ᠰᠦᠨ ᠱᠤᠤ ᠴᠸᠡᠭ᠂ ᠸᠠᠩ ᠯᠢ ᠰᠢᠶᠠ ᠨᠠᠷ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠶ᠎ᠠ︾ ᠭᠡᠬᠦ ᠭᠤᠣᠯ ᠰᠡᠳᠦᠪᠲᠦ ᠤᠷᠠᠨ ᠪᠢᠴᠢᠯᠭᠡ ᠤᠷᠠᠨ ᠵᠢᠷᠤᠭ ᠤᠨ ᠦᠵᠡᠰᠬᠦᠯᠡᠩ ᠢ ᠲᠣᠭᠤᠷᠢᠨ ᠦᠵᠡᠪᠡ᠂ ᠵᠠᠩ ᠶᠠᠨ ᠺᠦᠨ ᠬᠠᠮᠳᠤ ᠲᠤᠭᠤᠷᠢᠨ ᠦᠵᠡᠵᠡᠢ
ᠨᠡᠶᠢᠲᠡᠯᠡᠭᠰᠡᠨ ᠴᠠᠭ᠄
2024/4/28
    ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠸ ᠴᠧᠩ᠂  ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠨᠠᠷ 4 ᠳ᠋ᠤᠬᠡᠷ ᠰᠠᠷ᠎ᠠ ᠶᠢᠨ 27 ᠤ ᠡᠳᠦᠷ ᠥᠪᠥᠷ ᠮᠣᠩᠭᠤᠯ ᠤᠨ ᠤᠷᠠᠨ ᠵᠢᠷᠤᠭ ᠤᠨ ᠣᠷᠳᠣᠨ ᠳᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠶ᠎ᠠ︾ ᠭᠡᠬᠦ ᠭᠤᠣᠯ ᠰᠡᠳᠦᠪᠲᠦ ᠤᠷᠠᠨ ᠪᠢᠴᠢᠯᠭᠡ ᠤᠷᠠᠨ ᠵᠢᠷᠤᠭ ᠤᠨ ᠦᠵᠡᠰᠬᠦᠯᠡᠩ ᠢ ᠲᠣᠭᠤᠷᠢᠨ ᠦᠵᠡᠪᠡ᠃
W020240428244738720870_ORIGIN.jpg
     ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠸ ᠴᠧᠩ ᠂  ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠨᠠᠷ 4 ᠳ᠋ᠤᠬᠡᠷ ᠰᠠᠷ᠎ᠠ ᠶᠢᠨ 27 ᠤ ᠡᠳᠦᠷ ᠥᠪᠥᠷ ᠮᠣᠩᠭᠤᠯ ᠤᠨ ᠤᠷᠠᠨ ᠵᠢᠷᠤᠭ ᠤᠨ ᠣᠷᠳᠣᠨ ᠳᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠶ᠎ᠠ︾ ᠭᠡᠬᠦ ᠭᠤᠣᠯ ᠰᠡᠳᠦᠪᠲᠦ ᠤᠷᠠᠨ ᠪᠢᠴᠢᠯᠭᠡ ᠤᠷᠠᠨ ᠵᠢᠷᠤᠭ ᠤᠨ ᠦᠵᠡᠰᠬᠦᠯᠡᠩ ᠢ ᠲᠣᠭᠤᠷᠢᠨ ᠦᠵᠡᠵᠤ ᠪᠠᠶᠢᠭ᠎ᠠ ᠨᠢ    ᠲᠤᠰ ᠤᠳᠠᠭᠠᠨ ᠤ ᠦᠵᠡᠰᠬᠦᠯᠡᠩ ᠳᠤ ᠤᠷᠠᠨ ᠪᠢᠴᠢᠯᠭᠡ᠂ ᠭᠤᠷ ᠰᠡᠶᠢᠯᠦᠮᠡᠯ᠂ ᠬᠢᠲᠠᠳ ᠵᠢᠷᠤᠭ᠂ ᠲᠣᠰᠣᠨ ᠪᠤᠳᠤᠭ ᠤᠨ ᠵᠢᠷᠤᠭ᠂ ᠱᠤᠭᠤᠮᠠᠯ᠂ ᠤᠰᠤᠨ ᠪᠤᠳᠤᠭ ᠤᠨ ᠵᠢᠷᠤᠭ ᠵᠡᠷᠭᠡ 195 ᠪᠦᠲᠦᠭᠡᠯ ᠢ ᠳᠡᠯᠭᠡᠨ ᠦᠵᠡᠭᠦᠯᠵᠦ᠂ ᠪᠥᠬᠦ ᠣᠷᠣᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠣᠷᠳᠣ ᠬᠤᠭᠤᠴᠠᠭᠠᠨ ᠤ ᠦᠢᠯᠡᠳᠪᠦᠷᠢᠯᠡᠯ ᠠᠮᠢᠳᠤᠷᠠᠯ ᠤᠨ ᠳᠤᠮᠳᠠ ᠶᠠᠪᠤᠯᠴᠠᠨ ᠰᠣᠯᠢᠯᠴᠠᠵᠤ ᠠᠭᠤᠰᠤᠯᠴᠠᠭᠰᠠᠨ᠂ ᠠᠬ᠎ᠠ ᠳᠡᠭᠦᠦ ᠶᠢᠨ ᠬᠠᠶᠢᠷ᠎ᠠ ᠰᠡᠳᠬᠢᠯᠭᠡ ᠭᠦᠨ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠭᠰᠠᠨ ︽ᠰᠣᠶᠣᠯ ᠤᠨ ᠲᠠᠯ᠎ᠠ ᠪᠠᠷ ᠪᠦᠬᠦᠨ ᠢ ᠪᠠᠭᠲᠠᠭᠠᠵᠤ᠂ ᠠᠵᠤ ᠠᠬᠤᠢ ᠶᠢᠨ ᠲᠠᠯ᠎ᠠ ᠪᠠᠷ ᠬᠠᠷᠢᠯᠴᠠᠨ ᠲᠦᠰᠢᠭᠯᠡᠯᠴᠡᠵᠦ᠂ ᠬᠠᠶᠢᠷ᠎ᠠ ᠰᠡᠳᠬᠢᠯᠭᠡ ᠶᠢᠨ ᠲᠠᠯ᠎ᠠ ᠪᠠᠷ ᠳᠣᠲᠣᠨᠣ ᠪᠠᠶᠢᠬᠤ︾ ᠰᠠᠶᠢᠨ ᠰᠠᠶᠢᠬᠠᠨ ᠦᠵᠡᠮᠵᠢ ᠶᠢ ᠤᠷᠠᠯᠢᠭ ᠤᠨ ᠬᠡᠯᠪᠡᠷᠢ ᠪᠠᠷ ᠢᠯᠡᠳᠭᠡᠭᠰᠡᠨ ᠪᠠᠶᠢᠨ᠎ᠠ᠃ ᠲᠤᠰ ᠦᠵᠡᠰᠬᠦᠯᠡᠩ ᠢ ᠡᠷᠬᠢᠯᠡᠭᠰᠡᠨ ᠤ ᠵᠤᠷᠢᠯᠭ᠎ᠠ ᠨᠢ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠲᠠᠭᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠴᠢᠩ ᠰᠡᠳᠬᠢᠯ ᠤᠨ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ︽ᠭᠤᠷᠪᠠᠨ ᠰᠠᠯᠵᠤ ᠴᠢᠳᠠᠬᠤ ᠦᠭᠡᠢ︾ ᠦᠵᠡᠯ ᠰᠠᠨᠠᠭ᠎ᠠ ᠶᠢ ᠪᠠᠬᠢᠵᠢᠬᠦᠯᠤᠨ᠂ ︽ᠲᠠᠪᠤᠨ ᠬᠠᠮᠲᠤ ᠶᠢᠨ ᠲᠠᠨᠢᠯᠲᠠ︾ ᠶᠢ ᠴᠢᠩᠭᠠᠳᠬᠠᠵᠤ᠂ ᠬᠤᠶᠠᠷ ᠶᠡᠭᠡ ᠶᠠᠪᠤᠳᠠᠯ ᠢ ᠭᠤᠶᠢᠪᠢᠰᠢ ᠦᠭᠡᠢ ᠰᠠᠶᠢᠲᠤᠷ ᠬᠢᠵᠦ᠂ ᠬᠦᠴᠢᠷ ᠵᠣᠪᠠᠭᠤᠷᠢ ᠶᠢ ᠲᠡᠰᠪᠦᠷᠢᠯᠡᠨ ᠰᠢᠨ᠎ᠡ ᠵᠠᠮ ᠢ ᠨᠡᠭᠡᠭᠡᠵᠦ ᠴᠤᠴᠠᠯᠲᠠ ᠦᠭᠡᠢ ᠤᠷᠤᠭᠰᠢᠯᠠᠬᠤ ᠶᠢᠨ ᠲᠥᠯᠥᠭᠡ ᠶᠤᠮ᠃
W020240428244945194533_ORIGIN.jpg
     ᠰᠦᠨ ᠱᠤᠤ ᠴᠧᠩ ᠪᠦᠲᠦᠭᠡᠯ ᠤᠨ ᠲᠠᠨᠢᠯᠴᠠᠭᠤᠯᠭ᠎ᠠ ᠶᠢ ᠬᠢᠨᠠᠮᠠᠭᠠᠢ ᠰᠣᠨᠣᠰᠴᠤ᠂ ᠰᠤᠨᠢᠷᠬᠠᠬᠤ ᠶᠢᠨ ᠬᠠᠮᠳᠤ ᠤᠯᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ ᠰᠦᠨ ᠱᠤᠤ ᠴᠸᠡᠭ᠄ ︽ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠭᠰᠠᠨ ᠡᠨᠡ ᠬᠦ ᠦᠵᠡᠭᠦᠯᠦᠯᠭᠡ ᠮᠠᠰᠢ ᠤᠳᠬ᠎ᠠ ᠠᠭᠤᠯᠭ᠎ᠠ  ᠲᠠᠢ᠂ ᠠᠯᠢ ᠤᠯᠠᠨ ᠭᠤᠶᠢᠳᠠ ᠰᠠᠶᠢᠬᠠᠨ ᠤᠷᠠᠯᠢᠭ ᠤᠨ ᠪᠦᠲᠦᠭᠡᠯ ᠢ ᠠᠮᠢᠳᠤᠯᠢᠭ ᠢᠶᠠᠷ ᠳᠡᠯᠭᠡᠨ ᠦᠵᠡᠭᠦᠯᠬᠦ ᠪᠠᠷ ᠳᠠᠮᠵᠢᠭᠤᠯᠤᠨ ᠬᠦᠮᠦᠰ ᠲᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠶᠢᠨ ᠠᠭᠤᠯᠤᠭᠳᠠᠬᠤᠨ ᠪᠠ ᠱᠠᠭᠠᠷᠳᠠᠯᠭ᠎ᠠ ᠶᠢ ᠨᠡᠩ ᠰᠢᠭᠤᠳ ᠲᠣᠳᠣ ᠪᠥᠭᠡᠳ ᠭᠦᠨᠵᠡᠭᠡᠢ ᠤᠶᠢᠯᠠᠭᠠᠭᠤᠯᠤᠬᠰᠠᠨᠨ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠠᠵᠢᠯ ᠤᠨ ᠭᠤᠣᠯ ᠱᠤᠭᠤᠮ ᠢ ᠪᠦᠬᠦ ᠲᠠᠯ᠎ᠠ ᠪᠠᠷ ᠭᠦᠨᠵᠡᠭᠡᠢ  ᠲᠤᠭᠤᠰᠢᠯᠠᠭᠤᠯᠬᠤ ᠳᠤ ᠢᠳᠡᠪᠬᠢᠲᠡᠢ ᠠᠬᠢᠭᠤᠯᠬᠤ ᠦᠢᠯᠡᠳᠦᠯ ᠲᠠᠢ ᠶᠤᠮ᠃ ᠡᠯ᠎ᠡ ᠱᠠᠲᠤᠨ ᠤ ᠡᠯ᠎ᠡ ᠬᠤᠯᠪᠣᠭᠳᠠᠯ ᠪᠦᠬᠦᠢ ᠲᠠᠯ᠎ᠠ ᠶᠢᠨ ᠬᠢᠨ ᠮᠦᠽᠧᠢ᠂ ᠦᠵᠡᠰᠬᠦᠯᠡᠩ ᠤᠨ ᠣᠷᠳᠣᠨ ᠵᠡᠷᠭᠡ  ᠲᠠᠯᠠᠪᠤᠷ ᠢ ᠰᠠᠶᠢᠲᠤᠷ ᠠᠰᠢᠭᠯᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠪᠤᠳᠠᠳᠤ ᠲᠡᠦᠬᠡ ᠶᠢ ᠭᠦᠨᠵᠡᠭᠡᠢ ᠠᠭᠤᠳᠠᠯᠵᠤ᠂ ︽ᠤᠮᠠᠷᠠᠲᠤ ᠶᠢᠨ ᠰᠣᠶᠣᠯ︾ ᠤᠨ ᠲᠦᠷᠦᠯ ᠲᠡᠮᠳᠡᠭ ᠢ ᠰᠠᠶᠢᠲᠤᠷ ᠪᠠᠶᠢᠭᠤᠯᠤᠨ ᠰᠠᠶᠢᠲᠤᠷ ᠬᠡᠷᠡᠭᠯᠡᠵᠦ᠂ ᠥᠪᠥᠷ ᠮᠣᠩᠭᠤᠯ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠰᠢᠨ᠎ᠡ ᠰᠣᠷᠭᠤᠭ ᠦᠯᠢᠭᠡᠷ ᠢ ᠰᠠᠶᠢᠲᠤᠷ ᠶᠠᠷᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠳᠤᠳᠬᠠᠬᠤ ᠠᠵᠢᠯ ᠤᠨ ᠭᠤᠣᠯ ᠰᠢᠵᠢᠮ ᠢ ᠲᠤᠭᠤᠰᠢᠯᠠᠭᠤᠯᠬᠤ ᠠᠵᠢᠯ ᠢ ᠠᠬᠢᠭᠤᠯᠵᠤ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠬᠡᠷᠡᠭᠲᠡᠢ︾ ᠬᠡᠵᠡᠢ᠃     ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠵᠠᠩ ᠶᠠᠨ ᠺᠦᠨ᠂ ᠢᠦᠢ ᠯᠢ ᠰᠢᠨ ᠨᠠᠷ ᠠᠵᠢᠯᠯᠠᠭ᠎ᠠ ᠳᠤ ᠤᠷᠤᠯᠴᠠᠪᠠ᠃  
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号