ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠢᠨ ᠣᠶᠤᠲᠠᠳ ᠤᠨ ᠠᠵᠢᠯ ᠣᠯᠭᠤᠯᠲᠠ ᠶᠢ ᠢᠳᠡᠪᠬᠢᠲᠡᠢ ᠳᠡᠮᠵᠢᠪᠡ
ᠨᠡᠶᠢᠲᠡᠯᠡᠭᠰᠡᠨ ᠴᠠᠭ᠄
2024/4/11
   ︽ᠥᠪᠥᠷ ᠮᠣᠩᠭᠤᠯ ᠤᠨ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠨ ᠤ ᠡᠪᠯᠡᠯ ᠤᠨ ᠥᠪᠡᠷᠲᠡᠭᠡᠨ ᠵᠠᠰᠠᠬᠤ ᠣᠷᠣᠨ ᠳᠤ ᠦᠢᠯᠡᠴᠢᠯᠡᠬᠦ ᠬᠤᠶᠠᠷ ᠶᠡᠭᠡ ᠶᠠᠪᠤᠳᠠᠯ ᠤᠨ ᠠᠵᠢᠯᠯᠠᠭ᠎ᠠ ᠶᠢᠨ ᠲᠥᠰᠥᠯ︾ ᠤᠨ ᠱᠠᠭᠠᠷᠳᠠᠯᠭ᠎ᠠ ᠶᠢ   ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠣᠶᠤᠲᠠᠳ ᠤᠨ ᠠᠵᠢᠯ ᠣᠯᠭᠤᠯᠲᠠ ᠳᠤ ᠲᠤᠰᠠᠯᠠᠬᠤ ᠠᠵᠢᠯ ᠢ ᠪᠦᠬᠦ ᠲᠠᠯ᠎ᠠ  ᠪᠠᠷ ᠰᠠᠶᠢᠳᠤᠷ ᠬᠢᠬᠦ ᠶᠢᠨ ᠲᠦᠯᠤᠬᠡ ᠥᠪᠥᠷ ᠮᠣᠩᠭᠤᠯ ᠤᠨ ᠢᠲᠡᠭᠡᠮᠵᠢ ᠶᠢᠨ ᠬᠤᠳᠠᠯᠳᠤᠭᠠᠴᠢᠳ ᠤᠨ ᠡᠪᠯᠡᠯ ᠤᠨ ᠬᠢᠨ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠲᠡᠦᠬᠡ ᠰᠣᠶᠣᠯ ᠤᠨ ᠳᠡᠭᠡᠳᠦ ᠰᠤᠷᠭᠠᠭᠤᠯᠢ᠂ ᠵᠠᠰᠠᠭ ᠤᠨ ᠣᠷᠳᠣᠨ ᠤ ᠬᠠᠮᠢᠶᠠᠷᠤᠯᠲᠠ ᠶᠢᠨ ᠳᠡᠭᠡᠳᠦ ᠰᠤᠷᠭᠠᠭᠤᠯᠢ᠂ ᠹᠢᠽᠢᠺ ᠬᠢᠭᠡᠳ ᠡᠯᠧᠺᠲᠷᠣᠨ ᠤ ᠳᠡᠭᠡᠳᠦ ᠰᠤᠷᠭᠠᠭᠤᠯᠢ᠂ ᠬᠢᠮᠢ ᠬᠢᠭᠡᠳ ᠣᠷᠴᠢᠨ ᠲᠣᠭᠤᠷᠢᠨ ᠤ ᠰᠢᠨᠵᠢᠯᠡᠬᠦ ᠤᠬᠠᠭᠠᠨ ᠤ ᠬᠦᠷᠢᠶᠡᠯᠡᠩ᠂ ᠺᠣᠮᠫᠢᠦ᠋ᠲ᠋ᠧᠷ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠰᠡᠳᠬᠢᠴᠡ ᠶᠢᠨ ᠳᠡᠭᠡᠳᠦ ᠰᠤᠷᠭᠠᠭᠤᠯᠢ᠂ ᠵᠢᠷᠤᠭ ᠲᠥᠯᠥᠪᠯᠡᠭᠡ ᠶᠢᠨ ᠳᠡᠭᠡᠳᠦ ᠰᠤᠷᠭᠠᠭᠤᠯᠢ ᠵᠡᠷᠭᠡ ᠬᠤᠶᠠᠳᠤᠭᠠᠷ ᠳᠡᠰ ᠤᠨ 7 ᠳᠡᠭᠡᠳᠦ ᠰᠤᠷᠭᠠᠭᠤᠯᠢ ᠶᠢᠨ ᠬᠢᠨ ᠲᠠᠢ ᠬᠠᠮᠲᠤᠷᠠᠨ 3 ᠳ᠋ᠤᠭᠠᠷ ᠰᠠᠷ᠎ᠠ ᠶᠢᠨ 28 ᠤ ᠡᠳᠦᠷ ᠤᠨ ᠦᠳᠡ ᠶᠢᠨ ᠡᠮᠦᠨ᠎ᠡ  ︽2024 ᠣᠨ ᠤ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠰᠢᠨ᠎ᠡ ᠲᠧᠭᠨᠢᠭ ᠤᠨ ᠤᠬᠠᠭᠠᠨ᠂ ᠰᠢᠨ᠎ᠡ ᠨᠡᠶᠢᠭᠡᠮ ᠤᠨ ᠰᠢᠨᠵᠢᠯᠡᠬᠦ ᠤᠬᠠᠭᠠᠨ᠂ ᠰᠠᠭᠤᠷᠢ ᠣᠷᠣᠶᠢᠯᠠᠭᠰᠠᠨ ᠰᠢᠨᠵᠢᠯᠡᠭᠡᠨ ᠤ ᠰᠠᠯᠠᠭ᠎ᠠ ᠶᠢᠨ ᠴᠢᠳᠠᠪᠤᠷᠢᠲᠠᠨ ᠡᠯᠰᠡᠬᠦ  ᠬᠠᠪᠤᠷ ᠤᠨ ᠴᠤᠭᠯᠠᠭᠠᠨ︾ ᠢ ᠡᠷᠭᠢᠯᠡᠪᠡ᠃
W020240410349946560703_ORIGIN.png
    ᠠᠵᠢᠯᠲᠠᠨ ᠡᠯᠰᠡᠬᠦ ᠴᠤᠭᠯᠠᠭᠠᠨ ᠳᠤ ᠨᠡᠶᠢᠲᠡ 100 ᠭᠠᠷᠤᠢ ᠬᠥᠮᠥᠨ ᠬᠡᠷᠡᠭᠯᠡᠬᠦ ᠨᠢᠬᠡᠴᠢ ᠣᠷᠣᠯᠴᠠᠵᠤ᠂ 4000 ᠭᠠᠷᠤᠢ ᠠᠵᠢᠯ ᠤᠨ ᠪᠠᠶᠢᠷᠢ ᠬᠠᠩᠭᠠᠵᠤ᠂ 1500 ᠭᠠᠷᠤᠢ ᠬᠥᠮᠥᠨ ᠢ ᠣᠷᠣᠯᠠᠨ ᠡᠯᠰᠡᠵᠦ᠂ ᠴᠢᠳᠠᠪᠤᠷᠢᠲᠠᠨ ᠢ ᠨᠥᠭᠡᠴᠡᠯᠡᠬᠦ ᠠᠵᠢᠯ ᠤᠨ ᠪᠠᠶᠢᠷᠢ ︵2025 ᠬᠤᠭᠤᠴᠠᠭᠠᠨ ᠤ ᠳᠠᠳᠤᠯᠭ᠎ᠠ ᠶᠢᠨ ᠰᠣᠷᠣᠭᠴᠢ︶ 120 ᠬᠥᠮᠥᠨ ᠪᠣᠶ᠃ ᠠᠵᠢᠯ ᠤᠨ ᠪᠠᠶᠢᠷᠢ ᠨᠢ ᠰᠣᠶᠣᠯ ᠬᠤᠳᠠᠯᠳᠤᠭ᠎ᠠ᠂ ᠮᠠᠲ᠋ᠧᠷᠢᠶᠠᠯ᠂ ᠮᠧᠬᠠᠨᠢᠭ᠂ ᠡᠯᠧᠺᠲᠷᠣᠨ ᠮᠡᠳᠡᠭᠡ ᠵᠠᠩᠭᠢ᠂ ᠡᠨᠧᠷᠭᠢ ᠶᠢᠨ ᠬᠥᠳᠡᠯᠭᠡᠭᠴᠢ ᠬᠦᠴᠦᠨ᠂ ᠬᠢᠮᠢ ᠶᠢᠨ ᠠᠵᠤ ᠦᠢᠯᠡᠳᠪᠦᠷᠢ᠂ ᠣᠷᠴᠢᠨ ᠠᠬᠤᠢ ᠶᠢᠨ ᠡᠬᠢ ᠪᠠᠶᠠᠯᠢᠭ᠂ ᠺᠣᠮᠫᠢᠦ᠋ᠲ᠋ᠧᠷ᠂ ᠲᠣᠮᠣ ᠳ᠋ᠠᠶᠢᠲ᠋ᠠ᠂ ᠵᠣᠬᠢᠶᠠᠮᠠᠯ ᠣᠶᠤᠨ᠂ ᠰᠡᠳᠬᠢᠴᠡ ᠶᠢᠨ ᠡᠷᠡᠭᠦᠯ ᠮᠡᠨᠳᠦ᠂ ᠤᠷᠠᠯᠢᠭ ᠤᠨ ᠵᠢᠷᠤᠭ ᠲᠥᠯᠥᠪᠯᠡᠭᠡ᠂ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠵᠡᠷᠭᠡ ᠣᠯᠠᠨ ᠠᠵᠢᠯ ᠲᠥᠷᠥᠯ ᠳᠤ ᠬᠤᠯᠪᠣᠭᠳᠠᠵᠤ᠂ ᠲᠡᠭᠦᠰᠬᠦ ᠰᠤᠷᠤᠭᠴᠢᠳ ᠲᠤ ᠣᠯᠠᠨ ᠡᠰᠢᠲᠦ ᠠᠵᠢᠯ ᠤᠨ ᠪᠠᠶᠢᠷᠢ ᠶᠢᠨ ᠰᠣᠩᠭᠤᠯᠲᠠ ᠬᠠᠩᠭᠠᠭᠰᠠᠨ ᠪᠠᠶᠢᠨ᠎ᠠ᠃ ᠲᠤᠬᠠᠢ ᠶᠢᠨ ᠲᠠᠯᠠᠪᠠᠶ ᠳᠤ 2100 ᠭᠠᠷᠤᠢ ᠰᠤᠷᠤᠭᠴᠢ ᠠᠰᠠᠭᠤᠨ ᠯᠠᠪᠯᠠᠵᠤ᠂ 188 ᠬᠥᠮᠥᠨ ᠤ ᠠᠵᠢᠯ ᠣᠯᠬᠤ ᠰᠠᠨᠠᠮᠵᠢ ᠲᠣᠬᠢᠷᠠᠵᠤ᠂ 36 ᠬᠥᠮᠥᠨ ᠤ ᠨᠢᠭᠤᠷᠲᠠᠨ ᠰᠢᠯᠭᠠᠯᠲᠠ ᠳᠤ ᠠᠮᠵᠢᠯᠲᠠ ᠲᠠᠢ ᠪᠠᠷ ᠭᠠᠷ ᠤᠨ ᠥᠰᠥᠭ ᠵᠢᠷᠤᠵᠤ᠂ 152 ᠬᠥᠮᠥᠨ ᠤ ᠨᠢᠭᠤᠷᠲᠠᠨ ᠰᠢᠯᠭᠠᠬᠤ ᠶᠢ ᠬᠦᠯᠢᠶᠡᠵᠦ ᠪᠠᠶᠢᠨ᠎ᠠ᠃ ᠬᠤᠷᠠᠯ ᠤᠨ ᠲᠠᠯᠠᠪᠠᠶ ᠳᠤ ᠰᠦᠯᠵᠢᠶᠡᠨ ᠳᠡᠭᠡᠷᠡᠬᠢ ︽ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠶᠢ ᠳᠠᠭᠠᠭᠤᠯᠬᠤ︾ ᠠᠵᠢᠯᠯᠠᠭ᠎ᠠ ᠶᠢ ᠵᠡᠷᠭᠡ ᠪᠠᠷ ᠥᠷᠨᠢᠭᠦᠯᠵᠦ᠂ 26 ᠠᠵᠤ ᠠᠬᠤᠶᠢᠯᠠᠯ ᠰᠦᠯᠵᠢᠶᠡᠨ ᠳᠡᠭᠡᠷ᠎ᠡ ᠣᠷᠣᠯᠴᠠᠵᠤ᠂ 5 ᠲᠦᠮᠡ ᠭᠠᠷᠤᠢ ᠬᠥᠮᠥᠨ ᠰᠦᠯᠵᠢᠶᠡᠨ ᠳᠡᠭᠡᠷ᠎ᠡ ᠠᠰᠠᠭᠤᠨ ᠯᠠᠪᠯᠠᠬᠰᠠᠨ ᠪᠠᠶᠢᠨ᠎ᠠ᠃   ᠠᠵᠢᠯᠲᠠᠨ ᠡᠯᠰᠡᠬᠦ ᠴᠤᠭᠯᠠᠭᠠᠨ ᠢ ᠠᠮᠵᠢᠯᠲᠠ ᠲᠠᠢ ᠡᠷᠭᠢᠯᠡᠭᠰᠡᠨ ᠨᠢ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠴᠢᠯᠡᠭᠡᠨ ᠤ ᠴᠢᠳᠠᠮᠵᠢ ᠶᠢ ᠭᠦᠢᠴᠡᠳ ᠪᠠᠳᠠᠷᠠᠭᠤᠯᠵᠤ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠂ ︽ᠴᠢᠳᠠᠪᠤᠷᠢᠲᠠᠨ ᠢ ᠴᠤᠭᠯᠠᠭᠤᠯᠬᠤ︾ ᠪᠠ ︽ᠠᠵᠢᠯ ᠡᠷᠢᠬᠦ︾ ᠬᠤᠣᠰ ᠴᠢᠭᠯᠡᠯ ᠢᠶᠠᠷ ᠰᠣᠩᠭᠤᠬᠤ ᠲᠠᠪᠴᠠᠩ ᠢ ᠥᠷᠭᠡᠳᠬᠡᠵᠦ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠪᠡ᠃ 
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号