ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠢᠨ ᠬᠤᠷᠠᠯ ᠬᠤᠷᠠᠯᠳᠤᠭᠤᠯᠵᠤ ᠸᠠᠩ ᠯᠢ ᠰᠢᠶᠠ ᠬᠤᠷᠠᠯ ᠢ ᠡᠷᠬᠢᠯᠡᠵᠦ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2024/5/21
    ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ 5 ᠳ᠋ᠤᠭᠠᠷ ᠰᠠᠷ᠎ᠠ ᠶᠢᠨ 20 ᠤ ᠡᠳᠦᠷ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠤᠯᠠᠮᠵᠢᠯᠠᠨ᠂ ᠬᠠᠮᠢᠶ᠎ᠠ ᠪᠦᠬᠦᠢ ᠪᠠᠶᠢᠳᠠᠯ ᠢ ᠮᠡᠳᠡᠭᠳᠡᠵᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠠᠶᠢᠷᠢᠯᠠᠭᠤᠯᠪᠠ᠃    ᠬᠤᠷᠠᠯ  ᠲᠡᠬᠡᠷ᠎ᠡ᠄ ︽ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠡᠭᠡᠵᠢᠯᠡᠵᠦ᠂ ᠠᠮᠢ ᠠᠬᠤᠢ ᠶᠢᠨ ᠣᠷᠴᠢᠨ ᠲᠣᠭᠤᠷᠢᠨ ᠤ ᠠᠮᠤᠷ ᠲᠦᠪᠰᠢᠨ ᠤ ᠬᠥᠪᠴᠢ ᠶᠢ ᠴᠠᠭ ᠢᠮᠠᠭᠲᠠ ᠴᠢᠩᠭᠠᠯᠠᠵᠤ᠂  ︿ᠴᠠᠭ ᠢᠮᠠᠭᠲᠠ ᠰᠡᠳᠬᠢᠯ ᠲᠠᠯᠪᠢᠬᠤ﹀ ᠬᠠᠷᠢᠭᠤᠴᠠᠯᠭᠠᠲᠤ ᠰᠡᠳᠬᠢᠯᠭᠡ ᠪᠠ ︿ᠤᠴᠢᠷ ᠪᠣᠯᠭᠠᠨ ᠳᠤ ᠲᠤᠭ᠎ᠠ  ᠲᠠᠢ ᠪᠠᠶᠢᠬᠤ﹀ ᠭᠦᠢᠴᠡᠳᠬᠡᠬᠦ ᠬᠦᠴᠦᠨ ᠢᠶᠠᠷ ᠰᠢ ᠶᠢᠨ ᠫᠢᠩ  ᠤ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠢ ᠰᠠᠶᠢᠲᠤᠷ ᠨᠠᠶᠢᠳᠠᠪᠤᠷᠢᠵᠢᠭᠤᠯᠵᠤ᠂ ᠬᠠᠮᠠᠭᠠᠯᠠᠬᠤ᠂ ᠵᠠᠰᠠᠬᠤ᠂ ᠴᠡᠭᠴᠡᠯᠡᠨ ᠰᠠᠶᠢᠵᠢᠷᠠᠭᠤᠯᠬᠤ ᠡᠯ᠎ᠡ ᠵᠦᠢᠯ ᠤᠨ ᠠᠵᠢᠯ ᠢ  ᠴᠢᠷᠮᠠᠶᠢᠨ ᠰᠠᠶᠢᠲᠤᠷ ᠠᠳᠬᠤᠵᠤ ᠂ ᠬᠥᠭᠵᠢᠯᠲᠡ ᠶᠢ ᠠᠳᠬᠤᠪᠠᠯ ᠬᠠᠮᠠᠭᠠᠯᠠᠯᠲᠠ ᠶᠢ ᠠᠳᠬᠤᠬᠤ ᠪᠠᠨ ᠮᠠᠷᠲᠠᠬᠤ ᠠᠴᠠ ᠡᠷᠡᠰ ᠰᠡᠷᠭᠡᠶᠢᠯᠡᠵᠦ᠂ ᠲᠦᠯᠬᠢᠬᠦ ᠦᠭᠡᠢ ᠪᠣᠯ ᠬᠥᠳᠡᠯᠭᠡᠬᠦ ᠦᠭᠡᠢ ᠪᠠᠶᠢᠬᠤ ᠠᠴᠠ ᠡᠷᠡᠰ ᠰᠡᠷᠭᠡᠶᠢᠯᠡᠵᠦ᠂ ᠨᠠᠶᠢᠷ ᠲᠠᠯ᠎ᠠ ᠶᠢ ᠡᠷᠬᠢᠮᠯᠡᠬᠦ᠂ ᠰᠠᠶᠢᠨ ᠬᠥᠮᠥᠨ ᠪᠣᠯᠬᠤ᠂  ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ ︿ᠠᠭᠤᠵᠢᠬᠤ ᠪᠦᠬᠡᠳ ᠵᠥᠭᠡᠯᠡᠨ﹀ ᠪᠠᠶᠢᠬᠤ ᠠᠴᠠ ᠡᠷᠡᠰ ᠰᠡᠷᠭᠡᠶᠢᠯᠡᠵᠦ᠂ ᠴᠡᠭᠴᠡᠯᠡᠨ ᠰᠠᠶᠢᠵᠢᠷᠠᠭᠤᠯᠬᠤ ᠠᠵᠢᠯ ᠢ ︿ᠪᠠᠷᠤᠬᠴᠠᠭᠠᠯᠠᠬᠤ ﹀ ︿  ᠠᠷᠭᠠᠴᠠᠭᠠᠬᠤ﹀ ᠣᠪᠣᠷ ᠢᠶᠠᠷ ᠠᠳᠬᠤᠬᠤ ᠶᠢ ᠡᠷᠡᠰ ᠰᠡᠷᠭᠡᠶᠢᠯᠡᠬᠦ ᠬᠡᠷᠡᠭᠲᠡᠢ︾ ᠭᠡᠵᠡᠢ᠃    ᠬᠤᠷᠠᠯ ᠲᠡᠬᠡᠷ᠎ᠡ᠄ ︽ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠡᠯ᠎ᠡ ᠲᠦᠷᠦᠯ ᠤᠨ ᠱᠠᠯᠠᠪᠳᠠᠭᠤᠯᠤᠨ ᠪᠠᠶᠢᠴᠠᠭᠠᠵᠤ ᠬᠢᠨᠠᠨ ᠰᠢᠯᠭᠠᠬᠤ ᠶᠢ ᠴᠢᠩᠭ᠎ᠠ ᠠᠩᠬᠠᠷᠴᠤ᠂ ᠤᠯᠠᠨ ᠲᠦᠮᠡᠨ ᠠᠰᠠᠭᠤᠳᠠᠯ ᠢ ᠲᠤᠰᠬᠠᠵᠤ᠂ ᠦᠨᠡᠨ ᠪᠣᠳᠠᠲᠠᠢ ᠠᠷᠭ᠎ᠠ ᠪᠠᠷ ᠰᠠᠮᠠᠭᠤᠨ ᠪᠠᠶᠢᠳᠠᠯ ᠢ ᠵᠠᠰᠠᠵᠤ᠂ ᠲᠤᠰᠬᠠᠢ ᠠᠵᠢᠯᠯᠠᠭ᠎ᠠ ᠥᠷᠨᠢᠭᠦᠯᠵᠦ᠂ ᠲᠣᠭᠲᠠᠭᠠᠯ ᠠᠴᠠ ᠵᠥᠷᠢᠴᠡᠨ ᠤᠰᠤ ᠲᠠᠲᠠᠵᠤ ᠬᠡᠷᠡᠭᠯᠡᠬᠦ᠂ ᠪᠣᠬᠢᠷᠲᠤᠯ ᠢ ᠬᠠᠤᠯᠢ ᠪᠤᠰᠤ ᠪᠠᠷ  ᠭᠠᠳᠠᠭᠰᠢᠯᠠᠭᠤᠯᠬᠤ᠂ ᠬᠤᠭ ᠨᠣᠪᠰᠢ ᠶᠢ ᠳᠤᠷ᠎ᠠ ᠪᠠᠷ ᠢᠶᠠᠨ  ᠬᠠᠶᠠᠬᠤ᠂ ᠨᠤᠲᠤᠭ ᠪᠡᠯᠴᠢᠭᠡᠷ ᠤᠨ ᠰᠢᠭᠤᠶᠢᠲᠤ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠬᠦ᠂ ︿ᠬᠤᠶᠠᠷ ᠥᠨᠳᠥᠷ ᠨᠢᠭᠡ ᠳᠣᠣᠷ᠎ᠠ﹀ ᠲᠦᠷᠦᠯ ᠵᠦᠢᠯ ᠢ ᠰᠣᠬᠤᠷ ᠪᠠᠯᠠᠢ ᠪᠠᠷ ᠡᠬᠢᠯᠡᠭᠦᠯᠬᠦ ᠵᠡᠷᠭᠡ ᠲᠣᠪᠣᠶᠢᠮ᠎ᠠ ᠠᠰᠠᠭᠤᠳᠠᠯ ᠢ ᠶᠡᠭᠡ ᠪᠠᠷ ᠴᠡᠭᠴᠡᠯᠡᠨ ᠵᠠᠰᠠᠵᠤ᠂ ᠨᠢᠭᠡ ᠠᠴᠠ ᠵᠦᠢᠴᠢᠯᠡᠵᠦ ᠨᠦᠬᠦᠭᠡ ᠶᠢ ᠵᠦᠢᠴᠢᠯᠡᠵᠦ ᠠᠰᠠᠭᠤᠳᠠᠯ ᠢ ᠨᠢᠭᠡᠳ ᠨᠢᠭᠡ ᠪᠠᠷ ᠪᠣᠳᠠᠲᠠᠢ ᠳᠤ ᠨᠠᠶᠢᠳᠠᠪᠤᠷᠢᠵᠢᠭᠤᠯᠵᠤ ᠲᠤᠶᠢᠯᠪᠤᠷᠢᠲᠠᠢ ᠥᠭᠡᠷᠡᠴᠢᠯᠡᠬᠦ ᠬᠡᠷᠡᠭᠲᠡᠢ᠃ ᠠᠶᠢᠮᠠᠭ ᠬᠤᠲᠠ ᠂ ᠬᠤᠰᠢᠭᠤ ᠰᠢᠶᠠᠨ ᠤ ︿ᠨᠢᠭᠡᠳᠦᠭᠡᠷ ᠭᠠᠷ﹀ ᠡᠷᠬᠡᠪᠰᠢ ᠦᠨᠡᠨ ᠬᠦ ᠠᠳᠬᠤᠵᠤ᠂ ︿ᠤᠳᠠᠭᠠᠨ᠂ ᠪᠦᠳᠦᠭᠦᠯᠢᠭ᠂ ᠬᠡᠶᠢᠰᠪᠦᠷᠢ﹀ ᠪᠠᠶᠢᠬᠤ ᠠᠰᠠᠭᠤᠳᠠᠯ ᠢ ᠲᠠᠰᠤ ᠬᠤᠷᠢᠭᠯᠠᠵᠤ᠂ ᠬᠠᠷᠢᠭᠤᠴᠠᠯᠭ᠎ᠠ ᠶᠢᠨ ᠬᠡᠯᠬᠢᠶ᠎ᠡ ᠶᠢ ᠱᠠᠲᠤ ᠳᠠᠷᠠᠭᠠᠯᠠᠨ ᠴᠢᠩᠭᠠᠳᠬᠠᠵᠤ᠂ ᠠᠰᠠᠭᠤᠳᠠᠯ ᠤᠨ ᠨᠠᠷᠢᠨ ᠲᠠᠩᠰᠠ᠂ ᠠᠷᠭ᠎ᠠ ᠶᠢᠨ ᠨᠠᠷᠢᠨ ᠲᠠᠩᠰᠠ᠂ ᠬᠠᠷᠢᠭᠤᠴᠠᠯᠭ᠎ᠠ ᠶᠢᠨ ᠨᠠᠷᠢᠨ ᠲᠠᠩᠰᠠ ᠪᠠᠶᠢᠭᠤᠯᠵᠤ᠂ ᠲᠤᠰᠬᠠᠢ ᠬᠥᠮᠥᠨ ᠢᠶᠠᠷ ᠬᠠᠷᠢᠭᠤᠴᠠᠭᠤᠯᠤᠨ᠂ ᠲᠤᠰᠬᠠᠢ ᠵᠦᠢᠯ ᠢᠶᠠᠷ  ᠱᠠᠯᠠᠪᠳᠠᠭᠤᠯᠤᠨ ᠰᠢᠢᠳᠪᠦᠷᠢᠯᠡᠭᠦᠯᠵᠦ᠂ ᠲᠦᠷᠬᠡᠨ ᠴᠡᠭᠴᠡᠯᠡᠨ  ᠰᠠᠶᠢᠵᠢᠷᠠᠭᠤᠯᠵᠤ᠂ ᠨᠠᠷᠢᠯᠢᠭ ᠣᠨᠣᠴᠠᠲᠠᠢ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠬᠠᠭᠤᠯᠵᠤ ᠵᠢᠯᠤᠭᠤᠳᠬᠤ ᠡᠷᠴᠢᠮ ᠢᠶᠠᠨ ᠴᠢᠩᠭᠠᠳᠬᠠᠵᠤ᠂ ᠠᠵᠢᠯ ᠤᠨ ᠬᠠᠮ ᠬᠦᠴᠦᠨ ᠢ ᠪᠦᠷᠢᠯᠳᠦᠭᠦᠯᠵᠦ᠂ ᠬᠠᠮᠠᠭᠠᠯᠠᠵᠤ ᠵᠠᠰᠠᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠲᠡᠬᠦᠯᠳᠡᠷᠵᠢᠬᠦᠯᠤᠨ᠂ ᠴᠢᠬᠤᠯᠠ ᠶᠡᠭᠡ ᠠᠮᠢ ᠠᠬᠤᠢ ᠶᠢ ᠰᠡᠷᠭᠦᠭᠡᠬᠦ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ᠨᠠᠮ ᠤᠨ ᠲᠥᠪ ᠬᠤᠷᠢᠶ᠎ᠠ ᠳᠤ ᠲᠠᠩᠰᠠ ᠪᠠᠨ ᠰᠠᠶᠢᠲᠤᠷ ᠲᠤᠰᠢᠶᠠᠵᠤ᠂ ᠠᠷᠠᠳ ᠤᠯᠠᠨ ᠳᠤ ᠡᠪᠬᠡᠮᠡᠯ ᠢᠶᠠᠨ ᠰᠠᠶᠢᠲᠤᠷ ᠲᠤᠰᠢᠶᠠᠬᠤ ᠬᠡᠷᠡᠭᠲᠡᠢ︾ ᠭᠡᠵᠤ ᠱᠠᠭᠠᠷᠳᠠᠯ᠎ᠠ᠃     ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠤᠤ ᠶᠦᠩ ᠪᠥᠸᠧ ᠬᠤᠷᠠᠯ ᠳᠤ ᠣᠷᠣᠯᠴᠠᠪᠠ᠃ 
 
ᠢᠷᠡᠯᠲᠡ᠄ ​ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号