ᠰᠢᠨᠬᠤᠸᠠ ᠬᠤᠷᠢᠶ᠎ᠠ ᠶᠢᠨ ᠴᠦᠩᠴᠢᠩ ᠤᠨ 4 ᠰᠠᠷ᠎ᠠ ᠶᠢᠨ 23 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ | ᠰᠢ ᠶᠢᠨ ᠫᠢᠩ 23 ᠤ ᠦᠳᠡ ᠶᠢᠨ ᠬᠤᠶᠢᠨ᠎ᠠ ᠴᠦᠩᠴᠢᠩ ᠳᠤ ᠰᠢᠨ᠎ᠡ ᠴᠠᠭ ᠦᠶ᠎ᠡ ᠶᠢᠨ ᠪᠠᠷᠠᠭᠤᠨ ᠣᠷᠣᠨ ᠢ ᠶᠡᠭᠡ ᠪᠠᠷ | ᠨᠡᠭᠡᠭᠡᠨ ᠬᠥᠭᠵᠢᠭᠦᠯᠬᠦ ᠶᠢ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠤᠭᠰᠠᠨ ᠪᠥᠭᠡᠳ ᠴᠢᠬᠤᠯᠠ ᠶᠠᠷᠢᠶ᠎ᠠ | ᠲᠠᠯᠪᠢᠪᠠ᠃ ᠲᠡᠷᠡ᠂ ᠪᠠᠷᠠᠭᠤᠨ ᠣᠷᠣᠨ ᠨᠢ ᠪᠦᠭᠦ ᠤᠯᠤᠰ ᠤᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠶᠡᠭᠡ | ᠲᠠᠯ᠎ᠠ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠨᠠᠮ ᠤᠨ ᠲᠥᠪ ᠬᠤᠷᠢᠶ᠎ᠠ ᠶᠢᠨ ᠪᠠᠷᠠᠭᠤᠨ ᠣᠷᠣᠨ ᠢ | ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢ ᠢᠮᠠᠭᠲᠠ ᠬᠤᠪᠢᠷᠠᠰᠢ ᠦᠭᠡᠢ ᠰᠠᠶᠢᠲᠤᠷ ᠠᠳᠬᠤᠵᠤ᠂ ᠶᠡᠭᠡ ᠬᠠᠮᠠᠭᠠᠯᠠᠯᠲᠠ᠂ ᠶᠡᠭᠡ ᠨᠡᠭᠡᠭᠡᠯᠲᠡ᠂ | ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠷᠢᠰᠢᠯ ᠢ ᠴᠢᠨᠠᠭᠰᠢᠳᠠ ᠪᠦᠷᠢᠯᠳᠦᠭᠦᠯᠵᠦ᠂ ᠣᠷᠣᠨ ᠪᠦᠰᠡ ᠶᠢᠨ ᠪᠦᠬᠦᠯᠢ | ᠴᠣᠭᠴᠠ ᠶᠢᠨ ᠪᠣᠳᠠᠲᠤ ᠬᠦᠴᠦᠨ ᠪᠠ ᠦᠷᠭᠦᠯᠵᠢᠯᠡᠬᠦ ᠬᠥᠭᠵᠢᠯᠲᠡ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤᠮᠳᠠ ᠪᠠᠷᠠᠭᠤᠨ ᠣᠷᠣᠨ ᠢ ᠶᠡᠭᠡ ᠪᠠᠷ ᠨᠡᠭᠡᠭᠡᠨ | ᠬᠥᠭᠵᠢᠭᠦᠯᠬᠦ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | | | 4 ᠰᠠᠷ᠎ᠠ ᠶᠢᠨ 23 ᠤ ᠦᠳᠡ ᠶᠢᠨ ᠬᠤᠶᠢᠨ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠴᠦᠩᠴᠢᠩ ᠳᠤ ᠰᠢᠨ᠎ᠡ | ᠴᠠᠭ ᠦᠶ᠎ᠡ ᠶᠢᠨ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ | ᠬᠤᠷᠠᠯᠳᠤᠭᠤᠯᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠸᠠᠩ ᠶᠧ ᠰᠡᠭᠦᠳᠡᠷᠯᠡᠪᠡ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠷᠦ ᠶᠢᠨ | ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ | ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ᠂ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ | ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠳ᠋ᠢᠩ ᠰᠢᠤᠸᠠᠢ ᠰᠢᠶᠠᠩ ᠶᠠᠷᠢᠯᠴᠠᠬᠤ ᠬᠤᠷᠠᠯ ᠳᠤ ᠣᠷᠣᠯᠴᠠᠪᠠ᠃ | ᠶᠠᠷᠢᠯᠴᠠᠬᠤ ᠬᠤᠷᠠᠯ ᠳᠡᠭᠡᠷ᠎ᠡ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠭᠢᠯᠡᠭᠴᠢ | ᠵᠧᠩ ᠱᠠᠨ ᠵᠢᠶᠧ᠂ ᠴᠦᠩᠴᠢᠩ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠶᠤᠸᠠᠨ ᠵᠢᠶᠠ ᠵᠢᠶᠦ᠋ᠨ᠂ ᠰᠧᠴᠤᠸᠠᠨ | ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠸᠠᠩ ᠰᠢᠶᠣᠣ ᠬᠤᠢ᠂ ᠱᠠᠨᠰᠢ ᠮᠤᠵᠢ ᠶᠢᠨ ᠨᠠᠮ ᠤᠨ ᠬᠤᠷᠢᠶ᠎ᠠ ᠶᠢᠨ ᠱᠦᠵᠢ | ᠵᠤᠤ ᠢ ᠳ᠋ᠧ᠂ ᠰᠢᠨᠵᠢᠶᠠᠩ ᠤᠨ ᠤᠶᠢᠭᠤᠷ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠮᠠ | ᠰᠢᠩ ᠷᠦᠢ ᠤᠷᠢᠳ ᠬᠤᠵᠢᠳ ᠦᠭᠡ ᠬᠡᠯᠡᠵᠦ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠬᠤ | ᠲᠤᠬᠠᠢ ᠠᠵᠢᠯ ᠤᠨ ᠪᠠᠶᠢᠳᠠᠯ ᠢᠶᠠᠨ ᠬᠠᠷᠢᠭᠤ ᠮᠡᠳᠡᠭᠦᠯᠵᠦ᠂ ᠰᠠᠨᠠᠯ ᠰᠠᠨᠠᠭᠤᠯᠭ᠎ᠠ ᠳᠤᠷᠠᠳᠪᠠ᠃ ᠶᠠᠷᠢᠯᠴᠠᠬᠤ ᠬᠤᠷᠠᠯ ᠳᠤ | ᠣᠷᠣᠯᠴᠠᠬᠰᠠᠨ ᠪᠤᠰᠤᠳ ᠮᠤᠵᠢ ᠣᠷᠣᠨ ᠪᠣᠯᠣᠨ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ | ᠪᠢᠩᠲ᠋ᠤᠸᠠᠨ ᠤ ᠭᠤᠣᠯ ᠬᠠᠷᠢᠭᠤᠴᠠᠯᠭᠠᠲᠠᠨ ᠨᠥᠬᠦᠳ ᠪᠢᠴᠢᠭ ᠤᠨ ᠭᠡᠯᠪᠡᠷᠢ ᠪᠠᠷ ᠦᠭᠡ ᠬᠡᠯᠡᠪᠡ᠃ | ᠤᠯᠠᠨ ᠤ ᠬᠡᠯᠡᠬᠦ ᠶᠢ ᠰᠣᠨᠣᠰᠤᠭᠰᠠᠨ ᠤ ᠳᠠᠷᠠᠭ᠎ᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠨᠠᠮ ᠤᠨ | ᠲᠥᠪ ᠬᠤᠷᠢᠶ᠎ᠠ ᠰᠢᠨ᠎ᠡ ᠴᠠᠭ ᠦᠶ᠎ᠡ ᠳᠤ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠵᠤ ᠰᠢᠨ᠎ᠡ | ᠪᠠᠶᠢᠷᠢᠰᠢᠯ ᠢ ᠪᠦᠷᠢᠯᠳᠦᠭᠦᠯᠬᠦ ᠲᠤᠬᠠᠢ ᠪᠠᠶᠢᠷᠢᠯᠠᠭᠤᠯᠤᠯᠲᠠ ᠬᠢᠭᠰᠡᠨ 5 ᠵᠢᠯ ᠤᠨ ᠲᠤᠷᠰᠢ᠂ ᠪᠠᠷᠠᠭᠤᠨ ᠣᠷᠣᠨ ᠤ ᠠᠮᠢ ᠠᠬᠤᠢ | ᠣᠷᠴᠢᠨ ᠲᠣᠭᠤᠷᠢᠨ ᠢ ᠬᠠᠮᠠᠭᠠᠯᠠᠨ ᠰᠡᠷᠭᠦᠭᠡᠬᠦ ᠠᠵᠢᠯ ᠴᠢᠬᠤᠯᠠ ᠶᠡᠭᠡ ᠦᠷ᠎ᠡ ᠪᠦᠲᠦᠮᠵᠢ ᠣᠯᠵᠤ᠂ ᠴᠢᠨᠠᠷ ᠰᠠᠶᠢᠲᠠᠢ | ᠬᠥᠭᠵᠢᠯᠲᠡ ᠶᠢᠨ ᠴᠢᠳᠠᠪᠤᠷᠢ ᠢᠯᠡᠳᠲᠡ ᠳᠡᠭᠡᠭᠰᠢᠯᠡᠵᠦ᠂ ᠨᠡᠭᠡᠭᠡᠯᠲᠡᠲᠤ ᠭᠡᠯᠪᠡᠷᠢ ᠶᠢᠨ ᠠᠵᠤ ᠠᠬᠤᠢ ᠶᠢᠨ ᠪᠠᠶᠢᠷᠢᠰᠢᠯ ᠢ | ᠲᠦᠷᠭᠡᠳᠬᠡᠨ ᠪᠠᠶᠢᠭᠤᠯᠵᠤ᠂ ᠰᠠᠭᠤᠷᠢ ᠲᠥᠬᠦᠭᠡᠷᠦᠮᠵᠢ ᠶᠢᠨ ᠨᠥᠬᠦᠴᠡᠯ ᠶᠡᠭᠡ ᠪᠠᠷ ᠰᠠᠶᠢᠵᠢᠷᠠᠵᠤ᠂ ᠠᠷᠠᠳ ᠤᠨ | ᠠᠮᠢᠳᠤᠷᠠᠯ ᠤᠨ ᠲᠦᠪᠰᠢᠨ ᠲᠣᠭᠲᠠᠭᠤᠨ ᠢᠶᠠᠷ ᠳᠡᠭᠡᠭᠰᠢᠯᠡᠵᠦ᠂ ᠲᠣᠭᠲᠠᠭᠰᠠᠨ ᠬᠤᠭᠤᠴᠠᠭᠠᠨ ᠳᠤ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠪᠦᠭᠦ ᠤᠯᠤᠰ ᠲᠠᠢ ᠬᠠᠮᠲᠤ ᠪᠠᠷ | ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ | ᠪᠦᠲᠦᠭᠡᠨ ᠪᠠᠶᠢᠭᠤᠯᠬᠤ ᠰᠢᠨ᠎ᠡ ᠠᠶᠠᠨ ᠳᠤ ᠮᠣᠷᠳᠠᠪᠠ᠃ ᠡᠭᠦᠨ ᠤ ᠬᠠᠮᠲᠤ᠂ ᠪᠠᠷᠠᠭᠤᠨ ᠣᠷᠣᠨ ᠤ ᠬᠥᠭᠵᠢᠯᠲᠡ ᠳᠤ ᠮᠥᠨ | ᠬᠦ ᠴᠥᠭᠡᠨ ᠪᠤᠰᠤ ᠬᠦᠴᠢᠷᠳᠡᠯ ᠪᠠ ᠰᠢᠯᠭᠠᠯᠲᠠ ᠲᠤᠯᠭᠠᠷᠠᠵᠤ ᠪᠠᠶᠢᠬᠤ ᠶᠢ ᠣᠯᠵᠤ ᠬᠠᠷᠠᠬᠤ ᠬᠡᠷᠡᠭᠲᠡᠢ᠂ ᠦᠨᠡᠨ ᠬᠦ | ᠰᠤᠳᠤᠯᠤᠨ ᠰᠢᠢᠳᠪᠦᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠣᠨᠴᠠᠯᠢᠭᠲᠤ ᠳᠠᠪᠠᠭᠤᠯᠢᠭ ᠠᠵᠤ ᠦᠢᠯᠡᠰ ᠢ ᠬᠥᠭᠵᠢᠭᠦᠯᠬᠦ ᠪᠠᠷ ᠭᠤᠣᠯ ᠰᠢᠪᠲᠤᠯᠬᠤ ᠴᠢᠭᠯᠡᠯ | ᠪᠤᠯᠭᠠᠬᠤ ᠶᠢ ᠪᠠᠷᠢᠮᠲᠠᠯᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠪᠠᠷ ᠮᠠᠨᠳᠤᠭᠰᠠᠨ ᠠᠵᠤ ᠦᠢᠯᠡᠰ ᠢ | ᠬᠥᠭᠵᠢᠭᠦᠯᠵᠦ᠂ ᠪᠠᠷᠠᠭᠤᠨ ᠣᠷᠣᠨ ᠤ ᠠᠵᠤ ᠦᠢᠯᠡᠰ ᠤᠨ ᠭᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠶᠢ | ᠲᠦᠷᠭᠡᠳᠬᠡᠬᠦ ᠬᠡᠷᠡᠭᠲᠡᠢ᠃ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ | ᠰᠢᠨ᠎ᠡ ᠶᠢ ᠡᠭᠦᠳᠬᠦ ᠶᠢᠨ ᠭᠦᠨᠵᠡᠭᠡᠢ ᠠᠭᠤᠰᠤᠯᠴᠠᠯ ᠢ ᠴᠢᠩᠭᠠᠳᠬᠠᠵᠤ᠂ ᠳᠡᠭᠡᠳᠦ ᠲᠠᠰ ᠳᠠᠪᠬᠤᠷᠭ᠎ᠠ ᠶᠢᠨ ᠰᠢᠨᠵᠢᠯᠡᠬᠦ | ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢᠲᠠᠨ ᠢ ᠢᠳᠡᠪᠬᠢᠲᠡᠢ ᠬᠥᠮᠥᠵᠢᠭᠦᠯᠬᠦ ᠪᠠ ᠣᠷᠣᠭᠤᠯᠤᠨ | ᠠᠪᠴᠢᠷᠠᠵᠤ ᠰᠠᠶᠢᠲᠤᠷ ᠬᠡᠷᠡᠭᠯᠡᠵᠦ᠂ ᠨᠢᠭᠡ ᠪᠦᠯᠦᠭ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠢ ᠴᠢᠷᠮᠠᠶᠢᠨ ᠰᠢᠪᠲᠤᠯᠬᠤ | ᠬᠡᠷᠡᠭᠲᠡᠢ᠃ ᠵᠡᠭᠦᠨ ᠳᠤᠮᠳᠠ ᠪᠠᠷᠠᠭᠤᠨ ᠣᠷᠣᠨ ᠤ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠤᠯᠤᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠭᠦ | ᠣᠷᠣᠨ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠣᠨᠳᠣᠣᠰᠢᠭᠤᠯᠬᠤ ᠵᠢᠱᠢᠶ᠎ᠡ | ᠦᠵᠡᠭᠦᠯᠭᠦ ᠣᠷᠣᠨ ᠢ ᠰᠠᠶᠢᠲᠤᠷ ᠪᠦᠲᠦᠭᠡᠨ ᠪᠠᠶᠢᠭᠤᠯᠬᠤ ᠬᠡᠷᠡᠭᠲᠡᠢ᠃ ᠤᠯᠠᠮᠵᠢᠯᠠᠯᠲᠤ ᠠᠵᠤ ᠦᠢᠯᠡᠰ ᠤᠨ ᠮᠡᠷᠭᠡᠵᠢᠯ ᠤᠨ | ᠥᠭᠡᠷᠡᠴᠢᠯᠡᠯᠲᠡ ᠶᠢ ᠲᠦᠷᠭᠡᠳᠬᠡᠵᠦ᠂ ᠭᠤᠣᠯᠳᠠᠯᠭ᠎ᠠ ᠲᠠᠢ ᠠᠵᠢᠯ ᠲᠦᠷᠦᠯ ᠤᠨ ᠲᠥᠬᠦᠭᠡᠷᠦᠮᠵᠢ ᠶᠢ ᠰᠢᠨᠡᠳᠬᠡᠨ | ᠥᠭᠡᠷᠡᠴᠢᠯᠡᠬᠦ ᠶᠢ ᠠᠬᠢᠭᠤᠯᠵᠤ᠂ ᠤᠯᠠᠮᠵᠢᠯᠠᠯᠲᠤ ᠳᠠᠪᠠᠭᠤᠯᠢᠭ ᠠᠵᠤ ᠦᠢᠯᠡᠰ ᠢ ᠲᠡᠰ ᠳᠡᠪᠰᠢᠭᠦᠯᠬᠦ᠂ ᠶᠠᠰᠤ ᠴᠢᠨᠠᠷ ᠢ | ᠳᠡᠭᠡᠭᠰᠢᠯᠡᠭᠦᠯᠭᠦ᠂ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠦᠷ᠎ᠡ | ᠪᠦᠲᠦᠮᠵᠢ ᠪᠠ ᠦᠢᠯᠡᠳᠬᠦᠨ ᠢ ᠨᠠᠷᠢᠯᠢᠭ ᠡᠳ᠋ᠰᠢᠭᠦᠯᠦᠨ ᠪᠤᠯᠪᠠᠰᠤᠷᠠᠭᠤᠯᠬᠤ ᠬᠡᠮᠵᠢᠶ᠎ᠡ ᠶᠢ ᠳᠡᠭᠡᠭᠰᠢᠯᠡᠭᠦᠯᠭᠦ ᠬᠡᠷᠡᠭᠲᠡᠢ᠃ | ᠲᠥᠪ ᠠᠴᠠ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠪᠠᠷᠠᠭᠤᠨ ᠣᠷᠣᠨ ᠯᠤᠭ᠎ᠠ ᠠᠭᠤᠰᠤᠯᠴᠠᠨ ᠬᠥᠭᠵᠢᠬᠦ ᠶᠢ | ᠠᠬᠢᠭᠤᠯᠬᠤ ᠬᠡᠷᠡᠭᠲᠡᠢ᠃ ᠵᠢᠭᠤᠯᠴᠢᠯᠠᠯ ᠵᠡᠷᠭᠡ ᠦᠢᠯᠡᠴᠢᠯᠡᠭᠡᠨ ᠤ ᠦᠢᠯᠡᠰ ᠢ ᠣᠷᠣᠨ ᠪᠦᠰᠡ ᠶᠢᠨ ᠲᠤᠯᠭᠠᠭᠤᠷᠢ ᠠᠵᠤ | ᠦᠢᠯᠡᠰ ᠪᠣᠯᠭᠠᠨ ᠪᠠᠶᠢᠭᠤᠯᠬᠤ ᠬᠡᠷᠡᠭᠲᠡᠢ᠃ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠪᠦᠬᠦᠢ | ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠤᠳᠤ ᠦᠶ᠎ᠡ ᠶᠢᠨ ᠦᠢᠯᠡᠳᠬᠦ ᠦᠢᠯᠡᠰ ᠪᠠ ᠪᠠᠶᠢᠯᠳᠤᠬᠤ ᠪᠣᠳᠣᠯᠭ᠎ᠠ ᠶᠢᠨ | ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠰᠦᠪᠡᠭᠴᠢᠯᠡᠨ ᠬᠥᠭᠵᠢᠭᠦᠯᠵᠦ᠂ ᠢᠷᠡᠭᠡᠳᠦᠢ ᠶᠢᠨ ᠠᠵᠤ ᠦᠢᠯᠡᠰ ᠢ | ᠪᠠᠶᠢᠷᠢᠰᠢᠭᠤᠯᠤᠨ ᠪᠦᠲᠦᠭᠡᠨ ᠪᠠᠶᠢᠭᠤᠯᠵᠤ᠂ ᠭᠠᠵᠠᠷ ᠣᠷᠣᠨ ᠤ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠪᠤᠢ | ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠥᠨᠳᠥᠷ ᠲᠦᠪᠰᠢᠨ ᠪᠦᠬᠦᠢ ᠬᠠᠮᠠᠭᠠᠯᠠᠯᠲᠠ ᠪᠠᠷ ᠴᠢᠨᠠᠷ ᠰᠠᠶᠢᠲᠠᠢ ᠬᠥᠭᠵᠢᠯᠲᠡ ᠶᠢ | ᠲᠤᠯᠭᠠᠭᠤᠷᠢᠯᠠᠬᠤ ᠶᠢ ᠪᠠᠷᠢᠮᠲᠠᠯᠠᠵᠤ᠂ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ | ᠴᠣᠭᠴᠠᠯᠠᠬᠤ ᠬᠡᠷᠡᠭᠲᠡᠢ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ | ᠪᠠᠶᠢᠷᠢᠰᠢᠯ ᠢ ᠰᠢᠯᠢᠳᠡᠭᠵᠢᠭᠦᠯᠵᠦ᠂ ᠠᠮᠢ ᠠᠬᠤᠢ ᠣᠷᠴᠢᠨ ᠲᠣᠭᠤᠷᠢᠨ ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ | ᠴᠢᠩᠭᠠᠳᠬᠠᠵᠤ᠂ ᠴᠢᠬᠤᠯᠠ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠵᠠᠰᠠᠨ ᠰᠡᠷᠭᠦᠭᠡᠬᠦ ᠴᠢᠬᠤᠯᠠ ᠶᠡᠭᠡ | ᠢᠨᠵᠧᠨᠧᠷᠢᠩ ᠢ ᠲᠦᠷᠭᠡᠳᠬᠡᠨ ᠠᠬᠢᠭᠤᠯᠵᠤ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠭᠤᠷᠪᠠᠨ ᠶᠡᠭᠡ | ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ᠃ ᠠᠮᠢ ᠠᠬᠤᠢ ᠶᠢᠨ ᠡᠬᠢ ᠪᠠᠶᠠᠯᠢᠭ ᠤᠨ | ᠬᠠᠮᠠᠭᠠᠯᠠᠯᠲᠠ ᠶᠢ ᠴᠢᠩᠭᠠᠳᠬᠠᠵᠤ᠂ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠲᠦᠢᠮᠡᠷ ᠢ ᠤᠨᠲᠠᠷᠠᠭᠠᠬᠤ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠬᠦᠷᠢᠶ᠎ᠡ | ᠴᠠᠷᠠᠭ᠎ᠠ ᠶᠢᠨ ᠪᠣᠬᠢᠷᠳᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠬᠡᠷᠡᠭᠲᠡᠢ᠃ ᠤᠯᠠᠮᠵᠢᠯᠠᠯᠲᠤ ᠠᠵᠤ ᠦᠢᠯᠡᠰ ᠤᠨ | ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠥᠭᠡᠷᠡᠴᠢᠯᠡᠯᠲᠡ ᠶᠢ ᠶᠡᠭᠡ ᠪᠠᠷ | ᠠᠬᠢᠭᠤᠯᠵᠤ᠂ ᠨᠡᠭᠦᠷᠡᠰᠦ ᠶᠢ ᠴᠡᠪᠡᠷ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠡᠮᠬᠢ ᠵᠢᠷᠤᠮ ᠲᠠᠢ ᠪᠠᠷ ᠠᠬᠢᠭᠤᠯᠬᠤ | ᠬᠡᠷᠡᠭᠲᠡᠢ᠃ ᠠᠮᠢ ᠠᠬᠤᠢ ᠶᠢᠨ ᠦᠢᠯᠡᠳᠬᠦᠨ ᠤ ᠦᠷᠳᠡᠭ ᠢ ᠪᠡᠶᠡᠯᠡᠭᠦᠯᠬᠦ ᠲᠣᠭᠲᠠᠴᠠ ᠪᠠ ᠠᠮᠢ ᠠᠬᠤᠢ ᠶᠢᠨ | ᠬᠠᠮᠠᠭᠠᠯᠠᠯᠲᠠ ᠳᠤ ᠨᠥᠬᠦᠪᠦᠷᠢ ᠥᠭᠬᠦ ᠬᠥᠨᠳᠡᠯᠡᠨ ᠴᠢᠭᠯᠡᠯ ᠤᠨ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ ᠭᠡᠵᠦ ᠵᠢᠭᠠᠵᠤ | ᠭᠠᠷᠭᠠᠪᠠ᠃ | ᠰᠢ ᠶᠢᠨ ᠫᠢᠩ᠂ ᠶᠡᠭᠡ ᠨᠡᠭᠡᠭᠡᠯᠲᠡ ᠪᠠᠷ ᠶᠡᠭᠡ ᠨᠡᠭᠡᠭᠡᠨ ᠬᠥᠭᠵᠢᠭᠦᠯᠦᠯᠲᠡ ᠶᠢ ᠠᠬᠢᠭᠤᠯᠬᠤ ᠶᠢ ᠪᠠᠷᠢᠮᠲᠠᠯᠠᠵᠤ᠂ ᠪᠠᠷᠠᠭᠤᠨ | ᠣᠷᠣᠨ ᠤ ᠳᠣᠲᠣᠭᠠᠳᠤ ᠭᠠᠳᠠᠭᠠᠳᠤ ᠨᠡᠭᠡᠭᠡᠯᠲᠡ ᠶᠢᠨ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ ᠪᠠᠷᠠᠭᠤᠨ ᠣᠷᠣᠨ ᠤ ᠡᠬᠡ | ᠬᠠᠭᠤᠷᠠᠢ ᠪᠠ ᠳᠠᠯᠠᠢ ᠶᠢᠨ ᠰᠢᠨ᠎ᠡ ᠨᠡᠪᠲᠡᠷᠡᠬᠦ ᠵᠠᠮ ᠱᠤᠭᠤᠮ ᠤᠨ ᠪᠦᠲᠦᠭᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ | ᠵᠠᠮ ᠳᠠᠭᠠᠤ ᠶᠢᠨ ᠭᠠᠵᠠᠷ ᠣᠷᠣᠨ ᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠶᠢ ᠠᠬᠢᠭᠤᠯᠵᠤ᠂ ︽ᠨᠢᠭᠡ ᠪᠦᠰᠡ ᠨᠢᠭᠡ ᠵᠠᠮ | ︾ ᠢ ᠬᠠᠮᠲᠤ ᠪᠠᠷ ᠪᠦᠲᠦᠭᠡᠨ ᠪᠠᠶᠢᠭᠤᠯᠬᠤ ᠳᠤ ᠭᠦᠨᠵᠡᠭᠡᠢ ᠠᠭᠤᠰᠤᠯᠴᠠᠬᠤ ᠬᠡᠷᠡᠭᠲᠡᠢ᠃ ᠬᠢᠯᠢ ᠳᠠᠭᠠᠤ ᠭᠠᠵᠠᠷ ᠣᠷᠣᠨ ᠤ | ᠡᠯ᠎ᠡ ᠲᠦᠷᠦᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠬᠢᠯᠢ ᠶᠢᠨ ᠠᠵᠤ ᠠᠬᠤᠢ ᠶᠢᠨ ᠬᠠᠮᠲᠤᠷᠠᠯᠴᠠᠭᠠᠨ ᠤ | ᠣᠷᠣᠨ᠂ ᠬᠢᠯᠢ ᠠᠯᠤᠰᠯᠠᠭᠰᠠᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠤ ᠪᠠᠶᠢᠷᠢᠰᠢᠭᠤᠯᠤᠯᠲᠠ ᠶᠢ | ᠲᠡᠭᠦᠯᠳᠡᠷᠵᠢᠭᠦᠯᠵᠦ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠬᠡᠷᠡᠭᠲᠡᠢ᠃ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠵᠦ᠂ ᠵᠠᠬ᠎ᠠ ᠳᠡᠯᠭᠡᠭᠦᠷᠴᠢᠯᠡᠭᠰᠡᠨ | ᠬᠠᠤᠯᠢᠵᠢᠭᠰᠠᠨ ᠳᠡᠯᠡᠬᠡᠶᠢᠵᠢᠭᠰᠡᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠪᠤᠢ ᠪᠤᠯᠭᠠᠬᠤ ᠬᠡᠷᠡᠭᠲᠡᠢ᠃ ᠣᠷᠣᠨ | ᠪᠦᠰᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠳᠤ ᠨᠡᠩ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠪᠦᠭᠦ | ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠪᠠᠷ ᠠᠭᠤᠰᠤᠯᠴᠠᠵᠤ᠂ | ᠵᠡᠭᠦᠨ ᠳᠤᠮᠳᠠ ᠪᠠᠷᠠᠭᠤᠨ ᠣᠷᠣᠨ ᠤ ᠨᠡᠭᠡᠭᠡᠯᠲᠡ ᠶᠢᠨ ᠲᠠᠪᠴᠠᠩ ᠤᠨ ᠵᠣᠯᠭᠠᠭᠤᠯᠬᠤ ᠲᠣᠭᠲᠠᠴᠠ ᠶᠢᠨ ᠰᠢᠨ᠎ᠡ ᠶᠢ ᠡᠭᠦᠳᠴᠦ᠂ | ᠵᠡᠭᠦᠨ ᠳᠤᠮᠳᠠ ᠬᠡᠰᠡᠭ᠂ ᠵᠡᠭᠦᠨ ᠬᠤᠶᠢᠲᠤ ᠣᠷᠣᠨ ᠯᠤᠭ᠎ᠠ ᠶᠢᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠬᠥᠭᠵᠢᠯᠲᠡ ᠪᠣᠯᠣᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠶᠢ ᠪᠠᠷᠢᠮᠲᠠᠯᠠᠵᠤ᠂ | ᠡᠨᠧᠷᠭᠢ ᠶᠢᠨ ᠡᠬᠢ ᠪᠠᠶᠠᠯᠢᠭ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠠᠮᠤᠷ ᠲᠦᠪᠰᠢᠨ ᠤ ᠪᠠᠲᠤᠯᠠᠭ᠎ᠠ ᠶᠢᠨ | ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃ ᠰᠢᠨ᠎ᠡ ᠭᠡᠯᠪᠡᠷᠢ ᠶᠢᠨ ᠡᠨᠧᠷᠭᠢ ᠶᠢᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ | ᠤᠯᠤᠰ ᠤᠨ ᠨᠢᠭᠡ ᠪᠦᠯᠦᠭ ᠴᠢᠬᠤᠯᠠ ᠡᠨᠧᠷᠭᠢ ᠶᠢᠨ ᠰᠠᠭᠤᠷᠢᠨ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠬᠡᠷᠡᠭᠲᠡᠢ᠃ | ᠬᠤᠭᠤᠯᠠᠢ ᠲᠣᠣᠷ ᠤᠨ ᠬᠤᠯᠪᠣᠯᠳᠤᠨ ᠨᠡᠪᠲᠡᠷᠡᠯᠴᠡᠬᠦ ᠶᠢ ᠴᠢᠩᠭᠠᠳᠬᠠᠵᠤ᠂ ︽ᠪᠠᠷᠠᠭᠤᠨᠳᠡᠬᠢ ᠴᠠᠭᠢᠯᠭᠠᠨ ᠢ ᠵᠡᠭᠦᠨᠰᠢ ᠬᠦᠷᠭᠡᠬᠦ︾ | ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃ ᠠᠭᠤᠷᠬᠠᠢ ᠶᠢᠨ ᠡᠬᠢ ᠪᠠᠶᠠᠯᠢᠭ ᠢ ᠲᠥᠯᠥᠪᠵᠢᠭᠦᠯᠦᠨ ᠬᠠᠮᠢᠶᠠᠷᠤᠨ ᠡᠵᠡᠮᠳᠡᠬᠦ | ᠪᠠ ᠬᠡᠪᠴᠢᠶᠡᠵᠢᠭᠦᠯᠦᠨ ᠡᠷᠴᠢᠮᠵᠢᠭᠦᠯᠵᠦ ᠨᠡᠭᠡᠭᠡᠨ ᠠᠰᠢᠭᠯᠠᠬᠤ ᠶᠢ ᠴᠢᠩᠭᠠᠳᠬᠠᠵᠤ᠂ ᠤᠯᠤᠰ ᠤᠨ ᠲᠡᠰ ᠤᠨ ᠠᠭᠤᠷᠬᠠᠢ ᠶᠢᠨ | ᠡᠬᠢ ᠪᠠᠶᠠᠯᠢᠭ ᠢ ᠨᠡᠭᠡᠭᠡᠨ ᠮᠠᠯᠲᠠᠬᠤ ᠪᠠ ᠪᠤᠯᠪᠠᠰᠤᠷᠠᠭᠤᠯᠬᠤ ᠨᠢᠭᠡ ᠪᠦᠯᠦᠭ ᠰᠠᠭᠤᠷᠢᠨ ᠢ ᠲᠦᠷᠭᠡᠳᠬᠡᠨ ᠪᠦᠷᠢᠯᠳᠦᠭᠦᠯᠬᠦ | ᠬᠡᠷᠡᠭᠲᠡᠢ᠃ ᠤᠰᠤᠨ ᠤ ᠡᠬᠢ ᠪᠠᠶᠠᠯᠢᠭ ᠤᠨ ᠠᠮᠤᠷ ᠲᠦᠪᠰᠢᠨ ᠢ ᠪᠠᠲᠤᠯᠠᠬᠤ ᠲᠦᠪᠰᠢᠨ ᠢ ᠲᠡᠭᠡᠭᠰᠢᠯᠡᠭᠦᠯᠭᠦ ᠬᠡᠷᠡᠭᠲᠡᠢ᠃ | ᠭᠠᠵᠠᠷ ᠣᠷᠣᠨ ᠠᠯᠤᠰᠯᠠᠭᠰᠠᠨ ᠠᠵᠤ ᠦᠢᠯᠡᠰ ᠤᠨ ᠬᠠᠮᠵᠢᠯᠴᠠᠭ᠎ᠠ ᠪᠠ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ | ᠲᠣᠭᠲᠠᠴᠠ ᠶᠢᠨ ᠰᠢᠨ᠎ᠡ ᠶᠢ ᠡᠭᠦᠳᠴᠦ᠂ ᠠᠵᠤ ᠦᠢᠯᠡᠰ ᠤᠨ ᠱᠠᠲᠤᠯᠢᠭ ᠰᠢᠯᠵᠢᠯᠲᠡ ᠶᠢ ᠡᠮᠬᠢ ᠵᠢᠷᠤᠮ ᠲᠠᠢ ᠪᠠᠷ | ᠵᠣᠯᠭᠠᠭᠤᠯᠬᠤ ᠬᠡᠷᠡᠭᠲᠡᠢ᠃ ᠴᠧᠩᠳᠦ᠋ ᠴᠦᠩᠴᠢᠩ ᠣᠷᠣᠨ ᠤ ᠬᠤᠶᠠᠷ ᠬᠤᠳᠠ ᠶᠢᠨ ᠠᠵᠤ ᠠᠬᠤᠢ ᠶᠢᠨ ᠴᠠᠭᠠᠷᠢᠭ ᠤᠨ | ᠪᠦᠲᠦᠭᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠬᠤᠳᠠ ᠶᠢᠨ ᠰᠦᠷᠦᠭᠵᠢᠯ ᠢ ᠢᠳᠡᠪᠬᠢᠲᠡᠢ ᠪᠠᠷ ᠪᠤᠶᠢᠵᠢᠭᠤᠯᠤᠨ᠂ | ᠨᠢᠭᠡ ᠪᠦᠯᠦᠭ ᠮᠤᠵᠢ ᠶᠢᠨ ᠬᠡᠪᠴᠢᠶᠡᠨ ᠤ ᠳᠡᠳ᠋ ᠭᠤᠣᠯ ᠬᠤᠳᠠ ᠶᠢ ᠬᠥᠭᠵᠢᠭᠦᠯᠦᠨ ᠪᠤᠵᠠᠭᠠᠶᠢᠷᠠᠭᠤᠯᠵᠤ᠂ ᠬᠤᠳᠠ ᠶᠢᠨ | ᠬᠤᠭᠤᠷᠣᠨᠳᠣᠭᠢ ᠰᠠᠭᠤᠷᠢ ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ᠂ ᠤᠯᠠᠨ ᠨᠡᠶᠢᠲᠡ ᠶᠢᠨ ᠦᠢᠯᠡᠴᠢᠯᠡᠭᠡ ᠶᠢ | ᠬᠠᠮᠲᠤ ᠪᠠᠷ ᠡᠳ᠋ᠯᠡᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠢ ᠪᠦᠭᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ ᠶᠢ ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠨ᠂ ᠬᠥᠭᠵᠢᠯᠲᠡ ᠶᠢᠨ ᠳᠤᠮᠳᠠ | ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠳᠣᠣᠷ᠎ᠠ ᠣᠷᠣᠯᠭ᠎ᠠ ᠲᠠᠢ | ᠬᠥᠮᠥᠨ ᠠᠮᠠ ᠪᠣᠯᠣᠨ ᠬᠥᠭᠵᠢᠭᠡᠳᠦᠢ ᠭᠠᠵᠠᠷ ᠣᠷᠣᠨ ᠢ ᠪᠠᠶᠢᠩᠭᠤ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠵᠤ᠂ | ᠬᠡᠪᠴᠢᠶᠡᠵᠢᠯ ᠤᠨ ᠴᠢᠨᠠᠷᠲᠠᠢ ᠲᠠᠭᠢᠨ ᠶᠠᠳᠠᠭᠤᠷᠠᠬᠤ ᠶᠢ ᠡᠷᠡᠰ ᠰᠡᠷᠭᠡᠶᠢᠯᠡᠬᠦ ᠬᠡᠷᠡᠭᠲᠡᠢ᠃ ︽ᠮᠢᠩᠭ᠎ᠠ ᠲᠦᠮᠡ ᠶᠢᠨ | ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠣᠷᠣᠨ ᠪᠦᠰᠡ ᠶᠢᠨ ᠣᠨᠴᠠᠯᠢᠭ ᠲᠠᠢ ᠬᠥᠳᠡᠭᠡ | ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠵᠠᠭᠪᠤᠷ ᠢ ᠪᠤᠢ ᠪᠤᠯᠭᠠᠬᠤ ᠬᠡᠷᠡᠭᠲᠡᠢ᠃ ᠲᠤᠰ ᠲᠤᠰ ᠤᠨ ᠣᠨᠴᠠᠯᠢᠭ ᠪᠦᠬᠦᠢ | ᠰᠢᠶᠠᠨ ᠤ ᠬᠡᠪᠴᠢᠶᠡᠨ ᠤ ᠠᠵᠤ ᠠᠬᠤᠢ ᠶᠢ ᠬᠥᠭᠵᠢᠭᠦᠯᠵᠦ᠂ ᠨᠢᠭᠡ ᠪᠦᠯᠦᠭ ᠲᠠᠷᠢᠶᠠᠯᠠᠩ ᠤᠨ ᠬᠦᠴᠦᠷᠬᠡᠭ ᠰᠢᠶᠠᠨ᠂ ᠠᠵᠤ | ᠦᠢᠯᠡᠳᠪᠦᠷᠢ ᠶᠢᠨ ᠲᠣᠮᠣ ᠰᠢᠶᠠᠨ᠂ ᠵᠢᠭᠤᠯᠴᠢᠯᠠᠯ ᠤᠨ ᠨᠡᠷᠡᠳᠤ ᠰᠢᠶᠠᠨ ᠢ ᠪᠤᠶᠢᠵᠢᠭᠤᠯᠵᠤ᠂ ᠲᠠᠷᠢᠶᠠᠴᠢᠨ ᠲᠦᠮᠡᠨ ᠤ ᠣᠶᠢᠷ᠎ᠠ | ᠬᠠᠪᠢ ᠳᠠᠭᠠᠨ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ | ᠲᠣᠬᠢᠷᠠᠭᠤᠯᠤᠨ ᠬᠤᠳᠠ ᠪᠠᠯᠭᠠᠰᠤᠵᠢᠯᠲᠠ ᠶᠢᠨ ᠠᠬᠢᠴᠠ ᠶᠢ ᠠᠬᠢᠭᠤᠯᠬᠤ ᠬᠡᠷᠡᠭᠲᠡᠢ᠃ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠤᠨᠠᠯᠲᠠ ᠶᠢ | ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠬᠠᠷᠢᠭᠤᠴᠠᠯᠭ᠎ᠠ ᠶᠢ ᠰᠠᠶᠢᠲᠤᠷ ᠡᠭᠦᠷᠭᠡᠯᠡᠵᠦ᠂ ᠤᠯᠤᠰ ᠤᠨ ᠠᠮᠤ | ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠭᠦ ᠬᠡᠷᠡᠭᠲᠡᠢ᠃ | ᠬᠥᠳᠡᠭᠡ ᠲᠣᠰᠬᠤᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠪᠣᠯᠬᠢ ᠳᠠᠳᠬᠠᠯ ᠢ ᠲᠡᠪᠴᠢᠵᠦ | ᠰᠢᠨ᠎ᠡ ᠬᠡᠪ ᠰᠤᠷᠲᠠᠯ ᠢ ᠳᠡᠯᠭᠡᠷᠡᠭᠦᠯᠬᠦ ᠶᠢ ᠠᠬᠢᠭᠤᠯᠵᠤ᠂ ᠴᠠᠭ ᠦᠶ᠎ᠡ ᠶᠢᠨ ᠰᠢᠨ᠎ᠡ ᠬᠡᠪ ᠰᠤᠷᠲᠠᠯ ᠰᠢᠨ᠎ᠡ ᠳᠦᠷᠰᠦ | ᠪᠠᠶᠢᠳᠠᠯ ᠢ ᠢᠳᠡᠪᠬᠢᠲᠡᠢ ᠪᠤᠢ ᠪᠤᠯᠭᠠᠬᠤ ᠬᠡᠷᠡᠭᠲᠡᠢ᠃ ᠨᠠᠮ ᠤᠨ ᠵᠣᠬᠢᠶᠠᠨ ᠪᠠᠶᠢᠭᠤᠯᠤᠯᠲᠠ ᠠᠴᠠ ᠤᠳᠤᠷᠢᠳᠤᠭᠰᠠᠨ | ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠢ ᠪᠦᠷᠢᠨᠰᠢᠭᠦᠯᠵᠦ᠂ ᠰᠢᠨ᠎ᠡ ᠴᠠᠭ ᠦᠶ᠎ᠡ ᠶᠢᠨ ︽ᠹᠧᠩ ᠴᠢᠶᠣᠣ ᠶᠢᠨ | ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ | ᠪᠠᠶᠢᠩᠭᠤᠵᠢᠭᠤᠯᠬᠤ ᠶᠢ ᠪᠡᠶᠡᠯᠡᠭᠦᠯᠵᠦ᠂ ᠦᠨᠳᠦᠰᠦᠨ ᠱᠠᠲᠤᠨ ᠤ ᠲᠣᠭᠲᠠᠭᠤᠨ᠂ ᠤᠯᠠᠨ ᠲᠦᠮᠡᠨ ᠤ ᠠᠮᠤᠷ ᠠᠮᠤᠭᠤᠯᠠᠩ ᠢ | ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ | ᠪᠠᠷᠢᠮᠲᠠᠯᠠᠵᠤ᠂ ᠦᠨᠳᠦᠰᠦᠲᠡᠨ ᠤ ᠪᠦᠯᠬᠦᠮᠳᠡᠯ ᠪᠣᠯᠣᠨ ᠬᠢᠯᠢ ᠬᠢᠵᠠᠭᠠᠷ ᠤᠨ ᠲᠣᠭᠲᠠᠭᠤᠨ ᠢ ᠦᠨᠡᠨ ᠬᠦ ᠬᠠᠮᠠᠭᠠᠯᠠᠬᠤ ᠬᠡᠷᠡᠭᠲᠡᠢ | ᠃ ᠦᠨᠳᠦᠰᠦᠲᠡᠨ ᠤ ᠭᠠᠵᠠᠷ ᠣᠷᠣᠨ ᠤ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠣᠭᠴᠠᠯᠠᠬᠤ ᠶᠢ ᠬᠥᠭᠵᠢᠯᠲᠡ ᠶᠢᠨ ᠪᠦᠭᠦ ᠶᠠᠪᠤᠴᠠ ᠪᠠ ᠡᠯ᠎ᠡ ᠲᠠᠯ᠎ᠠ ᠳᠤ ᠲᠤᠭᠤᠰᠢᠯᠠᠭᠤᠯᠬᠤ ᠬᠡᠷᠡᠭᠲᠡᠢ᠃ ᠠᠷᠠᠳ ᠤᠨ | ᠠᠮᠢᠳᠤᠷᠠᠯ ᠲᠠᠢ ᠨᠢᠭᠲᠠ ᠤᠶᠠᠯᠳᠤᠭᠤᠯᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠵᠤ᠂ ᠨᠡᠶᠢᠭᠡᠮ ᠤᠨ | ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠦᠨ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ | ᠤᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠬᠦ | ᠬᠡᠷᠡᠭᠲᠡᠢ᠃ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠪᠦᠭᠦ ᠲᠠᠯ᠎ᠠ ᠪᠠᠷ ᠣᠨᠣᠪᠴᠢᠲᠠᠶ ᠲᠤᠭᠤᠰᠢᠯᠠᠭᠤᠯᠵᠤ᠂ | ᠬᠠᠷᠢᠯᠴᠠᠨ ᠠᠭᠤᠰᠤᠯᠴᠠᠭᠰᠠᠨ ᠮᠠᠶ᠋ᠢᠭ ᠤᠨ ᠨᠡᠶᠢᠭᠡᠮ ᠤᠨ ᠪᠦᠲᠦᠴᠡ ᠪᠠ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ | ᠲᠦᠷᠭᠡᠳᠬᠡᠨ ᠪᠠᠶᠢᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ | ᠠᠬᠢᠭᠤᠯᠬᠤ ᠬᠡᠷᠡᠭᠲᠡᠢ᠃ ᠨᠠᠮ ᠤᠨ ᠱᠠᠰᠢᠨ ᠰᠤᠷᠲᠠᠬᠤᠨ ᠤ ᠠᠵᠢᠯ ᠤᠨ ᠦᠨᠳᠦᠰᠦᠨ ᠴᠢᠭᠯᠡᠯᠲᠡ ᠶᠢ ᠪᠦᠭᠦ ᠲᠠᠯ᠎ᠠ ᠪᠠᠷ | ᠲᠤᠭᠤᠰᠢᠯᠠᠭᠤᠯᠤᠨ᠂ ᠮᠠᠨ ᠤ ᠤᠯᠤᠰ ᠤᠨ ᠱᠠᠰᠢᠨ ᠰᠤᠷᠲᠠᠬᠤᠨ ᠢ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠵᠤ᠂ | ᠬᠠᠤᠯᠢ ᠪᠤᠰᠤ ᠱᠠᠰᠢᠨ ᠰᠤᠷᠲᠠᠬᠤᠨ ᠤ ᠠᠵᠢᠯᠯᠠᠭ᠎ᠠ ᠶᠢ ᠦᠷᠭᠦᠯᠵᠢᠯᠡᠨ ᠵᠠᠰᠠᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠬᠢᠯᠢ | ᠬᠢᠵᠠᠭᠠᠷ ᠣᠷᠣᠨ ᠢ ᠬᠥᠭᠵᠢᠭᠦᠯᠵᠦ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠬᠢᠯᠢ ᠬᠢᠵᠠᠭᠠᠷ | ᠣᠷᠣᠨ ᠤ ᠰᠠᠭᠤᠷᠢ ᠲᠥᠬᠦᠭᠡᠷᠦᠮᠵᠢ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠵᠤ᠂ ᠬᠢᠯᠢ ᠬᠢᠵᠠᠭᠠᠷ ᠤᠨ ᠵᠢᠭᠤᠯᠴᠢᠯᠠᠯ ᠵᠡᠷᠭᠡ ᠠᠵᠤ ᠦᠢᠯᠡᠰ ᠢ ᠬᠥᠭᠵᠢᠭᠦᠯᠵᠦ᠂ ᠬᠢᠯᠢ | ᠬᠢᠵᠠᠭᠠᠷ ᠤᠨ ᠠᠷᠠᠳ ᠪᠠᠶᠠᠨ᠂ ᠬᠢᠯᠢ ᠶᠢᠨ ᠪᠣᠭᠤᠮᠲᠠ ᠦᠵᠡᠰᠭᠦᠯᠡᠩ ᠰᠠᠶᠢᠬᠠᠨ᠂ ᠬᠢᠯᠢ ᠬᠢᠵᠠᠭᠠᠷ ᠲᠣᠭᠲᠠᠭᠤᠨ᠂ ᠬᠢᠯᠢ | ᠬᠢᠵᠠᠭᠠᠷ ᠪᠠᠲᠤ ᠪᠠᠬᠢ ᠪᠠᠶᠢᠬᠤ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ ᠬᠠᠮᠤᠭ ᠤᠨ ᠡᠴᠦᠰ ᠲᠤ᠂ ᠲᠥᠪ ᠤᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ | ᠤᠳᠤᠷᠢᠳᠬᠤ ᠳᠤᠭᠤᠶᠢᠯᠠᠩ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠ ᠱᠠᠯᠠᠪᠳᠠᠭᠤᠯᠤᠨ ᠪᠠᠶᠢᠴᠠᠭᠠᠬᠤ ᠪᠠᠨ | ᠴᠢᠩᠭᠠᠳᠬᠠᠵᠤ᠂ ᠲᠥᠪ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠠᠨᠳᠤᠯᠭᠠᠲᠤ ᠴᠢᠨᠠᠷᠲᠠᠢ ᠲᠦᠷᠦ ᠶᠢᠨ | ᠪᠣᠳᠣᠯᠭ᠎ᠠ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠬᠤ ᠬᠡᠷᠡᠭᠲᠡᠢ᠃ ᠪᠠᠷᠠᠭᠤᠨ ᠣᠷᠣᠨ ᠤ ᠡᠯ᠎ᠡ ᠱᠠᠲᠤᠨ ᠤ ᠨᠠᠮ ᠤᠨ | ᠬᠤᠷᠢᠶ᠎ᠠ ᠪᠣᠯᠣᠨ ᠵᠠᠰᠠᠭ ᠤᠨ ᠣᠷᠳᠣᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠡᠭᠦᠷᠭᠡᠯᠡᠵᠦ᠂ ᠨᠠᠮ ᠤᠨ ᠲᠥᠪ | ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ | ᠬᠡᠷᠡᠭᠲᠡᠢ᠃ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠲᠣᠭᠲᠠᠴᠠ ᠶᠢ ᠲᠡᠭᠦᠯᠳᠡᠷᠵᠢᠭᠦᠯᠵᠦ᠂ ᠠᠵᠢᠯ | ᠲᠦᠷᠦᠯ ᠢᠶᠠᠷ ᠢᠶᠠᠨ ᠲᠤᠰᠠᠯᠠᠬᠤ᠂ ᠴᠡᠭ ᠲᠣᠭᠲᠠᠭᠠᠨ ᠬᠠᠪᠰᠤᠷᠤᠨ ᠲᠡᠳᠬᠦᠬᠦ ᠶᠢ ᠭᠦᠨᠵᠡᠭᠡᠶᠢᠷᠡᠭᠦᠯᠬᠦ ᠬᠡᠷᠡᠭᠲᠡᠢ᠃ ᠭᠤᠣᠯ | ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠨᠠᠮ ᠤᠨ ᠰᠠᠬᠢᠯᠭ᠎ᠠ ᠪᠠᠲᠤ ᠶᠢᠨ | ᠰᠤᠷᠤᠯᠴᠠᠯᠭ᠎ᠠ ᠬᠥᠮᠦᠵᠢᠯ ᠢ ᠰᠠᠶᠢᠲᠤᠷ ᠠᠳᠬᠤᠵᠤ᠂ ᠬᠡᠯᠪᠡᠷᠢᠴᠢ ᠦᠵᠡᠯ ᠢ ᠦᠷᠭᠦᠯᠵᠢᠯᠡᠨ ᠴᠡᠭᠴᠡᠯᠡᠨ ᠵᠠᠰᠠᠵᠤ ᠦᠨᠳᠦᠰᠦᠨ | ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠬᠡᠷᠡᠭᠲᠡᠢ᠃ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠣᠭᠲᠠᠴᠠ ᠶᠢ | ᠲᠡᠭᠦᠯᠳᠡᠷᠵᠢᠭᠦᠯᠵᠦ᠂ ᠴᠢᠬᠤᠯᠠ ᠶᠡᠭᠡ ᠲᠦᠷᠦ ᠶᠢᠨ ᠪᠣᠳᠣᠯᠭ᠎ᠠ ᠢᠯᠠᠩᠭᠤᠶ᠎ᠠ ᠠᠷᠠᠳ ᠤᠨ ᠠᠮᠢᠳᠤᠷᠠᠯ ᠳᠤ ᠬᠤᠯᠪᠣᠭᠳᠠᠬᠤ | ᠲᠦᠷᠦ ᠶᠢᠨ ᠪᠣᠳᠣᠯᠭ᠎ᠠ ᠶᠢ ᠨᠡᠶᠢᠲᠡᠯᠡᠬᠦ ᠠᠴᠠ ᠡᠮᠦᠨ᠎ᠡ ᠭᠦᠢᠴᠡᠳ ᠨᠤᠲᠠᠯᠠᠯᠲᠠ ᠬᠢᠬᠦ ᠪᠠ ᠠᠶᠤᠯ ᠲᠦᠭᠰᠢᠭᠦᠷᠢ ᠶᠢᠨ | ᠦᠨᠡᠯᠡᠯᠲᠡ ᠬᠢᠵᠦ᠂ ᠬᠡᠷᠡᠭᠵᠢᠭᠦᠯᠬᠦ ᠶᠠᠪᠤᠴᠠ ᠳᠤ ᠢᠯᠡᠷᠡᠭᠰᠡᠨ ᠠᠰᠠᠭᠤᠳᠠᠯ ᠢ ᠴᠠᠭ ᠲᠤᠬᠠᠢ ᠳᠤᠨᠢ ᠪᠠᠶᠢᠴᠠᠭᠠᠵᠤ᠂ ᠡᠷᠡᠰ | ᠰᠢᠭᠤᠷᠬᠠᠢ ᠰᠢᠢᠳᠪᠦᠷᠢᠯᠡᠬᠦ ᠬᠡᠷᠡᠭᠲᠡᠢ᠃ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠥᠨᠳᠥᠷ | ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠺᠠᠳ᠋ᠷ ᠤᠨ ᠡᠩᠨᠡᠭᠡ ᠶᠢ ᠪᠠᠶᠢᠭᠤᠯᠵᠤ᠂ ᠬᠢᠨᠠᠨ ᠰᠢᠯᠭᠠᠵᠤ ᠤᠷᠮᠠᠰᠢᠭᠤᠯᠬᠤ | ᠳᠦᠷᠢᠮ ᠢ ᠲᠣᠭᠲᠠᠭᠠᠨ ᠪᠦᠷᠢᠨᠰᠢᠭᠦᠯᠵᠦ᠂ ᠦᠨᠳᠦᠰᠦᠨ ᠱᠠᠲᠤᠨ ᠤ ᠺᠠᠳ᠋ᠷ ᠢᠯᠠᠩᠭᠤᠶ᠎ᠠ ᠨᠥᠬᠦᠴᠡᠯ ᠬᠠᠲᠠᠭᠤᠵᠢᠯᠲᠠᠢ ᠭᠠᠵᠠᠷ | ᠣᠷᠣᠨ ᠤ ᠺᠠᠳ᠋ᠷ ᠢ ᠬᠠᠯᠠᠮᠵᠢᠯᠠᠨ ᠬᠠᠶᠢᠷᠠᠯᠠᠵᠤ᠂ ᠺᠠᠳ᠋ᠷ ᠤᠨ ᠡᠷᠡᠮᠡᠬᠡᠶᠢᠯᠡᠨ ᠲᠠᠪᠰᠢᠬᠤ᠂ ᠵᠣᠷᠢᠭᠲᠠᠢ ᠪᠠᠷ ᠵᠠᠮ ᠨᠡᠭᠡᠭᠡᠬᠦ᠂ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠯᠢ ᠴᠢᠶᠠᠩ ᠶᠠᠷᠢᠶᠠᠨ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠭᠡ ᠲᠠᠯ᠎ᠠ ᠠᠴᠠ | ᠪᠣᠳᠣᠯᠬᠢᠯᠠᠵᠤ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮᠲᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠦᠭᠦ ᠲᠠᠯ᠎ᠠ ᠳᠤ ᠲᠠᠯᠪᠢᠵᠤ ᠪᠠᠶᠢᠷᠢ ᠲᠣᠭᠲᠠᠭᠠᠨ | ᠪᠣᠳᠣᠯᠬᠢᠯᠠᠵᠤ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ ; ᠨᠠᠷᠢᠯᠢᠬ ᠵᠦᠢᠯᠡᠰ ᠠᠴᠠ ᠭᠠᠷᠳᠠᠵᠤ᠂ ᠡᠯ᠎ᠡ | ᠭᠠᠵᠠᠷ ᠤᠨ ᠤᠤᠯ ᠠᠴᠠ ᠪᠠᠨ ᠪᠠᠶᠢᠬᠤ ᠳᠠᠪᠠᠭᠤᠯᠢᠭ ᠨᠥᠬᠦᠴᠡᠯ᠂ ᠬᠥᠭᠵᠢᠯᠲᠡ ᠶᠢᠨ ᠳᠠᠯᠳᠠ ᠬᠦᠴᠦᠨ ᠵᠡᠷᠭᠡ ᠵᠥᠷᠢᠶ᠎ᠡ ᠶᠢ | ᠦᠨᠳᠦᠰᠦᠯᠡᠨ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ | ᠬᠡᠷᠡᠭᠲᠡᠢ᠃ ᠥᠪᠡᠷᠮᠢᠴᠡ ᠳᠠᠪᠠᠭᠤᠯᠢᠭ ᠲᠠᠭᠠᠨ ᠰᠠᠭᠤᠷᠢᠯᠠᠵᠤ᠂ ᠣᠷᠣᠨ ᠪᠦᠰᠡ ᠶᠢᠨ ᠬᠥᠭᠵᠢᠯᠲᠡ ᠶᠢ ᠳᠠᠶᠢᠴᠢᠯᠠᠬᠤ ᠨᠡᠩ | ᠤᠯᠠᠨ ᠨᠡᠮᠡᠭᠳᠡᠯ ᠤᠨ ᠲᠦᠢᠯ ᠨᠡᠮᠡᠭᠳᠡᠯ ᠤᠨ ᠪᠦᠰᠡ ᠶᠢ ᠪᠤᠶᠢᠵᠢᠭᠤᠯᠵᠤ᠂ ᠤᠯᠤᠰ ᠤᠨ ᠠᠮᠢ ᠠᠬᠤᠢ ᠶᠢᠨ ᠠᠮᠤᠷ | ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠵᠤ᠂ ᠣᠨᠴᠠᠭᠠᠢ ᠲᠦᠷᠦᠯ ᠭᠡᠯᠪᠡᠷᠢ ᠶᠢᠨ ᠭᠠᠵᠠᠷ ᠣᠷᠣᠨ ᠤ ᠬᠥᠭᠵᠢᠯᠲᠡ ᠶᠢᠨ | ᠴᠢᠳᠠᠪᠤᠷᠢ ᠶᠢ ᠳᠡᠭᠡᠭᠰᠢᠯᠡᠭᠦᠯᠵᠦ᠂ ᠣᠷᠣᠨ ᠨᠤᠲᠤᠭ ᠤᠨ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠠᠷᠢᠯᠭᠠᠬᠤ ᠪᠠ | ᠲᠣᠭᠲᠠᠭᠤᠨ ᠢᠶᠠᠷ ᠬᠥᠭᠵᠢᠭᠦᠯᠬᠦ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ᠃ ᠳᠣᠲᠣᠭᠠᠳᠤ ᠭᠠᠳᠠᠭᠠᠳᠤ | ᠨᠡᠭᠡᠭᠡᠯᠲᠡ ᠶᠢ ᠥᠷᠭᠡᠳᠬᠡᠵᠦ᠂ ᠤᠯᠤᠰ ᠤᠨ ᠳᠣᠲᠣᠭᠠᠳᠤ ᠶᠢᠨ ᠪᠤᠰᠤᠳ ᠣᠷᠣᠨ ᠪᠦᠰᠡ ᠶᠢᠨ ᠪᠠᠶᠢᠯᠳᠤᠬᠤ ᠪᠣᠳᠣᠯᠭ᠎ᠠ ᠲᠠᠢ | ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠤᠯᠠᠨ ᠤᠯᠤᠰ ᠤᠨ ᠣᠷᠴᠢᠯ ᠳᠤ ᠢᠳᠡᠪᠬᠢᠲᠡᠢ ᠠᠭᠤᠰᠤᠯᠴᠠᠵᠤ᠂ ᠪᠠᠷᠠᠭᠤᠨ | ᠣᠷᠣᠨ ᠤ ᠬᠥᠭᠵᠢᠯᠲᠡ ᠶᠢᠨ ᠬᠥᠳᠡᠯᠭᠡᠬᠦ ᠬᠦᠴᠦᠨ ᠠᠮᠢᠵᠢᠷᠠᠯ ᠤᠨ ᠬᠦᠴᠦᠨ ᠢ ᠴᠢᠩᠭᠠᠳᠬᠠᠬᠤ ᠬᠡᠷᠡᠭᠲᠡᠢ ᠭᠡᠵᠦ | ᠢᠯᠡᠷᠬᠡᠶᠢᠯᠡᠪᠡ᠃ | ᠳ᠋ᠢᠩ ᠰᠢᠤᠸᠠᠢ ᠰᠢᠶᠠᠩ ᠶᠠᠷᠢᠶᠠᠨ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ | ᠪᠦᠲᠦᠨ᠂ ᠵᠥᠪ ᠣᠨᠣᠪᠴᠢᠲᠠᠶ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ | ᠲᠦᠪᠰᠢᠨ ᠪᠦᠬᠦᠢ ᠬᠠᠮᠠᠭᠠᠯᠠᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠪᠠᠷᠠᠭᠤᠨ ᠣᠷᠣᠨ ᠢ ᠶᠡᠭᠡ ᠪᠠᠷ | ᠨᠡᠭᠡᠭᠡᠨ ᠬᠥᠭᠵᠢᠭᠦᠯᠬᠦ ᠶᠢ ᠲᠠᠰᠤᠷᠠᠯᠲᠠ ᠦᠭᠡᠢ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠬᠤ ᠬᠡᠷᠡᠭᠲᠡᠢ᠃ ᠤᠯᠤᠰ ᠤᠨ | ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠬᠤ ᠴᠢᠬᠤᠯᠠ ᠶᠡᠭᠡ ᠡᠭᠦᠷᠭᠡ ᠶᠢ ᠰᠠᠶᠢᠲᠤᠷ ᠡᠭᠦᠷᠭᠡᠯᠡᠵᠦ᠂ ᠠᠮᠢ ᠠᠬᠤᠢ ᠶᠢ | ᠬᠠᠮᠠᠭᠠᠯᠠᠬᠤ ᠪᠠ ᠵᠠᠰᠠᠨ ᠰᠡᠷᠭᠦᠭᠡᠬᠦ ᠶᠢ ᠴᠢᠩᠭᠠᠳᠬᠠᠵᠤ᠂ ᠠᠮᠢ ᠠᠬᠤᠢ ᠶᠢᠨ ᠰᠢᠰᠲ᠋ᠧᠮ ᠤᠨ ᠤᠯᠠᠨ ᠶᠠᠩᠵᠤᠲᠤ ᠴᠢᠨᠠᠷ᠂ | ᠲᠣᠭᠲᠠᠪᠤᠷᠢᠲᠤ ᠴᠢᠨᠠᠷ᠂ ᠦᠷᠭᠦᠯᠵᠢᠯᠡᠬᠦ ᠴᠢᠨᠠᠷ ᠢ ᠳᠡᠭᠡᠭᠰᠢᠯᠡᠭᠦᠯᠭᠦ ᠬᠡᠷᠡᠭᠲᠡᠢ᠃ ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ | ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠭᠦᠨᠵᠡᠭᠡᠢ ᠰᠠᠶᠢᠲᠤᠷ ᠬᠢᠵᠦ᠂ ᠣᠨᠣᠴᠠᠲᠠᠢ᠂ ᠰᠢᠨᠵᠢᠯᠡᠬᠦ ᠤᠬᠠᠭᠠᠨᠴᠢ᠂ | ᠬᠠᠤᠯᠢ ᠶᠣᠰᠣᠭᠠᠷ ᠪᠣᠬᠢᠷᠳᠤᠯ ᠢ ᠵᠠᠰᠠᠬᠤ ᠶᠢ ᠪᠠᠷᠢᠮᠲᠠᠯᠠᠨ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ | ᠲᠠᠰᠤᠷᠠᠯᠲᠠ ᠦᠭᠡᠢ ᠰᠠᠶᠢᠵᠢᠷᠠᠭᠤᠯᠬᠤ ᠬᠡᠷᠡᠭᠲᠡᠢ᠃ ᠬᠥᠭᠵᠢᠯᠲᠡ ᠶᠢᠨ ᠭᠡᠯᠪᠡᠷᠢ ᠶᠢᠨ ᠪᠣᠬᠢᠷᠳᠤᠯ ᠦᠭᠡᠢ ᠪᠠᠭ᠎ᠠ | ᠨᠡᠭᠦᠷᠡᠰᠦᠲᠥ᠋ᠷᠥᠭᠴᠢᠲᠦ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ ᠰᠢᠨ᠎ᠡ ᠴᠢᠨᠠᠷ ᠪᠦᠬᠦᠢ | ᠦᠢᠯᠡᠳᠪᠦᠷᠢᠯᠡᠯ ᠤᠨ ᠬᠦᠴᠦᠨ ᠢ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠬᠥᠭᠵᠢᠭᠦᠯᠵᠦ᠂ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ | ᠰᠠᠭᠠᠷᠮᠠᠭᠵᠢᠭᠤᠯᠬᠤ ᠶᠢ ᠢᠳᠡᠪᠬᠢᠲᠡᠢ ᠪᠥᠭᠡᠳ ᠯᠠᠪᠳᠠᠭᠤᠨ ᠢᠶᠠᠷ ᠠᠬᠢᠭᠤᠯᠬᠤ ᠬᠡᠷᠡᠭᠲᠡᠢ ᠭᠡᠵᠦ ᠢᠯᠡᠷᠬᠡᠶᠢᠯᠡᠪᠡ᠃ | ᠯᠢ ᠭᠠᠨ ᠵᠢᠶᠧ᠂ ᠾᠧ ᠯᠢ ᠹᠧᠩ᠂ ᠦ᠋ ᠵᠧᠩ ᠯᠦᠩ᠂ ᠮᠦ ᠬᠤᠩ᠂ ᠵᠢᠶᠠᠩ ᠰᠢᠨ ᡁᠢ ᠶᠠᠷᠢᠯᠴᠠᠬᠤ ᠬᠤᠷᠠᠯ ᠳᠤ | ᠣᠷᠣᠯᠴᠠᠵᠤ᠂ ᠲᠥᠪ ᠪᠠ ᠲᠥᠷᠥ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ | ᠣᠷᠣᠨ ᠨᠤᠲᠤᠭ᠂ ᠬᠤᠯᠪᠣᠭᠳᠠᠯ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠥᠬᠦᠳ ᠶᠠᠷᠢᠯᠴᠠᠬᠤ ᠬᠤᠷᠠᠯ ᠳᠤ | ᠣᠷᠣᠯᠴᠠᠪᠠ᠃ | | | |