ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠤᠷᠢᠳᠴᠢᠯᠠᠨ ᠰᠦᠢᠳᠬᠡᠯ ᠬᠤᠷᠢᠶᠠᠬᠤ ᠠᠵᠢᠯ ᠢ ᠵᠢᠷᠤᠮᠵᠢᠭᠤᠯᠵᠤ ᠠᠵᠢᠯ ᠲᠥᠷᠥᠯ ᠤᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠯᠲᠡ ᠶᠢ ᠠᠬᠢᠭᠤᠯᠤᠶ᠎ᠠ — ︽ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠤᠷᠢᠳᠴᠢᠯᠠᠨ ᠰᠦᠢᠳᠬᠡᠯ ᠬᠤᠷᠢᠶᠠᠬᠤ ᠶᠢ ᠬᠢᠨᠠᠨ ᠬᠠᠮᠢᠶᠠᠷᠬᠤ ᠶᠢ ᠴᠢᠩᠭᠠᠳᠬᠠᠬᠤ ᠲᠤᠬᠠᠢ ᠠᠷᠠᠳ ᠤᠨ ᠶᠠᠪᠤᠳᠠᠯ ᠤᠨ ᠶᠠᠮᠤᠨ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ᠂ ᠳᠣᠲᠣᠭᠠᠳᠤ ᠶᠢ ᠬᠠᠮᠠᠭᠠᠯᠠᠬᠤ ᠶᠠᠮᠤᠨ᠂  ᠡᠳ᠋ ᠤᠨ ᠵᠠᠰᠠᠭ ᠤᠨ ᠶᠠᠮᠤᠨ ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ᠂ ᠮᠥᠩᠭᠦᠨ ᠬᠦᠢᠯᠬᠡᠬᠡᠨ ᠤ ᠬᠢᠨᠠᠯᠳᠠ ᠬᠠᠮᠢᠶᠠᠷᠤᠯᠳᠠ ᠶᠢᠨ ᠶᠡᠷᠤᠩᠭᠡᠢ ᠲᠤᠪᠴᠢᠶ᠎ᠠ  ᠶᠢᠨ ᠬᠢᠨ ᠤ ᠵᠢᠯᠤᠭᠤᠳᠬᠤ ᠰᠠᠨᠠᠯ︾ ᠤᠨ ᠲᠤᠬᠠᠢ ᠲᠦᠷᠤ ᠶᠢᠨ ᠪᠤᠳᠤᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/5/14
 ᠬᠤᠶᠠᠷ᠂ ︽ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠤᠷᠢᠳᠴᠢᠯᠠᠨ ᠬᠤᠷᠢᠶᠠᠬᠤ ᠰᠦᠢᠳᠬᠡᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠲᠤᠬᠠᠢ ᠵᠢᠯᠤᠭᠤᠳᠬᠤ ᠰᠠᠨᠠᠯ︾ ᠤᠨ ᠭᠤᠣᠯ ᠠᠭᠤᠯᠭ᠎ᠠ    ︽ᠵᠢᠯᠤᠭᠤᠳᠬᠤ ᠰᠠᠨᠠᠯ︾ ᠳᠤ ᠨᠡᠶᠢᠲᠡ 4 ᠬᠡᠰᠡᠭ 14 ᠱᠠᠭᠠᠷᠳᠠᠯᠭ᠎ᠠ ᠪᠣᠶ᠂ ᠡᠭᠦᠨ ᠳᠤ ᠭᠤᠣᠯᠳᠠᠭᠤ ᠳᠥᠷᠪᠡᠨ ᠲᠠᠯ᠎ᠠ ᠪᠠᠷ ᠲᠣᠭᠲᠠᠭᠠᠯ ᠭᠠᠷᠭᠠᠪᠠ᠄    ︵ᠨᠢᠭᠡ︶ ᠲᠦᠭᠰᠢᠭᠦᠷᠢ ᠶᠢ ᠪᠠᠭᠤᠷᠠᠭᠤᠯᠤᠨ ᠬᠥᠭᠵᠢᠯᠲᠡ ᠶᠢ ᠠᠬᠢᠭᠤᠯᠬᠤ ᠶᠡᠷᠦᠩᠬᠡᠢ ᠱᠠᠭᠠᠷᠳᠠᠯᠭ᠎ᠠ ᠶᠢ ᠲᠤᠳᠤᠷᠬᠠᠶᠢᠯᠠᠪᠠ᠃ 2025 ᠣᠨ ᠠᠴᠠ ᠡᠮᠦᠨ᠎ᠡ ᠰᠠᠯᠠᠭ᠎ᠠ ᠮᠥᠴᠢᠷ ᠠᠯᠤᠰᠯᠠᠭᠰᠠᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠤᠷᠢᠳᠴᠢᠯᠠᠨ ᠰᠦᠢᠳᠬᠡᠯ ᠬᠤᠷᠢᠶᠠᠬᠤ ᠶᠢ ᠬᠢᠨᠠᠨ ᠬᠠᠮᠢᠶᠠᠷᠬᠤ ᠠᠵᠢᠯ ᠤᠨ ᠲᠣᠭᠲᠠᠴᠠ ᠶᠢ ᠪᠠᠶᠢᠭᠤᠯᠤᠨ  ᠲᠡᠬᠦᠯᠳᠡᠷᠵᠢᠬᠦᠯᠬᠦ ᠬᠠᠷᠠᠯᠲᠠ ᠶᠢᠨ ᠲᠣᠭᠤᠷᠢᠨ ᠳᠤ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠤᠷᠢᠳᠴᠢᠯᠠᠨ ᠰᠦᠢᠳᠬᠡᠯ ᠬᠤᠷᠢᠶᠠᠵᠤ ᠬᠤᠷᠢᠶᠠᠬᠤ᠂ ᠬᠠᠮᠢᠶᠠᠷᠬᠤ᠂ ᠬᠡᠷᠡᠭᠯᠡᠬᠦ᠂ ᠰᠦᠢᠳᠬᠡᠯ ᠢ ᠪᠤᠴᠠᠭᠠᠬᠤ ᠪᠦᠬᠦ ᠬᠡᠯᠬᠢᠶ᠎ᠡ ᠶᠢᠨ ᠬᠢᠨᠠᠨ ᠬᠠᠮᠢᠶᠠᠷᠤᠯᠲᠠ ᠶᠢᠨ ᠣᠶᠢᠯᠠᠭᠠᠭᠳᠠᠬᠤᠨ ᠢ ᠳᠤᠷᠠᠳᠴᠤ᠂ ᠦᠨᠡᠨ ᠠᠴᠠ ᠵᠥᠪ ᠢ ᠡᠷᠢᠬᠦ᠂ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠬᠤ᠂ ᠠᠮᠤᠷ ᠲᠦᠪᠰᠢᠨ ᠢᠶᠠᠷ ᠬᠥᠭᠵᠢᠭᠦᠯᠬᠦ᠂ ᠬᠤᠷᠢᠭ᠎ᠠ ᠱᠤᠭᠤᠮ ᠢ ᠪᠠᠲᠤ ᠰᠠᠬᠢᠬᠤ᠂ ᠪᠣᠳᠠᠲᠠᠢ ᠶᠢ ᠡᠷᠬᠢᠮᠯᠡᠵᠦ ᠥᠨᠳᠥᠷ ᠦᠷ᠎ᠡ ᠠᠰᠢᠭ ᠲᠠᠢ᠂ ᠬᠠᠮᠵᠢᠯᠴᠠᠨ ᠬᠤᠯᠪᠤᠭᠠᠯᠠᠨ ᠬᠥᠳᠡᠯᠦᠯᠴᠡᠬᠦ ᠦᠨᠳᠦᠰᠦᠨ ᠵᠠᠷᠴᠢᠮ ᠢ ᠲᠣᠳᠣᠷᠬᠠᠶᠢᠯᠠᠪᠠ᠃    ︵ᠬᠤᠶᠠᠷ︶ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠰᠦᠢᠳᠬᠡᠯ ᠬᠤᠷᠢᠶᠠᠬᠤ ᠠᠵᠢᠯᠯᠠᠭ᠎ᠠ ᠶᠢ ᠪᠥᠬᠦ ᠬᠡᠯᠬᠢᠶ᠎ᠡ ᠪᠠᠷ  ᠵᠢᠷᠤᠮᠵᠢᠭᠤᠯᠪᠠ᠃ ᠤᠷᠢᠳᠴᠢᠯᠠᠨ ᠰᠦᠢᠳᠬᠡᠯ ᠬᠤᠷᠢᠶᠠᠬᠤ ᠶᠢᠨ ᠠᠭᠤᠯᠤᠭᠳᠠᠬᠤᠨ ᠢ ᠲᠣᠳᠣᠷᠬᠠᠶᠢᠯᠠᠵᠤ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠦᠢᠯᠡᠴᠢᠯᠡᠭᠡ ᠬᠠᠩᠭᠠᠬᠤ ᠠᠴᠠ ᠡᠮᠦᠨ᠎ᠡ ᠨᠠᠰᠤᠲᠠᠶᠢᠴᠤᠳ ᠪᠠ ᠣᠷᠣᠯᠠᠭᠴᠢ ᠠᠴᠠ ᠨᠢ ᠬᠤᠷᠢᠶᠠᠭᠰᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠦᠢᠳᠬᠡᠯ᠂ ᠪᠡᠷᠢᠴᠠᠭᠠᠨ ᠤ ᠮᠥᠩᠭᠦ ᠪᠠ ᠭᠡᠰᠢᠭᠦᠨ ᠤ ᠰᠦᠢᠳᠬᠡᠯ ᠢ ᠪᠥᠬᠦ ᠪᠠᠷᠢᠮᠵᠢᠶ᠎ᠠ ᠪᠠᠷ ᠬᠢᠨᠠᠨ ᠬᠠᠮᠢᠶᠠᠷᠬᠤ ᠳᠤ ᠣᠷᠣᠭᠤᠯᠤᠨ᠎ᠠ᠃ ᠨᠢᠭᠡ ᠳᠤ᠂ ᠬᠤᠷᠢᠶᠠᠬᠤ ᠱᠠᠭᠠᠷᠳᠠᠯᠭ᠎ᠠ ᠶᠢ ᠲᠣᠭᠲᠠᠭᠠᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠦᠢᠳᠬᠡᠯ ᠤᠨ ᠬᠠᠮᠤᠭ ᠤᠨ ᠣᠷᠳᠣ ᠤᠷᠢᠳᠴᠢᠯᠠᠨ ᠬᠤᠷᠢᠶᠠᠬᠤ ᠦᠶᠡᠯᠡᠯ ᠪᠠ ᠪᠡᠷᠢᠴᠠᠭᠠᠨ ᠤ ᠮᠥᠩᠭᠦ ᠶᠢᠨ ᠬᠠᠮᠤᠭ ᠤᠨ ᠥᠨᠳᠥᠷ ᠤᠷᠢᠳᠴᠢᠯᠠᠨ ᠬᠤᠷᠢᠶᠠᠬᠤ ᠲᠤᠭ᠎ᠠ ᠶᠢ ᠬᠢᠵᠠᠭᠠᠷᠯᠠᠨ᠂ ᠪᠡᠯᠡ ᠮᠥᠩᠭᠦᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠨ᠎ᠡ᠃ ᠮᠤᠵᠢ ᠶᠢᠨ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ  ᠤᠨ ᠬᠢᠨ  ᠠᠰᠢᠭ ᠬᠤᠨᠵᠢᠪᠤᠷᠢ ᠶᠢᠨ ᠴᠢᠨᠠᠷᠲᠠᠢ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠭᠡᠰᠢᠭᠦᠨ ᠤ ᠰᠦᠢᠳᠬᠡᠯ ᠬᠤᠷᠢᠶᠠᠬᠤ ᠡᠷᠬᠡ ᠤᠯᠭᠤᠬᠤ ᠳᠤ ᠪᠠᠨ ᠬᠠᠮᠤᠭ ᠤᠨ ᠬᠡᠮᠵᠢᠶᠡᠨ ᠳᠤ ᠬᠢᠵᠠᠭᠠᠷᠯᠠᠬᠤ ᠴᠢᠨᠠᠷᠲᠠᠢ ᠱᠠᠭᠠᠷᠳᠠᠯᠭ᠎ᠠ ᠲᠤᠷᠠᠳᠪᠠ᠃ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠡᠪᠡᠳᠴᠢᠲᠡᠨ ᠤ ᠣᠷᠣ ᠶᠢᠨ ᠬᠠᠩᠭᠠᠯᠭ᠎ᠠ ᠶᠢᠨ ᠴᠢᠳᠠᠪᠤᠷᠢ ᠠᠴᠠ ᠪᠠᠨ ᠳᠠᠪᠠᠭᠤᠯᠤᠨ ᠠᠮᠠᠯᠠᠵᠤ ᠦᠢᠯᠡᠴᠢᠯᠡᠬᠦ ᠶᠢ ᠴᠢᠩᠭ᠎ᠠ ᠴᠠᠭᠠᠵᠠᠯᠠᠵᠤ᠂ ︽ᠨᠢᠭᠡ ᠣᠷᠣ ᠶᠢ ᠢᠯᠡᠭᠦᠦ ᠬᠤᠳᠠᠯᠳᠤᠬᠤ︾ ᠶᠢ ᠰᠡᠷᠭᠡᠶᠢᠯᠡᠨ᠎ᠡ᠃ ᠤᠷᠢᠳᠴᠢᠯᠠᠨ ᠰᠦᠢᠳᠬᠡᠯ ᠬᠤᠷᠢᠶᠠᠬᠤ ᠶᠡᠷᠦᠩᠬᠡᠢ ᠲᠤᠭ᠎ᠠ ᠶᠢ ᠲᠣᠭᠲᠠᠮᠠᠯ ᠬᠥᠷᠥᠩᠭᠡ ᠶᠢᠨ ᠴᠡᠪᠡᠷ ᠲᠤᠭ᠎ᠠ ᠠᠴᠠ ᠬᠡᠲᠦᠷᠡᠭᠦᠯᠵᠦ ᠪᠣᠯᠬᠤ ᠤᠶᠢᠭᠡᠢ ᠭᠡᠵᠦ ᠱᠠᠭᠠᠷᠳᠠᠵᠤ᠂ ︽ᠬᠥᠷᠥᠩᠭᠡ ᠨᠢ ᠥᠷᠢ ᠪᠠᠨ ᠲᠤᠶᠢᠯᠦᠵᠦ ᠳᠡᠶᠢᠯᠬᠦ ᠤᠶᠢᠭᠡᠢ ᠪᠣᠯᠬᠤ︾ ᠠᠴᠠ ᠰᠡᠷᠬᠡᠶᠢᠯᠡᠪᠡ᠃  ᠬᠤᠶᠠᠷ ᠲᠤ ᠬᠡᠷᠡᠭᠯᠡᠬᠦ ᠬᠡᠷᠡᠭᠴᠡᠭᠡ ᠶᠢ ᠬᠢᠵᠠᠭᠠᠷᠯᠠᠨ ᠲᠣᠭᠲᠠᠭᠠᠵᠤ᠂ ᠬᠢᠵᠠᠭᠠᠷᠯᠠᠬᠤ ᠴᠢᠨᠠᠷᠲᠠᠢ ᠲᠣᠭᠲᠠᠭᠠᠯ ᠢ ᠲᠣᠳᠣᠷᠬᠠᠢ ᠪᠣᠯᠭᠠᠵᠤ ᠂ ᠲᠤᠰᠬᠠᠢ ᠵᠣᠭᠤᠰ ᠢ ᠲᠤᠰᠬᠠᠢ ᠵᠦᠢᠯ ᠳᠤ ᠬᠡᠷᠡᠭᠯᠡᠬᠦ ᠶᠢ ᠪᠠᠳᠤᠯᠠᠪᠠ᠃ ᠭᠤᠷᠪᠠ ᠳᠤ᠂ ᠵᠥᠪᠯᠡᠯᠴᠡᠭᠡᠷ ᠤᠨ ᠬᠠᠮᠢᠶᠠᠷᠤᠯᠲᠠ ᠪᠣᠯᠣᠨ ᠰᠦᠢᠳᠬᠡᠯ ᠢ ᠪᠤᠴᠠᠭᠠᠬᠤ ᠱᠠᠭᠠᠷᠳᠠᠯᠭ᠎ᠠ ᠶᠢ ᠲᠣᠳᠣᠷᠬᠠᠶᠢᠯᠠᠵᠤ᠂ ᠵᠠᠭᠤᠷᠠᠯᠳᠤᠭᠠᠨ ᠡᠬᠦᠰᠴᠤ ᠮᠡᠳᠡᠬᠦ ᠡᠭᠦᠰᠬᠡᠬᠦ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠵᠥᠪᠯᠡᠯᠴᠡᠭᠡᠷ ᠲᠣᠭᠲᠠᠬᠤ᠂ ᠠᠶᠤᠯ ᠲᠦᠭᠰᠢᠭᠦᠷᠢ ᠶᠢ ᠮᠡᠳᠡᠭᠳᠡᠬᠦ᠂ ᠪᠠᠷᠢᠮᠲᠠ ᠪᠢᠴᠢᠵᠦ ᠥᠭᠬᠦ᠂ ᠰᠦᠢᠳᠬᠡᠯ ᠢ ᠪᠤᠴᠠᠭᠠᠬᠤ᠂ ᠮᠠᠷᠭᠤᠯᠳᠤᠭᠠᠨ ᠢ ᠰᠢᠢᠳᠪᠦᠷᠢᠯᠡᠬᠦ ᠵᠡᠷᠭᠡ ᠭᠤᠭᠴᠤᠭ᠎ᠠ ᠶᠢ ᠵᠢᠷᠤᠮᠵᠢᠭᠤᠯᠵᠤ᠂ ᠨᠠᠰᠤᠲᠠᠶᠢᠴᠤᠳ ᠤᠨ ᠬᠠᠤᠯᠢ ᠶᠣᠰᠣᠨ ᠤ ᠡᠷᠬᠡ ᠠᠰᠢᠭ ᠢ  ᠠᠯᠢ ᠴᠢᠳᠠᠬᠤ ᠪᠠᠷ ᠪᠠᠳᠤᠯᠠᠪᠠ᠃   ︵ᠭᠤᠷᠪᠠ︶ ᠬᠢᠨᠠᠯᠲᠠ ᠬᠠᠮᠢᠶᠠᠷᠤᠯᠲᠠ ᠶᠢ ᠣᠯᠠᠨ ᠠᠷᠭ᠎ᠠ ᠪᠠᠷ ᠴᠢᠩᠭᠠᠷᠠᠭᠤᠯᠪᠠ᠃ ᠲᠦᠭᠰᠢᠭᠦᠷᠢ ᠶᠢᠨ ᠳᠠᠯᠳᠠ ᠬᠡᠮ ᠤᠨ ᠬᠡᠮᠵᠢᠶ᠎ᠡ ᠶᠢ ᠦᠨᠳᠦᠰᠦᠯᠡᠨ᠂ ᠲᠥᠷᠥᠯ ᠬᠤᠪᠢᠶᠠᠨ ᠬᠢᠨᠠᠨ ᠬᠠᠮᠢᠶᠠᠷᠬᠤ ᠠᠷᠭ᠎ᠠ ᠶᠢ ᠬᠡᠷᠡᠭᠵᠢᠭᠦᠯᠵᠦ᠂ ᠡᠳᠦᠷ ᠲᠤᠲᠤᠮ ᠤᠨ ᠡᠵᠡᠩᠨᠡᠯᠲᠡ ᠶᠢᠨ ᠬᠡᠷᠡᠭᠴᠡᠭᠡ ᠶᠢ ᠬᠠᠩᠭᠠᠬᠤ ᠶᠢᠨ ᠲᠥᠯᠥᠭᠡ ᠬᠤᠷᠢᠶᠠᠭᠰᠠᠨ ᠨᠠᠰᠤᠵᠢᠯ ᠤᠨ ᠦᠢᠯᠡᠴᠢᠯᠡᠭᠡᠨ ᠤ ᠰᠦᠢᠳᠬᠡᠯ ᠢ ᠲᠤᠰᠬᠠᠢ ᠵᠦᠢᠯ ᠢᠶᠠᠷ ᠪᠠᠶᠢᠴᠠᠭᠠᠬᠤ᠂ ᠰᠤᠭᠤᠴᠢᠨ ᠪᠠᠶᠢᠴᠠᠭᠠᠵᠤ ᠬᠢᠨᠠᠨ ᠪᠤᠳᠤᠬᠤ᠂ ᠲᠦᠭᠰᠢᠭᠦᠷᠢ ᠶᠢ ᠬᠢᠨᠠᠨ ᠬᠡᠮᠵᠢᠬᠦ ᠵᠡᠷᠭᠡ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠᠷ ᠭᠤᠣᠯ ᠪᠣᠯᠭᠠᠪᠠ᠃ ᠣᠨᠴᠠᠭᠠᠶ ᠬᠡᠷᠡᠭᠴᠡᠭᠡᠨ ᠤ ᠲᠥᠯᠥᠭᠡ ᠬᠤᠷᠢᠶᠠᠭᠰᠠᠨ ᠪᠡᠷᠢᠴᠠᠭᠠᠨ ᠤ ᠮᠥᠩᠭᠦ ᠪᠠ ᠪᠡᠯᠡ ᠮᠥᠩᠭᠦ ᠶᠢᠨ ᠲᠤᠭ᠎ᠠ ᠶᠡᠭᠡ᠂ ᠲᠦᠭᠰᠢᠭᠦᠷᠢ ᠪᠠᠷ ᠨᠡᠯᠢᠶᠡᠳ ᠶᠡᠭᠡ ᠭᠡᠰᠢᠭᠦᠨ ᠤ ᠰᠦᠢᠳᠬᠡᠯ ᠢ ᠡᠳᠦᠷ ᠲᠤᠳᠤᠮ ᠤᠨ ᠬᠢᠨᠠᠨ ᠬᠠᠮᠢᠶᠠᠷᠬᠤ ᠠᠷᠭ᠎ᠠ  ᠶᠢᠨ ᠰᠠᠭᠤᠷᠢᠨ ᠳᠡᠭᠡᠷ᠎ᠡ ᠬᠤᠳᠠᠯᠳᠤᠭᠠᠨ ᠤ ᠪᠠᠩᠬᠢ ᠶᠢᠨ ᠬᠠᠳᠠᠭᠠᠯᠠᠨ ᠬᠠᠮᠢᠶᠠᠷᠬᠤ ᠠᠷᠭ᠎ᠠ ᠶᠢ ᠠᠪᠴᠤ᠂ ᠲᠤᠰᠬᠠᠢ ᠵᠣᠭᠤᠰ ᠢ ᠲᠤᠰᠬᠠᠢ ᠵᠦᠢᠯ ᠳᠤ ᠬᠡᠷᠡᠭᠯᠡᠬᠦ ᠶᠢ ᠦᠨᠡᠨ ᠬᠦ ᠪᠠᠲᠤᠯᠠᠵᠤ᠂ ᠵᠣᠬᠢᠬᠤ ᠲᠣᠭᠠᠨ ᠤ ᠲᠦᠭᠰᠢᠭᠦᠷᠢ ᠶᠢᠨ ᠪᠠᠲᠤᠯᠠᠭ᠎ᠠ ᠶᠢᠨ ᠮᠥᠩᠭᠦ ᠦᠯᠡᠳᠡᠭᠡᠨ ᠬᠠᠳᠠᠭᠠᠯᠠᠭᠤᠯᠬᠤ ᠪᠠᠷ ᠱᠠᠭᠠᠷᠳᠠᠵᠤ᠂  ᠵᠠᠭᠤᠷᠠᠯᠳᠤᠭᠠᠨ ᠡᠭᠦᠰᠬᠦ ᠦᠶ᠎ᠡ ᠳᠤ ᠵᠣᠬᠢᠬᠤ ᠬᠡᠮᠵᠢᠶᠡᠨ ᠤ  ᠲᠦᠯᠤᠬᠦ ᠴᠢᠳᠠᠪᠤᠷᠢ ᠲᠠᠢ ᠪᠠᠶᠢᠬᠤ ᠶᠢ ᠪᠠᠳᠤᠯᠠᠵᠠᠢ᠃   ︵ᠳᠥᠷᠪᠡ︶ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠪᠠᠳᠤᠯᠠᠪᠠ᠃ ᠡᠯ᠎ᠡ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠬᠢᠭᠡᠳ ᠬᠠᠮᠵᠢᠯᠴᠠᠭ᠎ᠠ ᠶᠢ ᠲᠤᠳᠤᠷᠬᠠᠶᠢᠯᠠᠪᠠ᠃ ᠡᠯ᠎ᠡ ᠭᠠᠵᠠᠷ ᠤᠨ ᠬᠢᠨ ᠢᠵᠢ ᠪᠦᠷᠢᠳᠦᠭᠦᠯᠬᠦ ᠲᠥᠷᠥ ᠶᠢᠨ ᠪᠣᠳᠣᠯᠭ᠎ᠠ ᠲᠣᠭᠲᠠᠭᠠᠵᠤ᠂ ᠬᠠᠮᠢᠶᠠᠷᠤᠯᠲᠠ ᠶᠢᠨ ᠱᠠᠭᠠᠷᠳᠠᠯᠭ᠎ᠠ ᠪᠠ ᠪᠣᠳᠠᠲᠠᠢ ᠠᠷᠭ᠎ᠠ  ᠶᠢ ᠨᠠᠷᠢᠯᠢᠭᠵᠢᠭᠤᠯᠤᠨ᠂ ᠨᠠᠶᠢᠳᠠᠪᠤᠷᠢᠵᠢᠭᠤᠯᠤᠯᠳᠠ ᠶᠢᠨ ᠠᠵᠢᠯ ᠰᠠᠶᠢᠲᠤᠷ ᠠᠳᠬᠤᠬᠤ ᠬᠡᠷᠡᠭᠲᠡᠢ ᠭᠡᠵᠦ ᠱᠠᠭᠠᠷᠳᠠᠪᠠ᠃ ᠡᠯ᠎ᠡ ᠭᠠᠵᠠᠷ ᠤᠨ ᠬᠢᠨ ᠵᠦᠢ ᠵᠣᠬᠢᠰᠲᠠᠢ ᠰᠢᠯᠵᠢᠯᠲᠡ ᠶᠢᠨ ᠬᠤᠭᠤᠴᠠᠭ᠎ᠠ ᠭᠠᠷᠭᠠᠬᠤ ᠶᠢ ᠱᠠᠭᠠᠷᠳᠠᠬᠤ ᠶᠢᠨ ᠬᠠᠮᠲᠤ ᠨᠢᠭᠡᠨᠲᠡ ᠤᠷᠢᠳᠴᠢᠯᠠᠨ ᠰᠦᠢᠳᠬᠡᠯ ᠬᠤᠷᠢᠶᠠᠭᠰᠠᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠲᠣᠭᠲᠠᠭᠠᠯ ᠶᠣᠰᠣᠭᠠᠷ ᠵᠣᠬᠢᠴᠠᠩᠭᠤᠢ ᠭᠠᠷ ᠭᠦᠢᠴᠡᠳᠬᠡᠯ ᠢ ᠪᠡᠶᠡᠯᠡᠭᠦᠯᠬᠦ ᠶᠢ ᠱᠠᠯᠠᠪᠳᠠᠭᠤᠯᠤᠨ ᠵᠢᠯᠣᠭᠤᠳᠤᠨ᠎ᠠ᠃ ᠡᠮᠦᠨᠡᠬᠢ ᠬᠤᠭᠤᠴᠠᠭᠠᠨ ᠳᠤ ᠤᠷᠢᠳᠴᠢᠯᠠᠨ ᠰᠦᠢᠳᠬᠡᠯ ᠬᠤᠷᠢᠶᠠᠬᠤ ᠬᠠᠮᠢᠶᠠᠷᠤᠯᠲᠠ ᠶᠢᠨ ᠠᠷᠭ᠎ᠠ ᠶᠢ ᠨᠢᠭᠡᠨᠲᠡ ᠨᠡᠶᠢᠲᠡᠯᠡᠭᠰᠡᠨ ᠭᠠᠵᠠᠷ ᠣᠷᠣᠨ ᠳᠤ ᠲᠥᠷᠥ ᠶᠢᠨ ᠪᠣᠳᠣᠯᠭ᠎ᠠ ᠶᠢ ᠵᠣᠯᠭᠠᠭᠤᠯᠤᠨ ᠬᠡᠷᠡᠭᠯᠡᠬᠦ ᠶᠢ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃ᠭᠤᠷᠪᠠ᠂ ︽ᠵᠢᠯᠤᠭᠤᠳᠬᠤ ᠰᠠᠨᠠᠯ︾ ᠢ ᠨᠠᠶᠢᠳᠠᠪᠤᠷᠢᠵᠢᠭᠤᠯᠬᠤ ᠬᠡᠷᠡᠭᠲᠡᠢ       ᠨᠢᠭᠡ ᠬᠤᠪᠢ ᠶᠢᠨ ᠪᠠᠶᠢᠷᠢᠯᠠᠭᠤᠯᠤᠯᠲᠠ᠂ ᠶᠢᠰᠦᠨ ᠬᠤᠪᠢ ᠶᠢᠨ ᠨᠠᠶᠢᠳᠠᠪᠤᠷᠢᠵᠢᠭᠤᠯᠤᠯᠲᠠ ᠶᠤᠮ᠃ ᠲᠥᠷᠥ ᠶᠢᠨ ᠪᠣᠳᠣᠯᠭ᠎ᠠ ᠶᠢᠨ ᠠᠮᠢᠵᠢᠷᠠᠯ ᠤᠨ ᠬᠦᠴᠦᠨ ᠨᠢ ᠨᠠᠶᠢᠳᠠᠪᠤᠷᠢᠵᠢᠭᠤᠯᠬᠤ ᠳᠤ ᠪᠣᠶ᠂ ᠶᠠᠮᠠᠷᠪᠠ ᠰᠠᠶᠢᠨ ᠲᠥᠷᠥ ᠶᠢᠨ ᠪᠣᠳᠣᠯᠭ᠎ᠠ ᠶᠢ ᠲᠣᠭᠲᠠᠭᠠᠵᠤ ᠨᠡᠶᠢᠲᠡᠯᠡᠭᠰᠡᠨ ᠤ ᠳᠠᠷᠠᠭ᠎ᠠ ᠴᠢᠨᠠᠷᠵᠢᠭᠤᠨ ᠪᠥᠭᠡᠳ ᠪᠦᠲᠦᠮᠵᠢᠲᠡᠶ ᠪᠠᠷ ᠨᠠᠶᠢᠳᠠᠪᠤᠷᠢᠵᠢᠭᠤᠯᠬᠤ ᠪᠣᠯ ᠵᠠᠩᠭᠢᠯᠠᠭ᠎ᠠ ᠪᠣᠯᠣᠨ᠎ᠠ᠃ ᠲᠠᠷᠠᠭᠠᠴᠢ  ᠪᠠᠷ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ  ᠤᠨ ᠬᠢᠨ ︽ᠵᠢᠯᠤᠭᠤᠳᠬᠤ ᠰᠠᠨᠠᠯ︾ ᠢ ᠳᠥᠷᠪᠡᠨ ᠲᠠᠯ᠎ᠠ ᠪᠠᠷ ᠨᠠᠷᠢᠨ ᠨᠠᠶᠢᠳᠠᠪᠤᠷᠢᠵᠢᠭᠤᠯᠬᠤ ᠶᠢ ᠠᠬᠢᠭᠤᠯᠬᠤ ᠪᠤᠯᠤᠨ᠎ᠠ᠃    ᠨᠢᠭᠡ ᠳᠤ᠂ ᠡᠭᠦᠷᠭᠡ ᠶᠢ ᠬᠠᠷᠢᠴᠠᠭᠤᠯᠤᠨ ᠠᠷᠭ᠎ᠠ ᠶᠢ ᠨᠠᠷᠢᠯᠢᠭᠵᠢᠭᠤᠯᠤᠨ᠎ᠠ᠃ ᠪᠣᠳᠠᠲᠠᠢ ᠠᠴᠠ ᠡᠭᠦᠰᠴᠦ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ᠂ ᠣᠷᠣᠨ ᠨᠤᠲᠤᠭ ᠤᠨ ᠣᠨᠴᠠᠯᠢᠭ ᠪᠠ ᠬᠥᠭᠵᠢᠯᠲᠡ ᠶᠢᠨ ᠱᠠᠭᠠᠷᠳᠠᠯᠭ᠎ᠠ ᠶᠢ ᠳᠣᠪᠤᠶᠢᠯᠭᠠᠵᠤ᠂ ᠬᠡᠷᠡᠭᠵᠢᠭᠦᠯᠬᠦ ᠨᠠᠷᠢᠨ ᠳᠦᠷᠢᠮ ᠪᠤᠶᠤ ᠵᠣᠬᠢᠴᠠᠩᠭᠤᠢ ᠬᠠᠮᠢᠶᠠᠷᠤᠯᠲᠠ ᠶᠢᠨ ᠠᠷᠭ᠎ᠠ ᠶᠢ ᠲᠦᠷᠦᠭᠦᠯᠡᠨ ᠲᠣᠭᠲᠠᠭᠠᠵᠤ᠂ ᠬᠠᠮᠢᠶᠠᠷᠤᠯᠲᠠ ᠶᠢᠨ ᠱᠠᠭᠠᠷᠳᠠᠯᠭ᠎ᠠ ᠪᠠ ᠪᠣᠳᠠᠲᠠᠢ ᠠᠷᠭ᠎ᠠ ᠶᠢ ᠨᠠᠷᠢᠯᠢᠬᠵᠢᠭᠤᠯᠬᠤ ᠬᠡᠷᠡᠭᠳᠡᠢ᠃ ᠲᠣᠰ ᠭᠠᠵᠠᠷ ᠣᠷᠣᠨ ᠤ ᠠᠵᠤ ᠠᠬᠤᠢ ᠶᠢᠨ ᠬᠥᠭᠵᠢᠯᠲᠡ ᠶᠢᠨ ᠲᠦᠪᠰᠢᠨ ᠪᠠ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠥᠭᠵᠢᠯᠲᠡ ᠶᠢᠨ ᠣᠳᠣᠬᠢ ᠪᠠᠶᠢᠳᠠᠯ ᠢ ᠦᠨᠳᠦᠰᠦᠯᠡᠨ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠲᠠᠢ ᠬᠠᠮᠲᠤᠷᠠᠨ ᠰᠤᠳᠤᠯᠤᠨ ᠨᠤᠲᠠᠯᠠᠭᠰᠠᠨ ᠰᠠᠭᠤᠷᠢᠨ ᠳᠡᠭᠡᠷ᠎ᠡ ᠲᠤᠬᠠᠢ ᠶᠢᠨ ᠭᠠᠵᠠᠷ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠵᠠᠷᠤᠳᠠᠯ ᠤᠨ ᠬᠠᠮᠤᠭ ᠤᠨ ᠣᠷᠳᠣ ᠤᠷᠢᠳᠴᠢᠯᠠᠨ ᠬᠤᠷᠢᠶᠠᠬᠤ ᠦᠶᠡᠯᠡᠯ ᠤᠨ ᠬᠤᠭᠤᠴᠠᠭ᠎ᠠ᠂ ᠪᠡᠷᠢᠴᠠᠭᠠᠨ ᠤ ᠮᠥᠩᠭᠦ ᠶᠢᠨ ᠬᠠᠮᠤᠭ ᠤᠨ ᠥᠨᠳᠥᠷ ᠤᠷᠢᠳᠴᠢᠯᠠᠨ ᠬᠤᠷᠢᠶᠠᠬᠤ ᠲᠤᠭ᠎ᠠ᠂ ᠭᠡᠰᠢᠭᠦᠨ ᠤ ᠵᠠᠷᠤᠳᠠᠯ ᠤᠨ ᠬᠠᠮᠤᠭ ᠤᠨ ᠥᠨᠳᠥᠷ ᠲᠤᠭ᠎ᠠ ᠪᠠ ᠲᠦᠭᠰᠢᠭᠦᠷᠢ ᠶᠢᠨ ᠪᠠᠲᠤᠯᠠᠭ᠎ᠠ ᠶᠢᠨ ᠮᠥᠩᠭᠦ ᠶᠢᠨ ᠦᠯᠡᠳᠡᠭᠡᠨ ᠬᠠᠳᠠᠭᠠᠯᠠᠬᠤ ᠬᠠᠷᠢᠴᠠᠯ ᠵᠡᠷᠭᠡ ᠬᠢᠵᠠᠭᠠᠷᠯᠠᠬᠤ ᠴᠢᠨᠠᠷᠲᠠᠢ ᠱᠠᠭᠠᠷᠳᠠᠯᠭ᠎ᠠ ᠶᠢ ᠲᠣᠭᠲᠠᠭᠠᠨ᠎ᠠ᠃ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ᠲᠠᠢ ᠬᠠᠮᠲᠤᠷᠠᠨ ᠬᠠᠳᠠᠭᠠᠯᠠᠨ ᠬᠠᠮᠢᠶᠠᠷᠬᠤ ᠳᠦᠷᠢᠮ ᠢ ᠲᠣᠭᠲᠠᠭᠠᠵᠤ᠂ ᠬᠠᠳᠠᠭᠠᠯᠠᠨ ᠬᠠᠮᠢᠶᠠᠷᠬᠤ ᠳᠦᠷᠢᠮ ᠢ ᠲᠣᠳᠣᠷᠬᠠᠶᠢᠯᠠᠨ᠂ ᠪᠡᠯᠡ ᠮᠥᠩᠭᠦ ᠶᠢᠨ ᠬᠡᠪ ᠤᠨ ᠪᠤᠰᠤ ᠡᠷᠭᠢᠯᠲᠡ ᠶᠢᠨ ᠪᠠᠶᠢᠳᠠᠯ ᠢ ᠨᠠᠷᠢᠯᠢᠭᠵᠢᠭᠤᠯᠤᠨ ᠮᠠᠭᠠᠳᠯᠠᠨ ᠲᠣᠭᠲᠠᠭᠠᠵᠤ᠂ ᠲᠣᠰ ᠭᠠᠵᠠᠷ ᠣᠷᠣᠨ ᠤ ᠵᠠᠯᠭᠠᠨ ᠵᠣᠯᠭᠠᠭᠤᠯᠬᠤ ᠲᠤᠬᠠᠶᠢᠯᠠᠭᠰᠠᠨ ᠠᠵᠢᠯ ᠤᠨ ᠪᠠᠩᠬᠢ ᠶᠢᠨ ᠨᠡᠷᠡᠰ ᠢ ᠲᠣᠭᠲᠠᠭᠠᠬᠤ ᠵᠡᠷᠭᠡ᠃    ᠬᠤᠶᠠᠷ ᠲᠤ᠂ ᠬᠠᠮᠵᠢᠯᠴᠠᠨ ᠬᠢᠨᠠᠨ ᠬᠠᠮᠢᠶᠠᠷᠬᠤ ᠲᠣᠭᠲᠠᠴᠠ ᠶᠢ  ᠲᠡᠬᠦᠯᠳᠡᠷᠵᠢᠬᠦᠯᠪᠡ᠃ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠲᠠᠢ ᠬᠠᠮᠲᠤᠷᠠᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠤᠷᠢᠳᠴᠢᠯᠠᠨ ᠰᠦᠢᠳᠬᠡᠯ ᠬᠤᠷᠢᠶᠠᠬᠤ ᠶᠢ ᠬᠢᠨᠠᠨ ᠬᠠᠮᠢᠶᠠᠷᠬᠤ ᠠᠵᠢᠯ ᠤᠨ ᠲᠣᠭᠲᠠᠴᠠ ᠶᠢ  ᠲᠡᠬᠦᠯᠳᠡᠷᠵᠢᠬᠦᠯᠵᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠰᠠᠭᠤᠳᠠᠯ ᠤᠨ ᠰᠦᠪᠡᠭᠴᠢ ᠶᠢ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠡᠯᠡᠬᠦ᠂ ᠬᠦᠨᠳᠦ ᠶᠡᠭᠡ ᠲᠦᠭᠰᠢᠭᠦᠷᠢ ᠶᠢᠨ ᠳᠠᠯᠳᠠ ᠬᠡᠮ ᠢ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠤᠨ ᠮᠠᠭᠠᠳᠯᠠᠬᠤ᠂ ᠡᠷᠡᠭᠦᠦ ᠰᠢᠢᠳᠬᠡᠯ ᠢ ᠵᠣᠯᠭᠠᠭᠤᠯᠬᠤ ᠬᠡᠷᠡᠭ ᠢ ᠰᠢᠯᠵᠢᠭᠦᠯᠦᠨ ᠲᠤᠰᠢᠶᠠᠬᠤ᠂ ᠦᠯᠡᠳᠡᠭᠡᠯ ᠪᠡᠷᠬᠡ ᠠᠰᠠᠭᠤᠳᠠᠯ ᠢ ᠰᠢᠢᠳᠪᠦᠷᠢᠯᠡᠬᠦ ᠳᠤ ᠬᠠᠮᠵᠢᠯᠴᠠᠨ ᠬᠠᠮᠵᠢᠯᠴᠠᠬᠤ ᠵᠡᠷᠭᠡ ᠠᠵᠢᠯ ᠤᠨ ᠲᠣᠭᠲᠠᠴᠠ ᠶᠢ  ᠲᠡᠬᠦᠯᠳᠡᠷᠵᠢᠬᠦᠯᠪᠡ᠃ ᠪᠠᠩᠬᠢ ᠶᠢᠨ ᠰᠢᠰᠲ᠋ᠧᠮ ᠤᠨ ᠯᠤᠭ᠎ᠠ ᠬᠠᠮᠲᠤᠷᠠᠯᠴᠠᠬᠤ ᠲᠣᠭᠲᠠᠴᠠ  ᠶᠢ ᠪᠠᠶᠢᠭᠤᠯᠵᠤ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠤᠷᠢᠳᠴᠢᠯᠠᠨ ᠬᠤᠷᠢᠶᠠᠬᠤ ᠰᠦᠢᠳᠬᠡᠯ ᠤᠨ ᠲᠦᠭᠰᠢᠭᠦᠷᠢ ᠶᠢ ᠬᠢᠨᠠᠨ ᠬᠡᠮᠵᠢᠬᠦ᠂ ᠰᠡᠷᠡᠮᠵᠢᠯᠡᠭᠦᠯᠦᠨ ᠰᠠᠨᠠᠭᠤᠯᠬᠤ᠂ ᠬᠡᠪ ᠤᠨ ᠪᠤᠰᠤ ᠪᠠᠶᠢᠳᠠᠯ ᠢ ᠮᠡᠳᠡᠭᠦᠯᠬᠦ ᠵᠡᠷᠭᠡ ᠠᠵᠢᠯ ᠤᠨ ᠶᠠᠪᠤᠴᠠ ᠶᠢ ᠲᠡᠭᠦᠯᠳᠡᠷᠵᠢᠭᠦᠯᠵᠦ᠂ ᠬᠠᠳᠠᠭᠠᠯᠠᠨ ᠬᠠᠮᠢᠶᠠᠷᠬᠤ ᠪᠠᠩᠬᠢ ᠶᠢ ᠵᠢᠯᠤᠭᠤᠳᠴᠤ ᠪᠠᠶᠢᠭᠠᠳ ᠬᠢᠨᠠᠨ ᠬᠠᠮᠢᠶᠠᠷᠬᠤ ᠳᠦᠷᠢᠮ ᠢ ᠦᠨᠳᠦᠰᠦᠯᠡᠨ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠲᠠᠩᠰᠠᠨ ᠤ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠪᠡᠯᠡ ᠮᠥᠩᠭᠦ ᠬᠤᠷᠢᠶᠠᠬᠤ᠂ ᠬᠡᠷᠡᠭᠯᠡᠬᠦ ᠵᠡᠷᠭᠡ ᠮᠡᠳᠡᠭᠡ ᠵᠠᠩᠭᠢ ᠶᠢ ᠴᠤᠭᠯᠠᠭᠤᠯᠵᠤ᠂ ᠬᠠᠳᠠᠭᠠᠯᠠᠨ ᠬᠠᠮᠢᠶᠠᠷᠬᠤ ᠪᠠᠩᠬᠢ ᠶᠢᠨ ᠵᠠᠯᠭᠠᠨ ᠣᠷᠣᠭᠤᠯᠬᠤ ᠪᠠᠷᠢᠮᠵᠢᠶ᠎ᠠ ᠶᠢ ᠲᠣᠳᠣᠷᠬᠠᠶᠢᠯᠠᠨ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠮᠡᠳᠡᠭᠡ ᠵᠠᠩᠭᠢ ᠶᠢᠨ ᠰᠢᠰᠲ᠋ᠧᠮ ᠯᠦᠭᠡ  ᠵᠤᠯᠭᠠᠭᠤᠯᠵᠤ᠂ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠢᠭᠡᠳ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠤᠣᠰ ᠴᠢᠭᠯᠡᠯ ᠢᠶᠠᠷ ᠬᠦᠴᠦᠯᠡᠬᠦ ᠬᠠᠮᠢᠶᠠᠷᠤᠯᠲᠠ ᠶᠢᠨ ᠵᠠᠭᠪᠤᠷ ᠢ ᠪᠣᠶ ᠪᠤᠯᠭᠠᠪᠠ᠃     ᠭᠤᠷᠪᠠ ᠳᠤ᠂ ᠪᠠᠶᠢᠭᠤᠯᠤᠮᠵᠢ ᠶᠢᠨ ᠲᠣᠭᠲᠠᠭᠤᠨ ᠢᠶᠠᠷ ᠰᠢᠯᠵᠢᠬᠦ ᠳᠤ ᠬᠠᠪᠰᠤᠷᠤᠯᠭ᠎ᠠ ᠦᠵᠡᠬᠦᠯᠪᠡ᠃ ᠲᠣᠰ ᠭᠠᠵᠠᠷ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ ᠵᠦᠢ ᠵᠣᠬᠢᠰᠲᠠᠢ ᠰᠢᠯᠵᠢᠯᠲᠡ ᠶᠢᠨ ᠬᠤᠭᠤᠴᠠᠭ᠎ᠠ ᠶᠢ ᠲᠣᠬᠢᠷᠠᠭᠤᠯᠵᠤ᠂ ᠰᠢᠯᠵᠢᠯᠲᠡ ᠶᠢᠨ ᠬᠤᠭᠤᠴᠠᠭᠠᠨ ᠳᠤ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢ ᠵᠢᠯᠣᠭᠤᠳᠤᠨ ᠬᠠᠪᠰᠤᠷᠴᠤ ᠪᠠᠶᠢᠭᠠᠳ ᠲᠤᠰᠬᠠᠢ ᠬᠠᠳᠠᠭᠠᠯᠠᠮᠵᠢ ᠶᠢᠨ ᠲᠠᠩᠰᠨ ᠨᠡᠭᠡᠭᠡᠬᠦ᠂ ᠪᠡᠯᠡ ᠮᠥᠩᠭᠦ ᠰᠢᠯᠵᠢᠬᠦᠯᠤᠨ ᠤᠷᠤᠭᠤᠯᠬᠤ᠂ ᠮᠡᠳᠡᠭᠡ ᠵᠠᠩᠭᠢ ᠶᠢ ᠬᠦᠷᠭᠡᠬᠦ ᠵᠡᠷᠭᠡ ᠭᠠᠷᠳᠠᠮ ᠢ ᠪᠡᠶᠡᠯᠡᠭᠦᠯᠵᠦ᠂ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢ ᠵᠣᠯᠭᠠᠭᠤᠯᠬᠤ ᠪᠠ ᠪᠡᠯᠡᠳᠬᠡᠬᠦ ᠠᠵᠢᠯ ᠢ ᠰᠠᠶᠢᠲᠤᠷ  ᠬᠢᠯᠬᠡᠪᠡ᠃ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ ᠲᠠᠶᠢᠯᠤᠮᠵᠢ ᠶᠢ ᠣᠯᠠᠨ ᠠᠷᠭ᠎ᠠ᠂ ᠣᠯᠠᠨ ᠲᠠᠪᠴᠠᠩ ᠢᠶᠠᠷ ᠥᠷᠨᠢᠭᠦᠯᠵᠦ᠂ ᠣᠯᠠᠨ ᠲᠦᠮᠡᠨ ᠪᠠ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠳᠤ ᠲᠥᠷᠥ ᠶᠢᠨ ᠪᠣᠳᠣᠯᠭ᠎ᠠ ᠶᠢ ᠨᠡᠩ ᠰᠠᠶᠢᠳᠤᠷ ᠤᠶᠢᠯᠠᠭᠠᠭᠤᠯᠪᠠ᠃   ᠳᠥᠷᠪᠡ ᠳᠤ᠂ ᠬᠢᠨᠠᠯᠲᠠ ᠬᠠᠮᠢᠶᠠᠷᠤᠯᠲᠠ ᠶᠢᠨ ᠰᠢᠨ᠎ᠡ ᠠᠷᠭ᠎ᠠ ᠶᠢ ᠡᠬᠦᠳᠪᠡ᠃ ᠮᠡᠳᠡᠭᠡ ᠵᠠᠩᠬᠢᠴᠢᠯᠠᠯᠳᠠ᠂ ᠲᠣᠮᠣ ᠳ᠋ᠠᠶᠢᠲ᠋ᠠ  ᠶᠢ ᠠᠰᠢᠭᠯᠠᠨ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠤᠷᠢᠳᠴᠢᠯᠠᠨ ᠰᠦᠢᠳᠬᠡᠯ ᠬᠤᠷᠢᠶᠠᠬᠤ ᠶᠢᠨ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠢᠨᠠᠨ ᠰᠢᠨᠵᠢᠬᠦ ᠵᠠᠭᠪᠤᠷ ᠢ  ᠰᠦᠪᠡᠭᠴᠢᠯᠡᠵᠦ᠂ ᠬᠢᠨᠠᠨ ᠰᠢᠨᠵᠢᠵᠦ ᠰᠡᠷᠡᠮᠵᠢᠯᠡᠭᠦᠯᠬᠦ ᠠᠵᠢᠯ ᠢ ᠤᠯᠠᠮ ᠤᠨᠤᠪᠴᠢᠳᠠᠢ ᠪᠤᠯᠭᠠᠯ᠎ᠠ᠃ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠢᠲᠡᠭᠡᠮᠵᠢ ᠶᠢᠨ ᠲᠠᠰ ᠤᠨ ᠬᠥᠳᠡᠯᠦᠩᠭᠦᠢ ᠦᠨᠡᠯᠡᠯᠳᠡ ᠶᠢ ᠰᠦᠪᠡᠭᠴᠢᠯᠡᠨ ᠥᠷᠨᠢᠭᠦᠯᠬᠦ ᠶᠢᠨ ᠬᠠᠮᠲᠤ ᠢᠲᠡᠭᠡᠮᠵᠢ ᠶᠢᠨ ᠲᠠᠰ ᠤᠨ ᠠᠳᠠᠯᠢ ᠪᠤᠰᠤ ᠶᠢ ᠦᠨᠳᠦᠰᠦᠯᠡᠨ᠂ ᠵᠦᠷᠢᠶᠡᠴᠢᠯᠡᠭᠰᠡᠨ ᠬᠢᠨᠠᠯᠲᠠ ᠬᠠᠮᠢᠶᠠᠷᠤᠯᠲᠠ ᠶᠢᠨ ᠱᠠᠭᠠᠷᠳᠠᠯᠭ᠎ᠠ ᠶᠢ  ᠬᠡᠷᠡᠭᠵᠢᠬᠦᠯᠪᠡ᠃ ᠨᠠᠰᠤᠵᠢᠯ ᠤᠨ ᠦᠢᠯᠡᠴᠢᠯᠡᠭᠡᠨ ᠤ ᠵᠥᠪᠳᠡᠯᠴᠡᠭᠡᠷ ᠤᠨ ᠵᠢᠱᠢᠶ᠎ᠡ ᠦᠵᠡᠭᠦᠯᠬᠦ ᠲᠣᠪᠬᠢᠮᠠᠯ ᠢ ᠲᠡᠭᠦᠯᠳᠡᠷᠵᠢᠭᠦᠯᠬᠦ ᠶᠢᠨ ᠬᠠᠮᠲᠤ ᠬᠡᠷᠡᠭᠵᠢᠭᠦᠯᠵᠦ᠂ ᠨᠠᠰᠤᠵᠢᠯ ᠤᠨ ᠦᠢᠯᠡᠴᠢᠯᠡᠭᠡᠨ ᠤ ᠭᠡᠷ᠎ᠡ ᠶᠢᠨ ᠰᠦᠯᠵᠢᠶᠡᠨ ᠳᠡᠭᠡᠷ᠎ᠡ ᠭᠠᠷ ᠤᠨ ᠥᠰᠥᠭ ᠵᠢᠷᠤᠬᠤ ᠶᠢ ᠰᠦᠪᠡᠭᠴᠢᠯᠡᠵᠦ᠂ ᠭᠡᠷ᠎ᠡ ᠲᠣᠭᠲᠠᠵᠤ ᠭᠡᠷ᠎ᠡ ᠭᠦᠢᠴᠡᠳᠬᠡᠬᠦ ᠠᠵᠢᠯᠯᠠᠭ᠎ᠠ ᠶᠢ ᠵᠢᠷᠤᠮᠵᠢᠭᠤᠯᠪᠠ᠃ ᠳᠠᠭᠠᠳᠬᠠᠯ ᠤᠨ ᠪᠠᠶᠢᠭᠤᠯᠤᠮᠵᠢ ᠲᠠᠢ ᠢᠳᠡᠪᠬᠢᠲᠡᠢ ᠪᠠᠷ ᠵᠣᠯᠭᠠᠭᠤᠯᠵᠤ᠂ ︽ᠭᠡᠷ᠎ᠡ ᠪᠠᠨ ᠭᠦᠢᠴᠡᠳᠬᠡᠬᠦ ᠶᠢ ᠪᠠᠲᠤᠯᠠᠬᠤ ᠳᠠᠭᠠᠳᠬᠠᠯ︾ ᠵᠡᠷᠭᠡ ᠬᠤᠳᠠᠯᠳᠤᠭᠠᠨ ᠤ ᠳᠠᠭᠠᠳᠬᠠᠯ ᠵᠡᠷᠭᠡ ᠠᠷᠭ᠎ᠠ ᠶᠢ ᠰᠦᠪᠡᠭᠴᠢᠯᠡᠵᠦ᠂ ᠬᠡᠷᠡᠭᠯᠡᠭᠡᠨ ᠤ ᠲᠦᠭᠰᠢᠭᠦᠷᠢ ᠶᠢ ᠤᠯᠠᠮ  ᠪᠠᠭᠤᠷᠠᠭᠤᠯᠤᠬᠰᠠᠨ ᠪᠠᠶᠢᠨ᠎ᠠ ᠃    
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号