ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠲᠥᠯᠦᠪᠵᠢᠭᠦᠯᠭᠡ ᠶᠢᠨ ᠡᠳ᠋ ᠤᠨ ᠶᠠᠪᠤᠳᠠᠯ ᠤᠨ ᠭᠠᠵᠠᠷ ᠤᠨ ᠨᠠᠮ ᠤᠨ ᠡᠭᠦᠷ ᠤᠨ ᠬᠢᠨ ︽ᠤᠮᠠᠷᠠᠲᠤ ᠬᠢᠯᠢ ᠶᠢᠨ ᠰᠣᠶᠣᠯ ᠤᠨ ᠷᠢᠳᠢ ᠰᠢᠳᠢ ᠶᠢ ᠣᠶᠢᠯᠠᠭᠠᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠬᠦᠴᠦᠨ ᠨᠡᠮᠡᠷᠢᠯᠡᠶ᠎ᠡ︾ ᠭᠡᠬᠦ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/19
   ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠲᠥᠯᠦᠪᠵᠢᠭᠦᠯᠭᠡ ᠶᠢᠨ ᠡᠳ᠋ ᠤᠨ ᠶᠠᠪᠤᠳᠠᠯ ᠤᠨ ᠭᠠᠵᠠᠷ ᠤᠨ ᠨᠠᠮ ᠤᠨ ᠡᠭᠦᠷ ᠤᠨ ᠬᠢᠨ 4 ᠳ᠋ᠤᠬᠡᠷ ᠰᠠᠷ᠎ᠠ ᠶᠢᠨ 11 ᠤ ᠡᠳᠦᠷ ᠪᠦᠬᠦ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠤᠨ ᠬᠥᠬᠡᠬᠤᠲᠠ ᠶᠢᠨ ᠱᠤᠭᠤᠮᠠᠯ ᠤᠨ ᠤᠷᠠᠯᠢᠭ ᠤᠨ ᠣᠷᠳᠣᠨ ᠳᠤ ᠬᠦᠷᠴᠦ ︽ᠤᠮᠠᠷᠠᠲᠤ ᠶᠢᠨ ᠰᠣᠶᠣᠯ ᠤᠨ ᠷᠢᠳᠢ ᠰᠢᠳᠢ ᠶᠢ ᠣᠶᠢᠯᠠᠭᠠᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠬᠦᠴᠦᠨ ᠨᠡᠮᠡᠷᠢᠯᠡᠬᠦ ᠪᠠᠷ ᠴᠢᠷᠮᠠᠶᠢᠬᠤ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠵᠡᠢ᠃    ᠬᠥᠬᠡᠬᠤᠲᠠ ᠶᠢᠨ ᠱᠤᠭᠤᠮᠠᠯ ᠤᠨ ᠤᠷᠠᠯᠢᠭ ᠤᠨ ᠣᠷᠳᠣᠨ ᠪᠣᠯ ᠬᠥᠬᠡᠬᠤᠲᠠ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠬᠤ ᠬᠥᠮᠦᠵᠢᠯ ᠦᠢᠯᠡᠳᠦᠯᠭᠡ ᠶᠢᠨ ᠰᠠᠭᠤᠷᠢᠨ ᠪᠣᠯᠣᠨ᠎ᠠ᠃ ᠱᠤᠭᠤᠮᠠᠯ ᠤᠨ ᠤᠷᠠᠯᠢᠭ ᠤᠨ ᠣᠷᠳᠣᠨ ᠳᠤ ᠣᠷᠣᠵᠤ᠂ ᠤᠯᠠᠨ ᠢᠶᠠᠷ ᠢᠶᠠᠨ ︽ᠤᠷᠠᠯᠢᠭ ᠤᠨ ᠰᠣᠩᠭᠤᠳᠠᠭ ᠪᠦᠲᠦᠭᠡᠯ᠂ ᠴᠠᠭ ᠦᠶ᠎ᠡ ᠶᠢᠨ ᠨᠠᠶᠢᠷᠠᠯ ᠬᠥᠭᠵᠢᠮ︾ ︽ᠪᠣᠯᠪᠠᠰᠤᠨ ᠤ ᠣᠷᠴᠢᠨ ᠳᠤ ᠭᠡᠷᠡᠯ ᠭᠢᠯᠪᠠᠭ᠎ᠠ ᠪᠠᠨ ᠰᠠᠴᠤᠷᠠᠭᠤᠯᠤᠬᠰᠠᠨ ᠨᠢ︾ ︽ᠳᠤᠮᠳᠠᠳᠤ ᠶᠢᠨ ᠰᠣᠶᠣᠯ᠂  ᠥᠷᠭᠡᠨ ᠳᠡᠯᠭᠡᠷ ᠡᠶ᠎ᠡ ᠨᠠᠶᠢᠷᠰᠠᠭ︾ ᠭᠡᠬᠦ ᠭᠤᠷᠪᠠᠨ ᠪᠦᠯᠦᠭ ᠱᠤᠭᠤᠮᠠᠯ ᠤᠨ ᠪᠦᠲᠦᠭᠡᠯ ᠢ ᠲᠣᠭᠤᠷᠢᠨ ᠦᠵᠡᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠭᠤᠶᠢᠳᠠ ᠰᠠᠶᠢᠬᠠᠨ ᠥᠩᠭᠡ ᠪᠤᠳᠤᠭ᠂ ᠥᠪᠥᠷ ᠮᠣᠩᠭᠤᠯ ᠤᠨ ᠰᠣᠶᠣᠯ ᠤᠨ ᠤᠯᠠᠨ ᠡᠰᠢᠲᠦ ᠳᠦᠷᠰᠦ ᠪᠠᠶᠢᠳᠠᠯ ᠪᠣᠯᠣᠨ ︽ᠤᠮᠠᠷᠠᠲᠤ ᠶᠢᠨ ᠰᠣᠶᠣᠯ︾ ᠤᠨ ᠪᠠᠶᠠᠯᠢᠭ ᠠᠭᠤᠯᠬᠤᠨ ᠢ ᠪᠡᠶ᠎ᠡ ᠪᠠᠷ ᠢᠶᠠᠨ ᠮᠡᠳᠡᠷᠡᠪᠡ᠃  ᠨᠠᠮ ᠤᠨ ᠭᠡᠰᠢᠭᠦᠨ ᠺᠠᠳ᠋ᠷ ᠲᠣᠮᠣ ᠬᠡᠯᠪᠡᠷᠢ ᠶᠢᠨ ᠪᠦᠲᠦᠭᠡᠯ ︽ᠤᠷᠳᠤ ᠵᠠᠮ ᠤᠨ ᠠᠶᠠᠨ ᠲᠠᠶᠢᠨ ᠤ ᠮᠥᠴᠡᠯᠭᠡ ᠱᠤᠭᠤᠮᠠᠯ︾  ᠢ ᠭᠤᠣᠯᠳᠠᠯᠭ᠎ᠠ ᠲᠠᠢ ᠲᠣᠭᠤᠷᠢᠨ ᠦᠵᠡᠬᠦ ᠳᠤ ᠪᠠᠨ ᠭᠠᠶᠢᠬᠠᠮᠰᠢᠭᠲᠤ ᠣᠨ ᠰᠠᠷ᠎ᠠ ᠶᠢ ᠡᠷᠭᠢᠴᠡᠭᠦᠯᠵᠦ᠂ ᠤᠷᠳᠤ ᠵᠠᠮ ᠤᠨ ᠠᠶᠠᠨ ᠲᠠᠶᠢᠨ ᠤ ᠵᠣᠷᠢᠭ ᠰᠠᠨᠠᠭ᠎ᠠ ᠶᠢ ᠲᠠᠬᠢᠨ ᠰᠠᠨᠠᠭᠠᠯᠵᠠᠵᠤ᠂ ᠬᠤᠪᠢᠰᠬᠠᠯ ᠤᠨ ᠤᠳᠤᠮᠰᠢᠯ ᠢ ᠵᠠᠯᠭᠠᠮᠵᠢᠯᠠᠪᠠ᠃    ᠲᠣᠭᠤᠷᠢᠨ ᠦᠵᠡᠵᠦ ᠰᠤᠷᠤᠯᠴᠠᠬᠤ ᠪᠠᠷ ᠳᠠᠮᠵᠢᠨ ᠤᠯᠠᠨ ᠢᠶᠠᠷ ᠢᠶᠠᠨ᠄ ︽ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠱᠤᠭᠤᠮ ᠢ ᠪᠠᠲᠤ ᠪᠠᠬᠢ ᠱᠤᠭᠤᠵᠤ᠂ ︿ᠮᠣᠩᠭᠤᠯ ᠮᠣᠷᠢᠨ ᠤ ᠵᠣᠷᠢᠭ ᠰᠠᠨᠠᠭ᠎ᠠ﹀ ᠪᠣᠯᠣᠨ ︿ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ﹀ ᠶᠢ ᠶᠡᠭᠡ  ᠪᠠᠷ ᠪᠠᠳᠠᠷᠠᠭᠤᠯᠵᠤ᠂ ᠠᠵᠢᠯ ᠤᠨ ᠪᠠᠶᠢᠷᠢ ᠳᠤ ᠪᠠᠨ ᠰᠠᠭᠤᠷᠢᠯᠠᠨ ᠬᠤᠪᠢ ᠨᠡᠮᠡᠷᠢ ᠦᠵᠡᠭᠦᠯᠵᠦ᠂ ︽ᠲᠠᠪᠤᠨ ᠶᠡᠭᠡ ᠡᠭᠦᠷᠭᠡ︾ ᠶᠢ ᠰᠠᠶᠢᠲᠤᠷ ᠪᠡᠶᠡᠯᠡᠭᠦᠯᠬᠦ ᠪᠠ ︽ᠵᠢᠱᠢᠶᠡᠴᠢ ᠦᠪᠡᠷᠳᠡᠬᠡᠨ  ᠵᠠᠰᠠᠬᠤ ᠤᠷᠤᠨ︾  ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠷᠠᠳ ᠤᠨ ᠶᠠᠪᠤᠳᠠᠯ ᠤᠨ ᠬᠢᠨ ᠤ ᠬᠦᠴᠦᠨ ᠴᠢᠳᠠᠯ ᠢᠶᠠᠨ ᠡᠷᠭᠦᠨ᠎ᠡ︾ ᠬᠡᠵᠡᠬᠡᠪᠡ᠃
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号