ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠰᠤᠵᠢᠯ ᠤᠨ ᠦᠢᠯᠡᠴᠢᠯᠡᠭᠡᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠳᠠ ᠶᠢ ᠴᠢᠩᠭᠠᠳᠬᠠᠬᠤ ᠲᠤᠬᠠᠢ ᠮᠡᠳᠡᠭᠳᠡᠯ ︵ᠲᠡᠭᠡᠳᠤ︶
ᠨᠡᠶᠢᠲᠡᠯᠡᠭᠰᠡᠨ ᠴᠠᠭ᠄
2024/4/3
ᠡᠯ᠎ᠡ ᠠᠶᠢᠮᠠᠭ ᠤᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠮᠠᠨᠵᠤᠤᠷ ᠬᠤᠲᠠ᠂ ᠡᠷᠢᠶᠡᠨ ᠬᠤᠲᠠ ᠶᠢᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠢᠨ ᠳᠤ᠄     ᠰᠢᠨ᠎ᠡ ᠴᠠᠭ ᠦᠶ᠎ᠡ ᠶᠢᠨ ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠢ ᠠᠬᠢᠭᠤᠯᠤᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ︽ᠤᠳᠤᠬᠢᠴᠢᠯᠠᠬᠰᠠᠨ ᠪᠦᠲᠦᠭᠡᠨ ᠪᠠᠶᠢᠭᠤᠯᠤᠯᠲᠠ ᠶᠢᠨ ᠴᠢᠳᠠᠪᠤᠷᠢᠲᠠᠨ ᠤ ᠲᠤᠯᠭᠠᠭᠤᠷᠢᠯᠠᠯ ᠢ ᠴᠢᠩᠭᠠᠳᠬᠠᠬᠤ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ ᠂ ᠨᠠᠰᠤᠵᠢᠯ ᠤᠨ ᠦᠢᠯᠡᠴᠢᠯᠡᠭᠡᠨ ᠤ ᠴᠢᠳᠠᠪᠤᠷᠢᠲᠠᠨ ᠤ ᠬᠠᠩᠭᠠᠯᠭ᠎ᠠ  ᠶᠢ ᠦᠷᠭᠦᠯᠵᠢᠯᠡᠨ ᠥᠷᠭᠡᠳᠬᠡᠵᠦ᠂ ᠨᠠᠰᠤᠵᠢᠯ ᠤᠨ ᠦᠢᠯᠡᠴᠢᠯᠡᠭᠡᠨ ᠤ ᠠᠵᠢᠯᠲᠠᠨ ᠤ ᠲᠤᠰᠬᠠᠢ ᠮᠡᠷᠭᠡᠵᠢᠯ ᠤᠨ  ᠴᠢᠳᠠᠪᠤᠷᠢ ᠪᠠ ᠬᠠᠮᠢᠶᠠᠷᠤᠯᠲᠠ ᠦᠢᠯᠡᠴᠢᠯᠡᠭᠡᠨ ᠤ ᠲᠦᠪᠰᠢᠨ ᠢ ᠲᠡᠭᠡᠭᠰᠢᠯᠡᠬᠦᠯᠵᠤ᠂ ᠰᠢᠯᠢᠳᠡᠭ ᠬᠡᠪ ᠴᠢᠨᠠᠷ ᠂ ᠲᠤᠭ᠎ᠠ ᠬᠡᠮᠵᠢᠶ᠎ᠡ ᠪᠠᠷ ᠭᠦᠢᠴᠡᠳ᠂ ᠪᠦᠲᠦᠴᠡ ᠨᠢ ᠵᠣᠬᠢᠰᠲᠠᠢ ᠨᠠᠰᠤᠵᠢᠯ ᠤᠨ ᠦᠢᠯᠡᠴᠢᠯᠡᠭᠡᠨ ᠤ ᠴᠢᠳᠠᠪᠤᠷᠢᠲᠠᠨ ᠤ ᠡᠩᠨᠡᠭᠡ ᠶᠢ ᠪᠣᠶ ᠪᠣᠯᠭᠠᠵᠤ᠂  ᠨᠠᠰᠤᠲᠠᠶᠢᠴᠤᠳ ᠤᠨ ᠣᠯᠠᠨ ᠲᠠᠰ ᠳᠠᠪᠬᠤᠷᠭ᠎ᠠ ᠶᠢᠨ᠂ ᠲᠤᠰᠬᠠᠶᠢᠵᠢᠭᠰᠠᠨ ᠨᠠᠰᠤᠵᠢᠯ ᠤᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠦᠬᠡᠢ ᠬᠠᠨᠭ᠍ᠭᠠᠬᠤ ᠶᠢᠨ ᠲᠦᠯᠤᠬᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠰᠤᠵᠢᠯ ᠤᠨ ᠦᠢᠯᠡᠴᠢᠯᠡᠭᠡᠨ ᠤ ᠳᠦᠷᠢᠮ︾ ᠵᠡᠷᠭᠡ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠦᠨᠳᠦᠰᠦᠯᠡᠨ᠂ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ  ᠳᠤ ᠬᠢ ᠨᠠᠰᠤᠵᠢᠯ ᠤᠨ ᠦᠢᠯᠡᠴᠢᠯᠡᠭᠡᠨ ᠤ  ᠬᠦᠭᠵᠢᠬᠦᠯᠤᠯᠳᠡ ᠶᠢᠨ ᠲᠥᠯᠦᠪᠵᠢᠭᠦᠯᠭᠡ ᠪᠠ ᠭᠤᠣᠯᠳᠠᠯᠭ᠎ᠠ ᠲᠠᠢ ᠡᠭᠦᠷᠭᠡ ᠯᠦᠭᠡ ᠤᠶᠠᠯᠳᠤᠭᠤᠯᠤᠨ᠂ ᠨᠠᠰᠤᠵᠢᠯ ᠤᠨ ᠦᠢᠯᠡᠴᠢᠯᠡᠭᠡᠨ ᠤ ᠴᠢᠳᠠᠪᠤᠷᠢᠲᠠᠨ ᠤ ᠪᠠᠶᠢᠭᠤᠯᠤᠯᠲᠠ ᠶᠢ ᠴᠢᠷᠮᠠᠶᠢᠨ ᠠᠬᠢᠭᠤᠯᠬᠤ ᠬᠡᠷᠡᠭᠳᠡᠢ᠃ᠨᠢᠭᠡ᠂ ᠦᠨᠳᠦᠰᠦᠨ ᠵᠠᠷᠴᠢᠮ ᠪᠠ ᠬᠠᠷᠠᠯᠲᠠ ᠡᠭᠦᠷᠭᠡ︵ᠨᠢᠭᠡ︶ ᠦᠨᠳᠦᠰᠦᠨ ᠵᠠᠷᠴᠢᠮ     ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠴᠢᠳᠠᠪᠤᠷᠢ ᠪᠠᠨ ᠲᠡᠭᠡᠭᠰᠢᠯᠡᠬᠦᠯᠬᠦ ᠬᠡᠷᠡᠭᠳᠡᠢ᠃ ᠨᠠᠰᠤᠵᠢᠯ ᠤᠨ ᠦᠢᠯᠡᠴᠢᠯᠡᠭᠡᠨ ᠤ ᠬᠥᠭᠵᠢᠯᠲᠡ ᠶᠢᠨ ᠬᠠᠨᠳᠤᠰᠢ ᠶᠢ ᠭᠦᠨᠵᠡᠭᠡᠢ ᠵᠠᠳᠠᠯᠤᠨ ᠮᠠᠭᠠᠳᠯᠠᠵᠤ᠂ ᠥᠨᠳᠥᠷ᠂ ᠳᠤᠮᠳᠠ᠂ ᠳᠣᠣᠷ᠎ᠠ ᠨᠠᠰᠤᠵᠢᠯ ᠤᠨ ᠦᠢᠯᠡᠴᠢᠯᠡᠭᠡᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢᠲᠠᠨ ᠢ ᠬᠥᠮᠥᠵᠢᠭᠦᠯᠬᠦ ᠱᠠᠲᠤᠯᠵᠢᠨ ᠡᠩᠨᠡᠭᠡ ᠶᠢ ᠵᠦᠢ ᠵᠣᠬᠢᠰᠲᠠᠢ ᠲᠣᠭᠲᠠᠭᠠᠵᠤ᠂ ᠬᠡᠷᠡᠭᠯᠡᠭᠡᠨ ᠤ ᠬᠡᠯᠪᠡᠷᠢ ᠶᠢᠨ ᠴᠢᠳᠠᠪᠤᠷᠢᠲᠠᠨ ᠢ ᠬᠥᠮᠥᠵᠢᠭᠦᠯᠬᠦ ᠴᠢᠭᠯᠡᠯ ᠢ ᠪᠠᠷᠢᠮᠲᠠᠯᠠᠨ᠂  ᠨᠠᠰᠤᠲᠠᠶᠢᠴᠤᠳ ᠤᠨ ᠲᠠᠰᠤᠷᠠᠯᠲᠠ ᠦᠭᠡᠢ ᠨᠡᠮᠡᠭᠳᠡᠵᠦ ᠪᠠᠶᠢᠭ᠎ᠠ ᠣᠯᠠᠨ ᠶᠠᠩᠵᠤ ᠶᠢᠨ᠂ ᠣᠯᠠᠨ ᠲᠠᠰ ᠳᠠᠪᠬᠤᠷᠭ᠎ᠠ ᠶᠢᠨ ᠨᠠᠰᠤᠵᠢᠯ ᠤᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ  ᠴᠢᠨᠠᠷᠯᠢᠭ ᠬᠥᠭᠵᠢᠯᠲᠡ ᠶᠢ ᠠᠬᠢᠭᠤᠯᠬᠤ ᠶᠢᠨ ᠲᠣᠭᠤᠷᠢᠨ ᠳᠤ ᠨᠠᠰᠤᠵᠢᠯ ᠤᠨ ᠦᠢᠯᠡᠴᠢᠯᠡᠭᠡᠨ ᠤ ᠴᠢᠳᠠᠪᠤᠷᠢᠲᠠᠨ ᠤ ᠡᠩᠨᠡᠭᠡ ᠶᠢᠨ ᠲᠤᠰᠬᠠᠶᠢᠵᠢᠭᠰᠠᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠠᠰᠤᠵᠢᠯ ᠤᠨ ᠦᠢᠯᠡᠴᠢᠯᠡᠭᠡᠨ ᠤ ᠴᠢᠳᠠᠪᠤᠷᠢᠲᠠᠨ ᠤ ᠡᠩᠨᠡᠭᠡ ᠶᠢᠨ ᠴᠢᠳᠠᠪᠤᠷᠢ ᠬᠡᠪ ᠴᠢᠨᠠᠷ ᠢ ᠲᠠᠰᠤᠷᠠᠯᠳᠠ ᠦᠬᠡᠢ ᠲᠡᠭᠡᠭᠰᠢᠯᠡᠬᠦᠯᠵᠤ᠂ ᠰᠠᠯᠠᠭ᠎ᠠ ᠮᠥᠴᠢᠷ ᠤᠳ ᠬᠠᠮᠵᠢᠯᠴᠠᠨ᠂ ᠰᠢᠰᠲ᠋ᠧᠮ ᠲᠠᠢ ᠪᠠᠷ ᠠᠬᠢᠭᠤᠯᠬᠤ ᠶᠢ ᠪᠠᠷᠢᠮᠲᠠᠯᠠᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ᠂ ᠵᠡᠷᠬᠡ ᠪᠠᠷ ᠠᠳᠬᠤᠨ ᠴᠤᠭ ᠲᠤ ᠪᠠᠨ ᠬᠠᠮᠢᠶᠠᠷᠬᠤ ᠠᠵᠢᠯ ᠢ ᠠᠬᠢᠭᠤᠯᠬᠤ ᠲᠣᠭᠲᠠᠴᠠ ᠶᠢ ᠪᠠᠶᠢᠭᠤᠯᠵᠤ᠂ ᠠᠵᠢᠯ ᠤᠨ  ᠬᠠᠮ ᠬᠦᠴᠦᠨ ᠢ ᠪᠣᠶ ᠪᠣᠯᠭᠠᠨ᠎ᠠ᠃ ᠨᠠᠰᠤᠵᠢᠯ ᠤᠨ ᠦᠢᠯᠡᠴᠢᠯᠡᠭᠡᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠰᠢᠰᠲ᠋ᠧᠮᠲᠦ᠂ ᠪᠦᠬᠦᠯᠢ ᠴᠣᠭᠴᠠᠲᠤ᠂ ᠵᠣᠬᠢᠴᠠᠯᠳᠤ ᠴᠢᠨᠠᠷ ᠢ ᠨᠠᠩ ᠴᠢᠬᠤᠯᠠᠴᠢᠯᠠᠵᠤ᠂ ᠠᠵᠢᠯ ᠤᠨ ᠦᠷ᠎ᠡ ᠪᠦᠲᠦᠮᠵᠢ ᠶᠢ ᠴᠢᠷᠮᠠᠶᠢᠨ ᠰᠢᠯᠢᠳᠡᠭᠵᠢᠭᠦᠯᠵᠦ᠂ ᠴᠢᠳᠠᠪᠤᠷᠢᠲᠠᠨ ᠢ ᠬᠦᠮᠤᠵᠢᠬᠦᠯᠬᠦ ᠶᠠᠰᠤ ᠴᠢᠨᠠᠷ ᠢ ᠳᠡᠭᠡᠭᠰᠢᠯᠡᠭᠦᠯᠦᠨ᠎ᠡ᠃    ᠲᠣᠭᠲᠠᠴᠠ ᠶᠢᠨ ᠰᠢᠨ᠎ᠡ ᠶᠢ ᠡᠭᠦᠳᠬᠦ᠂ ᠠᠭᠤᠰᠤᠯᠴᠠᠨ ᠬᠥᠭᠵᠢᠬᠦ ᠶᠢ ᠪᠠᠷᠢᠮᠲᠠᠯᠠᠨ᠎ᠠ᠃ ᠨᠠᠰᠤᠵᠢᠯ ᠤᠨ ᠦᠢᠯᠡᠴᠢᠯᠡᠭᠡᠨ ᠤ ᠴᠢᠳᠠᠪᠤᠷᠢᠲᠠᠨ ᠢ ᠬᠥᠮᠥᠵᠢᠭᠦᠯᠬᠦ ᠵᠠᠭᠪᠤᠷ ᠢ ᠰᠢᠨᠡᠳᠬᠡᠵᠤ᠂ ᠨᠠᠰᠤᠵᠢᠯ ᠤᠨ ᠦᠢᠯᠡᠴᠢᠯᠡᠭᠡᠨ ᠤ ᠴᠢᠳᠠᠪᠤᠷᠢᠲᠠᠨ ᠤ ᠰᠢᠯᠵᠢᠬᠦ᠂ ᠬᠢᠨᠠᠯᠲᠠ ᠲᠠᠯᠪᠢᠬᠤ᠂ ᠤᠷᠮᠠᠰᠢᠭᠤᠯᠬᠤ ᠲᠣᠭᠲᠠᠴᠠ ᠶᠢ ᠪᠦᠷᠢᠨᠰᠢᠭᠦᠯᠦᠨ᠎ᠡ᠃ ᠨᠠᠰᠤᠵᠢᠯ ᠤᠨ ᠦᠢᠯᠡᠴᠢᠯᠡᠭᠡᠨ ᠤ ᠠᠵᠢᠯ ᠲᠥᠷᠥᠯ ᠤᠨ  ᠵᠦᠪᠰᠢᠶᠡᠷᠡᠯ ᠦᠭᠭᠦ ᠪᠠᠷᠢᠮᠵᠢᠶ᠎ᠠ ᠶᠢ ᠪᠠᠭᠤᠷᠠᠭᠤᠯᠵᠤ᠂ ᠣᠷᠣᠯᠴᠠᠬᠤ ᠠᠷᠭ᠎ᠠ ᠵᠠᠮ ᠢ ᠥᠷᠭᠡᠳᠬᠡᠨ᠂ ᠠᠳᠠᠯ ᠠᠬᠤᠢ᠂ ᠭᠡᠷ ᠤᠨ ᠶᠠᠪᠤᠳᠠᠯ᠂ ᠡᠮᠴᠢᠯᠡᠭᠡ ᠵᠡᠷᠭᠡ ᠠᠵᠢᠯ ᠲᠥᠷᠥᠯ ᠤᠨ ᠠᠵᠢᠯ ᠡᠷᠬᠢᠯᠡᠭᠰᠡᠳ ᠤᠨ ᠨᠠᠰᠤᠵᠢᠯ ᠤᠨ ᠦᠢᠯᠡᠴᠢᠯᠡᠭᠡᠨ ᠳᠤ ᠣᠷᠣᠯᠴᠠᠬᠤ ᠶᠢ   ᠲᠠᠶᠢᠴᠢᠯᠠᠨ᠂ ᠲᠤᠰᠬᠠᠢ ᠲᠤᠰᠢᠶᠠᠯᠲᠤ᠂ ᠲᠤᠰᠢᠶᠠᠯ ᠬᠠᠪᠰᠤᠷᠭᠠᠭᠰᠠᠨ ᠪᠠ ᠰᠠᠶᠢᠨ  ᠲᠤᠷᠠᠴᠤᠤᠯ ᠢ ᠬᠠᠷᠢᠯᠴᠠᠨ ᠤᠶᠠᠯᠳᠤᠭᠤᠯᠤᠭᠰᠠᠨ ᠨᠠᠰᠤᠵᠢᠯ ᠤᠨ ᠦᠢᠯᠡᠴᠢᠯᠡᠭᠡᠨ ᠤ ᠴᠢᠳᠠᠪᠤᠷᠢᠲᠠᠨ ᠤ ᠡᠩᠨᠡᠭᠡ ᠶᠢ ᠲᠦᠷᠭᠡᠨ ᠪᠠᠶᠢᠭᠤᠯᠵᠤ᠂ ᠨᠠᠰᠤᠵᠢᠯ ᠤᠨ ᠦᠢᠯᠡᠴᠢᠯᠡᠭᠡᠨ ᠤ ᠠᠵᠢᠯᠲᠠᠨ ᠤ ᠬᠡᠪᠴᠢᠶ᠎ᠡ ᠶᠢ ᠨᠠᠰᠤᠵᠢᠯ ᠤᠨ ᠦᠢᠯᠡᠴᠢᠯᠡᠭᠡᠨ ᠤ ᠬᠥᠭᠵᠢᠯᠲᠡ ᠶᠢᠨ  ᠲᠦᠪᠰᠢᠨ ᠯᠦᠭᠡ ᠬᠠᠷᠢᠯᠴᠠᠨ ᠵᠣᠬᠢᠴᠠᠭᠤᠯᠬᠤ ᠠᠵᠢᠯ ᠢ ᠴᠢᠷᠮᠠᠶᠢᠨ ᠠᠬᠢᠭᠤᠯᠬᠤ ᠬᠡᠷᠡᠭᠳᠡᠢ᠃︵ᠬᠤᠶᠠᠷ︶ ᠠᠵᠢᠯ ᠤᠨ ᠡᠭᠦᠷᠭᠡ    2024 ᠣᠨ ᠤ ᠰᠡᠭᠦᠯᠴᠢ ᠪᠣᠯᠬᠤ ᠳᠤ ᠪᠥᠬᠦ ᠣᠷᠣᠨ ᠤ ᠨᠠᠰᠤᠵᠢᠯ ᠤᠨ ᠠᠰᠠᠷᠠᠭᠴᠢ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠢ ᠮᠠᠭᠠᠳᠯᠠᠨ ᠲᠣᠭᠲᠠᠭᠠᠬᠤ ᠳᠦᠷᠢᠮ᠂ ᠨᠠᠰᠤᠵᠢᠯ ᠤᠨ ᠦᠢᠯᠡᠴᠢᠯᠡᠭᠡᠨ ᠤ ᠠᠵᠢᠯᠲᠠᠨ ᠢ ᠪᠣᠯᠪᠠᠰᠤᠷᠠᠭᠤᠯᠬᠤ ᠳᠦᠷᠢᠮ ᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂ ᠨᠠᠰᠤᠵᠢᠯ ᠤᠨ ᠦᠢᠯᠡᠴᠢᠯᠡᠭᠡᠨ ᠤ ᠴᠢᠳᠠᠪᠤᠷᠢᠲᠠᠨ ᠤ ᠡᠩᠨᠡᠭᠡ ᠶᠢᠨ ᠬᠡᠪᠴᠢᠶ᠎ᠡ ᠶᠢ ᠲᠣᠭᠲᠠᠭᠤᠨ ᠢᠶᠠᠷ ᠥᠷᠭᠡᠳᠬᠡᠨ᠎ᠡ᠃ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠤ ᠰᠡᠭᠦᠯᠴᠢ ᠪᠣᠯᠬᠤ ᠳᠤ᠂ ᠨᠠᠰᠤᠵᠢᠯ ᠤᠨ ᠦᠢᠯᠡᠴᠢᠯᠡᠭᠡᠨ ᠤ ᠴᠢᠳᠠᠪᠤᠷᠢᠲᠠᠨ ᠤ ᠬᠥᠭᠵᠢᠯᠲᠡ ᠳᠠᠪᠰᠢᠯᠲᠠ ᠶᠢ ᠳᠡᠮᠵᠢᠬᠦ ᠲᠥᠷᠥ ᠶᠢᠨ ᠪᠣᠳᠣᠯᠭ᠎ᠠ ᠬᠠᠤᠯᠢ ᠴᠠᠭᠠᠵᠠ ᠶᠢᠨ ᠣᠷᠴᠢᠨ ᠲᠣᠭᠤᠷᠢᠨ᠂ ᠨᠡᠶᠢᠭᠡᠮ ᠤᠨ ᠬᠢᠨ ᠳᠤ ᠮᠡᠳᠡᠷᠡᠭᠳᠡᠭᠰᠡᠨ ᠣᠷᠴᠢᠨ ᠲᠣᠭᠤᠷᠢᠨ ᠪᠠ ᠠᠵᠢᠯ ᠲᠥᠷᠥᠯ ᠤᠨ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠨᠠᠩ ᠪᠣᠯᠪᠠᠰᠤᠷᠠᠩᠭᠤᠢ ᠪᠣᠯᠭᠠᠵᠤ᠂ ᠵᠢᠩᠬᠢᠨᠢ ᠠᠩᠭᠢ ᠶᠢᠨ ᠳᠡᠭᠡᠳᠦ ᠰᠤᠷᠭᠠᠭᠤᠯᠢ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠠᠰᠤᠵᠢᠯ ᠤᠨ ᠦᠢᠯᠡᠴᠢᠯᠡᠭᠡᠨ ᠤ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠰᠣᠷᠣᠭᠴᠢ ᠡᠯᠰᠡᠬᠦ ᠬᠡᠪᠴᠢᠶ᠎ᠡ ᠶᠢ ᠦᠷᠭᠦᠯᠵᠢᠯᠡᠨ ᠨᠡᠮᠡᠭᠳᠡᠭᠦᠯᠦᠨ᠎ᠡ᠃ ᠡᠯ᠎ᠡ ᠲᠥᠷᠥᠯ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠢ ᠡᠷᠭᠢᠯᠡᠵᠦ ᠪᠠᠶᠢᠭ᠎ᠠ ᠲᠤᠰᠬᠠᠢ ᠮᠡᠷᠭᠡᠵᠢᠯ ᠤᠨ ᠠᠵᠢᠯᠲᠠᠨ ᠤ ᠲᠤᠭ᠎ᠠ ᠶᠢ 1 ᠲᠦᠮᠡ ᠠᠴᠠ ᠳᠤᠲᠠᠭᠤ ᠪᠠᠶᠢᠯᠭᠠᠵᠤ ᠪᠣᠯᠬᠤ ᠦᠭᠡᠢ᠂ ᠡᠭᠦᠨ ᠳᠤ ᠨᠠᠰᠤᠵᠢᠯ ᠤᠨ ᠠᠰᠠᠷᠠᠮᠵᠢ ᠶᠢᠨ ᠰᠤᠪᠢᠯᠠᠭᠴᠢ ᠶᠢᠨ ᠠᠵᠢᠯ ᠮᠡᠷᠭᠡᠵᠢᠯ ᠤᠨ ᠴᠢᠳᠠᠪᠤᠷᠢ ᠶᠢᠨ ᠵᠡᠷᠭᠡ ᠳᠡᠰ ᠢᠶᠠᠷ ᠲᠣᠭᠲᠠᠭᠠᠭᠰᠠᠨ ᠨᠢ 5000 ᠬᠥᠮᠥᠨ ᠠᠴᠠ ᠳᠤᠲᠠᠭᠤ ᠪᠠᠶᠢᠯᠭᠠᠵᠤ ᠪᠣᠯᠬᠤ ᠦᠭᠡᠢ᠃  ᠬᠤᠶᠠᠷ᠂ ᠠᠵᠢᠯ ᠤᠨ ᠠᠷᠭ᠎ᠠ           ︵ᠭᠤᠷᠪᠠ︶ ᠨᠠᠰᠤᠵᠢᠯ ᠤᠨ ᠠᠰᠠᠷᠠᠭᠴᠢ ᠶᠢ  ᠪᠣᠯᠪᠠᠰᠤᠷᠠᠭᠤᠯᠬᠤ ᠠᠵᠢᠯ ᠢ ᠴᠢᠩᠭᠠᠷᠠᠭᠤᠯᠤᠨ᠎ᠠ᠃ ᠡᠯ᠎ᠡ ᠠᠶᠢᠮᠠᠭ ᠤᠨ ᠬᠤᠲᠠ ᠶᠢᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠲᠣᠰ ᠭᠠᠵᠠᠷ ᠣᠷᠣᠨ ᠤ ᠪᠠᠨ ᠨᠠᠰᠤᠵᠢᠯ ᠤᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠨᠠᠰᠤᠵᠢᠯ ᠤᠨ ᠠᠰᠠᠷᠠᠭᠴᠢ ᠶᠢ ᠪᠣᠯᠪᠠᠰᠤᠷᠠᠭᠤᠯᠬᠤ ᠲᠥᠯᠥᠪᠯᠡᠭᠡ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃ ᠠᠵᠢᠯ ᠮᠡᠷᠭᠡᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠪᠠᠷ ᠭᠤᠣᠯᠳᠠᠯᠭ᠎ᠠ ᠪᠣᠯᠭᠠᠵᠤ᠂ ᠪᠣᠳᠠᠲᠠᠢ ᠠᠵᠢᠯᠯᠠᠬᠤ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ᠂ ᠶᠡᠷᠦᠩᠬᠡᠶᠢᠯᠡᠭᠰᠡᠨ ᠠᠵᠢᠯ ᠮᠡᠷᠭᠡᠵᠢᠯ ᠤᠨ ᠬᠡᠪ ᠴᠢᠨᠠᠷ ᠤᠨ ᠬᠥᠮᠦᠵᠢᠯ ᠢ ᠴᠢᠩᠭᠠᠷᠠᠭᠤᠯᠤᠨ᠂ ᠠᠵᠢᠯ ᠤᠨ ᠪᠠᠶᠢᠷᠢ ᠳᠤ ᠪᠠᠶᠢᠭ᠎ᠠ ᠨᠠᠰᠤᠵᠢᠯ ᠤᠨ ᠠᠰᠠᠷᠠᠭᠴᠢ ᠳᠤ ᠲᠣᠭᠲᠠᠮᠠᠯ ᠬᠤᠭᠤᠴᠠᠭ᠎ᠠ ᠲᠠᠢ ᠪᠠᠷ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠢ ᠥᠷᠨᠢᠭᠦᠯᠦᠨ᠎ᠡ᠃ ᠪᠣᠯᠪᠠᠰᠤᠷᠠᠯ ᠳᠤ ︽ᠨᠠᠰᠤᠵᠢᠯ ᠤᠨ ᠠᠰᠠᠷᠠᠭᠴᠢ ᠶᠢᠨ ᠤᠯᠤᠰ ᠤᠨ ᠠᠵᠢᠯ ᠮᠡᠷᠭᠡᠵᠢᠯ ᠤᠨ ᠴᠢᠳᠠᠪᠤᠷᠢ ᠶᠢᠨ ᠪᠠᠷᠢᠮᠵᠢᠶ᠎ᠠ︾ ᠪᠠ ᠠᠵᠢᠯ ᠤᠨ ᠪᠠᠶᠢᠷᠢ ᠶᠢᠨ ᠪᠣᠳᠠᠲᠠᠢ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠲᠣᠭᠲᠠᠭᠠᠭᠰᠠᠨ ᠪᠣᠯᠪᠠᠰᠤᠷᠠᠯ ᠤᠨ ᠬᠢᠴᠢᠶᠡᠯ ᠤᠨ ᠴᠠᠭ ᠪᠠ ᠠᠭᠤᠯᠭ᠎ᠠ ᠶᠢᠨ ᠶᠣᠰᠣᠭᠠᠷ ᠬᠡᠷᠡᠭᠵᠢᠭᠦᠯᠬᠦ ᠬᠡᠷᠡᠭᠲᠡᠢ᠃ ᠡᠯ᠎ᠡ ᠭᠠᠵᠠᠷ ᠤᠨ ᠡᠳ᠋ ᠤᠨ ᠵᠠᠰᠠᠭ ᠤᠨ ᠪᠡᠯᠡ ᠮᠥᠩᠭᠦ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠰᠤᠷᠭᠠᠨ ᠬᠥᠮᠦᠵᠢᠯ ᠤᠨ ᠵᠠᠷᠤᠳᠠᠯ᠂ ᠨᠢᠭᠦᠯᠡᠰᠦᠩᠭᠦᠢ ᠶᠢᠨ ᠬᠠᠨᠳᠢᠪᠯᠡᠯ ᠪᠠ ᠬᠤᠪᠢ ᠬᠥᠮᠥᠨ ᠵᠠᠷᠤᠳᠠᠯ ᠲᠤᠰᠢᠶᠠᠬᠤ ᠶᠢ ᠬᠠᠷᠢᠯᠴᠠᠨ ᠤᠶᠠᠯᠳᠤᠭᠤᠯᠤᠭᠰᠠᠨ ᠣᠯᠠᠨ ᠡᠰᠢᠲᠦ ᠣᠷᠣᠭᠤᠯᠤᠯᠲᠠ ᠶᠢᠨ ᠲᠣᠭᠲᠠᠴᠠ ᠶᠢ ᠰᠦᠪᠡᠭᠴᠢᠯᠡᠨ ᠪᠠᠶᠢᠭᠤᠯᠬᠤ ᠶᠢ ᠵᠣᠷᠢᠭᠵᠢᠭᠤᠯᠵᠤ᠂ ᠰᠤᠪᠢᠯᠠᠭᠴᠢ ᠶᠢᠨ ᠪᠣᠯᠪᠠᠰᠤᠷᠠᠯ ᠤᠨ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠦᠨ᠎ᠡ᠃ ︽ᠢᠨᠲ᠋ᠧᠷ ᠰᠦᠯᠵᠢᠶ᠎ᠡ + ᠪᠣᠯᠪᠠᠰᠤᠷᠠᠯ︾ ᠤᠨ ᠰᠢᠨ᠎ᠡ ᠵᠠᠭᠪᠤᠷ ᠢ ᠬᠥᠭᠵᠢᠭᠦᠯᠵᠦ᠂ ᠨᠠᠰᠤᠵᠢᠯ ᠤᠨ ᠠᠰᠠᠷᠠᠭᠴᠢ ᠶᠢᠨ ᠰᠦᠯᠵᠢᠶᠡᠨ ᠳᠡᠭᠡᠷᠡᠬᠢ ᠪᠣᠯᠪᠠᠰᠤᠷᠠᠯ ᠤᠨ ᠬᠢᠴᠢᠶᠡᠯ ᠢ ᠨᠡᠭᠡᠭᠡᠨ᠂ ᠨᠠᠰᠤᠵᠢᠯ ᠤᠨ ᠠᠰᠠᠷᠠᠭᠴᠢ ᠶᠢᠨ ᠴᠠᠭ᠂ ᠤᠳᠠᠭ᠎ᠠ ᠬᠤᠪᠢᠶᠠᠵᠤ᠂ᠠᠮᠢᠳᠤᠯᠢᠭ ᠪᠣᠯᠪᠠᠰᠤᠷᠠᠯ ᠤᠨ ᠬᠡᠷᠡᠭᠴᠡᠭᠡ ᠶᠢ ᠬᠠᠩᠭᠠᠨ᠎ᠠ᠃    ︵ᠳᠥᠷᠪᠡ︶ ᠨᠠᠰᠤᠵᠢᠯ ᠤᠨ ᠠᠰᠠᠷᠠᠭᠴᠢ ᠶᠢᠨ ᠠᠵᠢᠯ ᠮᠡᠷᠭᠡᠵᠢᠯ ᠤᠨ ᠴᠢᠳᠠᠪᠤᠷᠢ ᠶᠢᠨ ᠵᠡᠷᠭᠡ ᠳᠡᠰ ᠲᠣᠭᠲᠠᠭᠠᠬᠤ ᠠᠵᠢᠯ ᠢ ᠳᠡᠯᠭᠡᠷᠡᠭᠦᠯᠦᠨ᠎ᠡ᠃ ᠨᠥᠬᠦᠴᠡᠯ ᠳᠤ ᠨᠡᠶᠢᠴᠡᠬᠦ ᠨᠠᠰᠤᠵᠢᠯ ᠤᠨ ᠦᠢᠯᠡᠴᠢᠯᠡᠭᠡᠨ ᠤ ᠠᠵᠢᠯᠲᠠᠨ ᠤ ᠨᠠᠰᠤᠵᠢᠯ ᠤᠨ ᠠᠰᠠᠷᠠᠭᠴᠢ ᠶᠢᠨ ᠠᠵᠢᠯ ᠮᠡᠷᠭᠡᠵᠢᠯ ᠤᠨ ᠴᠢᠳᠠᠪᠤᠷᠢ ᠶᠢᠨ ᠲᠠᠰ ᠲᠣᠭᠲᠠᠭᠠᠬᠤ ᠳᠤ ᠣᠷᠣᠯᠴᠠᠬᠤ ᠶᠢ ᠵᠣᠷᠢᠭᠵᠢᠭᠤᠯᠵᠤ᠂ ᠨᠠᠰᠤᠵᠢᠯ ᠤᠨ ᠠᠰᠠᠷᠠᠭᠴᠢ ᠶᠢᠨ ᠠᠵᠢᠯ ᠮᠡᠷᠭᠡᠵᠢᠯ ᠤᠨ ᠴᠢᠳᠠᠪᠤᠷᠢ ᠶᠢᠨ ᠲᠦᠪᠰᠢᠨ ᠢ ᠳᠡᠭᠡᠭᠰᠢᠯᠡᠭᠦᠯᠦᠨ᠂ 2024 ᠣᠨ ᠤ ᠵᠢᠯ ᠤᠨ ᠰᠡᠭᠦᠯᠴᠢ ᠠᠴᠠ ᠡᠮᠦᠨ᠎ᠡ ᠵᠠᠷᠴᠢᠮ ᠳᠡᠭᠡᠷ᠎ᠡ ᠪᠠᠨ ᠨᠠᠰᠤᠵᠢᠯ ᠤᠨ ᠠᠰᠠᠷᠠᠭᠴᠢ ᠲᠠᠢ ᠬᠤᠯᠪᠣᠭᠳᠠᠬᠤ ᠲᠥᠷᠥ ᠶᠢᠨ ᠪᠣᠳᠣᠯᠭ᠎ᠠ ᠶᠢᠨ ᠣᠯᠭᠤᠮᠵᠢ ᠶᠢ ᠨᠠᠰᠤᠵᠢᠯ ᠤᠨ ᠠᠰᠠᠷᠠᠭᠴᠢ ᠶᠢᠨ ᠠᠵᠢᠯ ᠮᠡᠷᠭᠡᠵᠢᠯ ᠤᠨ ᠴᠢᠳᠠᠪᠤᠷᠢ ᠶᠢᠨ ᠲᠠᠰ ᠤᠨ ᠦᠨᠡᠮᠯᠡᠯ ᠢᠶᠠᠷ ᠦᠨᠳᠦᠰᠦᠯᠡᠯ ᠪᠣᠯᠭᠠᠬᠤ ᠬᠡᠷᠡᠭᠲᠡᠢ᠃ ᠰᠤᠪᠢᠯᠠᠯᠲᠠ ᠶᠢᠨ ᠤᠬᠠᠭᠠᠨ᠂ ᠡᠷᠡᠭᠦᠯᠵᠢᠭᠦᠯᠬᠦ ᠡᠮᠴᠢᠯᠡᠭᠡᠨ ᠤ ᠮᠡᠷᠭᠡᠵᠢᠯ᠂ ᠬᠢᠲᠠᠳ ᠮᠣᠩᠭᠤᠯ ᠡᠮᠨᠡᠯᠭᠡ ᠶᠢᠨ ᠰᠤᠪᠢᠯᠠᠯᠲᠠ ᠡᠷᠡᠭᠦᠯᠵᠢᠯ ᠵᠡᠷᠭᠡ ᠬᠠᠮᠢᠶ᠎ᠠ ᠪᠦᠬᠦᠢ ᠡᠮᠴᠢᠯᠡᠭᠡᠨ ᠤ ᠲᠤᠰᠬᠠᠢ ᠮᠡᠷᠭᠡᠵᠢᠯ ᠠᠴᠠ ᠲᠡᠭᠦᠰᠦᠭᠰᠡᠳ ᠤᠨ ᠨᠠᠰᠤᠵᠢᠯ ᠤᠨ ᠰᠤᠪᠢᠯᠠᠭᠴᠢ ᠶᠢᠨ ᠠᠵᠢᠯ ᠮᠡᠷᠭᠡᠵᠢᠯ ᠤᠨ ᠴᠢᠳᠠᠪᠤᠷᠢ ᠶᠢᠨ ᠵᠡᠷᠭᠡ ᠳᠡᠰ ᠲᠣᠭᠲᠠᠭᠠᠬᠤ ᠳᠤ ᠣᠷᠣᠯᠴᠠᠬᠤ ᠶᠢ ᠵᠣᠷᠢᠭᠵᠢᠭᠤᠯᠤᠨ᠂ ᠨᠠᠰᠤᠲᠠᠶᠢᠴᠤᠳ ᠲᠤ ᠦᠢᠯᠡᠴᠢᠯᠡᠬᠦ ᠬᠠᠮᠢᠶ᠎ᠠ ᠪᠦᠬᠦᠢ ᠠᠵᠢᠯ ᠢ ᠬᠢᠯᠭᠡᠨ᠎ᠡ᠃ ᠨᠠᠰᠤᠵᠢᠯ ᠤᠨ ᠠᠰᠠᠷᠠᠭᠴᠢ ᠶᠢᠨ ᠠᠵᠢᠯ ᠮᠡᠷᠭᠡᠵᠢᠯ ᠤᠨ ᠴᠢᠳᠠᠪᠤᠷᠢ ᠶᠢ ᠦᠨᠡᠯᠡᠬᠦ ᠪᠠᠶᠢᠭᠤᠯᠤᠮᠵᠢ ᠶᠢᠨ ᠬᠦᠭᠵᠢᠬᠦᠯᠤᠯᠳᠡ ᠶᠢ ᠵᠢᠷᠤᠮᠵᠢᠭᠤᠯᠵᠤ᠂ ᠨᠠᠰᠤᠵᠢᠯ ᠤᠨ ᠪᠠᠶᠢᠭᠤᠯᠤᠮᠵᠢ᠂ ᠨᠠᠰᠤᠵᠢᠯ ᠤᠨ  ᠦᠢᠯᠡᠴᠢᠯᠡᠭᠡᠨ ᠤ ᠠᠵᠢᠯ ᠲᠥᠷᠥᠯ ᠤᠨ ᠨᠡᠶᠢᠭᠡᠮᠯᠢᠭ ᠪᠠ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ︵ᠮᠡᠷᠭᠡᠵᠢᠯ ᠤᠨ ᠠᠵᠢᠯᠴᠢᠨ ᠤ ᠳᠡᠭᠡᠳᠦ ᠰᠤᠷᠭᠠᠭᠤᠯᠢ ᠪᠠᠭᠲᠠᠨ᠎ᠠ︶ ᠶᠢ ᠵᠢᠯᠤᠭᠤᠳᠴᠤ ᠪᠠᠶᠢᠭᠠᠳ ᠨᠠᠰᠤᠵᠢᠯ ᠤᠨ ᠠᠰᠠᠷᠠᠭᠴᠢ ᠶᠢᠨ ᠠᠵᠢᠯ ᠮᠡᠷᠭᠡᠵᠢᠯ ᠤᠨ ᠴᠢᠳᠠᠪᠤᠷᠢ ᠶᠢᠨ ᠦᠨᠡᠯᠡᠯᠲᠡ ᠶᠢᠨ ᠪᠠᠶᠢᠭᠤᠯᠤᠮᠵᠢ ᠨᠡᠶᠢᠭᠡᠮ ᠳᠤ ᠬᠠᠨᠳᠤᠭᠤᠯᠤᠨ ᠠᠵᠢᠯ ᠮᠡᠷᠭᠡᠵᠢᠯ ᠤᠨ  ᠴᠢᠳᠠᠪᠤᠷᠢ ᠶᠢᠨ ᠳᠡᠰ ᠲᠣᠭᠲᠠᠭᠠᠬᠤ ᠠᠵᠢᠯ ᠢ ᠥᠷᠨᠢᠭᠦᠯᠵᠦ᠂ 2024 ᠣᠨ ᠤ ᠵᠢᠯ ᠤᠨ ᠡᠴᠦᠰ ᠠᠴᠠ ᠡᠮᠦᠨ᠎ᠡ ᠠᠶᠢᠮᠠᠭ ᠬᠤᠲᠠ ᠨᠢᠬᠡ ᠪᠦᠷᠢ ᠳᠡᠭᠡᠳᠦ ᠰᠤᠷᠭᠠᠭᠤᠯᠢ ᠶᠢᠨ ᠰᠣᠷᠣᠭᠴᠢ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠪᠠ ᠡᠯ᠎ᠡ ᠲᠥᠷᠥᠯ ᠤᠨ ᠨᠡᠶᠢᠭᠡᠮ ᠤᠨ ᠠᠵᠢᠯᠲᠠᠨ ᠳᠤ ᠬᠠᠨᠳᠤᠭᠤᠯᠤᠨ ᠨᠠᠰᠤᠵᠢᠯ ᠤᠨ ᠰᠤᠪᠢᠯᠠᠭᠴᠢ ᠶᠢᠨ ᠠᠵᠢᠯ ᠮᠡᠷᠭᠡᠵᠢᠯ ᠤᠨ ᠴᠢᠳᠠᠪᠤᠷᠢ ᠶᠢᠨ ᠳᠡᠰ  ᠲᠣᠭᠲᠠᠭᠠᠬᠤ ᠬᠦᠨᠳᠡᠯᠡᠨ ᠤ ᠲᠤᠰᠬᠠᠢ ᠮᠡᠷᠭᠡᠵᠢᠯ ᠤᠨ ᠪᠠᠶᠢᠭᠤᠯᠤᠮᠵᠢ ᠶᠢ ᠨᠠᠭᠠᠲᠤ ᠵᠠᠬ᠎ᠠ ᠳᠤ  ᠪᠠᠨ 1 ᠮᠡᠳᠡᠬᠦᠯᠵᠤ ᠵᠦᠪᠰᠢᠶᠡᠷᠡᠬᠦᠯᠦᠭᠰᠠᠨ ᠪᠠᠶᠢᠬᠤ ᠬᠡᠷᠡᠭᠳᠡᠢ᠃     ︵ᠲᠠᠪᠤ︶ ᠨᠠᠰᠤᠵᠢᠯ ᠤᠨ ᠠᠰᠠᠷᠠᠭᠴᠢ ᠶᠢᠨ ᠲᠥᠷᠥ ᠶᠢᠨ ᠪᠣᠳᠣᠯᠭ᠎ᠠ ᠶᠢᠨ ᠣᠯᠭᠤᠮᠵᠢ ᠶᠢ ᠨᠠᠶᠢᠳᠠᠪᠤᠷᠢᠵᠢᠭᠤᠯᠤᠨ᠎ᠠ᠃ ᠡᠯ᠎ᠡ ᠭᠠᠵᠠᠷ ᠤᠨ ᠬᠢᠨ ᠠᠵᠢᠯ ᠮᠡᠷᠭᠡᠵᠢᠯ ᠤᠨ ᠴᠢᠳᠠᠪᠤᠷᠢ ᠶᠢᠨ ᠦᠨᠡᠯᠡᠯᠲᠡ ᠶᠢᠨ ᠪᠠᠶᠢᠭᠤᠯᠤᠮᠵᠢ ᠶᠢᠨ ᠣᠯᠭᠤᠭᠰᠠᠨ ᠠᠩᠬ᠎ᠠ ᠵᠡᠷᠭᠡ ᠶᠢᠨ᠂ ᠳᠤᠮᠳᠠ ᠵᠡᠷᠭᠡ ᠶᠢᠨ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠴᠢᠳᠠᠪᠤᠷᠢ ᠶᠢᠨ ᠲᠠᠰ ᠤᠨ ᠦᠨᠡᠮᠯᠡᠯ ᠣᠯᠣᠭᠰᠠᠨ ᠨᠠᠰᠤᠵᠢᠯ ᠤᠨ ᠠᠰᠠᠷᠠᠭᠴᠢ ᠳᠤ ︽ᠨᠠᠰᠤᠵᠢᠯ ᠤᠨ ᠦᠢᠯᠡᠴᠢᠯᠡᠭᠡᠨ ᠤ ᠦᠢᠯᠡᠰ ᠢ ᠲᠦᠷᠬᠡᠨ ᠬᠥᠭᠵᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠲᠠᠷᠬᠠᠭᠠᠭᠰᠠᠨ ﹇2014﹈ 57 ᠳ᠋ᠤᠭᠠᠷ ᠲᠣᠭᠠᠲᠤ︶ ᠤᠨ ᠶᠣᠰᠣᠭᠠᠷ ᠤᠨᠴᠠᠭᠠᠢ ᠠᠵᠢᠯ ᠤᠨ ᠪᠠᠶᠢᠷᠢ ᠶᠢᠨ ᠨᠦᠬᠦᠪᠤᠷᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠨᠠᠰᠤᠵᠢᠯ ᠤᠨ ᠰᠤᠪᠢᠯᠠᠯᠲᠠ ᠶᠢ ᠥᠪᠥᠷ ᠮᠣᠩᠭᠤᠯ ᠤᠨ ᠠᠵᠢᠯ ᠮᠡᠷᠭᠡᠵᠢᠯ ᠤᠨ ᠴᠢᠳᠠᠪᠤᠷᠢ ᠶᠢᠨ ᠤᠷᠤᠯᠳᠤᠭᠠᠨ ᠤ ᠵᠦᠢᠯ ᠳᠤ ᠣᠷᠣᠭᠤᠯᠵᠤ᠂ ᠱᠠᠩᠨᠠᠯ ᠬᠦᠷᠲᠡᠭᠰᠡᠳ ᠲᠤ ᠲᠣᠭᠲᠠᠭᠠᠯ ᠶᠣᠰᠣᠭᠠᠷ ᠢᠷᠠᠭᠤ ᠠᠯᠳᠠᠷ ᠤᠨ ᠴᠣᠯᠠ᠂ ᠪᠣᠳᠠᠰ ᠤᠨ ᠱᠠᠩᠨᠠᠯ᠂ ᠲᠤᠰᠢᠶᠠᠯ ᠤᠨ ᠲᠠᠰ ᠳᠡᠪᠰᠢᠬᠦ ᠵᠡᠷᠭᠡ ᠣᠯᠭᠤᠮᠵᠢ ᠶᠢ ᠬᠦᠷᠲᠡᠭᠡᠨ᠎ᠡ᠃ ᠨᠠᠰᠤᠵᠢᠯ ᠤᠨ ᠠᠰᠠᠷᠠᠭᠴᠢ ᠶᠢᠨ ᠠᠵᠢᠯ ᠮᠡᠷᠭᠡᠵᠢᠯ ᠤᠨ ᠲᠠᠰ ᠳᠡᠪᠰᠢᠬᠦ ᠵᠠᠮ ᠢ ᠲᠡᠭᠦᠯᠳᠡᠷᠵᠢᠭᠦᠯᠦᠨ ᠰᠠᠭᠠᠳ ᠦᠭᠡᠢ ᠨᠠᠪᠲᠠᠷᠡᠭᠦᠯᠵᠦ᠂ ᠨᠠᠰᠤᠵᠢᠯ ᠤᠨ ᠪᠠᠶᠢᠭᠤᠯᠤᠮᠵᠢ ᠶᠢᠨ ᠡᠮᠦᠨ᠎ᠡ ᠹᠷᠣᠨᠲ ᠤᠨ ᠨᠠᠰᠤᠵᠢᠯ ᠤᠨ ᠠᠰᠠᠷᠠᠭᠴᠢ ᠶᠢᠨ ᠳᠣᠲᠣᠷ᠎ᠠ ᠠᠴᠠ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠶᠢᠨ ᠠᠵᠢᠯᠲᠠᠨ ᠢ ᠰᠣᠩᠭᠤᠬᠤ ᠶᠢ ᠵᠣᠷᠢᠭᠵᠢᠭᠤᠯᠵᠤ᠂ ᠨᠠᠰᠤᠵᠢᠯ ᠤᠨ ᠠᠰᠠᠷᠠᠭᠴᠢ ᠶᠢᠨ ᠲᠤᠰᠢᠶᠠᠯ ᠳᠡᠪᠰᠢᠬᠦ ᠵᠣᠬᠢᠰᠲᠠᠢ ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠤᠨ᠎ᠠ᠃    ︵ᠵᠢᠷᠭᠤᠭ᠎ᠠ︶ ᠨᠠᠰᠤᠵᠢᠯ ᠤᠨ ᠪᠠᠶᠢᠭᠤᠯᠤᠮᠵᠢ ᠶᠢᠨ ᠡᠮᠴᠢ ᠰᠤᠪᠢᠯᠠᠭᠴᠢ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ  ᠲᠡᠳᠬᠦᠪᠤᠷᠢ ᠳᠤ ᠭᠠᠷᠤᠭᠰᠠᠨ ᠡᠮᠴᠢ ᠰᠤᠪᠢᠯᠠᠭᠴᠢᠳ ᠤᠨ ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠭᠰᠠᠨ ᠪᠠᠶᠢᠭᠤᠯᠤᠮᠵᠢ ᠳᠤ ᠬᠢ ᠡᠮᠴᠢᠯᠡᠭᠡᠨ ᠤ ᠪᠠᠶᠢᠭᠤᠯᠤᠮᠵᠢ ᠳᠤ ᠠᠵᠢᠯᠯᠠᠬᠤ ᠶᠢ ᠵᠣᠷᠢᠭᠵᠢᠭᠤᠯᠵᠤ᠂ ᠲᠡᠳᠡᠨ ᠤ ᠠᠵᠢᠯ ᠮᠡᠷᠭᠡᠵᠢᠯ ᠤᠨ ᠲᠥᠷᠥᠯ ᠢᠯᠭᠠᠯ᠂ ᠬᠦᠷᠢᠶ᠎ᠡ ᠬᠡᠪᠴᠢᠶ᠎ᠡ ᠶᠢ ᠬᠤᠪᠢᠷᠠᠭᠤᠯᠬᠤ ᠦᠭᠡᠢ ᠪᠠᠶᠢᠯᠭᠠᠨ᠎ᠠ᠃ ᠠᠵᠢᠯ ᠮᠡᠷᠭᠡᠵᠢᠯ ᠤᠨ ᠡᠮᠴᠢ᠂ ᠳᠠᠩᠰᠠᠯᠠᠭᠤᠯᠤᠭᠰᠠᠨ ᠰᠤᠪᠢᠯᠠᠭᠴᠢ ᠶᠢᠨ ᠨᠠᠰᠤᠵᠢᠯ ᠤᠨ  ᠪᠠᠶᠢᠭᠤᠯᠤᠮᠵᠢ ᠶᠢᠨ ᠳᠣᠲᠣᠭᠠᠳᠤ ᠳᠤ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠣᠯᠠᠨ ᠴᠡᠭ ᠲᠤ ᠣᠴᠢᠵᠤ ᠠᠵᠢᠯ ᠡᠷᠭᠢᠯᠡᠬᠦ ᠶᠢ ᠵᠣᠷᠢᠭᠵᠢᠭᠤᠯᠵᠤ᠂ ᠨᠠᠰᠤᠵᠢᠯ ᠤᠨ ᠪᠠᠶᠢᠭᠤᠯᠤᠮᠵᠢ ᠳᠤ ᠬᠢ ᠡᠮᠨᠡᠯᠭᠡ ᠶᠢᠨ ᠠᠵᠢᠯᠲᠠᠳ ᠨᠢ ᠪᠤᠰᠤᠳ ᠡᠮᠴᠢᠯᠡᠭᠡᠨ ᠤ ᠪᠠᠶᠢᠭᠤᠯᠤᠮᠵᠢ ᠶᠢᠨ ᠡᠮᠨᠡᠯᠭᠡ ᠶᠢᠨ ᠠᠵᠢᠯᠲᠠᠳ ᠯᠤᠭ᠎ᠠ ᠮᠡᠷᠭᠡᠵᠢᠯ ᠤᠨ ᠴᠣᠯᠠ ᠲᠣᠭᠲᠠᠭᠠᠬᠤ᠂ ᠲᠤᠰᠬᠠᠢ ᠮᠡᠷᠭᠡᠵᠢᠯ ᠤᠨ ᠠᠵᠢᠯᠲᠠᠨ ᠢ ᠦᠷᠭᠦᠯᠵᠢᠯᠡᠨ ᠰᠤᠷᠭᠠᠨ ᠬᠥᠮᠥᠵᠢᠭᠦᠯᠬᠦ ᠵᠡᠷᠭᠡ ᠠᠳᠠᠯᠢ ᠲᠡᠭᠰᠢ ᠣᠯᠭᠤᠮᠵᠢ ᠶᠢ ᠬᠦᠷᠲᠡᠭᠡᠨ᠎ᠡ᠃ ᠡᠮᠨᠡᠬᠦ ᠪᠠ ᠰᠤᠪᠢᠯᠠᠬᠤ ᠶᠢ ᠤᠶᠠᠯᠳᠤᠭᠤᠯᠬᠤ ᠪᠠᠶᠢᠭᠤᠯᠤᠮᠵᠢ ᠨᠢ ᠡᠮᠨᠡᠯᠭᠡ ᠶᠢᠨ ᠠᠵᠢᠯᠲᠠᠨ ᠳᠤ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠪᠣᠯᠪᠠᠰᠤᠷᠠᠯ ᠬᠠᠩᠭᠠᠬᠤ ᠨᠥᠬᠦᠴᠡᠯ ᠢ ᠪᠦᠷᠢᠳᠦᠭᠦᠯᠦᠭᠰᠡᠨ ᠦᠭᠡᠢ ᠪᠤᠯ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠨ ᠬᠢᠨ ᠨᠢᠭᠡᠳᠦᠯᠲᠡᠢ ᠲᠥᠯᠥᠪᠯᠡᠨ ᠲᠣᠬᠢᠷᠠᠭᠤᠯᠵᠤ ᠲᠥᠪᠯᠡᠷᠡᠭᠦᠯᠦᠨ ᠪᠣᠯᠪᠠᠰᠤᠷᠠᠭᠤᠯᠤᠨ᠎ᠠ᠃ ᠡᠷᠡᠭᠦᠯ ᠬᠠᠮᠠᠭᠠᠯᠠᠯ ᠤᠨ ᠲᠤᠰᠬᠠᠢ ᠮᠡᠷᠭᠡᠵᠢᠯ᢭ ᠤᠨ ᠠᠵᠢᠯᠲᠠᠨ᢭ᠢ ᠨᠡᠶᠢᠭᠡᠮ ᠲᠣᠭᠤᠷᠢᠭ ᠪᠤᠶᠤ ᠰᠤᠮᠤ ᠰᠢᠶᠠᠩ ᠪᠠᠯᠭᠠᠰᠤ ᠶᠢᠨ ᠡᠷᠬᠢᠯᠡᠭᠰᠡᠨ ᠨᠠᠰᠤᠵᠢᠯ ᠤᠨ ᠪᠠᠶᠢᠭᠤᠯᠤᠮᠵᠢ ᠳᠤ ᠤᠷᠢᠨ ᠲᠣᠮᠢᠯᠠᠵᠤ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠬᠢᠷᠢ ᠬᠡᠮ ᠤᠨ ᠨᠥᠬᠦᠴᠡᠯ ᠤᠨ ᠱᠠᠭᠠᠷᠳᠠᠯᠭ᠎ᠠ᢭ ᠲᠤ  ᠨᠡᠶᠢᠴᠡᠪᠡᠯ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠬᠢᠷᠢ ᠬᠡᠮ᢭ᠢ ᠭᠤᠶᠤᠴᠢᠯᠠᠵᠤ ᠪᠣᠯᠣᠨ᠎ᠠ᠃    ︵ᠳᠣᠯᠤᠭ᠎ᠠ︶ ᠨᠠᠰᠤᠵᠢᠯ ᠤᠨ ᠦᠢᠯᠡᠴᠢᠯᠡᠭᠡᠨ ᠤ ᠡᠮᠴᠢᠯᠡᠭᠡ ᠰᠤᠪᠢᠯᠠᠯᠲᠠ ᠡᠷᠡᠭᠦᠯᠵᠢᠯ ᠰᠤᠪᠢᠯᠠᠯᠲᠠ ᠶᠢᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠨᠠᠰᠤᠵᠢᠯ ᠤᠨ ᠪᠠᠶᠢᠭᠤᠯᠤᠮᠵᠢ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠰᠤᠵᠢᠯ ᠤᠨ ᠪᠠᠶᠢᠭᠤᠯᠤᠮᠵᠢ ᠶᠢᠨ ᠠᠵᠢᠯᠲᠠᠨ ᠤ ᠠᠵᠢᠯ ᠤᠨ ᠪᠠᠶᠢᠷᠢ ᠶᠢᠨ ᠪᠦᠲᠦᠴᠡ ᠶᠢ ᠵᠣᠬᠢᠰᠲᠠᠢ ᠰᠢᠯᠢᠳᠡᠭᠵᠢᠭᠦᠯᠦᠨ᠂ ᠨᠠᠰᠤᠵᠢᠯ ᠤᠨ ᠪᠠᠶᠢᠭᠤᠯᠤᠮᠵᠢ ᠶᠢᠨ ᠡᠷᠡᠭᠦᠯᠵᠢᠭᠦᠯᠬᠦ ᠡᠮᠴᠢᠯᠡᠭᠡ᠂ ᠣᠯᠠᠨ ᠨᠡᠶᠢᠲᠡ ᠶᠢᠨ ᠰᠢᠮ᠎ᠡ ᠲᠡᠵᠢᠭᠡᠯ᠂ ᠴᠢᠳᠠᠪᠤᠷᠢ ᠶᠢ ᠦᠨᠡᠯᠡᠬᠦ᠂  ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ︵ᠮᠡᠷᠭᠡᠵᠢᠯ ᠤᠨ ᠠᠵᠢᠯᠴᠢᠨ ᠤ ᠳᠡᠭᠡᠳᠦ ᠰᠤᠷᠭᠠᠭᠤᠯᠢ ᠪᠠᠭᠲᠠᠨ᠎ᠠ︶ ᠶᠢ ᠵᠤᠷᠢᠬᠵᠢᠭᠤᠯᠵᠤ ᠪᠠᠶᠢᠭᠠᠳ ᠰᠤᠪᠢᠯᠠᠬᠤ᠂ ᠨᠠᠰᠤᠲᠠᠶᠢᠴᠤᠳ ᠤᠨ ᠦᠢᠯᠡᠴᠢᠯᠡᠭᠡ ᠬᠢᠭᠡᠳ ᠬᠠᠮᠢᠶᠠᠷᠤᠯᠲᠠ᠂ ᠡᠷᠡᠭᠦᠯ ᠮᠡᠨᠳᠦ ᠶᠢᠨ ᠬᠠᠮᠢᠶᠠᠷᠤᠯᠲᠠ᠂ ᠡᠮᠨᠡᠬᠦ ᠰᠤᠪᠢᠯᠠᠬᠤ ᠬᠠᠷᠠᠭᠠᠯᠵᠠᠨ ᠠᠰᠠᠷᠠᠬᠤ ᠬᠢᠭᠡᠳ ᠬᠠᠮᠢᠶᠠᠷᠤᠯᠲᠠ᠂ ᠨᠡᠶᠢᠭᠡᠮ ᠤᠨ ᠠᠵᠢᠯ ᠵᠡᠷᠭᠡ ᠨᠠᠰᠤᠵᠢᠯ ᠤᠨ ᠦᠢᠯᠡᠴᠢᠯᠡᠭᠡᠨ ᠤ ᠬᠠᠮᠢᠶ᠎ᠠ ᠪᠦᠬᠦᠢ ᠲᠤᠰᠬᠠᠢ ᠮᠡᠷᠭᠡᠵᠢᠯ ᠨᠡᠭᠡᠭᠡᠵᠦ᠂ ᠨᠠᠰᠤᠵᠢᠯ ᠤᠨ ᠦᠢᠯᠡᠴᠢᠯᠡᠭᠡᠨ ᠤ ᠠᠵᠤ ᠠᠬᠤᠶᠢᠯᠠᠯ ᠤᠨ ᠪᠠᠴᠢᠮ ᠬᠡᠷᠡᠭᠰᠡᠬᠦ ᠡᠮᠨᠡᠬᠦ ᠰᠤᠪᠢᠯᠠᠬᠤ ᠰᠤᠪᠢᠯᠠᠬᠤ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠬᠠᠨᠳᠤᠯᠭ᠎ᠠ ᠲᠠᠢ ᠪᠠᠷ ᠨᠠᠶᠢᠳᠠᠨ ᠬᠥᠮᠥᠵᠢᠭᠦᠯᠦᠨ᠎ᠡ᠃ ᠨᠠᠰᠤᠵᠢᠯ ᠤᠨ ᠦᠢᠯᠡᠴᠢᠯᠡᠭᠡᠨ ᠤ ᠬᠦᠷᠢᠶᠡᠨ ᠳᠤ ᠬᠢ ︽1+X︾ ᠦᠨᠡᠮᠯᠡᠯ ᠤᠨ ᠳᠦᠷᠢᠮ ᠤᠨ ᠲᠤᠷᠰᠢᠯᠲᠠ ᠶᠢ ᠯᠠᠪᠳᠠᠭᠤᠨ ᠢᠶᠠᠷ ᠬᠡᠷᠡᠭᠵᠢᠭᠦᠯᠵᠦ᠂ ᠡᠩ ᠤᠨ ᠳᠡᠭᠡᠳᠦ ᠰᠤᠷᠭᠠᠭᠤᠯᠢ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠠᠰᠤᠲᠠᠶᠢᠴᠤᠳ ᠲᠤ ᠬᠤᠯᠪᠣᠭᠳᠠᠬᠤ ᠲᠤᠰᠬᠠᠢ ᠮᠡᠷᠭᠡᠵᠢᠯ ᠤᠨ ᠰᠤᠷᠭᠠᠭᠤᠯᠢ ᠳᠤ ᠪᠠᠶᠢᠭ᠎ᠠ ᠰᠣᠷᠣᠭᠴᠢ ᠶᠢᠨ ᠨᠠᠰᠤᠲᠠᠶᠢᠴᠤᠳ ᠢ ᠠᠰᠠᠷᠠᠨ ᠰᠤᠪᠢᠯᠠᠬᠤ᠂  ᠮᠡᠳᠡᠷᠡᠯ ᠮᠠᠭᠤ ᠨᠠᠰᠤᠲᠠᠶᠢᠴᠤᠳ ᠢ ᠠᠰᠠᠷᠠᠨ ᠬᠠᠷᠠᠭᠠᠯᠵᠠᠬᠤ᠂ ᠨᠠᠰᠤᠲᠠᠶᠢᠴᠤᠳ ᠤᠨ ᠴᠢᠳᠠᠪᠤᠷᠢ ᠶᠢ ᠦᠨᠡᠯᠡᠬᠦ ᠵᠡᠷᠭᠡ ᠠᠵᠢᠯ ᠮᠡᠷᠭᠡᠵᠢᠯ ᠤᠨ ᠴᠢᠳᠠᠪᠤᠷᠢ ᠶᠢᠨ ᠳᠡᠰ ᠤᠨ ᠦᠨᠡᠮᠯᠡᠯ ᠢ ᠰᠢᠯᠭᠠᠨ ᠠᠪᠬᠤ ᠶᠢ ᠵᠣᠷᠢᠭᠵᠢᠭᠤᠯᠬᠤ ᠶᠢᠨ ᠬᠠᠮᠲᠤ ᠬᠢᠨᠠᠨ ᠰᠢᠯᠭᠠᠵᠤ ᠦᠨᠡᠯᠡᠬᠦ ᠰᠢᠰᠲ᠋ᠧᠮ ᠢ ᠲᠡᠭᠦᠯᠳᠡᠷᠵᠢᠭᠦᠯᠦᠨ᠎ᠡ᠃ ᠡᠯ᠎ᠡ ᠭᠠᠵᠠᠷ ᠤᠨ ᠬᠢᠨ ᠤ ︽  ᠪᠡᠶ᠎ᠡ ᠳᠤ ᠪᠠᠨ ᠵᠦᠪ ᠦᠬᠡᠢ᠂ ᠮᠡᠳᠡᠷᠡᠯ ᠤᠨ ᠡᠪᠡᠳᠴᠢᠨ  ᠲᠠᠢ ᠬᠠᠷᠠᠭᠠᠯᠵᠠᠨ ᠬᠠᠮᠠᠭᠠᠯᠠᠭᠴᠢ︾ ︽ᠭᠡᠷ ᠲᠤ ᠨᠢ ᠬᠦᠷᠴᠦ ᠬᠠᠷᠠᠭᠠᠯᠵᠠᠨ ᠬᠠᠮᠠᠭᠠᠯᠠᠭᠴᠢ︾ ᠵᠡᠷᠭᠡ ᠨᠠᠰᠤᠵᠢᠯ ᠤᠨ ᠦᠢᠯᠡᠴᠢᠯᠡᠭᠡᠨ ᠤ ᠠᠵᠢᠯ ᠢ ᠨᠠᠷᠢᠯᠢᠭ ᠬᠤᠪᠢᠶᠠᠷᠢᠯᠠᠨ ᠲᠥᠷᠥᠯ ᠵᠦᠢᠯ ᠢ ᠨᠡᠭᠡᠭᠡᠨ᠂ ᠲᠤᠰᠬᠠᠶᠢᠵᠢᠭᠰᠠᠨ᠂ ᠨᠠᠷᠢᠯᠢᠭᠵᠢᠭᠤᠯᠤᠭᠰᠠᠨ ᠨᠠᠰᠤᠵᠢᠯ ᠤᠨ ᠦᠢᠯᠡᠴᠢᠯᠡᠭᠡᠨ ᠢ ᠬᠠᠩᠭᠠᠬᠤ ᠶᠢ ᠵᠣᠷᠢᠭᠵᠢᠭᠤᠯᠤᠨ᠎ᠠ᠃     ︵ᠨᠠᠢᠮᠠ︶ ᠨᠠᠰᠤᠵᠢᠯ ᠤᠨ ᠦᠢᠯᠡᠴᠢᠯᠡᠭᠡ ᠶᠢᠨ ᠨᠡᠶᠢᠭᠡᠮ ᠤᠨ ᠠᠵᠢᠯ ᠤᠨ ᠴᠢᠳᠠᠪᠤᠷᠢᠲᠠᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ᠂ ᠭᠡᠷ ᠲᠤ ᠨᠢ ᠬᠦᠷᠴᠠᠤ ᠠᠰᠠᠷᠠᠬᠤ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠨᠢ ᠨᠡᠶᠢᠭᠡᠮ ᠤᠨ ᠠᠵᠢᠯ ᠤᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠤᠷᠢᠳ ᠢᠶᠠᠷ ᠡᠯᠰᠡᠨ ᠬᠡᠷᠡᠭᠯᠡᠵᠦ᠂ ᠣᠲᠣ ᠶᠢᠨ ᠪᠠᠶᠢᠭ᠎ᠠ ᠨᠠᠰᠤᠵᠢᠯ ᠤᠨ ᠦᠢᠯᠡᠴᠢᠯᠡᠭᠡᠨ ᠤ ᠠᠵᠢᠯ ᠡᠷᠬᠢᠯᠡᠭᠰᠡᠳ ᠤᠨ ᠪᠥᠬᠦ ᠤᠯᠤᠰ ᠤᠨ ᠨᠡᠶᠢᠭᠡᠮ ᠤᠨ ᠠᠵᠢᠯᠲᠠᠨ ᠤ ᠠᠵᠢᠯ ᠮᠡᠷᠭᠡᠵᠢᠯ ᠤᠨ  ᠲᠦᠪᠰᠢᠨ ᠤ ᠰᠢᠯᠭᠠᠯᠲᠠ᠂ ᠨᠡᠶᠢᠭᠡᠮ ᠤᠨ ᠠᠵᠢᠯ ᠤᠨ ᠰᠤᠷᠤᠯᠭ᠎ᠠ ᠶᠢᠨ ᠨᠠᠮᠲᠠᠷ ᠶᠢ ᠰᠢᠯᠭᠠᠯᠳᠠ ᠳᠤ ᠤᠷᠤᠯᠴᠠᠬᠤ ᠶᠢ ᠵᠤᠷᠢᠬᠵᠢᠭᠤᠯᠤᠨ᠎ᠠ᠃ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠳᠣᠲᠣᠭᠠᠳᠤ ᠳᠤ ᠨᠡᠶᠢᠭᠡᠮ ᠤᠨ ᠠᠵᠢᠯ ᠤᠨ ᠰᠠᠯᠠᠭ᠎ᠠ ︵ᠲᠠᠰᠤᠭ᠂ ᠥᠷᠲᠡᠭᠡ︶ ᠪᠠᠶᠢᠭᠤᠯᠬᠤ ᠶᠢ ᠵᠣᠷᠢᠭᠵᠢᠭᠤᠯᠵᠤ᠂ ᠨᠡᠶᠢᠭᠡᠮ ᠤᠨ ᠠᠵᠢᠯ ᠤᠨ ᠲᠤᠰᠬᠠᠢ ᠮᠡᠷᠭᠡᠵᠢᠯ ᠤᠨ ᠠᠵᠢᠯ ᠤᠨ ᠪᠠᠶᠢᠷᠢ ᠶᠢᠨ ᠨᠡᠭᠡᠭᠡᠯᠲᠡ ᠶᠢ ᠨᠡᠮᠡᠭᠳᠡᠭᠦᠯᠦᠨ᠂ ᠨᠠᠰᠤᠵᠢᠯ ᠤᠨ ᠦᠢᠯᠡᠴᠢᠯᠡᠭᠡᠨ ᠤ ᠲᠥᠷᠥᠯ ᠤᠨ ᠠᠵᠢᠯ ᠦᠢᠯᠡᠰ ᠤᠨ ᠨᠢᠬᠡᠴᠢ ᠨᠦᠭᠦᠳ ᠠᠵᠢᠯ ᠤᠨ ᠬᠡᠷᠡᠭᠴᠡᠭᠡ ᠪᠠᠨ ᠦᠨᠳᠦᠰᠦᠯᠡᠨ ᠨᠡᠶᠢᠭᠡᠮ ᠤᠨ ᠠᠵᠢᠯ ᠤᠨ ᠲᠤᠰᠬᠠᠢ ᠮᠡᠷᠭᠡᠵᠢᠯ ᠤᠨ ᠠᠵᠢᠯ ᠤᠨ ᠪᠠᠶᠢᠷᠢ ᠶᠢ ᠭᠤᠣᠯ ᠴᠣᠭᠴᠠ ᠶᠢᠨ ᠲᠤᠰᠬᠠᠢ ᠮᠡᠷᠭᠡᠵᠢᠯ ᠤᠨ ᠠᠵᠢᠯ ᠤᠨ ᠪᠠᠶᠢᠷᠢ ᠪᠣᠯᠭᠠᠨ ᠲᠣᠳᠣᠷᠬᠠᠶᠢᠯᠠᠵᠤ ᠪᠣᠯᠣᠨ᠎ᠠ᠃ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ᠂ ᠭᠡᠷ  ᠲᠤ ᠪᠠᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ  ᠵᠢᠯᠤᠭᠤᠳᠴᠤ ᠪᠠᠶᠢᠭᠠᠳ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠯᠤᠭ᠎ᠠ ᠬᠠᠮᠲᠤᠷᠠᠨ ᠲᠣᠮᠣ ᠬᠡᠯᠪᠡᠷᠢ ᠶᠢᠨ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠳᠤ ᠲᠦᠰᠢᠭᠯᠡᠬᠦ ᠶᠢ ᠰᠦᠪᠡᠭᠴᠢᠯᠡᠵᠦ᠂ ᠨᠠᠰᠤᠵᠢᠯ ᠤᠨ ᠦᠢᠯᠡᠴᠢᠯᠡᠭᠡᠨ ᠤ ᠨᠡᠶᠢᠭᠡᠮ ᠤᠨ ᠠᠵᠢᠯ ᠤᠨ ᠳᠠᠳᠤᠯᠭ᠎ᠠ ᠪᠤᠯᠪᠠᠰᠤᠷᠠᠯ ᠤᠨ ᠰᠠᠭᠤᠷᠢᠨ ᠭᠠᠵᠠᠷ ᠢ ᠪᠠᠶᠢᠭᠤᠯᠤᠨ᠂  ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠤ ᠡᠴᠦᠰ ᠪᠣᠯᠬᠤ ᠳᠤ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠵᠠᠭᠤᠨ ᠣᠷᠣ ᠪᠦᠷᠢ ᠳᠤ ᠲᠤᠰᠬᠠᠢ ᠮᠡᠷᠭᠡᠵᠢᠯ ᠤᠨ ᠨᠡᠶᠢᠭᠡᠮ ᠤᠨ ᠠᠵᠢᠯ ᠤᠨ ᠴᠢᠳᠠᠪᠤᠷᠢᠲᠠᠨ ᠢ 1 ᠬᠥᠮᠥᠨ ᠠᠴᠠ ᠳᠡᠭᠡᠭᠰᠢ ᠲᠣᠬᠢᠷᠠᠭᠤᠯᠤᠨ᠎ᠠ᠃          
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号