᠰ ᠤᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ ︽ᠡᠬᠡ ᠨᠢᠯᠬᠠᠰ ᠤᠨ ᠠᠮᠤᠷ ᠲᠦᠪᠰᠢᠨ ᠤ ᠲᠠᠪᠤᠨ ᠵᠦᠢᠯ ᠤᠨ ᠳᠦᠷᠢᠮ︾ ᠢ | ᠦᠷᠭᠦᠯᠵᠢᠯᠡᠨ ᠪᠠᠬᠢᠵᠢᠭᠦᠯᠦᠨ ᠬᠡᠷᠡᠭᠵᠢᠭᠦᠯᠵᠦ᠂ ᠡᠬᠡ ᠨᠢᠯᠬᠠᠰ ᠤᠨ ᠠᠮᠤᠷ ᠲᠦᠪᠰᠢᠨ ᠤ ᠪᠠᠲᠤᠯᠠᠭ᠎ᠠ ᠶᠢᠨ | ᠰᠦᠯᠵᠢᠶ᠎ᠡ ᠶᠢ ᠨᠢᠭᠲᠠ ᠰᠦᠯᠵᠢᠵᠦ᠂ ᠬᠥᠩᠭᠡᠵᠢᠬᠦ ᠳᠤ ᠲᠤᠰᠠᠯᠠᠬᠤ ᠦᠢᠯᠡᠴᠢᠯᠡᠭᠡᠨ ᠤ ᠬᠠᠮᠢᠶᠠᠷᠤᠯᠲᠠ ᠶᠢ | ᠴᠢᠩᠭᠠᠳᠬᠠᠬᠤ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠵᠤ᠂ ᠪᠠᠴᠢᠮ ᠬᠦᠨᠳᠦ ᠲᠦᠭᠰᠢᠭᠦᠷᠢᠲᠡᠢ ᠡᠪᠡᠳᠴᠢᠲᠡᠨ ᠢ | ᠠᠪᠤᠷᠠᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠦᠨ᠂ ᠦᠷᠡᠵᠢᠯ ᠳᠤ ᠨᠥᠬᠦᠷᠰᠡᠭ ᠡᠮᠨᠡᠯᠭᠡ ᠶᠢᠨ ᠪᠠᠶᠢᠭᠤᠯᠤᠯᠲᠠ ᠶᠢ | ᠥᠷᠨᠢᠭᠦᠯᠵᠦ᠂ ᠵᠢᠷᠮᠦᠰᠦᠨ ᠪᠠ ᠬᠥᠩᠭᠡᠵᠢᠬᠦ ᠡᠮᠡᠭᠲᠡᠶᠢᠴᠦᠳ ᠤᠨ ᠡᠮᠨᠡᠯᠭᠡ ᠳᠤ ᠰᠠᠭᠤᠵᠤ ᠬᠥᠩᠭᠡᠵᠢᠬᠦ | ᠲᠠᠭᠠᠯᠠᠮᠵᠢ ᠶᠢᠨ ᠬᠡᠮᠵᠢᠶ᠎ᠡ ᠪᠠ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ ᠭᠡᠵᠡᠢ᠃ | | |