ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠰᠤᠵᠢᠯ ᠤᠨ ᠦᠢᠯᠡᠴᠢᠯᠡᠭᠡᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠳᠠ ᠶᠢ ᠴᠢᠩᠭᠠᠳᠬᠠᠬᠤ ᠲᠤᠬᠠᠢ ᠮᠡᠳᠡᠭᠳᠡᠯ ︵ᠲᠤᠤᠷᠠᠳᠤ︶
ᠨᠡᠶᠢᠲᠡᠯᠡᠭᠰᠡᠨ ᠴᠠᠭ᠄
2024/4/7
   ︵ᠶᠢᠰᠦ︶ ᠨᠠᠰᠤᠵᠢᠯ ᠤᠨ ᠦᠢᠯᠡᠴᠢᠯᠡᠭᠡ ᠶᠢᠨ ᠪᠠᠶᠢᠭᠤᠯᠤᠮᠵᠢ ᠶᠢᠨ ᠬᠠᠷᠢᠭᠤᠴᠠᠯᠭᠠᠲᠠᠨ ᠤ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠮᠤᠵᠢ ᠬᠤᠲᠠ ᠰᠢᠶᠠᠨ ᠨᠢ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠪᠠ ᠬᠠᠮᠢᠶᠠᠷᠤᠯᠲᠠ ᠶᠢᠨ ᠠᠵᠢᠯᠲᠠᠨ ᠤ ᠪᠣᠯᠪᠠᠰᠤᠷᠠᠯ ᠢ ᠱᠠᠲᠤ ᠳᠠᠷᠠᠭᠠᠯᠠᠨ ᠥᠷᠨᠢᠭᠦᠯᠵᠦ᠂ ᠵᠠᠷᠴᠢᠮ ᠳᠡᠭᠡᠷ᠎ᠡ ᠪᠠᠨ ᠪᠣᠶ ᠪᠦᠬᠦᠢ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠳᠤ ᠵᠢᠯ ᠪᠦᠷᠢ ᠵᠣᠬᠢᠬᠤ ᠲᠤᠰᠬᠠᠢ ᠮᠡᠷᠭᠡᠵᠢᠯ ᠤᠨ ᠪᠣᠯᠪᠠᠰᠤᠷᠠᠯ ᠬᠦᠷᠲᠡᠭᠡᠬᠦ ᠬᠡᠷᠡᠭᠲᠡᠢ᠃ ᠨᠠᠰᠤᠵᠢᠯ ᠤᠨ ᠪᠠᠶᠢᠭᠤᠯᠤᠮᠵᠢ ᠶᠢᠨ ᠬᠠᠷᠢᠭᠤᠴᠠᠯᠭᠠᠲᠠᠨ᠂ ᠡᠮᠴᠢᠯᠡᠭᠡ ᠰᠤᠪᠢᠯᠠᠯᠲᠠ  ᠶᠢ ᠤᠶᠠᠯᠳᠤᠭᠤᠯᠤᠭᠰᠠᠨ ᠪᠠᠶᠢᠭᠤᠯᠤᠮᠵᠢ ᠶᠢᠨ ᠬᠠᠷᠢᠭᠤᠴᠠᠯᠭᠠᠲᠠᠨ᠂ ᠭᠡᠷ  ᠲᠤ ᠨᠢ ᠬᠦᠷᠴᠤ ᠠᠰᠠᠷᠠᠬᠤ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠲᠥᠬᠦᠭᠡᠷᠦᠮᠵᠢ ᠶᠢᠨ ᠬᠠᠷᠢᠭᠤᠴᠠᠯᠭᠠᠲᠠᠨ᠂ ᠨᠠᠰᠤᠵᠢᠯ ᠤᠨ ᠦᠢᠯᠡᠴᠢᠯᠡᠭᠡᠨ ᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠨᠠᠰᠤᠵᠢᠯ ᠤᠨ ᠦᠢᠯᠡᠴᠢᠯᠡᠭᠡᠨ ᠤ ᠲᠥᠷᠥ ᠶᠢᠨ ᠪᠣᠳᠣᠯᠭ᠎ᠠ᠂ ᠣᠨᠣᠯ ᠪᠠ ᠪᠣᠳᠠᠲᠤ ᠨᠠᠰᠤᠵᠢᠯ    ᠤᠨ ᠦᠢᠯᠡᠴᠢᠯᠡᠭᠡᠨ ᠤ ᠠᠵᠢᠯ ᠲᠦᠷᠦᠯ ᠤᠨ ᠬᠠᠤᠯᠢ ᠴᠠᠭᠠᠵᠠ ᠬᠠᠤᠯᠢ ᠲᠣᠭᠲᠠᠭᠠᠯ᠂ ᠨᠠᠰᠤᠵᠢᠯ ᠤᠨ ᠦᠢᠯᠡᠴᠢᠯᠡᠭᠡᠨ  ᠤ ᠬᠠᠮᠢᠶᠠᠷᠤᠯᠲᠠ ᠡᠵᠡᠩᠨᠡᠯᠲᠡ᠂ ᠨᠠᠰᠤᠵᠢᠯ  ᠤᠨ ᠦᠢᠯᠡᠴᠢᠯᠡᠭᠡᠨ  ᠤ ᠲᠦᠭᠰᠢᠭᠦᠷᠢ ᠶᠢ ᠰᠡᠷᠭᠡᠶᠢᠯᠡᠬᠦ᠂ ᠨᠠᠰᠤᠵᠢᠯ ᠤᠨ  ᠦᠢᠯᠡᠴᠢᠯᠡᠭᠡᠨ ᠤ ᠶᠠᠰᠤ ᠴᠢᠨᠠᠷ ᠤᠨ ᠪᠠᠷᠢᠮᠵᠢᠶ᠎ᠠ ᠵᠡᠷᠭᠡ ᠠᠭᠤᠯᠭ᠎ᠠ ᠶᠢ ᠭᠤᠣᠯᠳᠠᠯᠭ᠎ᠠ ᠲᠠᠢ ᠪᠣᠯᠪᠠᠰᠤᠷᠠᠭᠤᠯᠵᠤ᠂ ᠨᠠᠰᠤᠵᠢᠯ ᠤᠨ ᠦᠢᠯᠡᠴᠢᠯᠡᠭᠡᠨ ᠤ ᠬᠠᠮᠢᠶᠠᠷᠤᠯᠲᠠ  ᠶᠢᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ︽  ᠤᠷᠢᠬᠤ︾  ᠪᠠ ︽ᠭᠠᠳᠠᠭᠰᠢ ᠭᠠᠷᠬᠤ︾ ᠶᠢ ᠤᠶᠠᠯᠳᠤᠭᠤᠯᠬᠤ ᠠᠷᠭ᠎ᠠ  ᠪᠠᠷ ᠮᠤᠵᠢ ᠶᠢᠨ ᠳᠣᠲᠣᠷᠠᠬᠢ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠮᠤᠵᠢ ᠶᠢᠨ ᠭᠠᠳᠠᠨᠠᠬᠢ᠂ ᠤᠯᠤᠰ ︵ᠬᠢᠯᠢ︶ ᠤᠨ ᠭᠠᠳᠠᠨᠠᠬᠢ ᠰᠣᠯᠢᠯᠴᠠᠭᠠᠨ ᠤ ᠠᠵᠢᠯᠯᠠᠭ᠎ᠠ ᠳᠤ ᠣᠷᠣᠯᠴᠠᠭᠤᠯᠵᠤ᠂ ᠨᠠᠰᠤᠵᠢᠯ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠲᠡᠷᠢᠭᠦᠨ ᠤ ᠲᠤᠷᠰᠢᠯᠭ᠎ᠠ ᠶᠢ ᠰᠤᠷᠤᠯᠴᠠᠨ ᠲᠣᠯᠢᠯᠠᠭᠤᠯᠤᠨ᠎ᠠ᠃   ︵ᠠᠷᠪᠠ︶ ᠴᠢᠳᠠᠪᠤᠷᠢᠲᠠᠨ ᠤ ᠰᠢᠯᠵᠢᠯᠲᠡ ᠶᠢ ᠠᠬᠢᠭᠤᠯᠬᠤ ᠲᠣᠭᠲᠠᠴᠠ ᠶᠢ ᠪᠦᠷᠢᠨᠰᠢᠭᠦᠯᠦᠨ᠎ᠡ᠃ ︽ᠠᠳᠠᠯ ᠠᠬᠤᠢ + ᠨᠠᠰᠤᠵᠢᠯ ᠤᠨ ᠦᠢᠯᠡᠴᠢᠯᠡᠭᠡ︾᠂ ︽ᠭᠡᠷ ᠤᠨ ᠶᠠᠪᠤᠳᠠᠯ + ᠨᠠᠰᠤᠵᠢᠯ ᠤᠨ ᠦᠢᠯᠡᠴᠢᠯᠡᠭᠡ︾᠂ ︽ᠰᠤᠪᠢᠯᠠᠯᠲᠠ + ᠨᠠᠰᠤᠵᠢᠯ ᠤᠨ ᠦᠢᠯᠡᠴᠢᠯᠡᠭᠡ︾ ᠶᠢᠨ ᠠᠵᠢᠯᠯᠠᠭᠠᠨ ᠤ ᠲᠥᠯᠥᠪᠯᠡᠭᠡ ᠶᠢ ᠰᠦᠪᠡᠭᠴᠢᠯᠡᠨ᠂ ᠨᠠᠩ ᠣᠯᠠᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠠᠵᠢᠯ ᠲᠥᠷᠥᠯ᠂ ᠬᠦᠷᠢᠶ᠎ᠡ ᠴᠠᠷᠠᠭ᠎ᠠ ᠠᠯᠤᠰᠯᠠᠨ ᠨᠠᠰᠤᠵᠢᠯ ᠤᠨ ᠦᠢᠯᠡᠴᠢᠯᠡᠭᠡ ᠳᠤ ᠣᠷᠣᠯᠴᠠᠬᠤ ᠶᠢ ᠵᠢᠯᠣᠭᠤᠳᠤᠨ᠎ᠠ᠃ ᠨᠥᠬᠦᠴᠡᠯ ᠲᠠᠢ ᠠᠳᠠᠯ ᠠᠬᠤᠢ ᠶᠢᠨ ᠠᠵᠤ ᠠᠬᠤᠶᠢᠯᠠᠯ ᠤᠨ ᠨᠠᠰᠤᠵᠢᠯ ᠤᠨ ᠦᠢᠯᠡᠴᠢᠯᠡᠭᠡᠨ ᠤ ᠲᠤᠰᠬᠠᠢ ᠮᠡᠷᠭᠡᠵᠢᠯ ᠤᠨ ᠠᠵᠢᠯᠲᠠᠨ ᠤ ᠡᠩᠨᠡᠭᠡ ᠨᠠᠰᠤᠵᠢᠯ ᠤᠨ ᠦᠢᠯᠡᠴᠢᠯᠡᠭᠡᠨ ᠤ ᠲᠤᠰᠬᠠᠶᠢᠵᠢᠭᠰᠠᠨ ᠪᠣᠯᠪᠠᠰᠤᠷᠠᠯ ᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂  ᠬᠤᠷᠢᠶᠠᠯᠠᠯ ᠤᠨ ᠨᠠᠰᠤᠲᠠᠶᠢᠴᠤᠳ ᠲᠤ ᠭᠡᠷ ᠲᠤ ᠨᠢ ᠬᠦᠷᠴᠦ ᠡᠷᠬᠢᠨ ᠦᠵᠡᠬᠦ᠂ ᠠᠮᠢᠳᠤᠷᠠᠯ ᠢ ᠨᠢ ᠬᠠᠷᠠᠭᠠᠯᠵᠠᠬᠤ ᠵᠡᠷᠭᠡ ᠪᠠᠶᠢᠩᠭᠤ ᠶᠢᠨ ᠴᠢᠨᠠᠷᠲᠠᠢ ᠨᠠᠰᠤᠵᠢᠯ ᠤᠨ ᠦᠢᠯᠡᠴᠢᠯᠡᠭᠡᠨ ᠢ ᠬᠠᠩᠭᠠᠵᠤ᠂ ᠭᠡᠷ ᠤᠨ ᠶᠠᠪᠤᠳᠠᠯ ᠤᠨ ᠦᠢᠯᠡᠴᠢᠯᠡᠭᠡᠨ ᠬᠢᠭᠡᠳ ᠨᠠᠰᠤᠵᠢᠯ ᠤᠨ ᠦᠢᠯᠡᠴᠢᠯᠡᠭᠡᠨ ᠤ ᠬᠠᠷᠢᠯᠴᠠᠨ ᠤᠶᠠᠯᠳᠤᠬᠤ ᠶᠢ ᠠᠬᠢᠭᠤᠯᠤᠨ᠂ ᠭᠡᠷ ᠤᠨ ᠶᠠᠪᠤᠳᠠᠯ ᠤᠨ ᠦᠢᠯᠡᠴᠢᠯᠡᠭᠡᠨ ᠳᠤ ᠨᠠᠰᠤᠵᠢᠯ ᠤᠨ ᠦᠢᠯᠡᠴᠢᠯᠡᠭᠡᠨ ᠤ ᠴᠢᠳᠠᠮᠵᠢ ᠶᠢ ᠠᠭᠤᠰᠬᠠᠵᠤ᠂ ᠭᠡᠷ ᠲᠤ ᠪᠠᠨ ᠰᠠᠭᠤᠭ᠎ᠠ ᠨᠠᠰᠤᠲᠠᠶᠢᠴᠤᠳ ᠤᠨ ᠥᠪᠡᠷᠮᠢᠴᠡ ᠨᠠᠰᠤᠵᠢᠯ ᠤᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠠᠵᠢᠯ ᠡᠷᠭᠢᠯᠡᠬᠦ ᠰᠤᠪᠢᠯᠠᠭᠴᠢ᠂ ᠭᠡᠷ ᠤᠨ ᠶᠠᠪᠤᠳᠠᠯ ᠤᠨ ᠦᠢᠯᠡᠴᠢᠯᠡᠭᠴᠢ᠂ ᠡᠷᠡᠭᠦᠯ ᠮᠡᠨᠳᠦ ᠶᠢᠨ ᠬᠠᠮᠢᠶᠠᠷᠤᠭᠴᠢ ᠵᠡᠷᠭᠡ ᠠᠵᠢᠯ ᠮᠡᠷᠭᠡᠵᠢᠯ ᠤᠨ ᠠᠵᠢᠯᠲᠠᠨ ᠤ ᠨᠠᠰᠤᠵᠢᠯ ᠤᠨ ᠠᠰᠠᠷᠠᠭᠴᠢ ᠶᠢᠨ ᠮᠡᠷᠭᠡᠵᠢᠯ ᠴᠢᠳᠠᠪᠤᠷᠢ ᠶᠢᠨ ᠳᠡᠰ ᠲᠤᠬᠳᠠᠭᠠᠯᠭᠠᠬᠤ ᠪᠠᠷ ᠮᠡᠳᠡᠭᠦᠯᠬᠦ ᠶᠢ ᠵᠣᠷᠢᠭᠵᠢᠭᠤᠯᠵᠤ᠂ ᠨᠠᠰᠤᠵᠢᠯ ᠤᠨ ᠠᠰᠠᠷᠠᠭᠴᠢ ᠶᠢᠨ ᠠᠵᠢᠯ ᠳᠤ ᠣᠷᠣᠬᠤ ᠠᠷᠭ᠎ᠠ ᠵᠠᠮ ᠢ ᠥᠷᠭᠡᠳᠬᠡᠨ᠎ᠡ᠃    ︵ᠠᠷᠪᠠᠨ ᠨᠢᠭᠡ︶ ᠴᠢᠳᠠᠪᠤᠷᠢᠲᠠᠨ ᠢ ᠦᠨᠡᠯᠡᠵᠦ ᠬᠢᠨᠠᠯᠲᠠ ᠲᠠᠯᠪᠢᠬᠤ ᠲᠣᠭᠲᠠᠴᠠ ᠶᠢ ᠪᠦᠷᠢᠨᠰᠢᠭᠦᠯᠦᠨ᠎ᠡ᠃ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ᠂ ᠭᠤᠣᠯ ᠬᠠᠷᠢᠭᠤᠴᠠᠯᠭᠠᠲᠠᠨ᠂ ᠬᠠᠮᠢᠶᠠᠷᠤᠯᠲᠠ ᠶᠢᠨ ᠠᠵᠢᠯᠲᠠᠨ᠂ ᠰᠤᠪᠢᠯᠠᠬᠤ ᠠᠵᠢᠯᠲᠠᠨ᠂ ᠲᠤᠰᠬᠠᠢ ᠮᠡᠷᠭᠡᠵᠢᠯ ᠤᠨ ᠠᠵᠢᠯᠲᠠᠨ ᠢ ᠪᠠᠭᠲᠠᠭᠠᠭᠰᠠᠨ ᠠᠵᠢᠯ ᠡᠷᠬᠢᠯᠡᠭᠰᠡᠳ ᠢ ᠵᠢᠯᠤᠭᠤᠳᠴᠤ ᠪᠠᠶᠢᠭᠠᠳ ᠤᠬᠠᠮᠰᠠᠷ ᠠᠴᠠ ᠪᠠᠨ ᠰᠠᠶᠢᠨ ᠰᠠᠶᠢᠬᠠᠨ ᠠᠵᠢᠯ ᠮᠡᠷᠭᠡᠵᠢᠯ ᠤᠨ ᠶᠣᠰᠣ ᠮᠣᠷᠠᠯ ᠲᠠᠢ ᠪᠣᠯᠭᠠᠵᠤ᠂ ᠲᠤᠰᠬᠠᠢ ᠮᠡᠷᠭᠡᠵᠢᠯ ᠤᠨ ᠴᠢᠳᠠᠪᠤᠷᠢ ᠶᠢ ᠡᠵᠡᠮᠰᠢᠨ᠂ ᠦᠢᠯᠡᠴᠢᠯᠡᠭᠡᠨ ᠤ ᠶᠠᠰᠤ ᠴᠢᠨᠠᠷ ᠪᠠ ᠲᠦᠪᠰᠢᠨ ᠢ ᠨᠢ ᠳᠡᠭᠡᠭᠰᠢᠯᠡᠭᠦᠯᠦᠨ᠎ᠡ᠃ ᠬᠠᠤᠯᠢ ᠠᠴᠠ ᠨᠤᠴᠢᠳᠠᠢ ᠵᠥᠷᠢᠴᠡᠵᠦ ᠢᠲᠡᠭᠡᠯ ᠠᠯᠳᠠᠭᠰᠠᠨ ᠢᠶᠠᠷ ᠰᠡᠵᠢᠭᠯᠡᠭᠳᠡᠭᠰᠡᠨ ᠨᠠᠰᠤᠵᠢᠯ ᠤᠨ ᠦᠢᠯᠡᠴᠢᠯᠡᠭᠡᠨ ᠤ ᠠᠵᠢᠯ ᠡᠷᠬᠢᠯᠡᠭᠰᠡᠳ ᠢ ᠬᠠᠤᠯᠢ ᠶᠣᠰᠣᠭᠠᠷ ᠨᠠᠰᠤᠵᠢᠯ ᠤᠨ ᠦᠢᠯᠡᠴᠢᠯᠡᠭᠡᠨ ᠤ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠨᠡᠷᠡᠰ ᠲᠤ ᠣᠷᠣᠭᠤᠯᠵᠤ᠂ ᠢᠲᠡᠭᠡᠮᠵᠢ ᠪᠠᠷ ᠬᠢᠵᠠᠭᠠᠷᠯᠠᠬᠤ ᠪᠠ ᠬᠤᠯᠪᠤᠭᠠᠯᠠᠨ ᠵᠠᠯᠬᠠᠭᠠᠨ ᠴᠡᠬᠡᠷᠯᠡᠬᠦᠯᠤᠨ᠎ᠡ᠃ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠨᠠᠰᠤᠲᠠᠶᠢᠴᠤᠳ ᠢ ᠲᠤᠷᠤᠮᠵᠢᠯᠠᠬᠤ᠂ ᠨᠠᠰᠤᠲᠠᠶᠢᠴᠤᠳ ᠲᠤ ᠬᠠᠯᠠ ᠦᠵᠡᠭᠦᠯᠬᠦ ᠵᠡᠷᠭᠡ ᠨᠠᠰᠤᠲᠠᠶᠢᠴᠤᠳ ᠤᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠴᠢᠩᠭ᠎ᠠ ᠵᠠᠯᠬᠠᠭᠠᠨ ᠰᠢᠢᠳᠬᠡᠵᠤ᠂ ᠨᠠᠰᠤᠵᠢᠯ ᠤᠨ ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠦᠷᠭᠦᠯᠵᠢᠯᠡᠨ ᠬᠠᠮᠠᠭᠠᠯᠠᠨ᠎ᠠ᠃    ︵ᠠᠷᠪᠠᠨ ᠬᠤᠶᠠᠷ︶ ᠴᠢᠳᠠᠪᠤᠷᠢᠲᠠᠨ ᠢ ᠤᠷᠮᠠᠰᠢᠭᠤᠯᠵᠤ ᠰᠠᠶᠢᠰᠢᠶᠠᠬᠤ ᠲᠣᠭᠲᠠᠴᠠ ᠶᠢ ᠲᠡᠬᠦᠯᠳᠡᠷᠵᠢᠬᠦᠯᠤᠨ᠎ᠡ᠃ ᠨᠠᠰᠤᠵᠢᠯ ᠤᠨ ᠠᠰᠠᠷᠠᠭᠴᠢ ᠶᠢᠨ ᠵᠠᠬ᠎ᠠ ᠳᠡᠯᠭᠡᠭᠦᠷ ᠤᠨ ᠴᠠᠯᠢᠩ ᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ ᠨᠡᠶᠢᠲᠡᠯᠡᠵᠦ᠂ ᠨᠠᠰᠤᠵᠢᠯ ᠤᠨ ᠦᠢᠯᠡᠴᠢᠯᠡᠭᠡᠨ ᠤ ᠠᠵᠤ ᠠᠬᠤᠶᠢᠯᠠᠯ ᠪᠠ ᠪᠠᠶᠢᠭᠤᠯᠤᠮᠵᠢ ᠶᠢ ᠵᠢᠯᠤᠭᠤᠳᠴᠤ ᠪᠠᠶᠢᠭᠠᠳ ᠨᠠᠰᠤᠵᠢᠯ ᠤᠨ ᠦᠢᠯᠡᠴᠢᠯᠡᠭᠡᠨ ᠤ ᠠᠵᠢᠯ ᠡᠷᠬᠢᠯᠡᠭᠰᠡᠳ ᠤᠨ ᠠᠵᠢᠯᠯᠠᠭᠰᠠᠨ ᠣᠨ ᠵᠢᠯ᠂ ᠮᠡᠷᠭᠡᠵᠢᠯ ᠴᠢᠳᠠᠪᠤᠷᠢ ᠶᠢᠨ ᠲᠦᠪᠰᠢᠨ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠨᠠᠰᠤᠵᠢᠯ ᠤᠨ ᠠᠰᠠᠷᠠᠭᠴᠢ ᠶᠢᠨ ᠴᠠᠯᠢᠩ ᠤᠨ ᠳᠡᠰ ᠤᠨ ᠰᠢᠰᠲ᠋ᠧᠮ ᠢ ᠵᠣᠬᠢᠰᠲᠠᠢ ᠲᠣᠭᠲᠠᠭᠠᠨ᠂ ᠨᠠᠰᠤᠵᠢᠯ ᠤᠨ ᠦᠢᠯᠡᠴᠢᠯᠡᠭᠡᠨ ᠤ ᠠᠵᠢᠯ ᠡᠷᠬᠢᠯᠡᠭᠰᠡᠳ ᠤᠨ ᠰᠠᠨᠠᠭᠠᠴᠢᠯᠠᠭ᠎ᠠ ᠠᠴᠠ ᠪᠠᠨ ᠪᠣᠯᠪᠠᠰᠤᠷᠠᠯ ᠳᠤ ᠣᠷᠣᠯᠴᠠᠬᠤ᠂ ᠮᠡᠷᠭᠡᠵᠢᠯ ᠴᠢᠳᠠᠪᠤᠷᠢ   ᠰᠤᠷᠤᠯᠴᠠᠬᠤ ᠶᠢ ᠵᠣᠷᠢᠭᠵᠢᠭᠤᠯᠤᠨ᠎ᠠ᠃ ᠨᠠᠰᠤᠵᠢᠯ ᠤᠨ ᠠᠰᠠᠷᠠᠭᠴᠢ ᠶᠢᠨ ᠠᠵᠢᠯ ᠮᠡᠷᠭᠡᠵᠢᠯ ᠤᠨ ᠴᠢᠳᠠᠪᠤᠷᠢ ᠶᠢᠨ ᠤᠷᠤᠯᠳᠤᠭᠠᠨ ᠢ ᠥᠷᠭᠡᠨ ᠢᠶᠠᠷ ᠥᠷᠨᠢᠭᠦᠯᠵᠦ᠂ ᠨᠠᠰᠤᠵᠢᠯ ᠤᠨ ᠠᠰᠠᠷᠠᠭᠴᠢ᠂ ᠨᠠᠰᠤᠵᠢᠯ ᠤᠨ ᠪᠠᠶᠢᠭᠤᠯᠤᠮᠵᠢ ᠶᠢᠨ ᠬᠠᠷᠢᠭᠤᠴᠠᠯᠭᠠᠲᠠᠨ᠂ ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠭᠰᠠᠨ ᠪᠠᠶᠢᠭᠤᠯᠤᠮᠵᠢ ᠶᠢᠨ ᠬᠠᠷᠢᠭᠤᠴᠠᠯᠭᠠᠲᠠᠨ ᠳᠤ ᠬᠠᠨᠳᠤᠭᠤᠯᠤᠭᠰᠠᠨ ᠰᠢᠯᠢᠳᠡᠭ ᠲᠡᠷᠢᠭᠦᠨ ᠤ ᠬᠢ ᠶᠢ ᠰᠢᠯᠭᠠᠷᠠᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ᠂ ᠨᠠᠰᠤᠵᠢᠯ ᠤᠨ ᠦᠢᠯᠡᠴᠢᠯᠡᠭᠡᠨ ᠤ ᠬᠦᠷᠢᠶ᠎ᠡ ᠴᠠᠷᠠᠭ᠎ᠠ ᠶᠢᠨ ᠰᠢᠯᠢᠳᠡᠭ ᠨᠡᠶᠢᠲᠡᠯᠢᠭ ᠵᠢᠱᠢᠶ᠎ᠡ ᠶᠢ ᠰᠣᠩᠭᠤᠨ ᠪᠣᠶ ᠪᠣᠯᠭᠠᠵᠤ᠂ ᠨᠠᠰᠤᠵᠢᠯ ᠤᠨ ᠦᠢᠯᠡᠴᠢᠯᠡᠭᠡᠨ ᠤ ᠠᠵᠢᠯᠲᠠᠨ ᠢ ᠠᠵᠢᠯ ᠮᠡᠷᠭᠡᠵᠢᠯ ᠤᠨ ᠢᠷᠠᠭᠤ ᠠᠯᠳᠠᠷ ᠲᠠᠢ᠂ ᠨᠡᠶᠢᠭᠡᠮ ᠲᠠᠶᠠᠭᠠᠷ ᠲᠤ ᠮᠡᠳᠡᠷᠡᠭᠳᠡᠵᠤ ᠪᠠᠶᠢᠨ᠎ᠠ ᠬᠡᠰᠡᠨ ᠰᠠᠶᠢᠬᠠᠨ ᠲᠦᠷᠦᠭᠳᠡᠯ ᠲᠠᠢ ᠪᠤᠯᠭᠠᠬᠤ ᠬᠡᠷᠡᠭᠳᠡᠢ᠃     ︵ᠠᠷᠪᠠᠨ ᠭᠤᠷᠪᠠ︶ ᠨᠠᠰᠤᠵᠢᠯ ᠤᠨ ᠦᠢᠯᠡᠴᠢᠯᠡᠭᠡᠨ ᠤ ᠬᠦᠷᠢᠶ᠎ᠡ ᠴᠠᠷᠠᠭ᠎ᠠ ᠳᠤ ᠬᠢ ᠦᠢᠯᠡᠳᠪᠦᠷᠢᠯᠡᠯ ᠪᠠ ᠵᠢᠭᠠᠨ ᠰᠤᠷᠭᠠᠯᠲᠠ ᠶᠢᠨ ᠠᠭᠤᠰᠤᠯᠴᠠᠯ ᠢ ᠭᠦᠨᠵᠡᠭᠡᠶᠢᠷᠡᠭᠦᠯᠦᠨ᠎ᠡ᠃ ᠡᠯ᠎ᠡ ᠲᠥᠷᠥᠯ ᠤᠨ ᠵᠢᠩᠬᠢᠨᠢ ᠠᠩᠭᠢ ᠶᠢᠨ ᠳᠡᠭᠡᠳᠦ ᠰᠤᠷᠭᠠᠭᠤᠯᠢ ᠶᠢᠨ ᠨᠡᠶᠢᠭᠡᠮ ᠤᠨ ᠳᠡᠭᠡᠳᠦ ᠲᠠᠰ ᠳᠠᠪᠬᠤᠷᠭ᠎ᠠ ᠶᠢᠨ ᠨᠠᠰᠤᠵᠢᠯ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠴᠢᠳᠠᠪᠤᠷᠢᠲᠠᠨ ᠤ ᠲᠤᠯᠭᠠᠮ  ᠬᠡᠷᠡᠭᠴᠡᠭᠡ ᠱᠠᠭᠠᠷᠳᠠᠯᠭ᠎ᠠ ᠳᠤ ᠰᠠᠨᠠᠭᠠᠴᠢᠯᠠᠭ᠎ᠠ ᠠᠴᠠ ᠪᠠᠨ ᠵᠣᠬᠢᠴᠠᠬᠤ ᠶᠢ ᠳᠡᠮᠵᠢᠵᠦ᠂ ᠨᠠᠰᠤᠲᠠᠶᠢᠴᠤᠳ ᠢ ᠠᠰᠠᠷᠠᠨ ᠰᠤᠪᠢᠯᠠᠬᠤ᠂ ᠨᠠᠰᠤᠲᠠᠶᠢᠴᠤᠳ ᠢ ᠠᠰᠠᠷᠠᠵᠤ ᠡᠷᠡᠭᠦᠯᠵᠢᠭᠦᠯᠬᠦ ᠪᠠ ᠪᠡᠶ᠎ᠡ ᠰᠤᠪᠢᠯᠠᠬᠤ᠂ ᠨᠠᠰᠤᠲᠠᠶᠢᠴᠤᠳ ᠤᠨ ᠠᠨᠠᠭᠠᠬᠤ ᠤᠬᠠᠭᠠᠨ᠂ ᠨᠠᠰᠤᠵᠢᠯ ᠤᠨ ᠦᠢᠯᠡᠴᠢᠯᠡᠭᠡᠨ ᠤ ᠬᠠᠮᠢᠶᠠᠷᠤᠯᠲᠠ ᠵᠡᠷᠭᠡ ᠲᠤᠰᠬᠠᠢ ᠮᠡᠷᠭᠡᠵᠢᠯ ᠢ ᠲᠣᠬᠢᠷᠠᠭᠤᠯᠵᠤ᠂ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠢ ᠬᠥᠮᠥᠵᠢᠭᠦᠯᠬᠦ ᠪᠠ ᠲᠥᠷᠥ ᠶᠢᠨ ᠨᠠᠰᠤᠵᠢᠯ ᠤᠨ ᠦᠢᠯᠡᠴᠢᠯᠡᠭᠡᠨ ᠬᠢᠭᠡᠳ ᠬᠠᠮᠢᠶᠠᠷᠤᠯᠲᠠ ᠶᠢᠨ ᠴᠢᠳᠠᠪᠤᠷᠢᠲᠠᠨ ᠬᠥᠮᠥᠵᠢᠭᠦᠯᠬᠦ ᠵᠠᠭᠪᠤᠷ ᠲᠤ ᠰᠢᠨ᠎ᠡ ᠶᠢ ᠡᠭᠦᠳᠴᠦ᠂ ᠠᠶᠢᠮᠠᠭ ᠬᠤᠲᠠ ᠶᠢᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠠᠵᠢᠯ ᠲᠥᠷᠥᠯ ᠤᠨ ᠳᠠᠪᠠᠭᠤᠯᠢᠭ ᠢᠶᠠᠨ ᠪᠠᠳᠠᠷᠠᠭᠤᠯᠬᠤ ᠶᠢ ᠵᠣᠷᠢᠭᠵᠢᠭᠤᠯᠤᠨ᠂ ᠵᠢᠩᠬᠢᠨᠢ ᠠᠩᠭᠢ ᠶᠢᠨ ᠳᠡᠭᠡᠳᠦ ᠰᠤᠷᠭᠠᠭᠤᠯᠢ ᠯᠤᠭ᠎ᠠ ᠬᠠᠮᠲᠤᠷᠠᠯᠴᠠᠭ᠎ᠠ ᠥᠷᠨᠢᠭᠦᠯᠵᠦ᠂ ᠨᠠᠰᠤᠵᠢᠯ ᠤᠨ ᠦᠢᠯᠡᠴᠢᠯᠡᠭᠡᠨ ᠤ ᠴᠢᠳᠠᠪᠤᠷᠢᠲᠠᠨ ᠬᠥᠮᠥᠵᠢᠭᠦᠯᠬᠦ ᠰᠠᠭᠤᠷᠢᠨ ᠭᠠᠵᠠᠷ ᠢ ᠬᠠᠮᠳᠤ ᠪᠠᠷ ᠪᠠᠶᠢᠭᠤᠯᠤᠨ᠎ᠠ᠃ ᠨᠠᠰᠤᠵᠢᠯ ᠤᠨ ᠦᠢᠯᠡᠴᠢᠯᠡᠭᠡ ᠶᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠦᠢᠯᠡᠳᠪᠦᠷᠢᠯᠡᠯ ᠵᠢᠭᠠᠨ ᠰᠤᠷᠭᠠᠯᠲᠠ ᠶᠢ ᠠᠭᠤᠰᠤᠯᠴᠠᠭᠤᠯᠬᠤ᠂ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠲᠡᠷᠢᠭᠦᠨ ᠳᠤ ᠲᠠᠯᠪᠢᠬᠤ ᠬᠠᠮᠢᠶ᠎ᠠ ᠪᠦᠬᠦᠢ ᠳᠡᠭᠡᠳᠦ ᠰᠤᠷᠭᠠᠭᠤᠯᠢ ᠨᠤᠭᠤᠳ ᠨᠠᠰᠤᠵᠢᠯ ᠤᠨ ᠦᠢᠯᠡᠴᠢᠯᠡᠭᠡᠨ ᠤ ᠠᠵᠤ ᠠᠬᠤᠶᠢᠯᠠᠯ ᠪᠠ ᠪᠠᠶᠢᠭᠤᠯᠤᠮᠵᠢ ᠲᠠᠢ ᠬᠤᠯᠪᠤᠭᠠᠯᠠᠨ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠳᠡᠮᠵᠢᠵᠦ᠂ ᠵᠠᠬᠢᠶᠠᠯᠠᠭ᠎ᠠ ᠶᠢᠨ ᠮᠠᠶ᠋ᠢᠭ ᠤᠨ ᠴᠢᠳᠠᠪᠤᠷᠢᠲᠠᠨ ᠢ ᠬᠥᠮᠥᠵᠢᠭᠦᠯᠬᠦ ᠪᠠ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠥᠷᠨᠢᠭᠦᠯᠦᠨ᠎ᠡ᠃ ᠨᠠᠰᠤᠵᠢᠯ ᠤᠨ ᠦᠢᠯᠡᠴᠢᠯᠡᠭᠡᠨ ᠤ ᠠᠵᠤ ᠠᠬᠤᠶᠢᠯᠠᠯ ᠤᠨ ᠨᠠᠰᠤᠵᠢᠯ ᠤᠨ ᠦᠢᠯᠡᠴᠢᠯᠡᠭᠡᠨ ᠤ ᠴᠢᠳᠠᠪᠤᠷᠢᠲᠠᠨ ᠬᠥᠮᠥᠵᠢᠭᠦᠯᠬᠦ ᠰᠢᠰᠲ᠋ᠧᠮ ᠤᠨ ᠪᠠᠶᠢᠭᠤᠯᠤᠯᠲᠠ ᠳᠤ ᠪᠥᠬᠦ ᠲᠠᠯ᠎ᠠ ᠪᠠᠷ ᠣᠷᠣᠯᠴᠠᠬᠤ ᠶᠢ ᠳᠡᠮᠵᠢᠵᠦ᠂ ᠨᠠᠰᠤᠵᠢᠯ ᠤᠨ ᠠᠰᠠᠷᠠᠭᠴᠢ ᠶᠢᠨ ᠪᠣᠯᠪᠠᠰᠤᠷᠠᠯ ᠤᠨ ᠰᠠᠭᠤᠷᠢᠨ ᠭᠠᠵᠠᠷ ᠢ ᠬᠠᠮᠳᠤ ᠪᠠᠷ ᠪᠠᠶᠢᠭᠤᠯᠤᠨ᠎ᠠ᠃ᠭᠤᠷᠪᠠ᠂ ᠪᠠᠲᠤᠯᠠᠭ᠎ᠠ ᠶᠢᠨ ᠠᠷᠭ᠎ᠠ    ︵ᠠᠷᠪᠠᠨ ᠳᠥᠷᠪᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠢ᠃ ᠨᠠᠰᠤᠵᠢᠯ ᠤᠨ   ᠦᠢᠯᠡᠴᠢᠯᠡᠭᠡᠨ ᠤ ᠴᠢᠳᠠᠪᠤᠷᠢᠲᠠᠨ ᠤ ᠠᠵᠢᠯ ᠳᠤ ᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠨᠠᠮ ᠠᠴᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠴᠢᠳᠠᠪᠤᠷᠢᠲᠠᠨ ᠢ ᠬᠠᠮᠢᠶᠠᠷᠬᠤ ᠤᠳᠤᠷᠢᠳᠬᠤ ᠠᠷᠭ᠎ᠠ ᠪᠠ ᠠᠵᠢᠯ ᠤᠨ ᠪᠠᠶᠢᠷᠢᠰᠢᠯ ᠢ ᠲᠡᠭᠦᠯᠳᠡᠷᠵᠢᠭᠦᠯᠦᠨ᠂ ᠨᠠᠰᠤᠵᠢᠯ ᠤᠨ ᠦᠢᠯᠡᠴᠢᠯᠡᠭᠡᠨ ᠤ ᠦᠢᠯᠡᠰ ᠤᠨ ᠬᠦᠭᠵᠢᠬᠦᠯᠤᠯᠳᠡ ᠳᠤ ᠪᠠᠲᠤ ᠴᠢᠩᠭ᠎ᠠ ᠤᠯᠤᠰ ᠲᠥᠷᠥ ᠶᠢᠨ ᠪᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠨ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠨᠠᠰᠤᠵᠢᠯ ᠤᠨ ᠦᠢᠯᠡᠴᠢᠯᠡᠭᠡᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠳᠤᠮᠳᠠᠬᠢ ᠵᠥᠷᠢᠴᠡᠯ ᠪᠠ ᠠᠰᠠᠭᠤᠳᠠᠯ ᠢ ᠴᠠᠭ ᠲᠤᠬᠠᠢ ᠳᠤ ᠨᠢ ᠰᠢᠢᠳᠪᠦᠷᠢᠯᠡᠬᠦ ᠬᠡᠷᠡᠭᠲᠡᠢ᠃ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠨᠠᠰᠤᠵᠢᠯ ᠤᠨ ᠦᠢᠯᠡᠴᠢᠯᠡᠭᠡᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠬᠠᠷᠠᠯᠲᠠᠲᠤ ᠲᠥᠯᠦᠪᠵᠢᠭᠦᠯᠭᠡ ᠪᠠᠨ ᠴᠢᠩᠭᠠᠳᠬᠠᠵᠤ᠂ ᠨᠢᠭᠡᠳᠦᠯᠲᠡᠢ ᠲᠥᠯᠥᠪᠯᠡᠨ ᠬᠠᠮᠢᠶᠠᠷᠴᠤ᠂ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠬᠢᠵᠦ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠨ ᠨᠠᠶᠢᠳᠠᠪᠤᠷᠢᠵᠢᠭᠤᠯᠬᠤ ᠶᠢ ᠲᠦᠷᠦᠭᠦᠯᠡᠨ ᠬᠠᠷᠢᠭᠤᠴᠠᠨ ᠵᠣᠬᠢᠴᠠᠭᠤᠯᠬᠤ ᠬᠡᠷᠡᠭᠲᠡᠢ᠃ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠬᠢᠨ ᠪᠥᠬᠦ ᠣᠷᠣᠨ ᠤ ᠳᠡᠭᠡᠳᠦ ᠵᠡᠷᠭᠡ ᠶᠢᠨ ᠰᠤᠷᠭᠠᠭᠤᠯᠢ ᠶᠢᠨ ᠨᠠᠰᠤᠲᠠᠶᠢᠴᠤᠳ ᠤᠨ ᠦᠢᠯᠡᠴᠢᠯᠡᠭᠡ ᠬᠢᠭᠡᠳ ᠬᠠᠮᠢᠶᠠᠷᠤᠯᠲᠠ ᠶᠢᠨ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠰᠣᠷᠣᠭᠴᠢ ᠡᠯᠰᠡᠬᠦ ᠬᠡᠪᠴᠢᠶ᠎ᠡ ᠶᠢ ᠦᠷᠭᠦᠯᠵᠢᠯᠡᠨ ᠨᠡᠮᠡᠭᠳᠡᠭᠦᠯᠬᠦ ᠶᠢ ᠠᠬᠢᠭᠤᠯᠵᠤ᠂ ᠨᠠᠰᠤᠵᠢᠯ ᠤᠨ ᠦᠢᠯᠡᠴᠢᠯᠡᠭᠡᠨ ᠤ ᠴᠢᠳᠠᠪᠤᠷᠢᠲᠠᠨ ᠬᠥᠮᠥᠵᠢᠭᠦᠯᠬᠦ ᠠᠵᠢᠯ ᠢ ᠭᠦᠨᠵᠡᠭᠡᠶᠢᠷᠡᠭᠦᠯᠬᠦ ᠬᠡᠷᠡᠭᠲᠡᠢ᠃ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠬᠢᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠪᠠᠨ᠂ ᠪᠡᠯᠡ ᠮᠥᠩᠭᠦ ᠶᠢᠨ ᠪᠠᠲᠤᠯᠠᠭ᠎ᠠ ᠶᠢ ᠴᠢᠩᠭᠠᠳᠬᠠᠵᠤ᠂ ᠨᠠᠰᠤᠵᠢᠯ ᠤᠨ ᠦᠢᠯᠡᠴᠢᠯᠡᠭᠡᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠬᠠᠮᠢᠶ᠎ᠠ ᠪᠦᠬᠦᠢ ᠠᠵᠢᠯ ᠢ ᠢᠳᠡᠪᠬᠢᠲᠡᠢ ᠠᠬᠢᠭᠤᠯᠬᠤ ᠬᠡᠷᠡᠭᠲᠡᠢ᠃ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠬᠢᠨ ᠨᠠᠰᠤᠵᠢᠯ ᠤᠨ ᠦᠢᠯᠡᠴᠢᠯᠡᠭᠡᠨ ᠤ ᠴᠢᠳᠠᠪᠤᠷᠢᠲᠠᠨ ᠤ ᠮᠡᠷᠭᠡᠵᠢᠯ ᠤᠨ ᠴᠢᠳᠠᠪᠤᠷᠢ ᠶᠢᠨ ᠳᠡᠰ ᠢ ᠲᠤᠬᠳᠠᠭᠠᠬᠤ ᠪᠠ ᠪᠤᠯᠪᠠᠰᠤᠷᠠᠯ ᠤᠨ ᠠᠵᠢᠯ ᠢ ᠠᠬᠢᠭᠤᠯᠬᠤ ᠬᠡᠷᠡᠭᠳᠡᠢ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠨ ᠬᠢᠨ ᠨᠠᠰᠤᠵᠢᠯ ᠤᠨ ᠪᠠᠶᠢᠭᠤᠯᠤᠮᠵᠢ ᠶᠢᠨ ᠡᠮᠨᠡᠯᠭᠡ ᠶᠢᠨ ᠠᠵᠢᠯᠲᠠᠨ ᠤ ᠡᠮᠴᠢᠯᠡᠭᠡᠨ ᠤ ᠦᠢᠯᠡᠴᠢᠯᠡᠭᠡᠨ ᠤ ᠦᠶᠯᠡ ᠠᠵᠢᠯᠯᠠᠭ᠎ᠠ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠴᠢᠩᠭᠠᠳᠬᠠᠵᠤ ᠂ ᠬᠤᠯᠪᠣᠭᠳᠠᠯ ᠪᠦᠬᠦᠢ ᠡᠮᠨᠡᠯᠭᠡ ᠶᠢᠨ ᠠᠵᠢᠯᠲᠠᠨ ᠤ ᠲᠤᠰᠬᠠᠢ ᠮᠡᠷᠭᠡᠵᠢᠯ ᠤᠨ ᠪᠣᠯᠪᠠᠰᠤᠷᠠᠯ᠂ ᠮᠡᠷᠭᠡᠵᠢᠯ ᠤᠨ ᠴᠣᠯᠠ ᠦᠨᠡᠯᠡᠨ ᠲᠣᠭᠲᠠᠭᠠᠬᠤ ᠵᠡᠷᠭᠡ ᠲᠥᠷᠥ ᠶᠢᠨ ᠪᠣᠳᠣᠯᠭ᠎ᠠ ᠶᠢ ᠬᠡᠷᠡᠭᠵᠢᠬᠦᠯᠬᠦ ᠬᠡᠷᠡᠭᠳᠡᠢ᠃   ︵ᠠᠷᠪᠠᠨ ᠲᠠᠪᠤ︶ ᠵᠠᠷᠤᠳᠠᠯ ᠤᠨ ᠣᠷᠣᠭᠤᠯᠤᠯᠲᠠ ᠶᠢ ᠴᠢᠩᠭᠠᠳᠬᠠᠨ᠎ᠠ᠃ ᠡᠯ᠎ᠡ ᠭᠠᠵᠠᠷ ᠤᠨ ᠬᠢᠨ ᠨᠠᠰᠤᠵᠢᠯ ᠤᠨ ᠦᠢᠯᠡᠴᠢᠯᠡᠭᠡᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠳᠤ ᠬᠢ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠨᠠᠰᠤᠵᠢᠯ ᠤᠨ ᠦᠢᠯᠡᠴᠢᠯᠡᠭᠡᠨ ᠤ ᠴᠢᠳᠠᠪᠤᠷᠢᠲᠠᠨ ᠢ ᠪᠣᠯᠪᠠᠰᠤᠷᠠᠭᠤᠯᠬᠤ᠂ ᠠᠵᠢᠯ ᠤᠨ ᠪᠠᠶᠢᠷᠢ ᠶᠢᠨ ᠨᠦᠬᠦᠪᠤᠷᠢ ᠵᠡᠷᠭᠡ ᠲᠠᠯ᠎ᠠ ᠶᠢᠨ ᠵᠠᠷᠤᠳᠠᠯ ᠤᠨ ᠣᠷᠣᠭᠤᠯᠤᠯᠲᠠ ᠶᠢ ᠡᠳ᠋ ᠤᠨ ᠵᠠᠰᠠᠭ ᠤᠨ ᠲᠥᠰᠥᠪ ᠲᠤ ᠣᠷᠣᠭᠤᠯᠬᠤ ᠬᠡᠷᠡᠭᠲᠡᠢ᠃ ᠡᠯ᠎ᠡ ᠭᠠᠵᠠᠷ ᠤᠨ ᠣᠨᠴᠠ ᠬᠦᠴᠢᠷᠳᠡᠯᠲᠡᠢ ᠬᠥᠮᠥᠰ ᠢ ᠠᠰᠠᠷᠠᠨ ᠲᠡᠵᠢᠭᠡᠬᠦ ᠦᠢᠯᠡᠴᠢᠯᠡᠭᠡᠨ ᠤ ᠪᠠᠶᠢᠭᠤᠯᠤᠮᠵᠢ ᠨᠢ ᠣᠷᠣᠵᠤ ᠰᠠᠭᠤᠬᠰᠠᠳ ᠤᠨ ᠵᠠᠰᠠᠭ ᠤᠨ ᠣᠷᠳᠣᠨ ᠤ ᠦᠨᠳᠦᠰᠦᠨ ᠵᠦᠢᠯ ᠢ ᠪᠠᠲᠤᠯᠠᠬᠤ ᠪᠠ ᠠᠵᠤ ᠠᠬᠤᠢ ᠶᠢᠨ ᠬᠦᠴᠢᠷᠳᠡᠯᠲᠡᠢ ᠬᠦᠮᠦᠰ ᠤᠨ ᠲᠤᠭ᠎ᠠ ᠶᠢ ᠦᠨᠳᠦᠰᠦᠯᠡᠨ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠲᠣᠬᠢᠷᠠᠭᠤᠯᠬᠤ ᠵᠡᠷᠭᠡ ᠠᠷᠭ᠎ᠠ ᠪᠠᠷ ᠴᠢᠬᠤᠯᠠ ᠪᠦᠬᠦᠢ ᠠᠵᠢᠯᠲᠠᠨ ᠤ ᠳᠡᠮᠵᠢᠯᠭᠡ ᠶᠢ ᠬᠠᠩᠭᠠᠬᠤ ᠶᠢ ᠵᠣᠷᠢᠭᠵᠢᠭᠤᠯᠤᠨ᠎ᠠ᠃ ᠠᠵᠢᠯ ᠦᠢᠯᠡᠰ ᠤᠨ ᠨᠢᠬᠡᠴᠢ ᠶᠢᠨ ᠣᠷᠣᠨ ᠲᠣᠭᠠᠨ ᠠᠴᠠ ᠭᠠᠳᠠᠨᠠᠬᠢ ᠠᠵᠢᠯᠲᠠᠨ ︽ᠠᠯᠪᠠᠨ ᠪᠠᠶᠢᠭᠤᠯᠤᠯᠭ᠎ᠠ ᠠᠵᠢᠯ ᠦᠢᠯᠡᠰ ᠤᠨ ᠨᠢᠬᠡᠴᠢ ᠶᠢᠨ ᠣᠷᠣᠨ ᠲᠣᠭᠠᠨ ᠠᠴᠠ ᠭᠠᠳᠠᠨᠠᠬᠢ ᠠᠵᠢᠯᠲᠠᠨ ᠪᠠ ᠵᠠᠷᠤᠳᠠᠯ ᠳᠤ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠲᠤᠬᠠᠢ ᠬᠡᠷᠡᠭᠵᠢᠭᠦᠯᠬᠦ ᠮᠡᠳᠡᠭᠳᠡᠯ︾ ︵ᠳᠣᠲᠣᠭᠠᠳᠤ ᠡᠳ᠋ ᠤᠨ ᠵᠠᠰᠠᠭ ᠤᠨ ᠪᠡᠯᠡᠳᠬᠡᠯ︶ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯᠲᠠᠨ ᠪᠠ ᠵᠠᠷᠤᠳᠠᠯ ᠤᠨ ᠬᠠᠮᠢᠶᠠᠷᠤᠯᠲᠠ ᠶᠢ ᠰᠠᠶᠢᠲᠤᠷ ᠬᠢᠵᠦ ᠵᠠᠷᠤᠳᠠᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠲᠤᠰᠬᠠᠢ ᠵᠣᠭᠤᠰ ᠢ ᠲᠤᠰᠬᠠᠢ ᠵᠦᠢᠯ ᠳᠤ ᠬᠡᠷᠡᠭᠯᠡᠬᠦ ᠶᠢ  ᠪᠠᠲᠤᠯᠠᠵᠤ᠂ ᠵᠠᠷᠤᠳᠠᠯ ᠤᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ᠃    ︵ᠠᠷᠪᠠᠨ ᠵᠢᠷᠭᠤᠭ᠎ᠠ︶ ᠰᠤᠷᠭᠠᠨ ᠬᠥᠮᠦᠵᠢᠯ ᠤᠨ ᠳᠡᠮᠵᠢᠯᠭᠡ ᠶᠢ ᠴᠢᠩᠭᠠᠳᠬᠠᠨ᠎ᠠ᠃ ᠳᠡᠭᠡᠳᠦ ᠵᠡᠷᠭᠡ ᠶᠢᠨ ᠰᠤᠷᠭᠠᠭᠤᠯᠢ ᠶᠢᠨ ᠨᠠᠰᠤᠵᠢᠯ ᠤᠨ ᠦᠢᠯᠡᠴᠢᠯᠡᠭᠡᠨ ᠤ ᠬᠠᠮᠢᠶ᠎ᠠ ᠪᠦᠬᠦᠢ ᠲᠤᠰᠬᠠᠢ ᠮᠡᠷᠭᠡᠵᠢᠯ ᠨᠡᠭᠡᠭᠡᠬᠦ ᠶᠢ ᠵᠣᠷᠢᠭᠵᠢᠭᠤᠯᠤᠨ᠂ ᠨᠠᠰᠤᠵᠢᠯ ᠤᠨ ᠦᠢᠯᠡᠴᠢᠯᠡᠭᠡᠨ ᠤ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠪᠠ ᠴᠢᠳᠠᠪᠤᠷᠢᠲᠠᠨ ᠬᠥᠮᠥᠵᠢᠭᠦᠯᠬᠦ ᠵᠠᠭᠪᠤᠷ ᠲᠤ ᠨᠡᠶᠢᠭᠡᠮ ᠤᠨ ᠬᠥᠷᠥᠩᠭᠡ ᠮᠥᠩᠭᠦ᠂ ᠠᠵᠤ ᠠᠬᠤᠶᠢᠯᠠᠯ ᠬᠢᠭᠡᠳ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠬᠢᠬᠦ ᠶᠢ ᠳᠡᠮᠵᠢᠵᠦ᠂ ᠨᠥᠬᠦᠴᠡᠯ ᠲᠠᠢ ᠰᠤᠷᠭᠠᠭᠤᠯᠢ ᠶᠢᠨ ᠨᠠᠰᠤᠵᠢᠯ ᠤᠨ ᠦᠢᠯᠡᠴᠢᠯᠡᠭᠡᠨ ᠤ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠥᠭᠡᠷᠡᠴᠢᠯᠡᠯᠲᠡ ᠶᠢᠨ ᠲᠤᠷᠰᠢᠯᠲᠠ ᠥᠷᠨᠢᠭᠦᠯᠬᠦ ᠶᠢ ᠭᠤᠣᠯᠳᠠᠯᠭ᠎ᠠ ᠲᠠᠢ ᠳᠡᠮᠵᠢᠨ᠎ᠡ᠃ ᠨᠠᠰᠤᠵᠢᠯ ᠤᠨ ᠦᠢᠯᠡᠴᠢᠯᠡᠭᠡᠨ ᠤ ᠰᠤᠪᠢᠯᠠᠬᠤ ᠠᠵᠢᠯᠲᠠᠨ᠂ ᠬᠠᠮᠢᠶᠠᠷᠤᠯᠲᠠ ᠶᠢᠨ ᠠᠵᠢᠯᠲᠠᠨ ᠪᠠ ᠲᠤᠰᠬᠠᠢ ᠮᠡᠷᠭᠡᠵᠢᠯ ᠤᠨ ᠠᠵᠢᠯᠲᠠᠨ ᠤ ᠳᠠᠳᠤᠯᠭ᠎ᠠ ᠪᠣᠯᠪᠠᠰᠤᠷᠠᠯ ᠤᠨ ᠴᠡᠭ᠂ ᠵᠢᠱᠢᠶ᠎ᠡ ᠦᠵᠡᠭᠦᠯᠬᠦ ᠴᠢᠨᠠᠷᠲᠠᠢ ᠪᠣᠯᠪᠠᠰᠤᠷᠠᠯ ᠤᠨ ᠪᠠᠶᠢᠭᠤᠯᠤᠮᠵᠢ ᠪᠠ ᠠᠵᠢᠯ ᠮᠡᠷᠭᠡᠵᠢᠯ ᠤᠨ ᠴᠢᠳᠠᠪᠤᠷᠢ ᠶᠢ ᠦᠨᠡᠯᠡᠬᠦ ᠪᠠᠶᠢᠭᠤᠯᠤᠮᠵᠢ ᠶᠢᠨ ᠪᠠᠶᠢᠭᠤᠯᠤᠯᠲᠠ ᠶᠢ ᠳᠡᠮᠵᠢᠵᠦ᠂ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠨᠠᠰᠤᠵᠢᠯ ᠤᠨ ᠦᠢᠯᠡᠴᠢᠯᠡᠭᠡᠨ ᠤ ᠴᠢᠳᠠᠪᠤᠷᠢᠲᠠᠨ ᠢ ᠬᠥᠮᠥᠵᠢᠭᠦᠯᠦᠨ ᠪᠣᠯᠪᠠᠰᠤᠷᠠᠭᠤᠯᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃    ︵ᠠᠷᠪᠠᠨ ᠳᠣᠯᠤᠭ᠎ᠠ︶ ᠣᠯᠭᠤᠮᠵᠢ ᠶᠢᠨ ᠪᠠᠲᠤᠯᠠᠭ᠎ᠠ ᠶᠢ ᠴᠢᠩᠭᠠᠳᠬᠠᠨ᠎ᠠ᠃ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠰᠤᠵᠢᠯ ᠤᠨ ᠦᠢᠯᠡᠴᠢᠯᠡᠭᠡᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠨᠠᠰᠤᠵᠢᠯ ᠤᠨ ᠦᠢᠯᠡᠴᠢᠯᠡᠭᠡᠨ ᠤ ᠠᠵᠢᠯᠲᠠᠨ ᠤ ᠴᠠᠯᠢᠩ ᠬᠥᠯᠥᠰᠦ᠂ ᠠᠰᠠᠷᠠᠮᠵᠢ ᠶᠢᠨ ᠣᠯᠭᠤᠮᠵᠢ᠂ ᠨᠡᠶᠢᠭᠡᠮ ᠤᠨ ᠳᠠᠭᠠᠳᠬᠠᠯ ᠵᠡᠷᠭᠡ ᠬᠠᠤᠯᠢ ᠶᠣᠰᠣᠨ ᠤ ᠡᠷᠬᠡ ᠠᠰᠢᠭ ᠭᠥᠷᠳᠡᠬᠦ ᠶᠢ ᠬᠠᠤᠯᠢ ᠲᠣᠭᠲᠠᠭᠠᠯ ᠶᠣᠰᠣᠭᠠᠷ ᠪᠠᠲᠤᠯᠠᠵᠤ᠂ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠠᠵᠢᠯᠲᠠᠨ ᠤ ᠴᠠᠯᠢᠩ ᠬᠥᠯᠥᠰᠦ ᠣᠯᠭᠤᠮᠵᠢ ᠶᠢ ᠵᠣᠬᠢᠰᠲᠠᠢ  ᠬᠡᠮᠵᠢᠶᠡᠨ ᠳᠤ ᠪᠠᠶᠢᠯᠭᠠᠬᠤ  ᠬᠡᠷᠡᠭᠳᠡᠢ᠃ ᠨᠠᠰᠤᠵᠢᠯ ᠤᠨ ᠠᠰᠠᠷᠠᠭᠴᠢ ᠪᠠ ᠨᠠᠰᠤᠵᠢᠯ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯᠲᠠᠨ ᠢ ᠬᠤᠲᠠ ᠶᠢᠨ ᠬᠤᠪᠢ ᠬᠤᠷᠠᠮᠳᠤᠭᠤᠯᠬᠤ᠂ ᠵᠥᠪᠰᠢᠶᠡᠷᠡᠨ ᠣᠷᠣᠭᠤᠯᠵᠤ ᠡᠷᠦᠬᠡ ᠠᠮᠠ ᠣᠷᠣᠭᠤᠯᠬᠤ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠤ ᠣᠷᠣᠭᠤᠯᠬᠤ ᠬᠡᠷᠡᠭᠲᠡᠢ᠃ ᠰᠢᠨᠵᠢᠯᠡᠬᠦ ᠤᠬᠠᠭᠠᠨᠴᠢ ᠂ ᠵᠣᠬᠢᠰᠲᠠᠢ ᠨᠠᠰᠤᠵᠢᠯ ᠤᠨ ᠦᠢᠯᠡᠴᠢᠯᠡᠭᠡᠨ ᠤ ᠴᠠᠯᠢᠩ ᠣᠯᠭᠤᠮᠵᠢ ᠶᠢᠨ ᠬᠤᠪᠢᠶᠠᠷᠢᠯᠠᠯᠲᠠ ᠶᠢᠨ ᠳᠦᠷᠢᠮ ᠢ ᠬᠡᠷᠡᠭᠵᠢᠭᠦᠯᠵᠦ᠂ ᠨᠠᠰᠤᠵᠢᠯ ᠤᠨ  ᠦᠢᠯᠡᠴᠢᠯᠡᠭᠡᠨ ᠤ ᠠᠵᠢᠯᠲᠠᠨ ᠤ ᠴᠠᠯᠢᠩ ᠣᠯᠭᠤᠮᠵᠢ ᠶᠢ ᠬᠥᠳᠡᠯᠮᠦᠷᠢᠯᠡᠬᠦ ᠴᠠᠭ᠂ ᠬᠥᠳᠡᠯᠮᠦᠷᠢ ᠶᠢᠨ ᠡᠷᠴᠢᠮ᠂ ᠮᠡᠷᠭᠡᠵᠢᠯ ᠴᠢᠳᠠᠪᠤᠷᠢ ᠶᠢᠨ ᠲᠦᠪᠰᠢᠨ᠂ ᠪᠠᠶᠢᠭᠤᠯᠤᠮᠵᠢ ᠶᠢᠨ ᠳᠡᠰ ᠵᠡᠷᠭᠡ ᠬᠦᠴᠦᠨ ᠵᠦᠢᠯ ᠯᠦᠭᠡ ᠬᠤᠯᠪᠣᠭᠳᠠᠭᠤᠯᠵᠤ᠂ ᠢᠯᠡᠭᠦᠦ ᠬᠥᠳᠡᠯᠮᠦᠷᠢᠯᠡᠪᠡᠯ ᠢᠯᠡᠭᠦᠦ ᠣᠯᠬᠤ᠂ ᠢᠯᠡᠭᠦᠦ ᠬᠥᠳᠡᠯᠮᠦᠷᠢᠯᠡᠪᠡᠯ ᠢᠯᠡᠭᠦᠦ ᠬᠥᠯᠥᠰᠦ ᠣᠯᠭᠤᠬᠤ ᠵᠠᠷᠴᠢᠮ ᠢ ᠢᠯᠡᠷᠡᠭᠦᠯᠦᠨ᠎ᠡ᠃    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠭᠢᠮᠮ    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠤᠨ ᠤ ᠡᠬᠢ ᠪᠠᠶᠠᠯᠢᠭ ᠪᠠ ᠨᠡᠶᠢᠬᠡᠮ  ᠤᠨ ᠪᠠᠳᠤᠯᠠᠭ᠎ᠠ ᠶᠢᠨ ᠲᠢᠩᠭᠢᠮ    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ                2023 ᠣᠨ ᠤ 11 ᠳ᠋ᠤᠬᠡᠷ ᠰᠠᠷ᠎ᠠ ᠶᠢᠨ 4 ᠤ ᠡᠳᠤᠷ   
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号