ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠣᠯᠣᠨ ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶ᠎ᠠ ᠶᠢᠨ ᠬᠢᠨ ᠬᠠᠮᠲᠤᠷᠠᠯᠴᠠᠭᠠᠨ ᠤ ᠵᠥᠪᠯᠡᠯᠴᠡᠭᠡᠷ ᠲᠤ ᠭᠠᠷ ᠤᠨ ᠦᠰᠦᠭ ᠵᠢᠷᠤᠵᠠᠢ
ᠨᠡᠶᠢᠲᠡᠯᠡᠭᠰᠡᠨ ᠴᠠᠭ᠄
2024/5/21
ᠰᠦᠨ ᠱᠤᠤ ᠴᠧᠩ ᠸᠠᠩ ᠯᠢ ᠰᠢᠶᠠ ᠴᠧᠨ ᠵᠧᠨ ᠯᠢᠨ ᠲᠠᠢ ᠠᠭᠤᠯᠵᠠᠪᠠ    ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠬᠢᠭᠡᠳ ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶ᠎ᠠ ᠶᠢᠨ ᠬᠢᠨ 5 ᠳ᠋ᠤᠭᠠᠷ ᠰᠠᠷ᠎ᠠ ᠶᠢᠨ 20 ᠤ ᠡᠳᠦᠷ ᠬᠥᠬᠡᠬᠤᠲᠠ ᠳᠤ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠪᠠ᠃ ᠲᠤᠬᠠᠢ ᠶᠢᠨ ᠡᠳᠦᠷ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠸ ᠴᠧᠩ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶ᠎ᠠ ᠶᠢᠨ ᠳᠠᠷᠤᠭ᠎ᠠ ᠴᠧᠨ ᠵᠧᠨ ᠯᠢᠨ ᠲᠠᠢ ᠠᠭᠤᠯᠵᠠᠪᠠ᠃
  W020240521240204478325_ORIGIN.jpg   
    ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠬᠢᠭᠡᠳ ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶ᠎ᠠ ᠶᠢᠨ ᠬᠢᠨ 5 ᠳ᠋ᠤᠭᠠᠷ ᠰᠠᠷ᠎ᠠ ᠶᠢᠨ 20 ᠤ ᠡᠳᠦᠷ ᠬᠥᠬᠡᠬᠤᠲᠠ ᠳᠤ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠪᠠ᠃ ᠲᠤᠬᠠᠢ ᠶᠢᠨ ᠡᠳᠦᠷ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠸ ᠴᠧᠩ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶ᠎ᠠ ᠶᠢᠨ ᠳᠠᠷᠤᠭ᠎ᠠ ᠴᠧᠨ ᠵᠧᠨ ᠯᠢᠨ ᠲᠠᠢ ᠠᠭᠤᠯᠵᠠᠵᠤ ᠪᠠᠶᠢᠭ᠎ᠠ ᠨᠢ    ᠭᠠᠷ ᠤᠨ ᠦᠰᠦᠭ ᠵᠢᠷᠤᠭᠰᠠᠨ ᠬᠠᠮᠲᠤᠷᠠᠯᠴᠠᠭᠠᠨ ᠤ ᠬᠡᠯᠡᠯᠴᠡᠭᠡᠷ ᠢ ᠦᠨᠳᠤᠰᠤᠯᠡᠪᠡᠯ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠣᠯᠣᠨ ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶ᠎ᠠ  ᠶᠢᠨ ᠬᠢᠨ ᠴᠠᠭ ᠠᠭᠤᠷ ᠤᠨ ᠡᠨᠧᠷᠭᠢ ᠣᠯᠭᠤᠬᠤ ᠲᠠᠪᠤᠨ ᠶᠡᠭᠡ ᠡᠭᠦᠷᠭᠡ ᠪᠠᠷ ᠭᠤᠣᠯᠳᠠᠯᠭ᠎ᠠ ᠪᠣᠯᠭᠠᠵᠤ᠂ ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢ ᠶᠢᠨ ᠣᠳᠣᠬᠢᠴᠢᠯᠠᠯᠲᠠ ᠪᠠ ᠨᠡᠶᠢᠭᠡᠮ ᠤᠨ ᠦᠢᠯᠡᠴᠢᠯᠡᠭᠡᠨ ᠤ ᠣᠳᠣᠬᠢᠴᠢᠯᠠᠯᠲᠠ ᠪᠠᠷ ᠬᠥᠳᠡᠯᠭᠡᠭᠦᠷ ᠪᠣᠯᠭᠠᠵᠤ᠂ ᠥᠪᠥᠷ ᠮᠣᠩᠭᠤᠯ ᠤᠨ ᠠᠮᠢ ᠠᠬᠤᠢ ᠶᠢᠨ ᠴᠠᠭ ᠠᠭᠤᠷ᠂ ᠳᠠᠭᠠᠭᠤᠯᠢ ᠣᠳᠣᠨ ᠤ ᠠᠯᠤᠰ ᠰᠡᠷᠡᠯ᠂ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠪᠠ ᠴᠠᠭ ᠠᠭᠤᠷ ᠤᠨ ᠮᠡᠳᠡᠭᠡ ᠵᠠᠩᠭᠢᠵᠢᠯᠲᠠ ᠶᠢᠨ ᠳᠥᠷᠪᠡᠨ ᠶᠡᠭᠡ ᠣᠨᠴᠠᠯᠢᠭᠲᠤ ᠲᠤᠬᠠᠶᠢᠯᠠᠭᠰᠠᠨ ᠠᠵᠢᠯ ᠢ ᠬᠦᠴᠦ ᠪᠠᠨ ᠬᠠᠮᠲᠤᠳᠬᠠᠨ ᠪᠣᠶ ᠪᠣᠯᠭᠠᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠴᠠᠭ ᠠᠭᠤᠷ ᠤᠨ ᠪᠠᠲᠤᠯᠠᠭ᠎ᠠ ᠵᠡᠷᠭᠡ ᠵᠢᠷᠭᠤᠭᠠᠨ ᠵᠦᠢᠯ ᠤᠨ ᠢᠨᠵᠧᠨᠧᠷᠢᠩ ᠢ ᠬᠠᠮᠳᠤ  ᠪᠠᠷ ᠬᠡᠷᠡᠭᠵᠢᠭᠦᠯᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠴᠠᠭ ᠠᠭᠤᠷ ᠤᠨ ᠪᠠᠲᠤᠯᠠᠭ᠎ᠠ ᠵᠡᠷᠭᠡ ᠵᠢᠷᠭᠤᠭᠠᠨ ᠶᠡᠭᠡ ᠴᠢᠳᠠᠪᠤᠷᠢ ᠶᠢ ᠳᠡᠭᠡᠭᠰᠢᠯᠡᠭᠦᠯᠦᠨ᠂ ᠥᠪᠥᠷ ᠮᠣᠩᠭᠤᠯ ᠢ ᠴᠠᠭ ᠠᠭᠤᠷ ᠤᠨ ᠬᠦᠴᠦᠷᠬᠡᠭ ᠣᠷᠣᠨ ᠪᠤᠯᠭᠠᠨ ᠪᠦᠳᠤᠬᠡᠨ ᠪᠠᠶᠢᠭᠤᠯᠬᠤ ᠶᠢ ᠬᠦᠴᠦ ᠪᠠᠨ ᠬᠠᠮᠲᠤᠳᠬᠠᠨ ᠠᠬᠢᠭᠤᠯᠬᠤ ᠪᠤᠯᠤᠨ᠎ᠠ᠃
W020240521240204755049_ORIGIN.jpg    ᠰᠦᠨ ᠱᠤᠤ ᠴᠧᠩ ᠡᠩ ᠲᠡᠷᠢᠭᠦᠨ ᠳᠤ ᠴᠧᠨ ᠵᠧᠨ ᠯᠢᠨ ᠨᠠᠷ ᠢ ᠪᠠᠶᠠᠷᠯᠠᠨ ᠤᠭᠲᠤᠵᠤ ᠪᠠᠶᠢᠬᠤ ᠪᠠᠨ
ᠢᠯᠡᠳᠬᠡᠵᠦ᠂ ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶ᠎ᠠ ᠶᠢᠨ ᠤᠷᠳᠤ ᠬᠤᠭᠤᠴᠠᠭᠠᠨ ᠤ ᠲᠤᠷᠰᠢ ᠥᠪᠥᠷ ᠮᠣᠩᠭᠤᠯ ᠳᠤ ᠦᠵᠡᠭᠦᠯᠦᠭᠰᠡᠨ ᠬᠦᠴᠦᠲᠡᠢ ᠳᠡᠮᠵᠢᠯᠭᠡ ᠳᠤ ᠲᠠᠯᠠᠷᠬᠠᠯ ᠢᠯᠡᠷᠬᠡᠶᠢᠯᠡᠬᠦ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠭᠰᠡᠨ ᠪᠠ ︽ᠵᠢᠷᠭᠤᠭᠠᠨ ᠢᠨᠵᠧᠨᠧᠷᠢᠩ︾  ᠢ ᠬᠡᠷᠡᠭᠵᠢᠭᠦᠯᠦᠭᠰᠡᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃ ᠰᠦᠨ ᠱᠤᠤ ᠴᠸᠡᠭ᠄ ︽ᠴᠠᠭ ᠠᠭᠤᠷ ᠤᠨ ᠦᠢᠯᠡᠴᠢᠯᠡᠭᠡ ᠨᠢ ᠠᠵᠤ ᠠᠬᠤᠢ ᠨᠡᠶᠢᠭᠡᠮ ᠤᠨ ᠬᠥᠭᠵᠢᠯᠲᠡ ᠳᠤ ᠴᠢᠬᠤᠯᠠ ᠦᠢᠯᠡᠳᠦᠯ ᠦᠵᠡᠭᠦᠯᠳᠡᠭ᠂ ᠣᠯᠠᠨ ᠲᠦᠮᠡᠨ ᠤ ᠡᠭᠦᠨ ᠤ ᠲᠤᠬᠠᠢ ᠬᠡᠷᠡᠭᠴᠡᠭᠡ ᠴᠦ ᠮᠠᠰᠢ ᠴᠢᠩᠭ᠎ᠠ ᠪᠠᠶᠢᠳᠠᠭ᠃ ᠥᠪᠥᠷ ᠮᠣᠩᠭᠤᠯ ᠳᠤ ᠬᠠᠮᠤᠭ ᠤᠨ ᠳᠤᠲᠠᠭᠳᠠᠵᠤ ᠪᠠᠶᠢᠭ᠎ᠠ ᠡᠬᠢ ᠪᠠᠶᠠᠯᠢᠭ ᠪᠣᠯ ᠤᠰᠤ ᠪᠣᠯᠣᠨ᠎ᠠ᠂ ᠪᠢᠳᠡ ᠤᠳᠤ ᠶᠠᠭ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠠᠵᠢᠯ ᠢ ᠶᠡᠭᠡ ᠪᠠᠷ ᠠᠬᠢᠭᠤᠯᠵᠤ ᠪᠠᠶᠢᠨ᠎ᠠ᠃ ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶ᠎ᠠ ᠶᠢᠨ ᠬᠢᠨ ᠨᠡᠩ ᠤᠯᠠᠨ ᠵᠢᠯᠣᠭᠤᠳᠤᠯᠭ᠎ᠠ ᠪᠠ ᠳᠡᠮᠵᠢᠯᠭᠡ ᠦᠵᠡᠭᠦᠯᠵᠦ᠂ ᠪᠢᠳᠡᠨ ᠢ ᠬᠠᠪᠰᠤᠷᠤᠨ ᠤᠰᠤ ᠠᠷᠪᠢᠯᠠᠵᠤ ᠤᠰᠤ ᠶᠢ ᠨᠡᠮᠡᠭᠳᠡᠭᠦᠯᠦᠨ᠂ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ᠃ ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶ᠎ᠠ ᠶᠢᠨ ᠥᠪᠥᠷ ᠮᠣᠩᠭᠤᠯ ᠳᠤ ᠴᠠᠭ ᠠᠭᠤᠷ ᠤᠨ ᠲᠤᠷᠰᠢᠯᠲᠠ ᠬᠢᠬᠦ ᠶᠢ ᠪᠠᠶᠠᠷᠯᠠᠨ ᠤᠭᠲᠤᠵᠤ ᠪᠠᠶᠢᠨ᠎ᠠ᠂ ᠪᠢᠳᠡ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠨ᠎ᠡ︾ ᠬᠡᠵᠡᠢ᠃   ᠴᠧᠨ ᠵᠧᠨ ᠯᠢᠨ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠥᠪᠥᠷ ᠮᠣᠩᠭᠤᠯ ᠤᠨ ᠴᠡᠴᠡᠭᠯᠡᠨ ᠬᠥᠭᠵᠢᠭᠰᠡᠨ ᠪᠠᠶᠢᠳᠠᠯ ᠪᠣᠯᠣᠨ ᠰᠠᠶᠢᠨ ᠰᠠᠶᠢᠬᠠᠨ ᠬᠥᠭᠵᠢᠯᠲᠡ ᠶᠢᠨ ᠬᠠᠨᠳᠤᠰᠢ ᠶᠢ ᠮᠠᠭᠲᠠᠨ ᠰᠠᠶᠢᠰᠢᠶᠠᠵᠤ᠂ ᠥᠪᠥᠷ ᠮᠣᠩᠭᠤᠯ ᠤᠨ ᠴᠠᠭ ᠠᠭᠤᠷ ᠤᠨ ᠠᠵᠢᠯ ᠤᠨ ᠣᠯᠣᠭᠰᠠᠨ ᠠᠮᠵᠢᠯᠲᠠ ᠪᠣᠯᠣᠨ ᠪᠦᠷᠢᠯᠳᠦᠭᠦᠯᠦᠭᠰᠡᠨ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠨᠤᠲᠠᠯᠠᠵᠤ ᠪᠠᠶᠢᠬᠤ ᠪᠠᠨ ᠢᠯᠡᠳᠬᠡᠪᠡ᠃  ᠴᠧᠨ ᠵᠧᠨ ᠯᠢᠨ᠄ ︽ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶ᠎ᠠ ᠲᠤᠰ ᠤᠳᠠᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠤ ᠭᠠᠷ ᠤᠨ ᠦᠰᠦᠭ ᠵᠢᠷᠤᠬᠤ ᠪᠠᠷ ᠠᠵᠠ ᠲᠣᠬᠢᠶᠠᠯ ᠪᠣᠯᠭᠠᠵᠤ᠂ ᠴᠠᠭ ᠠᠭᠤᠷ ᠤᠨ ᠡᠨᠧᠷᠭᠢ ᠣᠯᠭᠤᠬᠤ ᠶᠢ ᠭᠦᠨᠵᠡᠭᠡᠢ ᠠᠬᠢᠭᠤᠯᠵᠤ᠂ ᠥᠪᠥᠷ ᠮᠣᠩᠭᠤᠯ ᠤᠨ ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢ ᠪᠣᠯᠣᠨ ᠨᠡᠶᠢᠭᠡᠮ ᠤᠨ ᠦᠢᠯᠡᠴᠢᠯᠡᠭᠡᠨ ᠤ ᠴᠢᠳᠠᠪᠤᠷᠢ ᠶᠢ  ᠤᠯᠠᠮ ᠳᠡᠭᠡᠭᠰᠢᠯᠡᠭᠦᠯᠵᠦ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ  ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ︾ ᠭᠡᠵᠦ ᠢᠯᠡᠳᠬᠡᠪᠡ᠃    ᠢᠦᠢ ᠯᠢ ᠰᠢᠨ᠂ ᠳᠠᠶᠢᠴᠢᠨ ᠨᠠᠷ ᠠᠵᠢᠯᠯᠠᠭ᠎ᠠ ᠳᠤ ᠤᠷᠤᠯᠴᠠᠵᠠᠢ᠃    
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号