︽ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠳᠤ ᠣᠷᠣᠵᠤ ᠲᠡᠦᠬᠡ ᠰᠣᠶᠣᠯ ᠢᠶᠠᠨ ᠪᠠᠳᠠᠷᠠᠭᠤᠯᠤᠶ᠎ᠠ︾ — ᠡᠵᠡᠨ᠎ᠡ ᠬᠤᠰᠢᠭᠤᠨ ᠤ ᠪᠠᠶᠠᠨ ᠲᠤᠤᠷᠠᠢ ᠰᠤᠮᠤ
ᠨᠡᠶᠢᠲᠡᠯᠡᠭᠰᠡᠨ ᠴᠠᠭ᠄
2024/3/6
   ︽ᠤᠷᠭᠤᠭᠠᠳ ᠮᠢᠩᠭᠠᠨ ᠵᠢᠯ᠂ ᠦᠬᠢᠷᠡᠬᠡᠳ ᠮᠢᠩᠭᠠᠨ ᠵᠢᠯ᠂  ᠤᠨᠠᠭᠠᠳ ᠮᠢᠩᠭᠠᠨ ᠵᠢᠯ ᠢᠯᠵᠡᠷᠡᠬᠤ ᠦᠬᠡᠢ︾ ᠲᠣᠣᠷᠠᠢ ᠶᠢᠨ ᠤᠢ ᠪᠤᠯ ᠠᠯᠠᠱᠨ ᠶᠢᠨ ᠡᠯᠡᠰᠤᠨ ᠤ ᠴᠢᠮᠡᠭ ᠶᠤᠮ᠃ ᠪᠠᠶᠠᠨ ᠲᠤᠤᠷᠠᠢ ᠰᠤᠮᠤ ᠪᠣᠯ ᠤᠯᠤᠰ ᠤᠨ 5A ᠲᠠᠰ ᠤᠨ ᠲᠣᠣᠷᠠᠢ ᠶᠢᠨ ᠣᠶ ᠶᠢᠨ ᠦᠵᠡᠮᠵᠢ ᠶᠢᠨ ᠣᠷᠣᠨ ᠤ ᠭᠤᠤᠯ ᠳᠤ ᠪᠠᠶᠢᠷᠢᠯᠠᠳᠠᠭ᠃ᠭᠠᠵᠠᠷ ᠤᠨ ᠨᠡᠷ᠎ᠡ ᠶᠢᠨ ᠤᠳᠬ᠎ᠠ       ︽ᠪᠠᠶᠠᠨ ᠲᠤᠤᠷᠠᠢ︾ ᠭᠡᠳᠡᠭ ᠨᠢ ᠲᠣᠣᠷᠠᠢ ᠡᠯᠪᠡᠭ ᠬᠡᠰᠡᠨ ᠰᠠᠨᠠᠭ᠎ᠠ ᠲᠠᠢ ᠯᠨ ᠦᠬᠡ ᠳ᠋ᠠ᠃ᠭᠠᠵᠠᠷ ᠵᠦᠢ ᠶᠢᠨ ᠪᠠᠶᠢᠷᠢᠰᠢᠯ     ᠪᠠᠶᠠᠨ ᠲᠤᠤᠷᠠᠢ ᠰᠤᠮᠤ ᠨᠢ ᠡᠵᠡᠨ᠎ᠡ ᠬᠤᠰᠢᠭᠤᠨ ᠤ ᠳᠤᠮᠳᠠ ᠬᠡᠰᠡᠭ ᠲᠤ ᠪᠠᠶᠢᠷᠢᠯᠠᠵᠤ᠂ ᠵᠡᠭᠦᠨ ᠲᠠᠯ᠎ᠠ ᠪᠠᠷ ᠢᠶᠠᠨ  ᠦᠡᠭᠳᠤ ᠭᠤᠣᠯ ᠰᠤᠮᠤ ᠲᠠᠢ ᠬᠥᠷᠰᠢᠯᠡᠵᠦ᠂ ᠡᠮᠦᠨ᠎ᠡ ᠲᠠᠯ᠎ᠠ ᠪᠠᠷ ᠢᠶᠠᠨ ᠳ᠋ᠦᠩᠹᠧᠩ ᠪᠠᠯᠭᠠᠰᠤ᠂ ᠪᠠᠷᠠᠭᠤᠨ ᠲᠠᠯ᠎ᠠ ᠪᠠᠷ ᠢᠶᠠᠨ  ᠲᠠᠯᠠᠶᠢᠬᠦ᠋ᠪ ᠪᠠᠯᠭᠠᠰᠤ ᠪᠣᠯᠣᠨ ᠰᠠᠶᠢᠬᠠᠨ ᠲᠤᠤᠷᠠᠢ ᠰᠤᠮᠤ ᠲᠠᠢ ᠬᠦᠷᠰᠢᠯᠡᠨ᠂ ᠬᠤᠶᠢᠲᠤ ᠲᠠᠯ᠎ᠠ ᠪᠠᠷ ᠢᠶᠠᠨ ᠰᠤᠪᠠᠨᠠᠭᠤᠷ ᠰᠤᠮᠤ ᠲᠠᠢ  ᠬᠢᠯᠢᠯᠡᠵᠤ ᠪᠠᠶᠢᠨ᠎ᠠ᠃  ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ    ᠪᠠᠶᠠᠨ ᠲᠤᠤᠷᠠᠢ ᠰᠤᠮᠤ ᠨᠢ ᠡᠵᠡᠨ᠎ᠡ ᠬᠤᠰᠢᠭᠤᠨ ᠳᠤ ᠬᠠᠷᠢᠶᠠᠯᠠᠭᠳᠠᠵᠤ᠂ ᠵᠢᠷᠭᠠᠯᠠᠩᠳᠤ吉日嘎郎图᠂ ᠦᠰᠤᠷᠤᠩᠭᠦᠢ乌苏荣贵᠂ ᠤᠡᠭᠭᠤᠴᠨ ᠶᠢᠨ ᠲᠤᠤᠷᠠᠢ昂格茨音陶来᠂ ᠬᠤᠨᠢᠨ ᠬᠦᠪ浩宁呼布᠂ ᠡᠬᠢᠨ ᠬᠦᠰᠢᠬᠦᠷ额根呼修日᠂ ᠲᠤᠭᠤᠷᠢᠮ ᠤᠨ ᠲᠤᠤᠷᠠᠢ推日木音陶来᠂ ᠤᠯᠠᠭᠠᠨ ᠬᠡᠷᠡᠯ乌兰格日勒 ᠵᠡᠷᠬᠡ ᠲᠤᠯᠤᠭᠠᠨ ᠭᠠᠴᠠᠭ᠎ᠠ ᠲᠠᠢ᠃  ᠵᠠᠰᠠᠭ ᠵᠠᠬᠢᠷᠭᠠᠨ ᠤ ᠣᠷᠣᠨ ᠤ ᠤᠯᠠᠷᠢᠯ ᠬᠤᠪᠢᠰᠤᠯ    ᠪᠠᠶᠠᠨ ᠲᠤᠤᠷᠠᠢ ᠰᠤᠮᠤ ᠪᠣᠯ 1956 ᠣᠨ ᠤ 3 ᠰᠠᠷ᠎ᠠ ᠳᠤ ᠪᠠᠶᠢᠭᠤᠯᠤᠭᠳᠠᠭᠰᠠᠨ ᠴᠠᠭᠠᠨᠲᠤᠬᠠᠢ ᠶᠢᠨ ᠲᠠᠷᠢᠶᠠᠯᠠᠩ ᠤᠨ ᠲᠠᠯᠠᠪᠠᠢ ᠪᠣᠯᠣᠨ᠎ᠠ᠃ 1958 ᠣᠨ ᠳᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠢᠯᠡᠰ ᠢ ᠳᠡᠮᠵᠢᠬᠦ ᠶᠢᠨ ᠲᠥᠯᠥᠭᠡ ᠤᠯᠤᠰ ᠤᠨ ᠴᠠᠭᠠᠨ ᠲᠣᠬᠤᠢ ᠲᠠᠷᠢᠶᠠᠯᠠᠩ ᠤᠨ ᠲᠠᠯᠠᠪᠠᠢ ᠤᠯᠤᠰ ᠤᠨ ᠤᠷᠢᠶᠠᠯᠠᠭ᠎ᠠ ᠶᠢ ᠴᠤᠤᠷᠢᠶᠠᠲᠤᠨ ᠬᠤᠰᠢᠭᠤᠨ ᠤ ᠨᠠᠮ ᠵᠠᠰᠠᠭ ᠤᠨ ᠪᠠᠶᠢᠭᠤᠯᠭ᠎ᠠ ᠲᠠᠢ ᠬᠠᠮᠲᠤ ᠴᠠᠭᠠᠨ ᠲᠤᠬᠠᠢ ᠠᠴᠠ ᠨᠡᠬᠦᠪᠡ᠃ ᠲᠠᠯᠠᠪᠠᠢ ᠪᠠᠶᠢᠭᠤᠯᠬᠤ ᠦᠶ᠎ᠡ ᠳᠤ ᠲᠡᠷᠡ ᠭᠠᠵᠠᠷ ᠤᠨ ᠲᠣᠣᠷᠠᠢ ᠶᠢᠨ ᠤᠢ ᠪᠠᠷ ᠪᠠᠶᠠᠨᠲᠤᠬᠤᠢ ᠲᠠᠷᠢᠶᠠᠯᠠᠩ ᠤᠨ ᠲᠠᠯᠠᠪᠠᠢ ᠭᠡᠵᠦ ᠨᠡᠷᠡᠶᠢᠳᠪᠡ᠃ 1969 ᠣᠨ ᠳᠤ᠂ ᠨᠠᠮ ᠤᠨ ᠶᠢᠰᠦᠳᠦᠭᠡᠷ ᠶᠡᠭᠡ ᠬᠤᠷᠠᠯ ᠢ ᠬᠤᠷᠠᠯᠳᠤᠭᠤᠯᠤᠭᠰᠠᠨ ᠢ ᠳᠤᠷᠠᠰᠬᠠᠬᠤ ᠶᠢᠨ ᠲᠥᠯᠥᠭᠡ ︽4·1︾ ᠲᠠᠷᠢᠶᠠᠯᠠᠩ ᠤᠨ ᠲᠠᠯᠠᠪᠠᠢ ᠭᠡᠵᠦ ᠨᠡᠷ᠎ᠡ ᠪᠠᠨ ᠬᠠᠯᠠᠵᠤ᠂ ᠲᠠᠯᠠᠪᠠᠢ ᠶᠢᠨ ᠵᠠᠬᠢᠷᠭ᠎ᠠ ᠶᠢᠨ ᠰᠠᠭᠤᠭ᠎ᠠ ᠭᠠᠵᠠᠷ ᠨᠢ ᠠᠩᠰᠤ ᠶᠢᠨ ᠲᠤᠭᠤᠷᠠᠢ ᠲᠤᠤᠷᠠᠢ ᠳᠤ ᠪᠠᠶᠢᠵᠤ᠂ 8 ᠰᠤᠮᠤ ᠪᠠᠶᠢᠭᠤᠯᠵᠠᠢ᠃ 1978 ᠣᠨ ᠳᠤ ᠵᠢᠦᠴᠢᠦᠸᠠᠨ ᠣᠷᠣᠨ ᠤ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠲᠣᠪᠴᠢᠶ᠎ᠠ ᠳᠤ ᠰᠢᠯᠵᠢᠭᠦᠯᠦᠨ ᠬᠠᠷᠢᠶᠠᠯᠠᠭᠤᠯᠪᠠ᠃ 1979 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠲᠤᠪᠴᠢᠶ᠎ᠠ ᠳᠤ ᠬᠠᠷᠢᠶᠠᠯᠠᠭᠤᠯᠪᠠ᠃ 1980 ᠣᠨ ᠳᠤ ᠲᠠᠬᠢᠨᠳᠠ  ᠪᠠᠶᠠᠨ ᠲᠤᠤᠷᠠᠢ ᠲᠠᠷᠢᠶᠠᠯᠠᠩ ᠤᠨ ᠲᠠᠯᠠᠪᠠᠢ ᠭᠡᠵᠦ ᠨᠡᠷᠡᠶᠢᠳᠪᠡ᠃ 1984 ᠣᠨ ᠳᠤ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠠᠷᠢᠶᠠᠨ ᠳᠤ ᠪᠠᠶᠢᠪᠠ᠃ 2000 ᠣᠨ ᠳᠤ 8 ᠦᠢᠯᠡᠳᠪᠦᠷᠢᠯᠡᠯ ᠤᠨ ᠰᠤᠮᠤ ᠨᠡᠶᠢᠯᠡᠭᠡᠳ 4 ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠪᠠᠷᠢᠭᠠᠳᠠ ᠪᠣᠯᠪᠠ᠃ 2009 ᠣᠨ ᠳᠤ ᠪᠠᠶᠠᠨ ᠲᠤᠤᠷᠠᠢ ᠲᠠᠷᠢᠶᠠᠯᠠᠩ ᠤᠨ ᠲᠠᠯᠠᠪᠠᠢ ᠶᠢ ᠥᠭᠡᠷᠡᠴᠢᠯᠡᠭᠡᠳ  ᠪᠠᠶᠠᠨ  ᠲᠤᠤᠷᠠᠢ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠪᠣᠯᠭᠠᠪᠠ᠃ 2010 ᠣᠨ ᠳᠤ  ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠤᠨ 4 ᠲᠠᠷᠢᠶᠠᠯᠠᠩ ᠮᠠᠯ ᠠᠵᠤ ᠠᠬᠤᠢ ᠶᠢᠨ ᠠᠩᠭᠢ ᠶᠢ 4 ᠭᠠᠴᠠᠭ᠎ᠠ ᠪᠣᠯᠭᠠᠨ ᠥᠭᠡᠷᠡᠴᠢᠯᠡᠪᠡ᠃ 2012 ᠣᠨ ᠳᠤ ᠪᠠᠶᠠᠨ ᠲᠤᠤᠷᠠᠢ ᠶᠢᠨ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰᠵᠢᠯᠲᠡ ᠶᠢᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢ ᠰᠤᠮᠤ ᠶᠢᠨ ᠪᠠᠶᠢᠭᠤᠯᠤᠮᠵᠢ ᠶᠢᠨ ᠳᠦᠷᠢᠮ ᠪᠣᠯᠭᠠᠨ ᠥᠭᠡᠷᠡᠴᠢᠯᠡᠪᠡ᠃ᠵᠠᠰᠠᠭ ᠵᠠᠬᠢᠷᠭᠠᠨ ᠤ ᠣᠷᠣᠨ ᠤ ᠲᠡᠦᠬᠡ ᠰᠣᠶᠣᠯ   ᠪᠠᠶᠠᠨ ᠲᠤᠤᠷᠠᠢ ᠰᠤᠮᠤ ᠶᠢᠨ ᠭᠤᠣᠯ ᠪᠣᠯᠬᠤ ᠬᠥᠮᠥᠨ ᠰᠣᠶᠣᠯ ᠤᠨ ᠦᠵᠡᠮᠵᠢ ᠳᠤ ᠠᠲᠠᠷ ᠬᠠᠭᠠᠯᠪᠤᠷᠢᠯᠠᠯᠲᠠ ᠶᠢᠨ ᠬᠤᠷᠢᠶᠠᠨ ᠬᠠᠳᠠᠭᠠᠯᠠᠬᠤ ᠲᠠᠰᠤᠭ᠂ ᠦᠨᠳᠦᠰᠦᠲᠡᠨ ᠤ ᠪᠦᠯᠬᠦᠮᠳᠡᠯ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠦᠵᠡᠭᠦᠯᠦᠯᠭᠡ ᠶᠢᠨ ᠲᠢᠩᠬᠢᠮ᠂  ᠲᠤᠷᠤᠨᠠᠰᠢ ᠪᠤᠴᠠᠬᠰᠠᠳ ᠤᠨ ᠳᠤᠷᠠᠰᠬᠠᠯ ᠤᠨ ᠭᠠᠵᠠᠷ — ᠲᠣᠷᠭᠤᠳ ᠤᠨ ᠵᠠᠩ ᠦᠢᠯᠡ ᠶᠢᠨ ᠰᠣᠶᠣᠯ ᠤᠨ ᠬᠦᠷᠢᠶᠡᠯᠡᠩ ᠵᠡᠷᠭᠡ ᠪᠤᠢ᠃ ᠠᠲᠠᠷ ᠬᠠᠭᠠᠯᠪᠤᠷᠢᠯᠠᠯᠲᠠ ᠶᠢᠨ ᠬᠤᠷᠢᠶᠠᠨ ᠬᠠᠳᠠᠭᠠᠯᠠᠬᠤ ᠲᠠᠰᠤᠭ ᠪᠣᠯ ᠪᠠᠶᠠᠨ ᠲᠤᠤᠷᠠᠢ ᠰᠤᠮᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠳᠤᠮᠳᠠᠬᠢ ᠰᠣᠶᠣᠯ ᠢ ᠬᠥᠭᠵᠢᠭᠦᠯᠦᠨ ᠮᠠᠨᠳᠤᠭᠤᠯᠬᠤ ᠶᠢᠨ ᠴᠢᠬᠤᠯᠠ ᠪᠦᠷᠢᠯᠳᠦᠭᠦᠨ ᠬᠡᠰᠡᠭ ᠮᠥᠨ᠂ ᠪᠠᠰᠠ ᠴᠤ ᠨᠠᠮ ᠤᠨ ᠬᠡᠰᠢᠬᠦᠳ ᠪᠠ ᠮᠠᠯᠴᠢᠨ ᠲᠠᠷᠢᠶᠠᠴᠢᠨ ᠲᠦᠮᠡᠨ ᠤ ᠰᠢᠯᠢᠳᠡᠭ ᠤᠯᠠᠮᠵᠢᠯᠠᠯᠲᠤ ᠰᠣᠶᠣᠯ ᠢ ᠰᠤᠷᠤᠯᠴᠠᠨ ᠪᠠᠳᠠᠷᠠᠭᠤᠯᠬᠤ ᠭᠤᠣᠯ ᠵᠢᠭᠰᠠᠭᠠᠯ ᠤᠨ ᠭᠠᠵᠠᠷ ᠮᠥᠨ᠃ 2018 ᠣᠨ ᠤ 5 ᠳ᠋ᠤᠭᠠᠷ ᠰᠠᠷ᠎ᠠ ᠶᠢᠨ 20 ᠤ ᠡᠳᠦᠷ ᠬᠤᠷᠢᠶᠠᠨ ᠬᠠᠳᠠᠭᠠᠯᠠᠬᠤ ᠲᠠᠰᠤᠭ ᠢ ᠥᠭᠡᠷᠡᠴᠢᠯᠡᠨ ᠪᠠᠶᠢᠭᠤᠯᠵᠤ᠂ ᠪᠠᠷᠢᠯᠭ᠎ᠠ ᠶᠢᠨ ᠲᠠᠯᠠᠪᠠᠶ ᠨᠢ 230 ᠲᠡᠭᠰᠢ ᠳᠥᠷᠪᠡᠯᠵᠢᠨ ᠮᠧᠲᠷ ᠲᠤ ᠬᠦᠷᠴᠦ᠂ 200 ᠭᠠᠷᠤᠢ ᠦᠢᠯᠡᠳᠪᠦᠷᠢᠯᠡᠯ ᠠᠮᠢᠳᠤᠷᠠᠯ ᠤᠨ ᠬᠡᠷᠡᠭᠰᠡᠯ ᠤᠨ ᠬᠠᠳᠠᠭᠠᠯᠠᠮᠵᠢ ᠶᠢ ᠳᠡᠯᠭᠡᠨ ᠲᠠᠯᠪᠢᠵᠤ᠂ ᠬᠠᠭᠠᠰ ᠢᠯᠡᠭᠦᠦ ᠵᠠᠭᠤᠨ ᠤ ᠲᠠᠷᠢᠶᠠᠯᠠᠩ ᠤᠨ ᠠᠲᠠᠷ ᠬᠠᠭᠠᠯᠪᠤᠷᠢᠯᠠᠭᠴᠢ ᠶᠢᠨ ᠦᠢᠯᠡᠰ ᠴᠣᠭᠴᠠᠯᠠᠬᠤ ᠵᠣᠷᠢᠭ ᠰᠠᠨᠠᠭ᠎ᠠ ᠶᠢ ᠭᠦᠢᠴᠡᠳ ᠢᠯᠡᠷᠡᠭᠦᠯᠦᠭᠰᠡᠨ ᠪᠠᠶᠢᠨ᠎ᠠ᠃ ᠦᠨᠳᠦᠰᠦᠲᠡᠨ ᠤ ᠪᠦᠯᠬᠦᠮᠳᠡᠯ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠦᠵᠡᠭᠦᠯᠦᠯᠭᠡ ᠶᠢᠨ ᠲᠢᠩᠬᠢᠮ ᠪᠣᠯ ᠮᠠᠯᠴᠢᠨ ᠲᠠᠷᠢᠶᠠᠴᠢᠨ ᠤ ᠤᠶᠤᠨ ᠤ ᠰᠣᠶᠣᠯ ᠤᠨ ᠭᠡᠷ ᠣᠷᠣᠨ ᠪᠣᠯᠣᠨ᠎ᠠ᠂ ᠣᠷᠳᠣᠨ ᠳᠤ 400 ᠭᠠᠷᠤᠢ ᠤᠯᠠᠮᠵᠢᠯᠠᠯᠲᠤ ᠦᠢᠯᠡᠳᠪᠦᠷᠢᠯᠡᠯ ᠠᠮᠢᠳᠤᠷᠠᠯ ᠤᠨ ᠬᠡᠷᠡᠭᠰᠡᠯ᠂ ᠰᠣᠶᠣᠯ ᠤᠨ ᠠᠴᠢᠶᠠᠯᠠᠪᠤᠷᠢ ᠶᠢ ᠳᠡᠯᠭᠡᠨ ᠦᠵᠡᠭᠦᠯᠵᠦ᠂ ᠮᠢᠩ ᠤᠯᠤᠰ᠂ ᠴᠢᠩ ᠤᠯᠤᠰ᠂ ᠴᠢᠯᠦᠭᠡᠯᠡᠭᠳᠡᠬᠦ ᠶᠢᠨ ᠡᠮᠦᠨ᠎ᠡ ᠬᠤᠶᠢᠨ᠎ᠠ᠂ ᠥᠭᠡᠷᠡᠴᠢᠯᠡᠯᠲᠡ ᠨᠡᠭᠡᠭᠡᠯᠲᠡ ᠶᠢᠨ ᠬᠡᠳᠦᠨ ᠴᠠᠭ ᠦᠶ᠎ᠡ ᠶᠢ ᠰᠤᠨᠳᠠᠯᠠᠭᠰᠠᠨ  ᠲᠤᠷᠭᠤᠳᠴᠤᠳ ᠤᠨ ᠬᠥᠭᠵᠢᠯᠲᠡ ᠶᠢᠨ ᠲᠡᠦᠬᠡ ᠶᠢᠨ ᠬᠤᠷᠢᠶᠠᠩᠭᠤᠢ ᠳᠦᠷᠰᠦ ᠪᠣᠯᠣᠨ᠎ᠠ᠃ ᠲᠤᠷᠤᠨᠠᠰᠢ ᠪᠤᠴᠠᠬᠰᠠᠨ ᠳᠤᠷᠠᠰᠬᠠᠯ ᠤᠨ ᠭᠠᠵᠠᠷ — ᠲᠣᠷᠭᠤᠳ ᠤᠨ ᠵᠠᠩ ᠦᠢᠯᠡ ᠶᠢᠨ ᠰᠣᠶᠣᠯ ᠤᠨ ᠬᠦᠷᠢᠶᠡᠯᠡᠩ ᠳᠤ ᠬᠦᠷᠴᠦ᠂ ᠡᠵᠡᠨ᠎ᠡ ᠬᠤᠰᠢᠭᠤᠨ ᠤ ᠬᠠᠭᠤᠴᠢᠨ ᠲᠤᠷᠭᠤᠳᠴᠤᠳ ᠤᠨ ᠥᠨᠢ ᠤᠳᠠᠭᠠᠨ ᠨᠡᠭᠦᠳᠡᠯ ᠰᠣᠶᠣᠯ ᠢ ᠳᠡᠯᠭᠡᠨ ᠦᠵᠡᠭᠦᠯᠵᠦ᠂ ᠬᠤᠪᠢ ᠶᠢᠨ ᠬᠡᠷᠯᠢᠭ ᠲᠡᠷᠬᠡᠳᠡᠳ ᠤᠨ ᠪᠠᠭᠤᠴᠠ᠂ ᠣᠨᠴᠠᠯᠢᠭᠲᠤ ᠭᠤᠣᠯ ᠰᠡᠳᠦᠪᠲᠦ  ᠪᠠᠭᠤᠴᠨ᠂ ᠰᠡᠯᠡᠭᠦᠴᠡᠯ ᠵᠤᠭ᠎ᠠ ᠴᠡᠩᠭᠡᠬᠦᠨ ᠢ ᠨᠢᠭᠡ ᠴᠣᠭᠴᠠᠵᠢᠭᠤᠯᠤᠭᠰᠠᠨ ᠣᠨᠴᠠᠯᠢᠭᠲᠤ ᠵᠠᠩ ᠦᠢᠯᠡ ᠶᠢᠨ ᠰᠣᠶᠣᠯ ᠢ ᠪᠡᠶᠡᠴᠢᠯᠡᠨ ᠣᠶᠢᠯᠠᠭᠠᠬᠤ ᠬᠦᠷᠢᠶᠡᠯᠡᠩ ᠲᠣᠭᠤᠷᠢᠭ ᠪᠣᠯᠣᠨ᠎ᠠ᠃      
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号