ᠪᠦᠬᠦ ᠣᠷᠣᠨ ᠤ ᠶᠡᠭᠡ ᠳᠡᠭᠡᠳᠦ ᠰᠤᠷᠭᠠᠭᠤᠯᠢ ᠠᠴᠠ ᠲᠡᠬᠦᠰᠦᠭᠰᠡᠳ ᠵᠡᠷᠭᠡ ᠵᠠᠯᠠᠭᠤᠴᠤᠳ ᠤᠨ ᠠᠵᠢᠯ ᠣᠯᠵᠤ ᠦᠢᠯᠡᠰ ᠪᠣᠰᠬᠠᠬᠤ ᠠᠵᠢᠯ ᠤᠨ ᠲᠧᠯᠸᠢᠰ ᠳ᠋ᠢᠶᠠᠩᠬᠤᠸ᠋ᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/5/21
ᠴᠢ ᠪᠠᠲᠤ᠂ ᠪᠦᠦ ᠰᠢᠶᠠᠨ ᠬᠤᠸᠠ᠂ ᠶᠠᠩ ᠵᠢᠶᠧ ᠨᠠᠷ ᠬᠤᠷᠠᠯ ᠳᠤ ᠣᠷᠣᠯᠴᠠᠪᠠ      ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠢᠨ 5 ᠳ᠋ᠤᠭᠠᠷ ᠰᠠᠷ᠎ᠠ ᠶᠢᠨ 20 ᠤ ᠡᠳᠦᠷ ᠪᠥᠬᠦ ᠣᠷᠣᠨ ᠤ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠭᠤᠯᠪᠠ᠃    ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ ᠪᠠᠲᠤ᠂ ᠪᠦᠦ ᠰᠢᠶᠠᠨ ᠬᠤᠸᠠ᠂  ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠠᠩ ᠵᠢᠶᠧ ᠨᠠᠷ ᠬᠤᠷᠠᠯ ᠳᠤ ᠣᠷᠣᠯᠴᠠᠪᠠ᠃   ᠬᠤᠷᠠᠯ ᠲᠡᠬᠡᠷ᠎ᠡ᠄ ︽ᠳᠡᠭᠡᠳᠦ ᠰᠤᠷᠭᠠᠭᠤᠯᠢ ᠲᠡᠬᠦᠰᠦᠭᠰᠡᠳ ᠵᠡᠷᠭᠡ ᠵᠠᠯᠠᠭᠤᠴᠤᠳ ᠤᠨ ᠠᠵᠢᠯ ᠣᠯᠬᠤ ᠦᠢᠯᠡᠰ ᠪᠣᠰᠬᠠᠬᠤ ᠠᠵᠢᠯ ᠢ ᠴᠢᠬᠤᠯᠠᠴᠢᠯᠠᠨ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠤᠳᠤᠷᠢᠳᠤᠮᠵᠢ ᠶᠢ ᠴᠢᠩᠭᠠᠳᠬᠠᠵᠤ᠂ ᠤᠯᠠᠨ ᠠᠷᠭ᠎ᠠ ᠵᠠᠮ ᠢᠶᠠᠷ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ ᠠᠭᠤᠳᠠᠯᠵᠤ᠂ ᠲᠦᠷᠦ ᠶᠢᠨ ᠪᠣᠳᠣᠯᠭ᠎ᠠ ᠶᠢᠨ ᠴᠢᠨᠠᠷᠲᠠᠢ ᠠᠵᠢᠯ ᠤᠨ ᠪᠠᠶᠢᠷᠢ ᠶᠢᠨ ᠡᠯᠰᠡᠯᠲᠡ ᠶᠢ ᠰᠢᠯᠢᠳᠡᠭᠵᠢᠭᠦᠯᠵᠦ᠂ ᠪᠡᠶ᠎ᠡ ᠪᠠᠨ ᠳᠠᠭᠠᠭᠠᠵᠤ ᠦᠢᠯᠡᠰ ᠪᠤᠰᠬᠠᠵᠤ ᠠᠮᠢᠳᠤᠯᠢᠭ ᠢᠶᠠᠷ ᠠᠵᠢᠯ ᠣᠯᠬᠤ ᠶᠢ ᠳᠡᠮᠵᠢᠵᠦ᠂ ᠦᠨᠳᠦᠰᠦᠨ ᠱᠠᠲᠤᠨ ᠳᠤ  ᠠᠵᠢᠯᠯᠠᠬᠤ ᠶᠢ ᠵᠣᠷᠢᠭᠵᠢᠭᠤᠯᠵᠤ᠂ ᠦᠨᠳᠦᠰᠦᠨ ᠵᠦᠢᠯ ᠢ ᠪᠠᠲᠤᠯᠠᠵᠤ ᠬᠠᠪᠰᠤᠷᠤᠨ ᠲᠡᠳᠬᠦᠬᠦ ᠲᠣᠭᠲᠠᠴᠠ ᠶᠢ ᠲᠡᠭᠦᠯᠳᠡᠷᠵᠢᠭᠦᠯᠦᠨ᠂ ᠠᠵᠢᠯ ᠣᠯᠬᠤ ᠪᠠ ᠦᠢᠯᠡᠰ ᠪᠤᠰᠬᠠᠬᠤ ᠶᠢ ᠵᠢᠯᠤᠭᠤᠳᠬᠤ ᠦᠢᠯᠡᠴᠢᠯᠡᠭᠡ ᠶᠢ ᠰᠠᠶᠢᠲᠤᠷ ᠬᠢᠵᠦ᠂ ᠲᠦᠷᠦ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠤᠬᠠᠭᠤᠯᠵᠤ ᠵᠢᠯᠤᠭᠤᠳᠬᠤ ᠠᠵᠢᠯ ᠢ ᠴᠢᠩᠭᠠᠳᠬᠠᠵᠤ᠂ ᠳᠡᠭᠡᠳᠦ ᠰᠤᠷᠭᠠᠭᠤᠯᠢ ᠲᠡᠬᠦᠰᠦᠭᠰᠡᠳ ᠵᠡᠷᠭᠡ ᠵᠠᠯᠠᠭᠤᠴᠤᠳ ᠤᠨ ᠭᠦᠢᠴᠡᠳ ᠠᠵᠢᠯ ᠣᠯᠬᠤ ᠶᠢ ᠴᠢᠷᠮᠠᠶᠢᠨ ᠠᠬᠢᠭᠤᠯᠬᠤ ᠬᠡᠷᠡᠭᠳᠡᠢ︾ ᠭᠡᠵᠤ ᠱᠠᠭᠠᠷᠳᠠᠪᠠ᠃   
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号