ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠤᠷᠢᠳᠴᠢᠯᠠᠨ ᠰᠦᠢᠳᠬᠡᠯ ᠬᠤᠷᠢᠶᠠᠬᠤ ᠠᠵᠢᠯ ᠢ ᠵᠢᠷᠤᠮᠵᠢᠭᠤᠯᠵᠤ ᠠᠵᠢᠯ ᠲᠥᠷᠥᠯ ᠤᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠯᠲᠡ ᠶᠢ ᠠᠬᠢᠭᠤᠯᠤᠶ᠎ᠠ — ︽ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠤᠷᠢᠳᠴᠢᠯᠠᠨ ᠰᠦᠢᠳᠬᠡᠯ ᠬᠤᠷᠢᠶᠠᠬᠤ ᠶᠢ ᠬᠢᠨᠠᠨ ᠬᠠᠮᠢᠶᠠᠷᠬᠤ ᠶᠢ ᠴᠢᠩᠭᠠᠳᠬᠠᠬᠤ ᠲᠤᠬᠠᠢ ᠠᠷᠠᠳ ᠤᠨ ᠶᠠᠪᠤᠳᠠᠯ ᠤᠨ ᠶᠠᠮᠤᠨ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ᠂ ᠳᠣᠲᠣᠭᠠᠳᠤ ᠶᠢ ᠬᠠᠮᠠᠭᠠᠯᠠᠬᠤ ᠶᠠᠮᠤᠨ᠂  ᠡᠳ᠋ ᠤᠨ ᠵᠠᠰᠠᠭ ᠤᠨ ᠶᠠᠮᠤᠨ ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ᠂ ᠮᠥᠩᠭᠦᠨ ᠬᠦᠢᠯᠬᠡᠬᠡᠨ ᠤ ᠬᠢᠨᠠᠯᠳᠠ ᠬᠠᠮᠢᠶᠠᠷᠤᠯᠳᠠ ᠶᠢᠨ ᠶᠡᠷᠤᠩᠭᠡᠢ ᠲᠤᠪᠴᠢᠶ᠎ᠠ  ᠶᠢᠨ ᠬᠢᠨ ᠤ ᠵᠢᠯᠤᠭᠤᠳᠬᠤ ᠰᠠᠨᠠᠯ︾ ᠤᠨ ᠲᠤᠬᠠᠢ ᠲᠦᠷᠤ ᠶᠢᠨ ᠪᠤᠳᠤᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/5/13
   ᠤᠷᠢᠳᠴᠢᠯᠠᠨ ᠰᠦᠢᠳᠬᠡᠯ ᠬᠤᠷᠢᠶᠠᠬᠤ ᠵᠠᠭᠪᠤᠷ ᠪᠣᠯ ᠪᠠᠶᠢᠩᠭᠤ ᠲᠣᠬᠢᠶᠠᠯᠳᠤᠳᠠᠭ ᠬᠤᠳᠠᠯᠳᠤᠭᠠᠨ ᠤ ᠵᠠᠭᠪᠤᠷ ᠪᠦᠬᠡᠳ ᠦᠢᠯᠡᠴᠢᠯᠡᠭᠡᠨ ᠤ ᠦᠢᠯᠡᠰ ᠲᠤ ᠥᠷᠭᠡᠨ ᠢᠶᠠᠷ ᠬᠡᠷᠡᠭᠯᠡᠭᠳᠡᠳᠡᠭ᠃ ᠮᠠᠨ ᠤ ᠤᠯᠤᠰ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠦᠷᠭᠡᠨ ᠬᠥᠭᠵᠢᠯᠲᠡ ᠶᠢ ᠳᠠᠭᠠᠯᠳᠤᠨ ᠵᠠᠷᠢᠮ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠨᠢ ᠪᠡᠯᠡ ᠮᠥᠩᠭᠦ ᠶᠢ ᠲᠦᠷᠭᠡᠨ ᠬᠤᠷᠢᠶᠠᠨ ᠠᠪᠴᠢᠷᠠᠬᠤ᠂ ᠵᠣᠴᠢᠨ ᠡᠷᠦᠬᠡ ᠪᠠᠨ ᠲᠠᠳᠠᠬᠤ᠂ ᠡᠵᠡᠩᠨᠡᠯᠲᠡ ᠶᠢᠨ ᠲᠦᠭᠰᠢᠭᠦᠷᠢ ᠶᠢ ᠪᠠᠭᠠᠰᠬᠠᠬᠤ ᠵᠡᠷᠭᠡ ᠶᠢ ᠪᠣᠳᠣᠯᠬᠢᠯᠠᠵᠤ ᠤᠷᠢᠳᠴᠢᠯᠠᠨ ᠰᠦᠢᠳᠬᠡᠯ ᠬᠤᠷᠢᠶᠠᠬᠤ ᠵᠠᠭᠪᠤᠷ ᠢ ᠬᠡᠷᠡᠭᠯᠡᠭᠰᠡᠨ ᠶᠤᠮ᠃ ᠡᠭᠦᠨ ᠳᠤ ᠭᠤᠣᠯᠳᠠᠭᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠦᠢᠳᠬᠡᠯ᠂ ᠪᠡᠷᠢᠴᠠᠭᠠᠨ ᠤ ᠮᠥᠩᠭᠦ ᠪᠠ ︽ᠭᠡᠰᠢᠭᠦᠨ ᠤ ᠺᠠᠷᠲ︾ ︽ᠭᠡᠰᠢᠭᠦᠨ ᠤ ᠰᠦᠢᠳᠬᠡᠯ︾ ᠵᠡᠷᠭᠡ ᠬᠡᠯᠪᠡᠷᠢ ᠶᠢ ᠤᠷᠢᠳᠴᠢᠯᠠᠨ ᠬᠤᠷᠢᠶᠠᠬᠤ ᠪᠣᠯᠣᠨ᠎ᠠ᠃        ᠤᠷᠢᠳᠴᠢᠯᠠᠨ ᠰᠦᠢᠳᠬᠡᠯ ᠬᠤᠷᠢᠶᠠᠬᠤ ᠨᠢ ᠵᠣᠬᠢᠬᠤ ᠬᠡᠮᠵᠢᠶᠡᠨ ᠳᠡᠭᠡᠷ᠎ᠡ ᠨᠠᠰᠤᠲᠠᠶᠢᠴᠤᠳ ᠪᠠ ᠭᠡᠷ ᠪᠦᠯᠢ ᠶᠢᠨ  ᠬᠢᠨ ᠳᠤ ᠬᠠᠷᠠᠭᠠᠯᠵᠠᠯ ᠤᠨ ᠦᠨ᠎ᠡ ᠬᠠᠩᠰᠢ ᠶᠢ ᠡᠳ᠋ᠯᠡᠭᠦᠯᠵᠦ᠂ ᠰᠠᠷ᠎ᠠ ᠳᠠᠷᠠᠭᠠᠯᠠᠨ ᠰᠦᠢᠳᠬᠡᠯ ᠲᠤᠰᠢᠶᠠᠬᠤ ᠴᠠᠭ ᠤᠨ ᠥᠪᠡᠷ ᠤᠨ ᠥᠷᠲᠡᠭ ᠢ ᠠᠷᠪᠢᠯᠠᠵᠠᠢ᠃ ᠭᠡᠪᠡᠴᠦ ᠵᠠᠷᠢᠮ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠡᠭᠡ ᠲᠣᠭᠠᠨ ᠤ ᠵᠠᠷᠤᠳᠠᠯ ᠢ ᠤᠷᠢᠳᠴᠢᠯᠠᠨ ᠬᠤᠷᠢᠶᠠᠭᠰᠠᠨ ᠤ ᠳᠠᠷᠠᠭ᠎ᠠ ᠭᠡᠷ᠎ᠡ ᠶᠢᠨ ᠶᠣᠰᠣᠭᠠᠷ ᠡᠭᠦᠷᠭᠡ ᠪᠠᠨ ᠭᠦᠢᠴᠡᠳᠬᠡᠬᠦ ᠦᠭᠡᠢ᠂ ᠪᠡᠯᠡ ᠮᠥᠩᠭᠦ ᠶᠢᠨ ᠬᠠᠮᠢᠶᠠᠷᠤᠯᠲᠠ ᠬᠡᠷᠡᠭᠯᠡᠯᠲᠡ ᠵᠢᠷᠤᠮᠵᠢᠭᠤᠨ ᠪᠤᠰᠤ᠂ ᠪᠡᠯᠡ ᠮᠥᠩᠭᠦ ᠶᠢᠨ ᠬᠡᠯᠬᠢᠶ᠎ᠡ ᠲᠠᠰᠤᠷᠠᠨ ᠳᠠᠮᠫᠤᠷᠠᠵᠤ ᠡᠭᠦᠳᠡ ᠪᠠᠨ ᠬᠠᠭᠠᠭᠰᠠᠨ ᠵᠡᠷᠭᠡ ᠪᠠᠶᠢᠳᠠᠯ ᠭᠠᠷᠴᠤ᠂ ᠠᠶᠤᠯ ᠲᠦᠭᠰᠢᠭᠦᠷᠢ ᠬᠤᠷᠠᠮᠳᠤᠵᠤ ᠪᠠᠶᠢᠬᠤ ᠶᠢ ᠣᠯᠵᠤ ᠬᠠᠷᠠᠬᠤ ᠬᠡᠷᠡᠭᠲᠡᠢ᠃ ᠴᠢᠨᠠᠭᠰᠢᠯᠠᠪᠠᠯ ᠵᠠᠷᠢᠮ ᠬᠠᠤᠯᠢ ᠪᠤᠰᠤ ᠡᠲᠡᠭᠡᠳ ︽ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ︾ ᠶᠢᠨ ᠨᠡᠷ᠎ᠡ ᠪᠠᠷ ︽ᠥᠨᠳᠥᠷ ᠬᠦᠦ ᠮᠥᠩᠭᠦ᠂ ᠥᠨᠳᠥᠷ ᠬᠠᠷᠠᠮᠵᠢ︾ ᠪᠠᠷ ᠥᠭᠶᠥᠭᠡ ᠪᠣᠯᠭᠠᠵᠤ᠂ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠵᠤ᠂ ᠨᠠᠰᠤᠲᠠᠶᠢᠴᠤᠳ ᠤᠨ ︽ᠨᠠᠰᠤᠵᠢᠯ ᠤᠨ ᠠᠰᠠᠷᠠᠮᠵᠢ ᠶᠢᠨ ᠵᠣᠭᠤᠰ︾ ᠢ ᠮᠡᠬᠡᠯᠡᠵᠦ ᠪᠠᠶᠢᠨ᠎ᠠ᠃  ᠤᠷᠴᠢᠮ ᠤᠨ ᠵᠢᠯ ᠤᠳ ᠲᠤ ᠲᠥᠯᠥᠭᠡᠯᠡᠭᠴᠢ ᠭᠡᠰᠢᠭᠦᠨ᠂ ᠨᠡᠶᠢᠭᠡᠮ ᠤᠨ ᠣᠯᠠᠨ ᠨᠡᠶᠢᠲᠡ᠂ ᠲᠤᠰᠬᠠᠢ ᠮᠡᠷᠭᠡᠵᠢᠯᠲᠡᠨ ᠡᠷᠳᠡᠮᠲᠡᠳ ᠤᠯᠤᠰ ᠤᠨ ᠲᠠᠰ ᠳᠠᠪᠬᠤᠷᠭ᠎ᠠ ᠠᠴᠠ ᠬᠢᠨᠠᠨ ᠬᠠᠮᠢᠶᠠᠷᠬᠤ ᠲᠥᠷᠥ ᠶᠢᠨ ᠪᠣᠳᠣᠯᠭ᠎ᠠ ᠶᠢ ᠲᠦᠷᠭᠡᠨ ᠨᠡᠶᠢᠲᠡᠯᠡᠵᠦ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠤᠷᠢᠳᠴᠢᠯᠠᠨ ᠰᠦᠢᠳᠬᠡᠯ ᠬᠤᠷᠢᠶᠠᠬᠤ ᠦᠶᠯᠡ ᠠᠵᠢᠯᠯᠠᠭ᠎ᠠ ᠶᠢ ᠵᠢᠷᠤᠮᠵᠢᠭᠤᠯᠤᠨ᠂ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠬᠤ ᠬᠡᠷᠡᠭᠲᠡᠢ ᠭᠡᠵᠦ ᠴᠢᠩᠭ᠎ᠠ ᠤᠷᠢᠶᠠᠯᠠᠵᠤ ᠪᠠᠶᠢᠨ᠎ᠠ᠃ ᠠᠷᠠᠳ ᠤᠨ ᠶᠠᠪᠤᠳᠠᠯ ᠤᠨ ᠶᠠᠮᠤᠨ ᠤ  ᠬᠢᠨ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠳᠣᠲᠣᠭᠠᠳᠤ ᠶᠢ ᠬᠠᠮᠠᠭᠠᠯᠠᠬᠤ ᠶᠠᠮᠤᠨ᠂ ᠡᠳ᠋ ᠤᠨ ᠵᠠᠰᠠᠭ ᠤᠨ ᠶᠠᠮᠤᠨ  ᠳᠤᠮᠳᠠᠳᠤ ᠤᠯᠤᠰ ᠤᠨ ᠠᠷᠠᠳ ᠤᠨ ᠪᠠᠩᠬᠢ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠯᠤᠭ᠎ᠠ ᠬᠠᠮᠲᠤᠷᠠᠨ ᠠᠷᠠᠳ ᠤᠯᠠᠨ ᠤ ᠰᠢᠨ᠎ᠡ ᠱᠠᠭᠠᠷᠳᠠᠯᠭ᠎ᠠ ᠰᠢᠨ᠎ᠡ ᠬᠦᠰᠡᠯ ᠡᠷᠡᠮᠡᠯᠵᠡᠯ ᠳᠤ ᠢᠳᠡᠪᠬᠢᠲᠡᠢ ᠬᠠᠷᠢᠭᠤᠯᠲᠠ ᠥᠭᠪᠡ᠃ ᠣᠯᠠᠨ ᠲᠦᠮᠡᠨ ᠤ ᠳᠡᠷᠭᠡᠳᠡᠬᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ︽ᠲᠣᠮᠣ ᠠᠰᠠᠭᠤᠳᠠᠯ︾ ᠢ ᠤᠷᠢᠳᠴᠢᠯᠠᠨ ᠰᠦᠢᠳᠬᠡᠯ ᠬᠤᠷᠢᠶᠠᠬᠤ ᠠᠴᠠ ᠰᠢᠢᠳᠪᠦᠷᠢᠯᠡᠵᠦ᠂ ᠦᠨᠳᠦᠰᠦᠨ ᠱᠠᠲᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠬᠦ᠂ ᠳᠠᠬᠢᠨ ᠳᠠᠪᠲᠠᠨ ᠰᠤᠳᠤᠯᠤᠨ ᠨᠤᠲᠠᠯᠠᠬᠤ᠂ ᠥᠷᠭᠡᠨ ᠢᠶᠠᠷ ᠰᠠᠨᠠᠯ ᠰᠣᠨᠣᠰᠬᠤ᠂ ᠦᠨᠳᠦᠰᠦ ᠰᠤᠷᠪᠤᠯᠵᠢ ᠶᠢ ᠨᠢ ᠭᠦᠨᠵᠡᠭᠡᠢ ᠠᠭᠤᠳᠠᠯᠵᠤ ᠠᠰᠠᠭᠤᠳᠠᠯ ᠢ ᠣᠨᠣᠪᠴᠢᠲᠠᠶ ᠡᠷᠢᠬᠦ ᠪᠠᠷ ᠳᠠᠮᠵᠢᠭᠤᠯᠤᠨ᠂ ᠣᠷᠣᠨ ᠨᠤᠲᠤᠭ ᠤᠨ ᠲᠤᠷᠰᠢᠯᠲᠠ ᠶᠢᠨ ᠲᠤᠷᠰᠢᠯᠭ᠎ᠠ ᠶᠢ ᠳ᠋ᠦᠩᠨᠡᠵᠦ᠂ ᠪᠤᠰᠤᠳ ᠠᠵᠢᠯ ᠲᠥᠷᠥᠯ ᠤᠨ ᠠᠷᠭ᠎ᠠ ᠬᠢᠳᠡᠯ ᠢᠶᠠᠷ ᠲᠣᠯᠢ ᠪᠣᠯᠭᠠᠭᠰᠠᠨ ᠰᠠᠭᠤᠷᠢᠨ ᠳᠡᠭᠡᠷ᠎ᠡ ᠠᠯᠢ ᠣᠯᠠᠨ ᠬᠠᠮᠢᠶᠠᠷᠤᠯᠲᠠ ᠶᠢᠨ ᠠᠷᠭ᠎ᠠ ᠶᠢ ᠳᠤᠷᠠᠳᠤᠨ ᠂ ᠪᠥᠬᠦ ᠬᠡᠯᠬᠢᠶᠡᠰᠦ ᠶᠢᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠪᠣᠶ ᠪᠣᠯᠭᠠᠪᠠ᠃ 7 ᠰᠠᠯᠠᠭ᠎ᠠ ᠮᠥᠴᠢᠷ ᠤᠨ ᠬᠢᠨ ᠤ ᠬᠠᠮᠲᠤᠷᠠᠨ ᠨᠡᠶᠢᠲᠡᠯᠡᠭᠰᠡᠨ ︽ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠤᠷᠢᠳᠴᠢᠯᠠᠨ ᠬᠤᠷᠢᠶᠠᠬᠤ ᠰᠦᠢᠳᠬᠡᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠲᠤᠬᠠᠢ ᠵᠢᠯᠤᠭᠤᠳᠬᠤ ᠰᠠᠨᠠᠯ︾  ᠨᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠠᠮ ᠳᠡᠭᠡᠷ᠎ᠡ ᠴᠢᠬᠤᠯᠠ ᠰᠢᠨ᠎ᠡ ᠠᠯᠬᠤᠮ ᠢ ᠠᠯᠬᠤᠪᠠ᠃ᠨᠢᠭᠡ᠂ ︽ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠤᠷᠢᠳᠴᠢᠯᠠᠨ ᠬᠤᠷᠢᠶᠠᠬᠤ ᠰᠦᠢᠳᠬᠡᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠲᠤᠬᠠᠢ ᠵᠢᠯᠤᠭᠤᠳᠬᠤ ᠰᠠᠨᠠᠯ︾ ᠢ ᠨᠡᠶᠢᠲᠡᠯᠡᠭᠰᠡᠨ ᠤ ᠴᠢᠬᠤᠯᠠ ᠠᠴᠢ ᠬᠤᠯᠪᠣᠭᠳᠠᠯ   ᠨᠢᠭᠡ ᠳᠤ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠪᠣᠯᠣᠨ᠎ᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ  ᠨᠠᠭᠠᠰᠢ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠬᠥᠭᠵᠢᠯᠲᠡ ᠪᠣᠯᠣᠨ ᠠᠮᠤᠷ ᠲᠦᠪᠰᠢᠨ ᠤ ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠪᠡ᠃ ᠰᠢ ᠶᠢᠨ ᠫᠢᠩ ᠶᠡᠷᠦᠩᠬᠡᠢ ᠱᠦᠵᠢ 2023 ᠣᠨ ᠤ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠳᠡᠭᠡᠷ᠎ᠡ᠄ ︽ᠡᠷᠬᠡᠪᠰᠢ  ᠴᠢᠨᠠᠷᠯᠢᠭ ᠬᠥᠭᠵᠢᠯᠲᠡ ᠪᠣᠯᠣᠨ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠦᠢᠯᠡᠳᠦᠯᠴᠡᠯ ᠢ ᠪᠠᠷᠢᠮᠲᠠᠯᠠᠵᠤ᠂ ᠴᠢᠨᠠᠷᠯᠢᠭ ᠬᠥᠭᠵᠢᠯᠲᠡ ᠪᠠᠷ ᠥᠨᠳᠥᠷ ᠲᠦᠪᠰᠢᠨ ᠪᠦᠬᠦᠢ ᠠᠮᠤᠷ ᠲᠦᠪᠰᠢᠨ ᠢ ᠠᠬᠢᠭᠤᠯᠵᠤ᠂ ᠥᠨᠳᠥᠷ ᠲᠦᠪᠰᠢᠨ ᠪᠦᠬᠦᠢ ᠠᠮᠤᠷ ᠲᠦᠪᠰᠢᠨ ᠢᠶᠠᠷ  ᠴᠢᠨᠠᠷᠯᠢᠭ ᠬᠥᠭᠵᠢᠯᠲᠡ ᠶᠢ ᠪᠠᠲᠤᠯᠠᠵᠤ᠂ ᠬᠥᠭᠵᠢᠯᠲᠡ ᠪᠣᠯᠣᠨ ᠠᠮᠤᠷ ᠲᠦᠪᠰᠢᠨ ᠢ ᠬᠥᠳᠡᠯᠦᠩᠭᠦᠢ ᠲᠡᠩᠴᠡᠭᠦᠷᠢᠲᠡᠢ ᠪᠠᠶᠢᠯᠭᠠᠵᠤ᠂ ᠬᠠᠷᠢᠯᠴᠠᠨ ᠲᠤᠪᠤᠶᠢᠯᠭᠠᠬᠤ ᠬᠡᠷᠡᠭᠲᠡᠢ︾ ᠭᠡᠵᠦ ᠴᠢᠬᠤᠯᠠᠴᠢᠯᠠᠪᠠ᠃ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠨᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ ᠬᠥᠭᠵᠢᠯᠲᠡ ᠶᠢ ᠠᠬᠢᠭᠤᠯᠬᠤ ᠪᠠ ᠬᠢᠨᠠᠨ ᠬᠠᠮᠢᠶᠠᠷᠬᠤ ᠠᠵᠢᠯ ᠢ ᠠᠬᠢᠭᠤᠯᠬᠤ ᠳᠤ ᠦᠨᠳᠦᠰᠦᠨ ᠵᠢᠷᠤᠮᠯᠠᠯ ᠬᠠᠩᠭᠠᠭᠰᠠᠨ ᠪᠠᠶᠢᠨ᠎ᠠ᠃ 2019 ᠣᠨ ᠳᠤ ᠳᠠᠷᠤᠮᠠᠯᠯᠠᠨ ᠲᠠᠷᠬᠠᠭᠠᠭᠰᠠᠨ ︽ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠥᠭᠵᠢᠯᠲᠡ ᠶᠢ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ᠳᠤ᠂ ᠪᠣᠷᠤᠯᠠᠭᠤᠯᠭ᠎ᠠ ᠶᠢᠨ ᠤᠷᠢᠳᠴᠢᠯᠠᠨ ᠲᠤᠰᠢᠶᠠᠬᠤ ᠵᠠᠷᠤᠳᠠᠯ ᠤᠨ ᠰᠢᠨᠵᠢ ᠴᠢᠨᠠᠷ ᠤᠨ ︽ᠭᠡᠰᠢᠭᠦᠨ ᠤ ᠺᠠᠷᠲ︾ ᠵᠡᠷᠭᠡ ᠬᠡᠯᠪᠡᠷᠢ ᠪᠠᠷ ᠡᠵᠡᠩᠨᠡᠨ ᠪᠣᠷᠣᠯᠠᠭᠤᠯᠬᠤ ᠳᠤ ᠬᠤᠳᠠᠯᠳᠤᠭᠠᠨ ᠤ ᠪᠠᠩᠬᠢ ᠶᠢᠨ  ᠬᠦᠨᠳᠡᠯᠡᠨ ᠤ ᠬᠠᠳᠠᠭᠠᠯᠠᠨ ᠬᠠᠮᠢᠶᠠᠷᠬᠤ ᠠᠷᠭ᠎ᠠ  ᠶᠢ ᠠᠪᠴᠤ ᠪᠠᠶᠢᠭᠠᠳ ᠪᠡᠯᠡ ᠮᠥᠩᠭᠦ ᠶᠢᠨ ᠬᠠᠮᠢᠶᠠᠷᠤᠯᠲᠠ ᠬᠡᠷᠡᠭᠯᠡᠯᠲᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠦ ᠳᠤᠷᠠᠳᠤᠨ ᠭᠠᠷᠭᠠᠵᠠᠢ᠃ 2020 ᠣᠨ ᠳᠤ ᠳᠠᠷᠤᠮᠠᠯᠯᠠᠨ ᠲᠠᠷᠬᠠᠭᠠᠭᠰᠠᠨ ︽ᠨᠠᠰᠤᠵᠢᠯ ᠤᠨ ᠦᠢᠯᠡᠴᠢᠯᠡᠭᠡᠨ ᠤ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠳᠦᠷᠢᠮ ᠢ  ᠲᠡᠬᠦᠯᠳᠡᠷᠵᠢᠬᠦᠯᠵᠤ ᠨᠠᠰᠤᠵᠢᠯ ᠤᠨ ᠦᠢᠯᠡᠴᠢᠯᠡᠭᠡᠨ ᠤ  ᠴᠢᠨᠠᠷᠯᠢᠭ ᠬᠥᠭᠵᠢᠯᠲᠡ ᠶᠢ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ᠳᠤ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠤᠷᠢᠳᠴᠢᠯᠠᠨ ᠬᠤᠷᠢᠶᠠᠬᠤ ᠦᠢᠯᠡᠴᠢᠯᠡᠭᠡᠨ ᠤ ᠵᠠᠷᠤᠳᠠᠯ ᠤᠨ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ ᠭᠡᠵᠦ ᠳᠠᠬᠢᠨᠲᠠ ᠴᠢᠬᠤᠯᠠᠴᠢᠯᠠᠪᠠ᠃ 2023 ᠣᠨ ᠤ 10 ᠰᠠᠷ᠎ᠠ ᠳᠤ ᠬᠤᠷᠠᠯᠳᠤᠭᠤᠯᠤᠬᠰᠠᠨ ᠲᠥᠪ ᠤᠨ ᠮᠥᠩᠭᠦᠨ ᠭᠦᠢᠯᠭᠡᠭᠡᠨ ᠤ ᠠᠵᠢᠯ ᠤᠨ ᠬᠤᠷᠠᠯ ᠠᠴᠠ ᠠᠵᠢᠯ ᠲᠦᠷᠦᠯ ᠢ ᠬᠠᠮᠢᠶᠠᠷᠬᠤ ᠳᠤ ᠡᠷᠬᠡᠪᠰᠢ ᠠᠶᠤᠯ ᠲᠦᠭᠰᠢᠭᠦᠷᠢ ᠶᠢ ᠬᠠᠮᠢᠶᠠᠷᠴᠤ᠂ ᠡᠩ ᠤᠨ ᠬᠤᠳᠠᠯᠳᠤᠭᠠᠨ ᠤ ᠶᠠᠪᠤᠳᠠᠯ ᠤᠨ ᠠᠵᠢᠯᠯᠠᠭ᠎ᠠ ᠶᠢᠨ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠪᠣᠯᠵᠤ ᠣᠨᠳᠣᠣᠰᠢᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ ︽ᠵᠢᠯᠤᠭᠤᠳᠬᠤ ᠰᠠᠨᠠᠯ︾ ᠨᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ  ᠨᠠᠶᠢᠳᠠᠪᠤᠷᠢᠵᠢᠭᠤᠯᠵᠤ᠂ ᠤᠷᠢᠳᠴᠢᠯᠠᠨ ᠬᠤᠷᠢᠶᠠᠬᠤ ᠪᠡᠯᠡ ᠮᠥᠩᠭᠦ ᠶᠢ ᠬᠤᠷᠢᠶᠠᠬᠤ᠂ ᠬᠠᠮᠢᠶᠠᠷᠬᠤ᠂ ᠬᠡᠷᠡᠭᠯᠡᠬᠦ᠂ ᠪᠤᠴᠠᠭᠠᠬᠤ ᠪᠥᠬᠦ ᠬᠡᠯᠬᠢᠶ᠎ᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠪᠠᠷ ᠳᠠᠮᠵᠢᠭᠤᠯᠤᠨ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠰᠦᠢᠳᠬᠡᠯ ᠬᠤᠷᠢᠶᠠᠬᠤ ᠦᠶᠯᠡ ᠠᠵᠢᠯᠯᠠᠭ᠎ᠠ ᠶᠢ ᠬᠠᠤᠯᠢ ᠪᠠᠷ ᠵᠠᠰᠠᠬᠤ᠂ ᠵᠢᠷᠤᠮᠵᠢᠭᠤᠯᠬᠤ ᠵᠠᠮ ᠳᠤ ᠣᠷᠣᠭᠤᠯᠵᠤ᠂ ᠬᠠᠤᠯᠢ ᠪᠤᠰᠤ ᠡᠲᠡᠭᠡᠳ ᠤᠨ ᠤᠷᠢᠳᠴᠢᠯᠠᠨ ᠰᠦᠢᠳᠬᠡᠯ ᠬᠤᠷᠢᠶᠠᠬᠤ ᠪᠠᠷ ᠰᠢᠯᠲᠠᠭᠯᠠᠨ ᠬᠠᠤᠯᠢ ᠪᠤᠰᠤ ᠪᠠᠷ ᠪᠡᠯᠡ ᠴᠤᠭᠯᠠᠭᠤᠯᠬᠤ ᠠᠷᠭ᠎ᠠ ᠵᠠᠮ ᠢ ᠪᠥᠭᠯᠡᠵᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ  ᠴᠢᠨᠠᠷᠯᠢᠭ ᠬᠥᠭᠵᠢᠯᠲᠡ ᠶᠢ ᠠᠬᠢᠭᠤᠯᠬᠤ ᠳᠤ ᠬᠠᠤᠯᠢ ᠪᠠᠷ ᠵᠠᠰᠠᠬᠤ ᠬᠦᠴᠦᠲᠡᠢ ᠪᠠᠲᠤᠯᠠᠭ᠎ᠠ ᠬᠠᠩᠭᠠᠨ᠎ᠠ᠃    ᠬᠤᠶᠠᠷ ᠲᠤ᠂ ᠨᠠᠰᠤᠲᠠᠶᠢᠴᠤᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠪᠡᠯᠡ ᠮᠥᠩᠭᠦᠨ ᠤ ᠠᠶᠤᠯ ᠦᠬᠡᠢ ᠶᠢᠨ ᠲᠦᠪᠰᠢᠨ ᠢ ᠳᠡᠭᠡᠭᠰᠢᠯᠡᠭᠦᠯᠬᠦ ᠶᠢᠨ ᠲᠤᠯᠭᠠᠮ ᠬᠡᠷᠡᠭᠴᠡᠭᠡ ᠮᠥᠨ᠃ ᠰᠢ ᠶᠢᠨ ᠫᠢᠩ ᠶᠡᠷᠦᠩᠬᠡᠢ ᠱᠦᠵᠢ ᠨᠠᠰᠤᠲᠠᠶᠢᠴᠤᠳ ᠤᠨ ᠬᠠᠤᠯᠢ ᠶᠣᠰᠣᠨ ᠤ ᠡᠷᠬᠡ ᠠᠰᠢᠭ ᠢ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠣᠯᠠᠨᠲᠠ ᠴᠢᠬᠤᠯᠠᠴᠢᠯᠠᠭᠰᠠᠨ ᠶᠤᠮ᠃  ᠨᠠᠰᠤᠲᠠᠶᠢᠴᠤᠳ ᠤᠨ ᠪᠡᠯᠡ ᠮᠥᠩᠭᠦ ᠶᠢᠨ ᠠᠮᠤᠷ ᠲᠦᠪᠰᠢᠨ ᠪᠠᠲᠤᠯᠠᠭ᠎ᠠ ᠲᠠᠢ ᠪᠠᠶᠢᠪᠠᠯ ᠰᠠᠶ᠋ᠢ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠳᠤ ᠰᠠᠨᠠᠭ᠎ᠠ ᠠᠮᠤᠷ ᠰᠠᠭᠤᠵᠤ ᠲᠠᠶᠢᠯᠤᠨ᠎ᠠ᠃ ︽ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠤᠷᠢᠳᠴᠢᠯᠠᠨ ᠰᠦᠢᠳᠬᠡᠯ ᠬᠤᠷᠢᠶᠠᠬᠤ ᠶᠢ ᠬᠢᠨᠠᠨ ᠬᠠᠮᠢᠶᠠᠷᠬᠤ ᠶᠢ ᠴᠢᠩᠭᠠᠳᠬᠠᠬᠤ ᠲᠤᠬᠠᠢ ᠠᠷᠠᠳ ᠤᠨ ᠶᠠᠪᠤᠳᠠᠯ ᠤᠨ ᠶᠠᠮᠤᠨ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ᠂ ᠳᠣᠲᠣᠭᠠᠳᠤ ᠶᠢ ᠬᠠᠮᠠᠭᠠᠯᠠᠬᠤ ᠶᠠᠮᠤᠨ᠂  ᠡᠳ᠋ ᠤᠨ ᠵᠠᠰᠠᠭ ᠤᠨ ᠶᠠᠮᠤᠨ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ᠂ ᠮᠥᠩᠭᠦᠨ ᠬᠦᠢᠯᠬᠡᠬᠡᠨ ᠤ ᠬᠠᠮᠢᠶᠠᠷᠤᠯᠳᠠ ᠶᠢᠨ ᠶᠡᠷᠤᠩᠭᠡᠢ ᠲᠤᠪᠴᠢᠶ᠎ᠠ ᠶᠢᠨ ᠬᠢᠨ ᠤ ᠵᠢᠯᠤᠭᠤᠳᠬᠤ ᠰᠠᠨᠠᠯ︾ ᠨᠢ ᠰᠦᠢᠳᠬᠡᠯ ᠬᠤᠷᠢᠶᠠᠬᠤ ᠶᠢ ᠵᠢᠷᠤᠮᠵᠢᠭᠤᠯᠬᠤ᠂ ᠵᠦᠢ ᠵᠣᠬᠢᠰᠲᠠᠢ ᠬᠡᠷᠡᠭᠯᠡᠬᠦ᠂ ᠠᠮᠤᠷ ᠲᠦᠪᠰᠢᠨ ᠤ ᠬᠠᠮᠢᠶᠠᠷᠤᠯᠲᠠ᠂ ᠠᠶᠤᠯ ᠲᠦᠭᠰᠢᠭᠦᠷᠢ ᠶᠢ ᠰᠡᠷᠭᠡᠶᠢᠯᠡᠬᠦ ᠲᠠᠯ᠎ᠠ ᠠᠴᠠ ᠪᠣᠳᠣᠯᠬᠢᠯᠠᠨ᠂ ᠰᠦᠢᠳᠬᠡᠯ ᠬᠤᠷᠢᠶᠠᠬᠤ ᠱᠠᠭᠠᠷᠳᠠᠯᠭ᠎ᠠ ᠶᠢ ᠲᠣᠳᠣᠷᠬᠠᠢ ᠪᠣᠯᠭᠠᠬᠤ᠂ ᠬᠡᠷᠡᠭᠯᠡᠬᠦ ᠬᠡᠷᠡᠭᠴᠡᠭᠡ ᠶᠢ ᠵᠢᠷᠤᠮᠵᠢᠭᠤᠯᠬᠤ᠂ ᠰᠦᠢᠳᠬᠡᠯ ᠪᠤᠴᠠᠭᠠᠬᠤ ᠬᠠᠮᠢᠶᠠᠷᠤᠯᠲᠠ ᠶᠢ ᠴᠢᠩᠭᠠᠳᠬᠠᠬᠤ᠂ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠴᠢᠩᠭᠠᠳᠬᠠᠬᠤ ᠵᠡᠷᠭᠡ ᠪᠠᠷ ᠳᠠᠮᠵᠢᠭᠤᠯᠤᠨ᠂ ᠤᠷᠢᠳᠴᠢᠯᠠᠨ ᠰᠦᠢᠳᠬᠡᠯ ᠬᠤᠷᠢᠶᠠᠬᠤ ᠶᠢᠨ ︽ᠬᠠᠤᠯᠢ ᠪᠠᠷ ᠵᠠᠰᠠᠬᠤ ᠵᠠᠮᠪᠠ︾ ᠶᠢ ᠪᠠᠬᠢᠯᠡᠵᠦ᠂ ᠠᠶᠤᠯ ᠲᠦᠭᠰᠢᠭᠦᠷᠢ ᠶᠢᠨ ᠳᠠᠯᠳᠠ ᠬᠡᠮ ᠢ ᠬᠠᠮᠤᠭ ᠤᠨ ᠳᠣᠣᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠤᠨ᠎ᠠ᠃ ᠵᠠᠷᠢᠮ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ︽ᠨᠢᠭᠡ ᠣᠷᠣ ᠶᠢ ᠢᠯᠡᠭᠦᠦ ᠬᠤᠳᠠᠯᠳᠤᠬᠤ︾᠂ ᠬᠡᠳᠦ ᠤᠷᠲᠤ ᠬᠤᠭᠤᠴᠠᠭᠠᠨ ᠳᠤ ᠤᠷᠢᠳᠴᠢᠯᠠᠨ ᠰᠦᠢᠳᠬᠡᠯ ᠬᠤᠷᠢᠶᠠᠬᠤ᠂ ᠪᠡᠯᠡ ᠮᠥᠩᠭᠦ  ᠶᠢ ᠪᠤᠰᠤᠳ ᠵᠦᠢᠯ ᠳᠤ ᠨᠡᠭᠦᠯᠭᠡᠨ ᠬᠡᠷᠡᠭᠯᠡᠬᠦ᠂ ᠰᠦᠢᠳᠬᠡᠯ ᠪᠤᠴᠠᠭᠠᠬᠤ  ᠶᠢ ᠰᠢᠯᠲᠠᠭᠠᠨ ᠦᠭᠡᠢ ᠪᠠᠷ ᠬᠤᠶᠢᠰᠢᠯᠠᠭᠤᠯᠬᠤ᠂ ᠬᠡᠯᠪᠡᠷᠢ  ᠶᠢ ᠨᠢ ᠥᠭᠡᠷᠡᠳᠡᠭᠦᠯᠦᠨ ᠬᠡᠷᠡᠭᠯᠡᠭᠡ  ᠶᠢ ᠵᠢᠯᠤᠭᠤᠳᠬᠤ ᠵᠡᠷᠭᠡ ᠠᠰᠠᠭᠤᠳᠠᠯ ᠳᠤ ᠴᠢᠭᠯᠡᠭᠦᠯᠦᠨ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠡᠪᠡᠳᠴᠢᠲᠡᠨ ᠤ ᠣᠷᠣ ᠶᠢᠨ ᠬᠠᠩᠭᠠᠯᠭ᠎ᠠ ᠶᠢᠨ ᠴᠢᠳᠠᠪᠤᠷᠢ ᠶᠢᠨ ᠠᠮᠠᠯᠠᠯᠲᠠ ᠶᠢᠨ ᠦᠢᠯᠡᠴᠢᠯᠡᠭᠡ ᠠᠴᠠ ᠬᠡᠲᠦᠷᠡᠭᠦᠯᠬᠦ ᠶᠢ ᠴᠢᠩᠭ᠎ᠠ ᠴᠠᠭᠠᠵᠠᠯᠠᠬᠤ᠂ ᠤᠷᠢᠳᠴᠢᠯᠠᠨ ᠰᠦᠢᠳᠬᠡᠯ ᠬᠤᠷᠢᠶᠠᠬᠤ ᠬᠤᠭᠤᠴᠠᠭ᠎ᠠ ᠪᠠ ᠲᠤᠭ᠎ᠠ ᠬᠡᠮᠵᠢᠶ᠎ᠡ ᠶᠢ ᠬᠢᠵᠠᠭᠠᠷᠯᠠᠬᠤ᠂ ᠪᠡᠯᠡ ᠮᠥᠩᠭᠦ ᠶᠢᠨ ᠬᠡᠷᠡᠭᠯᠡᠯᠲᠡ ᠬᠡᠷᠡᠭᠴᠡᠭᠡ ᠶᠢ ᠬᠢᠵᠠᠭᠠᠷᠯᠠᠬᠤ᠂ ᠦᠢᠯᠡᠴᠢᠯᠡᠭᠡᠨ ᠤ ᠬᠡᠯᠡᠯᠴᠡᠭᠡᠷ ᠤᠨ ᠠᠭᠤᠯᠭ᠎ᠠ ᠪᠠ ᠰᠦᠢᠳᠬᠡᠯ ᠪᠤᠴᠠᠭᠠᠬᠤ ᠶᠢ ᠵᠢᠷᠤᠮᠵᠢᠭᠤᠯᠬᠤ᠂ ᠰᠦᠢᠳᠬᠡᠯ ᠲᠤᠰᠢᠶᠠᠬᠤ ᠶᠢ ᠵᠢᠯᠤᠭᠤᠳᠬᠤ ᠶᠢ ᠴᠢᠩᠭ᠎ᠠ ᠴᠠᠭᠠᠵᠠᠯᠠᠬᠤ ᠵᠡᠷᠭᠡ ᠠᠯᠢ ᠣᠯᠠᠨ ᠱᠠᠭᠠᠷᠳᠠᠯᠭ᠎ᠠ ᠶᠢ ᠳᠤᠷᠠᠳᠤᠨ ᠭᠠᠷᠭᠠᠵᠤ᠂ ᠰᠦᠢᠳᠬᠡᠯ ᠬᠤᠷᠢᠶᠠᠬᠤ ᠡᠷᠦᠢ ᠬᠤᠷᠤᠢ ᠦᠭᠡᠢ ᠦᠵᠡᠭᠳᠡᠯ ᠢ ᠡᠷᠡᠰ ᠴᠡᠭᠴᠡᠯᠡᠨ ᠵᠠᠰᠠᠪᠠ᠃ ᠲᠦᠭᠰᠢᠭᠦᠷᠢ ᠶᠢᠨ ᠳᠠᠯᠳᠠ ᠬᠡᠮ ᠨᠡᠯᠢᠶᠡᠳ ᠶᠡᠭᠡ ᠪᠠᠶᠢᠭ᠎ᠠ ᠪᠡᠷᠢᠴᠠᠭᠠᠨ ᠤ ᠮᠥᠩᠭᠦ᠂ ᠭᠡᠰᠢᠭᠦᠨ ᠤ ᠵᠠᠷᠤᠳᠠᠯ ᠳᠤ ᠴᠢᠭᠯᠡᠭᠦᠯᠦᠨ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠰᠠᠭᠤᠷᠢᠨ ᠳᠡᠭᠡᠷ᠎ᠡ᠂ ᠪᠠᠩᠬᠢ ᠶᠢᠨ ᠬᠠᠳᠠᠭᠠᠯᠠᠨ ᠬᠠᠮᠢᠶᠠᠷᠬᠤ ᠪᠠ ᠲᠦᠭᠰᠢᠭᠦᠷᠢ ᠶᠢᠨ ᠪᠠᠲᠤᠯᠠᠭ᠎ᠠ ᠶᠢᠨ ᠮᠥᠩᠭᠦ ᠶᠢᠨ ᠠᠷᠭ᠎ᠠ  ᠪᠠᠷ ᠬᠠᠮᠢᠶᠠᠷᠴᠤ ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠬᠦᠳᠡᠨ ᠬᠠᠷᠠᠭᠤᠯ ᠤᠨ ᠦᠢᠯᠡᠳᠦᠯ ᠢ ᠪᠠᠳᠠᠷᠠᠭᠤᠯᠤᠨ᠂ ᠪᠡᠯᠡ ᠮᠥᠩᠭᠦ ᠶᠢᠨ ᠠᠶᠤᠯ ᠦᠬᠡᠢ ᠶᠢᠨ ᠲᠦᠪᠰᠢᠨ ᠢ ᠳᠡᠭᠡᠭᠰᠢᠯᠡᠭᠦᠯᠦᠨ᠎ᠡ᠃ ︽ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠤᠷᠢᠳᠴᠢᠯᠠᠨ ᠬᠤᠷᠢᠶᠠᠬᠤ ᠰᠦᠢᠳᠬᠡᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠲᠤᠬᠠᠢ ᠵᠢᠯᠤᠭᠤᠳᠬᠤ ᠰᠠᠨᠠᠯ︾ ᠳᠤ ᠳᠤᠷᠠᠳᠤᠭᠰᠠᠨ ᠠᠯᠢ ᠣᠯᠠᠨ ᠬᠠᠮᠢᠶᠠᠷᠤᠯᠲᠠ ᠶᠢᠨ ᠠᠷᠭ᠎ᠠ ᠨᠢ ᠬᠡᠷᠡᠭᠯᠡᠭᠡ ᠶᠢᠨ ᠠᠮᠤᠷ ᠲᠦᠪᠰᠢᠨ ᠤ ᠢᠯᠡᠳᠬᠡᠮᠵᠢ ᠶᠢ ᠳᠡᠭᠡᠭᠰᠢᠯᠡᠭᠦᠯᠵᠦ᠂ ᠨᠠᠰᠤᠲᠠᠶᠢᠴᠤᠳ ᠪᠠ ᠭᠡᠷ ᠪᠦᠯᠢ ᠶᠢᠨ ᠬᠢᠨ ᠤ ᠬᠡᠷᠡᠭᠯᠡᠭᠡ ᠶᠢ ᠨᠠᠩ ᠰᠠᠨᠠᠭ᠎ᠠ ᠠᠮᠤᠷ ᠪᠣᠯᠭᠠᠪᠠ᠃    ᠭᠤᠷᠪᠠ ᠳᠤ᠂ ᠠᠵᠢᠯ ᠲᠦᠷᠦᠯ ᠤᠨ ᠬᠥᠭᠵᠢᠯᠲᠡ ᠶᠢ ᠵᠢᠷᠤᠮᠵᠢᠭᠤᠯᠵᠤ᠂ ᠵᠠᠬ᠎ᠠ ᠳᠡᠯᠭᠡᠭᠦᠷ ᠤᠨ ᠵᠢᠱᠢᠯᠲᠡ ᠪᠠ ᠠᠵᠢᠯ ᠲᠦᠷᠦᠯ ᠤᠨ ᠬᠥᠭᠵᠢᠯᠲᠡ ᠶᠢᠨ ᠢᠲᠡᠭᠡᠯ ᠢ ᠲᠣᠭᠲᠠᠪᠤᠷᠢᠵᠢᠭᠤᠯᠬᠤ ᠶᠢᠨ ᠪᠤᠰᠤᠳᠴᠢ ᠱᠠᠭᠠᠷᠳᠠᠯᠭ᠎ᠠ᠃ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠶᠢ ᠪᠠᠷᠢᠮᠲᠠᠯᠠᠵᠤ᠂ ᠤᠷᠤᠭᠰᠢᠯᠠᠯᠲᠠ ᠪᠠᠷ ᠲᠣᠭᠲᠠᠭᠤᠨ ᠪᠠᠶᠢᠯᠭᠠᠬᠤ ᠶᠢ ᠠᠬᠢᠭᠤᠯᠬᠤ ᠪᠣᠯ ᠣᠳᠣᠬᠠᠨ ᠤ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠶᠢᠨ ᠴᠢᠬᠤᠯᠠ ᠱᠠᠭᠠᠷᠳᠠᠯᠭ᠎ᠠ ᠮᠥᠨ᠃ ︽ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠤᠷᠢᠳᠴᠢᠯᠠᠨ ᠬᠤᠷᠢᠶᠠᠬᠤ ᠰᠦᠢᠳᠬᠡᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠲᠤᠬᠠᠢ ᠵᠢᠯᠤᠭᠤᠳᠬᠤ ᠰᠠᠨᠠᠯ ︾ ᠳᠤ ︽ᠲᠣᠭᠲᠠᠭᠤᠨ ᠪᠠᠶᠢᠯᠭᠠᠬᠤ︾ ᠪᠠ ︽ᠣᠷᠣᠭᠤᠯᠬᠤ︾ ᠶᠢᠨ ᠬᠠᠷᠢᠴᠠᠭ᠎ᠠ ᠶᠢ ᠡᠵᠡᠮᠳᠡᠵᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠡᠮᠬᠢ ᠵᠢᠷᠤᠮ ᠢ ︽ᠲᠣᠭᠲᠠᠭᠤᠨ ᠪᠠᠶᠢᠯᠭᠠᠬᠤ︾ ᠪᠠᠷ ᠤᠷᠢᠲᠠᠯ ᠪᠣᠯᠭᠠᠵᠤ᠂ ᠤᠷᠢᠳᠴᠢᠯᠠᠨ ᠰᠦᠢᠳᠬᠡᠯ ᠬᠤᠷᠢᠶᠠᠬᠤ ᠲᠦᠭᠰᠢᠭᠦᠷᠢ ᠶᠢ ᠠᠷᠢᠯᠭᠠᠬᠤ ᠶᠢᠨ ︽ᠣᠷᠣᠭᠤᠯᠬᠤ︾ ᠶᠢ ᠠᠬᠢᠭᠤᠯᠤᠨ᠎ᠠ︔ ᠰᠠᠯᠠᠭ᠎ᠠ ᠮᠥᠴᠢᠷ ᠠᠯᠤᠰᠯᠠᠨ ᠬᠠᠮᠵᠢᠯᠴᠠᠬᠤ᠂ ᠪᠥᠬᠦ ᠬᠡᠯᠬᠢᠶ᠎ᠡ ᠪᠠᠷ ᠬᠢᠨᠠᠨ ᠬᠠᠮᠢᠶᠠᠷᠬᠤ ᠶᠢ ᠴᠢᠩᠭᠠᠳᠬᠠᠬᠤ ᠪᠠᠷ ᠳᠠᠮᠵᠢᠭᠤᠯᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠡᠮᠬᠢ ᠵᠢᠷᠤᠮ ᠤᠨ ︽ᠲᠣᠭᠲᠠᠭᠤᠨ︾ ᠪᠠᠶᠢᠬᠤ ᠶᠢ ᠠᠬᠢᠭᠤᠯᠬᠤ ᠬᠡᠷᠡᠭᠳᠡᠢ᠃    ᠨᠢᠭᠡᠳᠦᠭᠡᠷ ᠲᠤ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠬᠦᠷᠦᠯᠴᠡᠬᠦ ᠦᠭᠡᠢ ᠪᠠᠶᠢᠬᠤ ᠠᠰᠠᠭᠤᠳᠠᠯ ᠢ ᠰᠢᠢᠳᠪᠦᠷᠢᠯᠡᠵᠦ᠂ ᠡᠵᠡᠩᠨᠡᠯᠲᠡ ᠶᠢᠨ ᠳᠠᠷᠤᠯᠲᠠ ᠶᠢ ᠲᠠᠶᠢᠯᠬᠤ ᠶᠢᠨ ᠲᠥᠯᠥᠭᠡ ᠤᠷᠢᠳᠴᠢᠯᠠᠨ ᠰᠦᠢᠳᠬᠡᠯ ᠬᠤᠷᠢᠶᠠᠬᠤ ᠵᠠᠭᠪᠤᠷ ᠢ ᠬᠡᠷᠡᠭᠯᠡᠨ ᠡᠵᠡᠩᠨᠡᠯᠲᠡ ᠬᠢᠭᠰᠡᠨ ᠨᠢ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠣᠯᠠᠨ ᠶᠠᠩᠵᠤ ᠶᠢᠨ ᠬᠥᠭᠵᠢᠯᠲᠡ ᠶᠢᠨ ᠦᠷ᠎ᠡ ᠳ᠋ᠦᠩ ᠮᠥᠨ ᠭᠡᠳᠡᠭ ᠢ ᠨᠤᠲᠠᠯᠠᠪᠠ︔     ᠬᠤᠶᠠᠳᠤᠭᠠᠷ ᠲᠤ᠂ ᠪᠥᠬᠦ ᠤᠯᠤᠰ ᠤᠨ ᠲᠠᠰ ᠳᠠᠪᠬᠤᠷᠭ᠎ᠠ ᠶᠢᠨ ᠬᠢᠨᠠᠯᠲᠠ ᠬᠠᠮᠢᠶᠠᠷᠤᠯᠲᠠ ᠶᠢᠨ ᠳᠦᠷᠢᠮ ᠤᠨ ᠬᠤᠭᠤᠰᠤᠨ ᠢ ᠨᠥᠬᠦᠪᠦᠷᠢᠯᠡᠵᠦ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠤᠷᠢᠳᠴᠢᠯᠠᠨ ᠰᠦᠢᠳᠬᠡᠯ ᠬᠤᠷᠢᠶᠠᠬᠤ ᠠᠵᠢᠯᠯᠠᠭ᠎ᠠ ᠳᠤ ᠤᠯᠠᠭᠠᠨ ᠱᠤᠭᠤᠮ ᠲᠣᠭᠲᠠᠭᠠᠨ᠂ ᠪᠠᠷᠢᠮᠵᠢᠶ᠎ᠠ ᠱᠤᠭᠤᠮ ᠲᠣᠭᠲᠠᠭᠠᠵᠤ᠂ ᠢᠯᠡ ᠲᠣᠳᠣ ᠬᠢᠨᠠᠯᠲᠠ ᠬᠠᠮᠢᠶᠠᠷᠤᠯᠲᠠ ᠶᠢᠨ ᠳᠦᠷᠢᠮ ᠪᠠ ᠪᠠᠷᠢᠮᠵᠢᠶ᠎ᠠ ᠪᠠᠷ ᠬᠢᠨᠠᠯᠲᠠ ᠬᠠᠮᠢᠶᠠᠷᠤᠯᠲᠠ ᠶᠢ ᠵᠢᠷᠤᠮᠯᠠᠬᠤ ᠳᠦᠷᠢᠮ ᠲᠠᠢ ᠪᠣᠯᠭᠠᠵᠤ᠂ ᠪᠠᠶᠢᠭᠤᠯᠤᠮᠵᠢ ᠶᠢ ᠢᠲᠡᠭᠡᠮᠵᠢᠲᠡᠢ ᠪᠥᠭᠡᠳ ᠲᠣᠭᠲᠠᠭᠠᠯ ᠳᠤ ᠨᠡᠶᠢᠴᠡᠭᠦᠯᠦᠨ ᠠᠵᠢᠯᠯᠠᠭᠤᠯᠬᠤ ᠳᠤ ᠵᠢᠷᠤᠮᠯᠠᠬᠤ ᠳᠦᠷᠢᠮ ᠲᠠᠢ ᠪᠣᠯᠭᠠᠨ᠎ᠠ︔    ᠭᠤᠷᠪᠠᠳᠤᠭᠠᠷ ᠲᠤ᠂ ᠬᠠᠮᠵᠢᠯᠴᠠᠨ ᠬᠢᠨᠠᠨ ᠬᠠᠮᠢᠶᠠᠷᠬᠤ ᠰᠢᠰᠲ᠋ᠥᠮ ᠢ ᠪᠠᠶᠢᠭᠤᠯᠵᠤ᠂ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠪᠠ ᠬᠠᠮᠵᠢᠯᠴᠠᠨ ᠬᠠᠮᠵᠢᠯᠴᠠᠬᠤ ᠶᠢ ᠲᠣᠳᠣᠷᠬᠠᠶᠢᠯᠠᠵᠤ᠂ ᠠᠵᠢᠯ ᠤᠨ ᠵᠣᠯᠭᠠᠯᠴᠠᠭ᠎ᠠ ᠬᠠᠮᠵᠢᠯᠴᠠᠭ᠎ᠠ ᠶᠢ ᠴᠢᠩᠭᠠᠳᠬᠠᠵᠤ᠂ ᠰᠠᠯᠠᠭ᠎ᠠ ᠮᠥᠴᠢᠷ ᠠᠯᠤᠰᠯᠠᠭᠰᠠᠨ ᠡᠳᠦᠷ ᠳᠤᠳᠤᠮ ᠤᠨ ᠬᠢᠨᠠᠨ ᠬᠠᠮᠢᠶᠠᠷᠤᠯᠲᠠ᠂ ᠠᠶᠤᠯ ᠲᠦᠭᠰᠢᠭᠦᠷᠢ ᠶᠢ ᠬᠢᠨᠠᠨ ᠬᠡᠮᠵᠢᠬᠦ᠂ ᠲᠦᠷᠦᠯ ᠬᠤᠪᠢᠶᠠᠨ ᠰᠢᠢᠳᠪᠦᠷᠢᠯᠡᠬᠦ ᠶᠢᠨ ᠨᠢᠭᠡᠳᠦᠯᠲᠡᠢ ᠲᠥᠯᠥᠪᠵᠢᠭᠦᠯᠬᠦ ᠴᠢᠨᠠᠷ ᠪᠠ ᠵᠣᠬᠢᠴᠠᠩᠭᠤᠢ ᠴᠢᠨᠠᠷ ᠢ ᠴᠢᠩᠭᠠᠳᠬᠠᠵᠤ᠂ ᠪᠦᠲᠦᠮᠵᠢᠲᠡᠢ ᠬᠢᠨᠠᠨ ᠬᠠᠮᠢᠶᠠᠷᠤᠯᠲᠠ ᠶᠢᠨ ᠬᠠᠮᠲᠤᠷᠠᠯ ᠬᠦᠴᠦᠨ ᠢ ᠪᠦᠷᠢᠯᠳᠦᠭᠦᠯᠦᠨ᠎ᠡ᠃ ︽ᠵᠢᠯᠤᠭᠤᠳᠬᠤ ᠰᠠᠨᠠᠯ︾ ᠢ ᠨᠡᠶᠢᠲᠡᠯᠡᠭᠰᠡᠨ ᠨᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠠᠮᠢ ᠠᠬᠤᠢ ᠶᠢ ᠴᠡᠪᠡᠷᠰᠢᠭᠦᠯᠵᠦ᠂ ᠠᠵᠢᠯ ᠲᠥᠷᠥᠯ ᠤᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠯᠲᠡ ᠶᠢ ᠵᠢᠷᠤᠮᠵᠢᠭᠤᠯᠤᠨ  ᠵᠢᠯᠤᠭᠤᠳᠬᠤ ᠶᠢᠨ ᠬᠠᠮᠲᠤ ᠪᠠᠰᠠ ᠬᠤᠷᠸ᠎ᠠ ᠲᠥᠷᠥ ᠶᠢᠨ ᠪᠣᠳᠣᠯᠭ᠎ᠠ ᠲᠠᠢ ᠨᠢᠭᠡᠳᠦᠯᠲᠡᠢ ᠪᠠᠶᠢᠬᠤ ᠶᠢ ᠴᠢᠬᠤᠯᠠᠴᠢᠯᠠᠵᠤ᠂ ᠨᠢᠭᠡ ᠯᠡ ᠠᠳᠠᠯᠢ ᠪᠠᠷ ᠱᠠᠭᠠᠷᠳᠠᠬᠤ ᠦᠭᠡᠢ᠂ ᠣᠭᠵᠣᠮ ᠵᠣᠭᠰᠤᠭᠠᠬᠤ ᠦᠭᠡᠢ᠂ ᠲᠣᠭᠲᠠᠭᠤᠨ ᠪᠥᠭᠡᠳ ᠢᠯᠡ ᠲᠣᠳᠣ᠂ ᠵᠢᠱᠢᠵᠦ ᠪᠣᠯᠬᠤᠶᠢᠴᠠ ᠲᠥᠷᠥ ᠶᠢᠨ ᠪᠣᠳᠣᠯᠭ᠎ᠠ ᠶᠢᠨ ᠣᠷᠴᠢᠨ ᠨᠥᠬᠦᠴᠡᠯ ᠢ ᠪᠣᠶ ᠪᠣᠯᠭᠠᠬᠤ ᠪᠠᠷ ᠳᠠᠮᠵᠢᠭᠤᠯᠤᠨ᠂ ᠠᠵᠢᠯ ᠲᠥᠷᠥᠯ ᠤᠨ ᠪᠡᠯᠡ ᠣᠷᠣᠭᠤᠯᠤᠯᠲᠠ ᠪᠠ ᠬᠥᠭᠵᠢᠯᠲᠡ ᠶᠢᠨ ᠢᠲᠡᠭᠡᠯ ᠢ ᠨᠢ ᠤᠯᠠᠮ ᠪᠠᠳᠤᠳᠬᠠᠬᠤ ᠪᠤᠯᠤᠨ᠎ᠠ᠃   
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号