ᠣᠶᠢᠷ᠎ᠠ ᠳᠤ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ︽ᠡᠶᠢᠮᠦᠷᠬᠦᠦ ᠵᠢᠭᠠᠬᠠᠨ ᠶᠠᠪᠤᠳᠠᠯ ᠢ | ᠬᠠᠪᠰᠤᠷᠴᠤ ᠪᠣᠯᠬᠤ ᠦᠭᠡᠢ᠂ ᠪᠤᠰᠤᠳ ᠤᠨ ᠡᠮᠴᠢᠯᠡᠭᠡᠨ ᠤ ᠳᠠᠭᠠᠳᠬᠠᠯ ᠤᠨ ᠺᠠᠷᠲ ᠢ ᠬᠠᠭᠤᠷᠮᠠᠭᠯᠠᠨ ᠬᠡᠷᠡᠭᠯᠡᠪᠡᠯ | ᠰᠢᠢᠳᠬᠡᠭᠳᠡᠨ᠎ᠡ︕︾ ᠭᠡᠬᠦ ᠵᠣᠬᠢᠶᠠᠯ ᠢ ᠨᠡᠶᠢᠲᠡᠯᠡᠭᠰᠡᠨ ᠤ ᠳᠠᠷᠠᠭ᠎ᠠ᠂ ᠰᠦᠯᠵᠢᠶᠡᠴᠢᠳ ᠤᠨ ᠠᠩᠬᠠᠷᠤᠯ ᠢ ᠲᠠᠲᠠᠭᠰᠠᠨ | ᠪᠥᠭᠡᠳ ᠵᠠᠷᠢᠮ ᠨᠢ ᠨᠠᠶᠢᠷᠠᠭᠤᠯᠤᠭᠴᠢ ᠳᠤ ᠲᠥᠷᠥ ᠶᠢᠨ ᠪᠣᠳᠣᠯᠭ᠎ᠠ ᠶᠢ ᠴᠢᠨᠠᠭᠰᠢᠳᠠ ᠲᠠᠶᠢᠯᠪᠤᠷᠢᠯᠠᠬᠤ ᠶᠢ ᠵᠥᠪᠯᠡᠵᠡᠢ᠃ | ᠣᠯᠠᠨ ᠤ ᠵᠠᠷᠢᠮ ᠡᠷᠡᠭᠡᠯᠵᠡᠭᠡ ᠳᠤ ᠬᠠᠨᠳᠤᠭᠤᠯᠤᠨ᠂ ᠨᠠᠶᠢᠷᠠᠭᠤᠯᠤᠭᠴᠢ ᠠᠰᠠᠭᠤᠯᠲᠠ ᠬᠠᠷᠢᠭᠤᠯᠲᠠ ᠨᠤᠭᠤᠳ ᠢ | ᠡᠮᠬᠢᠯᠡᠭᠰᠡᠨ ᠨᠢ ᠲᠠ ᠣᠯᠠᠨ ᠤ ᠡᠷᠡᠭᠡᠯᠵᠡᠭᠡ ᠶᠢ ᠲᠠᠶᠢᠯᠤᠭᠰᠠᠨ ᠪᠣᠯᠣᠭᠠᠰᠠᠢ᠃ | ᠠᠰᠠᠭᠤᠯᠲᠠ᠄ ᠪᠢ ᠡᠮᠴᠢᠯᠡᠭᠡᠨ ᠤ ᠳᠠᠭᠠᠳᠬᠠᠯ ᠤᠨ ᠺᠠᠷᠲ ᠲᠠᠬᠢ ᠮᠦᠩᠭᠦ ᠪᠠᠨ ᠭᠡᠷ ᠤᠨ ᠬᠥᠮᠥᠰ ᠲᠤ ᠪᠠᠨ | ᠬᠡᠷᠡᠭᠯᠡᠭᠦᠯᠵᠦ ᠪᠣᠯᠬᠤ ᠦᠦ︖ | ᠬᠠᠷᠢᠭᠤᠯᠲᠠ᠄ ᠬᠡᠷᠪᠡ ᠲᠠᠨ ᠤ ᠬᠡᠯᠡᠵᠦ ᠪᠠᠶᠢᠭ᠎ᠠ ᠴᠢᠨᠢ ᠠᠵᠢᠯᠲᠠᠨ ᠤ ᠡᠮᠴᠢᠯᠡᠭᠡᠨ ᠤ ᠳᠠᠭᠠᠳᠬᠠᠯ ᠤᠨ ᠬᠤᠪᠢ | ᠬᠥᠮᠥᠨ ᠤ ᠳᠠᠩᠰᠠᠨ ᠳᠠᠬᠢ ᠦᠯᠡᠳᠡᠪᠦᠷᠢ ᠶᠢ ᠵᠢᠭᠠᠵᠤ ᠪᠠᠶᠢᠪᠠᠯ᠂ ᠬᠡᠷᠡᠭᠯᠡᠭᠦᠯᠵᠦ ᠪᠣᠯᠣᠨ᠎ᠠ᠃ ᠠᠵᠢᠯᠲᠠᠨ ᠤ | ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠤ ᠳᠠᠷᠠᠭ᠎ᠠ᠂ ᠳᠠᠭᠠᠳᠬᠠᠯ ᠤᠨ ᠬᠤᠪᠢ ᠬᠥᠮᠥᠨ ᠤ ᠳᠠᠩᠰᠠ ᠶᠢᠨ ︽ | ᠭᠡᠷ ᠪᠦᠯᠢ ᠬᠠᠮᠲᠤ ᠪᠠᠷ ᠬᠡᠷᠡᠭᠯᠡᠬᠦ︾ ᠶᠢ ᠭᠦᠢᠴᠡᠳᠬᠡᠬᠦ ᠪᠠᠷ ᠳᠠᠮᠵᠢᠭᠤᠯᠤᠨ᠂ ᠳᠠᠭᠠᠳᠬᠠᠯ ᠳᠤ ᠣᠷᠣᠯᠴᠠᠭᠰᠠᠨ ᠡᠴᠢᠭᠡ | ᠡᠬᠡ᠂ ᠡᠬᠡᠨᠡᠷ ︵ᠨᠥᠬᠦᠷ︶ ᠪᠠ ᠦᠷ᠎ᠡ ᠬᠡᠦᠬᠡᠳ ᠲᠤ ᠪᠠᠨ ᠡᠷᠬᠡ ᠣᠯᠭᠤᠨ ᠬᠤᠪᠢ ᠬᠥᠮᠥᠨ ᠤ ᠳᠠᠩᠰᠠ ᠪᠠᠨ | ᠬᠡᠷᠡᠭᠯᠡᠭᠦᠯᠵᠦ ᠪᠣᠯᠣᠨ᠎ᠠ᠃ ᠵᠢᠱᠢᠶᠡᠯᠡᠪᠡᠯ ᠲᠣᠭᠲᠠᠭᠠᠯ ᠳᠤ ᠨᠡᠶᠢᠴᠡᠬᠦ ᠡᠮᠴᠢᠯᠡᠭᠡᠨ ᠤ ᠵᠠᠷᠤᠳᠠᠯ ᠤᠨ ᠳᠣᠲᠣᠷᠠᠬᠢ ᠬᠤᠪᠢ | ᠬᠥᠮᠥᠨ ᠤ ᠥᠪᠡᠰᠦᠪᠡᠨ ᠥᠭᠬᠦ ᠬᠡᠰᠡᠭ ᠢ ᠲᠥᠯᠥᠬᠦ ᠳᠤ ᠬᠡᠷᠡᠭᠯᠡᠵᠦ ᠪᠣᠯᠣᠨ᠎ᠠ᠃ | ᠵᠢᠱᠢᠶ᠎ᠡ ᠳᠠᠲᠠᠪᠠᠯ᠂ ᠯᠢ ᠮᠢᠩ ᠤᠨ ᠬᠦᠦ ᠯᠢ ᠰᠢᠶᠣᠣ ᠮᠢᠩ ᠡᠪᠡᠳᠴᠢᠯᠡᠵᠦ᠂ ᠡᠮ ᠬᠤᠳᠠᠯᠳᠤᠨ ᠠᠪᠬᠤ ᠳᠤ | ᠬᠤᠪᠢ ᠬᠥᠮᠥᠨ 100 ᠲᠥᠭᠦᠷᠢᠭ ᠭᠠᠷᠭᠠᠨ᠎ᠠ᠃ ᠯᠢ ᠮᠢᠩ ᠤᠨ ᠠᠵᠢᠯᠲᠠᠨ ᠤ ᠡᠮᠴᠢᠯᠡᠭᠡᠨ ᠤ ᠳᠠᠭᠠᠳᠬᠠᠯ ᠤᠨ | ᠬᠤᠪᠢ ᠬᠥᠮᠥᠨ ᠤ ᠲᠠᠩᠰᠠᠨ ᠳᠤ ᠪᠠᠰᠠ ᠦᠯᠡᠳᠡᠪᠦᠷᠢ ᠪᠠᠶᠢᠭᠰᠠᠨ ᠪᠥᠭᠡᠳ ︽ᠭᠡᠷ ᠪᠦᠯᠢ ᠬᠠᠮᠲᠤ ᠪᠠᠷ ᠬᠡᠷᠡᠭᠯᠡᠬᠦ︾ | ᠶᠢ ᠭᠦᠢᠴᠡᠳᠬᠡᠭᠰᠡᠨ ᠤ ᠳᠠᠷᠠᠭ᠎ᠠ᠂ ᠯᠢ ᠰᠢᠶᠣᠣ ᠮᠢᠩ ᠯᠢ ᠮᠢᠩ ᠤᠨ ᠠᠵᠢᠯᠲᠠᠨ ᠤ ᠡᠮᠴᠢᠯᠡᠭᠡᠨ ᠤ ᠳᠠᠭᠠᠳᠬᠠᠯ ᠤᠨ | ᠬᠤᠪᠢ ᠬᠥᠮᠥᠨ ᠤ ᠲᠠᠩᠰᠠᠨ ᠤ ᠮᠦᠩᠭᠦ ᠪᠠᠷ ᠡᠨᠡ 100 ᠲᠥᠭᠦᠷᠢᠭ ᠢ ᠲᠥᠯᠥᠵᠦ ᠪᠣᠯᠣᠨ᠎ᠠ᠂ ᠡᠨᠡ ᠪᠣᠯ ᠳᠠᠷᠤᠢ ︽ | ᠭᠡᠷ ᠪᠦᠯᠢ ᠬᠠᠮᠲᠤ ᠪᠠᠷ ᠬᠡᠷᠡᠭᠯᠡᠬᠦ︾ ᠮᠥᠨ᠃ | ᠠᠰᠠᠭᠤᠯᠲᠠ᠄ ︽ᠭᠡᠷ ᠪᠦᠯᠢ ᠬᠠᠮᠲᠤ ᠪᠠᠷ ᠬᠡᠷᠡᠭᠯᠡᠬᠦ︾ ᠶᠢ ᠬᠡᠷᠬᠢᠨ ᠭᠦᠢᠴᠡᠳᠬᠡᠬᠦ ᠪᠣᠶ︖ | ᠬᠠᠷᠢᠭᠤᠯᠲᠠ᠄ ᠳᠠᠭᠠᠳᠬᠠᠯ ᠳᠤ ᠣᠷᠣᠯᠴᠠᠭᠴᠢ ︵ᠶᠡᠷᠦ ᠳᠤ ᠪᠠᠨ ᠬᠡᠷᠡᠭᠯᠡᠭᠦᠯᠦᠭᠴᠢ︶ ᠤᠯᠤᠰ ᠤᠨ | ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠲᠠᠪᠴᠠᠩ APP ᠤᠨ ᠣᠷᠣᠨ ᠨᠤᠲᠤᠭ ᠤᠨ ᠲᠤᠰᠬᠠᠢ ᠪᠣᠯᠣᠩ᠂ | ᠲᠤᠬᠠᠢ ᠶᠢᠨ ᠭᠠᠵᠠᠷ ᠤᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠸᠢᠴᠠᠲ ᠣᠯᠠᠨ ᠨᠡᠶᠢᠲᠡ ᠶᠢᠨ | ᠳ᠋ᠤᠭᠠᠷ᠂ ᠠᠯᠪᠠᠨ ᠤ ᠰᠦᠯᠵᠢᠶ᠎ᠡ ᠵᠡᠷᠭᠡ ︽ᠠᠵᠢᠯᠲᠠᠨ ᠤ ᠡᠮᠴᠢᠯᠡᠭᠡᠨ ᠤ ᠳᠠᠭᠠᠳᠬᠠᠯ ᠤᠨ ᠬᠤᠪᠢ ᠬᠥᠮᠥᠨ ᠤ | ᠳᠠᠩᠰᠠ ᠶᠢᠨ ᠭᠡᠷ ᠪᠦᠯᠢ ᠬᠠᠮᠲᠤ ᠪᠠᠷ ᠬᠡᠷᠡᠭᠯᠡᠬᠦ︾ ᠴᠢᠳᠠᠮᠵᠢᠲᠤ ᠮᠣᠳᠦ᠋ᠯ ᠢᠶᠠᠷ ᠳᠠᠮᠵᠢᠭᠤᠯᠤᠨ᠂ ᠰᠦᠯᠵᠢᠶᠡᠨ | ᠳᠡᠭᠡᠷ᠎ᠡ ᠭᠦᠢᠴᠡᠳᠬᠡᠵᠦ ᠪᠣᠯᠣᠨ᠎ᠠ᠃ ᠡᠯ᠎ᠡ ᠨᠢᠭᠡᠳᠦᠯᠲᠡᠢ ᠲᠥᠯᠥᠪᠯᠡᠬᠦ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ | ᠰᠠᠯᠠᠭ᠎ᠠ ᠮᠥᠴᠢᠷ ᠪᠣᠳᠠᠲᠠᠢ ᠭᠦᠢᠴᠡᠳᠬᠡᠬᠦ ᠠᠷᠭ᠎ᠠ ᠵᠠᠮ ᠢ ᠨᠡᠶᠢᠭᠡᠮ ᠳᠤ ᠢᠯᠡ ᠪᠣᠯᠭᠠᠨ᠎ᠠ︔ ᠣᠶᠣᠨᠲᠤ | ᠲᠥᠬᠦᠭᠡᠷᠦᠮᠵᠢ ᠶᠢ ᠬᠡᠷᠡᠭᠯᠡᠬᠦ ᠳᠤ ᠲᠦᠪᠡᠭᠲᠡᠢ ᠨᠠᠰᠤᠲᠠᠶᠢᠴᠤᠳ ᠵᠡᠷᠭᠡ ᠣᠨᠴᠠᠭᠠᠶ ᠬᠦᠮᠦᠰ ᠪᠠᠰᠠ ᠰᠦᠯᠵᠢᠶᠡᠨ ᠠᠴᠠ | ᠭᠠᠳᠠᠨ᠎ᠠ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ᠶᠡᠭᠡ ᠲᠢᠩᠬᠢᠮ ᠳᠤ ᠴᠤ ᠭᠦᠢᠴᠡᠳᠬᠡᠵᠦ ᠪᠣᠯᠣᠨ᠎ᠠ᠃ | ᠠᠰᠠᠭᠤᠯᠲᠠ᠄ ᠭᠡᠷ ᠤᠨ ᠬᠦᠮᠦᠰ ᠯᠠ ᠶᠤᠮ ᠪᠣᠯ ︽ᠭᠡᠷ ᠪᠦᠯᠢ ᠬᠠᠮᠲᠤ ᠪᠠᠷ ᠬᠡᠷᠡᠭᠯᠡᠬᠦ︾ ᠶᠢ ᠬᠡᠷᠡᠭᠯᠡᠵᠦ ᠪᠣᠯᠬᠤ | ᠤᠤ︖ | ᠬᠠᠷᠢᠭᠤᠯᠲᠠ᠄ ᠦᠭᠡᠢ᠃ ᠵᠥᠪᠬᠡᠨ ᠠᠵᠢᠯᠲᠠᠨ ᠤ ᠡᠮᠴᠢᠯᠡᠭᠡᠨ ᠤ ᠳᠠᠭᠠᠳᠬᠠᠯ ᠤᠨ ᠬᠤᠪᠢ ᠬᠥᠮᠥᠨ ᠤ | ᠳᠠᠩᠰᠠᠨ ᠳᠤ ︽ᠭᠡᠷ ᠪᠦᠯᠢ ᠬᠠᠮᠲᠤ ᠪᠠᠷ ᠬᠡᠷᠡᠭᠯᠡᠬᠦ︾ ᠶᠢ ᠭᠦᠢᠴᠡᠳᠬᠡᠭᠰᠡᠨ ᠭᠡᠷ ᠤᠨ ᠬᠦᠮᠦᠰ ᠯᠡ ᠰᠠᠶ᠋ᠢ ᠲᠤᠰ | ᠲᠥᠷᠥ ᠶᠢᠨ ᠪᠣᠳᠣᠯᠭ᠎ᠠ ᠶᠢ ᠬᠦᠷᠲᠡᠨ᠎ᠡ᠃ | ᠵᠢᠱᠢᠶᠡᠯᠡᠪᠡᠯ᠂ ᠯᠢ ᠮᠢᠩ ᠤᠨ ᠡᠵᠢ᠂ ᠬᠦᠦ ᠬᠢᠭᠡᠳ ᠬᠠᠳᠠᠮ ᠡᠴᠢᠭᠡ ᠨᠢ ᠴᠥᠮ ᠠᠵᠢᠯᠲᠠᠨ ᠤ ᠡᠮᠴᠢᠯᠡᠭᠡᠨ ᠤ | ᠳᠠᠭᠠᠳᠬᠠᠯ ᠳᠤ ᠣᠷᠣᠯᠴᠠᠭᠰᠠᠨ ᠪᠥᠭᠡᠳ ᠬᠤᠪᠢ ᠬᠥᠮᠥᠨ ᠤ ᠳᠠᠩᠰᠠᠨ ᠳᠤ ᠪᠠᠨ ᠦᠯᠡᠳᠡᠪᠦᠷᠢ ᠮᠦᠩᠭᠦ ᠲᠠᠢ᠃ | ᠡᠭᠦᠨ ᠳᠤ ᠵᠥᠪᠬᠡᠨ ᠯᠢ ᠮᠢᠩ ᠤᠨ ᠬᠦᠦ ᠨᠢ ᠲᠡᠭᠦᠨ ᠲᠠᠢ ︽ᠭᠡᠷ ᠪᠦᠯᠢ ᠬᠠᠮᠲᠤ ᠪᠠᠷ ᠬᠡᠷᠡᠭᠯᠡᠬᠦ︾ ᠶᠢ | ᠭᠦᠢᠴᠡᠳᠬᠡᠭᠰᠡᠨ ᠠᠴᠠ ᠵᠥᠪᠬᠡᠨ ᠬᠦᠦ ᠶᠢᠨ ᠢᠶᠠᠨ ᠬᠤᠪᠢ ᠶᠢᠨ ᠲᠠᠩᠰᠠᠨ ᠤ ᠦᠯᠡᠳᠡᠪᠦᠷᠢ ᠮᠦᠩᠭᠦ ᠪᠠᠷ ᠵᠠᠷᠤᠳᠠᠯ ᠢᠶᠠᠨ | ᠲᠥᠯᠥᠵᠦ ᠪᠣᠯᠣᠨ᠎ᠠ᠃ ᠡᠵᠢ ᠶᠢᠨ ᠬᠢᠨᠢ ᠠᠵᠢᠯᠲᠠᠨ ᠤ ᠡᠮᠴᠢᠯᠡᠭᠡᠨ ᠤ ᠳᠠᠭᠠᠳᠬᠠᠯ ᠤᠨ ᠬᠤᠪᠢ ᠬᠥᠮᠥᠨ ᠤ | ᠳᠠᠩᠰᠠᠨ ᠳᠤ ︽ᠭᠡᠷ ᠪᠦᠯᠢ ᠬᠠᠮᠲᠤ ᠪᠠᠷ ᠬᠡᠷᠡᠭᠯᠡᠬᠦ︾ ᠶᠢ ᠭᠦᠢᠴᠡᠳᠬᠡᠭᠡ ᠦᠭᠡᠢ ᠤᠴᠢᠷ ᠠᠴᠠ ᠬᠠᠮᠲᠤ ᠪᠠᠷ | ᠬᠡᠷᠡᠭᠯᠡᠵᠦ ᠪᠣᠯᠬᠤ ᠦᠭᠡᠢ᠃ ᠬᠠᠳᠠᠮ ᠡᠴᠢᠭᠡ ᠨᠢ ︽ᠭᠡᠷ ᠪᠦᠯᠢ ᠬᠠᠮᠲᠤ ᠪᠠᠷ ᠬᠡᠷᠡᠭᠯᠡᠬᠦ︾ ᠭᠡᠰᠢᠭᠦᠳ ᠤᠨ | ᠬᠡᠪᠴᠢᠶᠡᠨ ᠳᠤ ᠬᠠᠷᠢᠶᠠᠯᠠᠭᠳᠠᠬᠤ ᠦᠭᠡᠢ ᠲᠤᠯᠠ ︽ᠭᠡᠷ ᠪᠦᠯᠢ ᠬᠠᠮᠲᠤ ᠪᠠᠷ ᠬᠡᠷᠡᠭᠯᠡᠬᠦ︾ ᠶᠢ ᠭᠦᠢᠴᠡᠳᠬᠡᠵᠦ ᠪᠣᠯᠬᠤ | ᠦᠭᠡᠢ᠃ | ᠠᠵᠢᠯᠲᠠᠨ ᠤ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠳ ᠳᠠᠭᠠᠳᠬᠠᠯ ᠤᠨ ᠺᠠᠷᠲ ᠲᠠᠬᠢ ᠬᠤᠪᠢ | ᠬᠥᠮᠥᠨ ᠤ ᠳᠠᠩᠰᠠ ᠶᠢᠨ ᠰᠠᠭᠤᠷᠢ ᠮᠥᠩᠭᠦ ᠪᠠᠨ ᠡᠴᠢᠭᠡ ᠡᠬᠡ᠂ ᠡᠬᠡᠨᠡᠷ ︵ᠨᠥᠬᠦᠷ︶᠂ ᠦᠷ᠎ᠡ ᠬᠡᠦᠬᠡᠳ ᠲᠤ ᠪᠠᠨ | ᠬᠡᠷᠡᠭᠯᠡᠭᠦᠯᠵᠦ ᠪᠣᠯᠣᠨ᠎ᠠ᠃ ᠭᠡᠪᠡᠴᠦ ᠡᠷᠬᠡᠪᠰᠢ ᠬᠤᠶᠠᠷ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ᠄ ᠨᠢᠭᠡ ᠳᠤ | ᠲᠠᠨ ᠤ ᠡᠴᠢᠭᠡ ᠡᠬᠡ᠂ ᠡᠬᠡᠨᠡᠷ ︵ᠨᠥᠬᠦᠷ︶᠂ ᠦᠷ᠎ᠡ ᠬᠡᠦᠬᠡᠳ ᠴᠢᠨᠢ ᠪᠠᠰᠠ ᠦᠨᠳᠦᠰᠦᠨ ᠡᠮᠴᠢᠯᠡᠭᠡᠨ ᠤ | ᠳᠠᠭᠠᠳᠬᠠᠯ ︵ᠠᠵᠢᠯᠲᠠᠨ ᠤ ᠡᠮᠴᠢᠯᠡᠭᠡᠨ ᠤ ᠳᠠᠭᠠᠳᠬᠠᠯ ᠪᠠ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠢ | ᠪᠠᠭᠲᠠᠭᠠᠨ᠎ᠠ︶ ᠳᠤ ᠣᠷᠣᠯᠴᠠᠭᠰᠠᠨ ᠪᠠᠶᠢᠬᠤ ᠬᠡᠷᠡᠭᠲᠡᠢ︔ ᠬᠤᠶᠠᠷ ᠲᠤ ᠲᠠ ᠠᠵᠢᠯᠲᠠᠨ ᠤ ᠡᠮᠴᠢᠯᠡᠭᠡᠨ ᠤ | ᠳᠠᠭᠠᠳᠬᠠᠯ ᠤᠨ ᠬᠤᠪᠢ ᠬᠥᠮᠥᠨ ᠤ ᠳᠠᠩᠰᠠ ᠶᠢᠨ ︽ᠭᠡᠷ ᠪᠦᠯᠢ ᠬᠠᠮᠲᠤ ᠪᠠᠷ ᠬᠡᠷᠡᠭᠯᠡᠬᠦ︾ ᠶᠢ ᠭᠦᠢᠴᠡᠳᠬᠡᠭᠰᠡᠨ | ᠪᠠᠶᠢᠬᠤ ᠬᠡᠷᠡᠭᠲᠡᠢ᠃ ᠡᠭᠦᠨ ᠤ ᠬᠠᠮᠲᠤ ᠪᠠᠰᠠ ᠠᠩᠬᠠᠷᠤᠭᠤᠰᠢᠲᠠᠢ ᠨᠢ᠄ ᠨᠢᠭᠡ ᠳᠤ ︽ᠭᠡᠷ ᠪᠦᠯᠢ ᠬᠠᠮᠲᠤ ᠪᠠᠷ | ᠬᠡᠷᠡᠭᠯᠡᠬᠦ︾ ᠭᠡᠰᠢᠭᠦᠳ ᠤᠨ ᠬᠡᠪᠴᠢᠶᠡᠨ ᠳᠤ ᠡᠬᠡᠨᠡᠷ ︵ᠨᠥᠬᠦᠷ︶ ᠤᠨ ᠡᠴᠢᠭᠡ ᠡᠬᠡ ᠶᠢ ᠪᠠᠭᠲᠠᠭᠠᠬᠤ ᠦᠭᠡᠢ︔ | ᠬᠤᠶᠠᠷ ᠲᠤ ᠬᠡᠷᠡᠭᠯᠡᠭᠴᠢ ᠨᠢ ᠬᠡᠷᠡᠭᠯᠡᠭᠦᠯᠦᠭᠴᠢ ᠶᠢᠨ ᠡᠮᠴᠢᠯᠡᠭᠡᠨ ᠤ ᠳᠠᠭᠠᠳᠬᠠᠯ ᠤᠨ ᠳᠠᠩᠰᠠ ᠲᠠᠶᠢᠯᠬᠤ ᠬᠠᠷᠠᠭᠠᠯᠵᠠᠯ ᠢ | ᠬᠦᠷᠲᠡᠵᠦ ᠴᠢᠳᠠᠬᠤ ᠦᠭᠡᠢ᠂ ᠳᠠᠷᠤᠢ ᠲᠠ ᠬᠤᠪᠢ ᠬᠥᠮᠥᠨ ᠤ ᠳᠠᠩᠰᠠᠨ ᠳᠠᠬᠢ ᠮᠦᠩᠭᠦ ᠪᠠᠨ ᠡᠴᠢᠭᠡ ᠡᠬᠡ ᠳᠤ ᠪᠠᠨ | ᠬᠡᠷᠡᠭᠯᠡᠭᠦᠯᠵᠦ ᠪᠣᠯᠣᠨ᠎ᠠ᠂ ᠭᠡᠪᠡᠴᠦ ᠡᠴᠢᠭᠡ ᠡᠬᠡ ᠴᠢᠨᠢ ᠡᠪᠡᠳᠴᠢᠨ ᠢᠶᠠᠨ ᠦᠵᠡᠭᠦᠯᠦᠭᠡᠳ ᠬᠡᠳᠦᠢ ᠶᠢ ᠨᠢ ᠳᠠᠩᠰᠠ | ᠲᠠᠶᠢᠯᠬᠤ ᠨᠢ ᠲᠡᠳᠡᠨ ᠤ ᠣᠷᠣᠯᠴᠠᠭᠰᠠᠨ ᠡᠮᠴᠢᠯᠡᠭᠡᠨ ᠤ ᠳᠠᠭᠠᠳᠬᠠᠯ ᠤᠨ ᠳᠦᠷᠢᠮ ᠢ ᠦᠨᠳᠦᠰᠦᠯᠡᠨ᠎ᠡ᠃ | ᠠᠵᠢᠯᠲᠠᠨ ᠤ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠪᠣᠯ ᠠᠵᠢᠯᠲᠠᠨ ᠤ ᠡᠮᠴᠢᠯᠡᠭᠡᠨ ᠤ ᠳᠠᠭᠠᠳᠬᠠᠯ ᠤᠨ | ᠵᠣᠬᠢᠬᠤ ᠬᠠᠷᠠᠭᠠᠯᠵᠠᠯ ᠢ ᠬᠦᠷᠲᠡᠨ᠎ᠡ︔ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠪᠣᠯ | ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠵᠣᠬᠢᠬᠤ ᠬᠠᠷᠠᠭᠠᠯᠵᠠᠯ ᠢ ᠬᠦᠷᠲᠡᠨ᠎ᠡ᠃ | ᠠᠰᠠᠭᠤᠯᠲᠠ᠄ ︽ᠭᠡᠷ ᠪᠦᠯᠢ ᠬᠠᠮᠲᠤ ᠪᠠᠷ ᠬᠡᠷᠡᠭᠯᠡᠬᠦ︾ ᠶᠢ ᠭᠦᠢᠴᠡᠳᠬᠡᠭᠰᠡᠨ ᠤ ᠳᠠᠷᠠᠭ᠎ᠠ᠂ ᠡᠪᠡᠳᠴᠢᠨ | ᠦᠵᠡᠭᠦᠯᠵᠦ ᠡᠮ ᠬᠤᠳᠠᠯᠳᠤᠨ ᠠᠪᠬᠤ ᠳᠤ ᠬᠡᠨ ᠤ ᠡᠮᠴᠢᠯᠡᠭᠡᠨ ᠤ ᠳᠠᠭᠠᠳᠬᠠᠯ ᠤᠨ ᠺᠠᠷᠲ ᠢ ᠬᠡᠷᠡᠭᠯᠡᠬᠦ ᠪᠣᠶ︖ | ᠬᠠᠷᠢᠭᠤᠯᠲᠠ᠄ ᠶᠠᠮᠠᠷᠪᠠ ᠪᠠᠶᠢᠳᠠᠯ ᠳᠤ ᠴᠤ ᠪᠠᠶᠢᠲᠤᠭᠠᠢ᠂ ᠡᠪᠡᠳᠴᠢᠨ ᠦᠵᠡᠭᠦᠯᠵᠦ ᠡᠮ ᠬᠤᠳᠠᠯᠳᠤᠨ | ᠠᠪᠬᠤ ᠳᠤ ᠡᠷᠬᠡᠪᠰᠢ ᠡᠪᠡᠳᠴᠢᠲᠡᠨ ᠲᠤᠰ ᠬᠥᠮᠥᠨ ᠤ ᠺᠠᠷᠲ ᠢ ᠬᠡᠷᠡᠭᠯᠡᠬᠦ ᠬᠡᠷᠡᠭᠲᠡᠢ᠃ ︽ᠭᠡᠷ ᠪᠦᠯᠢ ᠬᠠᠮᠲᠤ ᠪᠠᠷ | ᠬᠡᠷᠡᠭᠯᠡᠬᠦ︾ ᠲᠥᠷᠥ ᠶᠢᠨ ᠪᠣᠳᠣᠯᠭ᠎ᠠ ᠳᠠᠬᠢ ︽ᠬᠠᠮᠲᠤ ᠪᠠᠷ ᠬᠡᠷᠡᠭᠯᠡᠬᠦ︾ ᠭᠡᠳᠡᠭ ᠨᠢ ᠠᠵᠢᠯᠲᠠᠨ ᠤ ᠡᠮᠴᠢᠯᠡᠭᠡᠨ ᠤ | ᠳᠠᠭᠠᠳᠬᠠᠯ ᠳᠤ ᠣᠷᠣᠯᠴᠠᠭᠰᠠᠳ ᠤᠨ ᠡᠮᠴᠢᠯᠡᠭᠡᠨ ᠤ ᠳᠠᠭᠠᠳᠬᠠᠯ ᠤᠨ ᠺᠠᠷᠲ ᠤᠨ ᠬᠤᠪᠢ ᠬᠥᠮᠥᠨ ᠤ ᠳᠠᠩᠰᠠᠨ ᠳᠠᠬᠢ | ᠮᠦᠩᠭᠦ᠂ ᠬᠠᠷᠢᠨ ᠡᠮᠴᠢᠯᠡᠭᠡᠨ ᠤ ᠳᠠᠭᠠᠳᠬᠠᠯ ᠤᠨ ᠺᠠᠷᠲ ᠲᠤᠰ ᠪᠡᠶ᠎ᠡ ᠨᠢ ᠪᠢᠰᠢ ᠶᠤᠮ᠃ | ᠡᠮᠴᠢᠯᠡᠭᠡᠨ ᠤ ᠳᠠᠭᠠᠳᠬᠠᠯ ᠳᠤ ︽ᠥᠪᠡᠷ ᠢᠶᠠᠨ ᠳᠠᠭᠠᠳᠬᠠᠯ ᠳᠤ ᠣᠷᠣᠯᠴᠠᠵᠤ᠂ ᠥᠪᠡᠷ ᠢᠶᠠᠨ ᠬᠠᠷᠠᠭᠠᠯᠵᠠᠯ | ᠬᠦᠷᠲᠡᠬᠦ︾ ᠵᠠᠷᠴᠢᠮ ᠢ ᠵᠢᠷᠤᠮᠯᠠᠨ᠎ᠠ᠃ ︽ᠭᠡᠷ ᠪᠦᠯᠢ ᠬᠠᠮᠲᠤ ᠪᠠᠷ ᠬᠡᠷᠡᠭᠯᠡᠬᠦ︾ ᠶᠢ ᠭᠦᠢᠴᠡᠳᠬᠡᠭᠰᠡᠨ ᠤ ᠳᠠᠷᠠᠭ᠎ᠠ | ᠲᠤᠰ ᠵᠠᠷᠴᠢᠮ ᠦᠯᠦ ᠬᠤᠪᠢᠷᠠᠨ᠎ᠠ᠂ ᠳᠠᠭᠠᠳᠬᠠᠯ ᠳᠤ ᠣᠷᠣᠯᠴᠠᠭᠴᠢ ᠮᠥᠨ ᠯᠠ ᠥᠪᠡᠷ ᠤᠨ ᠡᠮᠴᠢᠯᠡᠭᠡᠨ ᠤ | ᠳᠠᠭᠠᠳᠬᠠᠯ ᠤᠨ ᠺᠠᠷᠲ ᠢᠶᠠᠷ ᠢᠶᠠᠨ ᠡᠪᠡᠳᠴᠢᠨ ᠢᠶᠠᠨ ᠦᠵᠡᠭᠦᠯᠵᠦ᠂ ᠲᠣᠭᠲᠠᠭᠠᠯ ᠶᠣᠰᠣᠭᠠᠷ ᠥᠪᠡᠷ ᠤᠨ | ᠡᠮᠴᠢᠯᠡᠭᠡᠨ ᠤ ᠳᠠᠭᠠᠳᠬᠠᠯ ᠤᠨ ᠬᠠᠷᠠᠭᠠᠯᠵᠠᠯ ᠢᠶᠠᠨ ᠬᠦᠷᠲᠡᠨ᠎ᠡ᠃ | ᠣᠶᠢᠯᠠᠭᠠᠮᠵᠢᠲᠠᠢ ᠪᠠᠷ ᠬᠡᠯᠡᠪᠡᠯ᠂ ᠮᠦᠩᠭᠦ ᠶᠢ ᠬᠠᠮᠲᠤ ᠪᠠᠷ ᠬᠡᠷᠡᠭᠯᠡᠵᠦ ᠪᠣᠯᠣᠨ᠎ᠠ᠂ ᠺᠠᠷᠲ ᠢ ᠬᠠᠮᠲᠤ ᠪᠠᠷ | ᠬᠡᠷᠡᠭᠯᠡᠵᠦ ᠪᠣᠯᠬᠤ ᠦᠭᠡᠢ᠃ ᠢᠩᠭᠢᠪᠡᠯ ᠣᠯᠠᠨ ᠠᠳᠡᠭᠦᠷᠡᠯ ᠢ ᠪᠠᠭᠠᠰᠬᠠᠵᠤ ᠴᠢᠳᠠᠨ᠎ᠠ᠃ | ᠠᠰᠠᠭᠤᠯᠲᠠ᠄ ᠥᠪᠡᠷ ᠤᠨ ᠡᠮᠴᠢᠯᠡᠭᠡᠨ ᠤ ᠳᠠᠭᠠᠳᠬᠠᠯ ᠤᠨ ᠺᠠᠷᠲ ᠢᠶᠠᠨ ᠬᠡᠷᠡᠭᠯᠡᠬᠦ ᠦᠭᠡᠢ ᠪᠠᠷ ᠡᠮᠴᠢᠯᠡᠭᠦᠯᠪᠡᠯ | ᠶᠠᠮᠠᠷ ᠦᠷ᠎ᠡ ᠳ᠋ᠦᠩ ᠳᠤ ᠬᠦᠷᠬᠦ ᠪᠣᠢ︖ | ᠬᠠᠷᠢᠭᠤᠯᠲᠠ᠄ ᠥᠪᠡᠷ ᠤᠨ ᠡᠮᠴᠢᠯᠡᠭᠡᠨ ᠤ ᠳᠠᠭᠠᠳᠬᠠᠯ ᠤᠨ ᠺᠠᠷᠲ ᠢᠶᠠᠷ ᠢᠶᠠᠨ ᠳ᠋ᠤᠭᠠᠷᠯᠠᠵᠤ ᠡᠮᠴᠢᠯᠡᠭᠦᠯᠬᠦ ᠦᠭᠡᠢ | ᠪᠣᠯ ᠳᠠᠷᠤᠢ ︽ᠬᠠᠭᠤᠷᠮᠠᠭᠯᠠᠨ ᠡᠮᠴᠢᠯᠡᠭᠦᠯᠬᠦ︾ ᠶᠠᠪᠤᠳᠠᠯ ᠪᠣᠯᠣᠨ᠎ᠠ᠂ ᠬᠥᠩᠭᠡᠨ ᠪᠣᠯ ᠡᠮᠴᠢᠯᠡᠭᠡᠨ ᠤ ᠵᠠᠷᠤᠳᠠᠯ ᠢ | ᠰᠦᠯᠵᠢᠶ᠎ᠡ ᠪᠠᠷ ᠳ᠋ᠦᠩᠨᠡᠨ ᠪᠤᠳᠤᠬᠤ ᠶᠢ ᠲᠦᠷ ᠵᠣᠭᠰᠣᠭᠠᠵᠤ᠂ ᠬᠦᠨᠳᠦ ᠪᠣᠯ ᠬᠠᠤᠯᠢ ᠶᠢ ᠵᠦᠷᠢᠴᠡᠭᠰᠡᠨ ᠶᠠᠯ᠎ᠠ | ᠪᠣᠯᠣᠨ᠎ᠠ᠃ | ︽ᠬᠠᠭᠤᠷᠮᠠᠭᠯᠠᠨ ᠡᠮᠴᠢᠯᠡᠭᠦᠯᠬᠦ︾ ᠭᠡᠳᠡᠭ ᠨᠢ ᠳᠠᠷᠤᠢ ᠬᠠᠤᠯᠢ ᠪᠤᠰᠤ ᠪᠠᠷ ᠥᠪᠡᠷ ᠲᠤ ᠪᠠᠨ ᠡᠵᠡᠷᠬᠡᠨ | ᠡᠵᠡᠯᠡᠬᠦ ᠪᠠᠷ ᠵᠣᠷᠢᠯᠭ᠎ᠠ ᠪᠣᠯᠭᠠᠨ ᠪᠤᠰᠤᠳ ᠤᠨ ᠡᠮᠴᠢᠯᠡᠭᠡᠨ ᠤ ᠳᠠᠭᠠᠳᠬᠠᠯ ᠤᠨ ᠭᠡᠷᠡᠴᠢ ᠪᠠᠷᠢᠮᠲᠠ ᠶᠢ ᠬᠠᠭᠤᠷᠮᠠᠭᠯᠠᠨ | ᠬᠡᠷᠡᠭᠯᠡᠵᠦ᠂ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠳ᠋ᠤᠭᠠᠷᠯᠠᠨ ᠡᠮᠴᠢᠯᠡᠭᠦᠯᠬᠦ ᠶᠢᠨ ᠬᠠᠮᠲᠤ ᠡᠮᠴᠢᠯᠡᠭᠡᠨ ᠤ | ᠳᠠᠭᠠᠳᠬᠠᠯ ᠤᠨ ᠳ᠋ᠦᠩᠨᠡᠨ ᠪᠤᠳᠤᠬᠤ ᠬᠠᠷᠠᠭᠠᠯᠵᠠᠯ ᠢ ᠬᠦᠷᠲᠡᠭᠡᠳ᠂ ᠡᠭᠦᠨ ᠢᠶᠠᠷ ᠢᠶᠠᠨ ᠡᠮᠴᠢᠯᠡᠭᠡᠨ ᠤ ᠳᠠᠭᠠᠳᠬᠠᠯ ᠤᠨ | ᠰᠠᠭᠤᠷᠢ ᠮᠥᠩᠭᠦ ᠶᠢ ᠮᠡᠬᠡᠯᠡᠨ ᠠᠪᠬᠤ ᠦᠢᠯᠡ ᠠᠵᠢᠯᠯᠠᠭ᠎ᠠ ᠶᠤᠮ᠃ ᠡᠭᠦᠨ ᠳᠠᠬᠢ ︽ᠪᠤᠰᠤᠳ︾ ᠭᠡᠳᠡᠭ ᠨᠢ | ᠳᠠᠭᠠᠳᠬᠠᠯ ᠳᠤ ᠣᠷᠣᠯᠴᠠᠭᠴᠢ ᠲᠣᠰ ᠬᠥᠮᠥᠨ ᠠᠴᠠ ᠪᠤᠰᠤᠳ ᠶᠠᠮᠠᠷᠪᠠ ᠬᠥᠮᠥᠨ ᠢ ᠵᠢᠭᠠᠵᠤ ᠪᠠᠶᠢᠨ᠎ᠠ᠂ ᠳᠠᠷᠤᠢ | ᠱᠠᠭᠠᠷᠳᠠᠯᠭ᠎ᠠ ᠶᠣᠰᠣᠭᠠᠷ ︽ᠭᠡᠷ ᠪᠦᠯᠢ ᠬᠠᠮᠲᠤ ᠪᠠᠷ ᠬᠡᠷᠡᠭᠯᠡᠬᠦ︾ ᠶᠢ ᠭᠦᠢᠴᠡᠳᠬᠡᠭᠰᠡᠨ ᠦᠭᠡᠢ ᠭᠡᠷ ᠪᠦᠯᠢ ᠶᠢᠨ | ᠭᠡᠰᠢᠭᠦᠳ ᠢ ᠪᠠᠭᠲᠠᠭᠠᠨ᠎ᠠ᠃ | ︽ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠬᠡᠷᠡᠭᠯᠡᠬᠦ ᠶᠢ ᠬᠢᠨᠠᠵᠤ ᠬᠠᠮᠢᠶᠠᠷᠬᠤ ᠳᠦᠷᠢᠮ︾ ᠤᠨ ᠠᠷᠪᠠᠨ | ᠳᠣᠯᠣᠳᠤᠭᠠᠷ ᠵᠦᠢᠯ ᠳᠤ᠂ ︽ᠳᠠᠭᠠᠳᠬᠠᠯ ᠳᠤ ᠣᠷᠣᠯᠴᠠᠭᠰᠠᠳ ᠥᠪᠡᠷ ᠤᠨ ᠡᠮᠴᠢᠯᠡᠭᠡᠨ ᠤ ᠳᠠᠭᠠᠳᠬᠠᠯ ᠤᠨ ᠭᠡᠷᠡᠴᠢ | ᠪᠠᠷᠢᠮᠲᠠ ᠪᠠᠷ ᠢᠶᠠᠨ ᠡᠮᠴᠢᠯᠡᠭᠦᠯᠵᠦ᠂ ᠡᠮ ᠬᠤᠳᠠᠯᠳᠤᠨ ᠠᠪᠴᠤ᠂ ᠪᠠᠰᠠ ᠰᠠᠨᠠᠭᠠᠴᠢᠯᠠᠭ᠎ᠠ ᠠᠴᠠ ᠪᠠᠨ ᠪᠠᠶᠢᠴᠠᠭᠠᠨ | ᠰᠢᠯᠭᠠᠯᠲᠠ ᠶᠢ ᠬᠦᠯᠢᠶᠡᠪᠡᠯ ᠵᠣᠬᠢᠨ᠎ᠡ︾ ᠭᠡᠵᠦ ᠲᠣᠳᠣᠷᠬᠠᠢ ᠲᠣᠭᠲᠠᠭᠠᠵᠠᠢ᠃ ᠮᠥᠨ ᠳᠥᠴᠢᠨ ᠨᠢᠭᠡᠳᠦᠭᠡᠷ | ᠵᠦᠢᠯ ᠳᠤ ︽ᠥᠪᠡᠷ ᠤᠨ ᠡᠮᠴᠢᠯᠡᠭᠡᠨ ᠤ ᠳᠠᠭᠠᠳᠬᠠᠯ ᠤᠨ ᠭᠡᠷᠡᠴᠢ ᠪᠠᠷᠢᠮᠲᠠ ᠪᠠᠨ ᠪᠤᠰᠤᠳ ᠲᠤ ᠥᠭᠴᠦ | ᠬᠠᠭᠤᠷᠮᠠᠭᠯᠠᠨ ᠬᠡᠷᠡᠭᠯᠡᠭᠦᠯᠦᠭᠡᠳ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠬᠤᠬᠢᠷᠠᠭᠤᠯᠤᠭᠰᠠᠨ ᠪᠠᠶᠢᠪᠠᠯ | ᠂ ᠠᠯᠪᠠᠳᠠᠨ ᠪᠤᠴᠠᠭᠠᠯᠭᠠᠨ᠎ᠠ︔ ᠳᠠᠭᠠᠳᠬᠠᠯ ᠳᠤ ᠣᠷᠣᠯᠴᠠᠭᠰᠠᠳ ᠲᠤ ᠲᠣᠭᠠᠴᠠᠭᠳᠠᠪᠠᠯ᠂ ᠡᠮᠴᠢᠯᠡᠭᠡᠨ ᠤ ᠵᠠᠷᠤᠳᠠᠯ ᠢ | ᠰᠦᠯᠵᠢᠶ᠎ᠡ ᠪᠠᠷ ᠳ᠋ᠦᠩᠨᠡᠨ ᠪᠤᠳᠤᠬᠤ ᠶᠢ 3 ᠠᠴᠠ 12 ᠰᠠᠷ᠎ᠠ ᠲᠦᠷ ᠵᠣᠭᠰᠣᠭᠠᠨ᠎ᠠ︔ ᠪᠤᠰᠤᠳ ᠤᠨ ᠡᠮᠴᠢᠯᠡᠭᠡᠨ ᠤ | ᠳᠠᠭᠠᠳᠬᠠᠯ ᠤᠨ ᠭᠡᠷᠡᠴᠢ ᠪᠠᠷᠢᠮᠲᠠ ᠪᠠᠷ ᠬᠠᠭᠤᠷᠮᠠᠭᠯᠠᠨ ᠡᠮᠴᠢᠯᠡᠭᠦᠯᠵᠦ᠂ ᠡᠮ ᠬᠤᠳᠠᠯᠳᠤᠨ ᠠᠪᠤᠭᠠᠳ᠂ | ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠬᠤᠬᠢᠷᠠᠭᠤᠯᠤᠭᠰᠠᠨ ᠪᠠᠶᠢᠪᠠᠯ᠂ ᠮᠡᠬᠡᠯᠡᠭᠰᠡᠨ ᠮᠦᠩᠭᠦᠨ ᠤ 2 | ᠳᠠᠬᠢᠨ ᠠᠴᠠ ᠳᠡᠭᠡᠭᠰᠢ 5 ᠳᠠᠬᠢᠨ ᠠᠴᠠ ᠳᠣᠷᠣᠭᠰᠢ ᠮᠦᠩᠭᠦ ᠢᠶᠠᠷ ᠲᠣᠷᠭᠠᠪᠠᠯ ᠵᠣᠬᠢᠨ᠎ᠠ︾ ᠭᠡᠵᠦ ᠲᠣᠳᠣᠷᠬᠠᠢ ᠵᠢᠭᠠᠨ | ᠭᠠᠷᠭᠠᠵᠠᠢ᠃ ᠬᠡᠷᠪᠡ ᠬᠤᠯᠪᠤᠭᠳᠠᠬᠤ ᠵᠣᠭᠤᠰ ᠨᠢ ᠨᠡᠯᠢᠶᠡᠳ ᠶᠡᠭᠡ᠂ ᠦᠢᠯᠡ ᠶᠠᠪᠤᠳᠠᠯ ᠨᠢ ᠬᠦᠨᠳᠦ ᠨᠣᠴᠢᠲᠠᠢ | ᠪᠠᠶᠢᠪᠠᠯ ᠪᠠᠰᠠ ᠬᠠᠭᠤᠷᠤᠨ ᠮᠡᠬᠡᠯᠡᠭᠰᠡᠨ ᠶᠠᠯ᠎ᠠ ᠪᠣᠯᠣᠨ᠎ᠠ᠃ | ᠵᠢᠱᠢᠶᠡᠯᠡᠪᠡᠯ᠂ ︽ᠡᠶᠢᠮᠦᠷᠬᠦᠦ ᠵᠢᠭᠠᠬᠠᠨ ᠶᠠᠪᠤᠳᠠᠯ ᠢ ᠬᠠᠪᠰᠤᠷᠴᠤ ᠪᠣᠯᠬᠤ ᠦᠭᠡᠢ᠂ ᠪᠤᠰᠤᠳ ᠤᠨ ᠡᠮᠴᠢᠯᠡᠭᠡᠨ ᠤ | ᠳᠠᠭᠠᠳᠬᠠᠯ ᠤᠨ ᠺᠠᠷᠲ ᠢ ᠬᠠᠭᠤᠷᠮᠠᠭᠯᠠᠨ ᠬᠡᠷᠡᠭᠯᠡᠪᠡᠯ ᠰᠢᠢᠳᠬᠡᠭᠳᠡᠨ᠎ᠡ︕︾ ᠵᠣᠬᠢᠶᠠᠯ ᠳᠤ ᠳᠤᠷᠠᠳᠤᠭᠰᠠᠨ ᠰᠢᠶᠣᠤ | ᠴᠢᠩ᠂ ᠪᠦᠯᠦ ᠥᠬᠢᠨ ᠳᠡᠭᠦᠦ ᠰᠢᠶᠣᠤ ᠯᠠᠨ ᠤ ᠪᠠᠨ ᠡᠮᠴᠢᠯᠡᠭᠡᠨ ᠤ ᠳᠠᠭᠠᠳᠬᠠᠯ ᠤᠨ ᠺᠠᠷᠲ ᠢ ᠰᠢᠭᠤᠳ ᠬᠡᠷᠡᠭᠯᠡᠨ | ᠳ᠋ᠤᠭᠠᠷᠯᠠᠵᠤ ᠡᠮᠴᠢᠯᠡᠭᠦᠯᠦᠭᠰᠡᠨ ᠨᠢ ᠳᠠᠷᠤᠢ ᠬᠠᠭᠤᠷᠮᠠᠭᠯᠠᠨ ᠡᠮᠴᠢᠯᠡᠭᠦᠯᠦᠭᠰᠡᠨ ᠳᠤ ᠬᠠᠷᠢᠶᠠᠯᠠᠭᠳᠠᠨ᠎ᠠ᠃ ᠳᠠᠬᠢᠨ | ᠵᠢᠱᠢᠶᠡᠯᠡᠪᠡᠯ᠂ ᠠᠨᠾᠦ᠋ᠢ ᠶᠢᠨ ᠰᠢᠦᠢ ᠣᠪᠣᠭᠲᠤ᠂ ᠪᠤᠰᠤᠳ ᠤᠨ ᠡᠮᠴᠢᠯᠡᠭᠡᠨ ᠤ ᠳᠠᠭᠠᠳᠬᠠᠯ ᠤᠨ ᠺᠠᠷᠲ ᠢᠶᠠᠷ ᠨᠢᠭᠡᠨ | ᠡᠮᠨᠡᠯᠭᠡ ᠶᠢᠨ ᠬᠤᠷᠢᠶᠠᠨ ᠳᠤ ᠡᠪᠡᠳᠴᠢᠨ ᠢᠶᠠᠨ ᠦᠵᠡᠭᠦᠯᠵᠦ ᠡᠮ ᠬᠤᠳᠠᠯᠳᠤᠨ ᠠᠪᠤᠭᠰᠠᠨ ᠪᠥᠭᠡᠳ ᠪᠤᠰᠤᠳ ᠤᠨ | ᠡᠭᠦᠳᠡᠨ ᠡᠮᠨᠡᠯᠭᠡ ᠶᠢᠨ ᠤᠵᠢᠭ ᠡᠪᠡᠳᠴᠢᠨ ᠤ ᠲᠠᠩᠰᠠ ᠲᠠᠶᠢᠯᠬᠤ ᠬᠠᠷᠠᠭᠠᠯᠵᠠᠯ ᠢ ᠬᠦᠷᠲᠡᠵᠦ᠂ ᠡᠮᠴᠢᠯᠡᠭᠡᠨ ᠤ | ᠳᠠᠭᠠᠳᠬᠠᠯ ᠤᠨ ᠨᠢᠭᠡᠳᠦᠯᠲᠡᠢ ᠲᠥᠯᠥᠪᠯᠡᠬᠦ ᠰᠠᠭᠤᠷᠢ ᠮᠥᠩᠭᠦ ᠶᠢ 12 ᠲᠦᠮᠡ ᠭᠠᠷᠤᠢ ᠲᠥᠭᠦᠷᠢᠭ ᠮᠡᠬᠡᠯᠡᠨ | ᠣᠯᠣᠭᠰᠠᠨ ᠪᠥᠭᠡᠳ ᠡᠮ ᠤᠨ ᠵᠦᠢᠯ ᠢ ᠬᠤᠶᠠᠳᠠᠭᠢ ᠤᠳᠠᠭ᠎ᠠ ᠪᠣᠷᠤᠯᠠᠭᠤᠯᠤᠭᠠᠳ ᠬᠠᠤᠯᠢ ᠠᠴᠠ ᠵᠥᠷᠢᠴᠡᠭᠰᠡᠨ | ᠣᠯᠵᠠᠪᠤᠷᠢ 1.5 ᠲᠦᠮᠡᠨ ᠲᠥᠭᠦᠷᠢᠭ ᠣᠯᠵᠤ᠂ ᠡᠴᠦᠰ ᠲᠤ ᠪᠠᠨ ᠬᠤᠶᠠᠷ ᠵᠢᠯ ᠵᠢᠷᠭᠤᠭᠠᠨ ᠰᠠᠷ᠎ᠠ ᠶᠢᠨ | ᠬᠤᠭᠤᠴᠠᠭ᠎ᠠ ᠲᠠᠢ ᠬᠤᠷᠢᠬᠤ ᠶᠠᠯ᠎ᠠ ᠪᠠᠷ ᠰᠢᠢᠳᠬᠡᠭᠳᠡᠭᠰᠡᠨ ᠮᠥᠷᠲᠡᠭᠡᠨ ᠲᠠᠪᠤᠨ ᠮᠢᠩᠭᠠᠨ ᠲᠥᠭᠦᠷᠢᠭ ᠢᠶᠠᠷ | ᠲᠣᠷᠭᠠᠭᠳᠠᠪᠠ᠃ ᠰᠢᠦᠢ ᠣᠪᠣᠭᠲᠤ ᠶᠢᠨ ᠦᠢᠯᠡ ᠠᠵᠢᠯᠯᠠᠭ᠎ᠠ ᠨᠢ ︽ᠬᠠᠭᠤᠷᠮᠠᠭᠯᠠᠨ ᠡᠮᠴᠢᠯᠡᠭᠦᠯᠦᠭᠰᠡᠨ︾ ᠳᠤ | ᠲᠣᠭᠠᠴᠠᠭᠳᠠᠬᠤ ᠪᠠᠷ ᠦᠯᠦ ᠪᠠᠷᠠᠮ ᠪᠠᠰᠠ ᠶᠠᠯ᠎ᠠ ᠬᠢᠭᠰᠡᠨ ᠶᠠᠪᠤᠳᠠᠯ ᠪᠣᠯᠣᠭᠰᠠᠨ ᠠᠴᠠ ᠰᠢᠭᠦᠬᠦ ᠬᠤᠷᠢᠶ᠎ᠠ ︽ | ᠡᠷᠡᠭᠦᠦ ᠶᠢᠨ ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠤᠳ ᠢ ᠦᠨᠳᠦᠰᠦᠯᠡᠨ ᠲᠡᠭᠦᠨ ᠢ ᠰᠢᠭᠦᠨ ᠲᠠᠰᠤᠯᠪᠠ | ᠃ | ᠠᠰᠠᠭᠤᠯᠲᠠ᠄ ᠨᠠᠰᠤᠲᠠᠨ ᠬᠥᠳᠡᠯᠵᠦ ᠪᠠᠷᠢᠬᠤ ᠳᠤ ᠪᠠᠨ ᠳᠥᠭᠦᠮ ᠦᠭᠡᠢ᠂ ᠦᠷ᠎ᠡ ᠬᠡᠦᠬᠡᠳ ᠨᠢ ᠲᠡᠳᠡᠨ ᠢ | ᠬᠠᠪᠰᠤᠷᠴᠤ ᠡᠮ ᠬᠤᠳᠠᠯᠳᠤᠨ ᠠᠪᠴᠤ ᠥᠭᠴᠦ ᠪᠣᠯᠣᠨ᠎ᠠ ᠦᠦ︖ | ᠬᠠᠷᠢᠭᠤᠯᠲᠠ᠄ ᠪᠣᠯᠣᠨ᠎ᠠ᠃ ︽ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠬᠡᠷᠡᠭᠯᠡᠬᠦ ᠶᠢ ᠬᠢᠨᠠᠨ | ᠬᠠᠮᠢᠶᠠᠷᠬᠤ ᠳᠦᠷᠢᠮ︾ ᠤᠨ ᠠᠷᠪᠠᠨ ᠳᠣᠯᠣᠳᠤᠭᠠᠷ ᠵᠦᠢᠯ ᠤᠨ ᠬᠤᠶᠠᠳᠤᠭᠠᠷ ᠪᠠᠳᠠᠭ ᠲᠤ᠄ ︽ᠣᠨᠴᠠᠭᠠᠶ | ᠰᠢᠯᠲᠠᠭᠠᠨ ᠠᠴᠠ ᠪᠣᠯᠵᠤ ᠪᠤᠰᠤᠳ ᠲᠤ ᠨᠠᠶᠢᠳᠠᠨ ᠡᠮ ᠬᠤᠳᠠᠯᠳᠤᠨ ᠠᠪᠤᠭᠤᠯᠬᠤ ᠴᠢᠬᠤᠯᠠᠲᠠᠢ ᠪᠣᠯ᠂ ᠨᠠᠶᠢᠳᠠᠭᠴᠢ | ᠪᠠ ᠨᠠᠶᠢᠳᠠᠯᠭ᠎ᠠ ᠬᠦᠯᠢᠶᠡᠭᠴᠢ ᠪᠡᠶ᠎ᠡ ᠶᠢᠨ ᠦᠨᠡᠮᠯᠡᠯ ᠢᠶᠠᠨ ᠬᠠᠩᠭᠠᠪᠠᠯ ᠵᠣᠬᠢᠨ᠎ᠠ︾ ᠭᠡᠵᠦ ᠲᠣᠳᠣᠷᠬᠠᠢ ᠲᠣᠭᠲᠠᠭᠠᠵᠠᠢ᠃ | | ᠡᠶᠢᠮᠦ ᠠᠴᠠ᠂ ᠨᠠᠰᠤᠲᠠᠨ ᠬᠥᠳᠡᠯᠵᠦ ᠪᠠᠷᠢᠬᠤ ᠳᠤ ᠪᠠᠨ ᠳᠥᠭᠦᠮ ᠦᠭᠡᠢ ᠵᠡᠷᠭᠡ ᠣᠨᠴᠠᠭᠠᠢ ᠪᠠᠶᠢᠳᠠᠯ ᠳᠤ᠂ | ᠦᠷ᠎ᠡ ᠬᠡᠦᠬᠡᠳ ᠨᠢ ᠣᠷᠣᠯᠠᠨ ᠡᠮ ᠬᠤᠳᠠᠯᠳᠤᠨ ᠠᠪᠴᠤ ᠥᠭᠴᠦ ᠪᠣᠯᠣᠨ᠎ᠠ᠃ ᠭᠡᠪᠡᠴᠦ ᠡᠮ ᠬᠤᠳᠠᠯᠳᠤᠨ | ᠠᠪᠬᠤ ᠳᠤ ᠪᠠᠨ ᠡᠮ ᠤᠤᠭᠤᠬᠤ ᠬᠥᠮᠥᠨ ᠤ ᠡᠮᠴᠢᠯᠡᠭᠡᠨ ᠤ ᠳᠠᠭᠠᠳᠬᠠᠯ ᠤᠨ ᠺᠠᠷᠲ ᠢ ᠬᠡᠷᠡᠭᠯᠡᠬᠦ ᠬᠡᠷᠡᠭᠲᠡᠢ ᠪᠥᠭᠡᠳ | ᠨᠠᠶᠢᠳᠠᠭᠴᠢ ᠪᠠ ᠨᠠᠶᠢᠳᠠᠯᠭ᠎ᠠ ᠬᠦᠯᠢᠶᠡᠭᠴᠢ ᠶᠢᠨ ᠪᠡᠶ᠎ᠡ ᠶᠢᠨ ᠦᠨᠡᠮᠯᠡᠯ ᠢᠶᠠᠨ ᠭᠠᠷᠭᠠᠵᠤ ᠦᠵᠡᠭᠦᠯᠬᠦ ᠬᠡᠷᠡᠭᠲᠡᠢ᠃ | ᠠᠵᠢᠯᠲᠠᠨ ᠤ ᠡᠮᠴᠢᠯᠡᠭᠡᠨ ᠤ ᠳᠠᠭᠠᠳᠬᠠᠯ ᠤᠨ ᠬᠤᠪᠢ ᠬᠥᠮᠥᠨ ᠤ ᠳᠠᠩᠰᠠᠨ ᠤ ᠮᠦᠩᠭᠦ ᠶᠢ ᠭᠡᠷ ᠪᠦᠯᠢ | ᠬᠠᠮᠲᠤ ᠪᠠᠷ ᠬᠡᠷᠡᠭᠯᠡᠵᠦ ᠪᠣᠯᠣᠨ᠎ᠠ᠂ ᠭᠡᠪᠡᠴᠦ ᠶᠠᠮᠠᠷᠪᠠ ᠬᠥᠮᠥᠨ ᠤ ᠡᠮᠴᠢᠯᠡᠭᠡᠨ ᠤ ᠳᠠᠭᠠᠳᠬᠠᠯ ᠤᠨ ᠺᠠᠷᠲ ᠢ | ᠬᠠᠮᠲᠤ ᠪᠠᠷ ᠬᠡᠷᠡᠭᠯᠡᠵᠦ ᠪᠣᠯᠬᠤ ᠦᠭᠡᠢ ᠭᠡᠳᠡᠭ ᠢ ᠪᠠᠲᠤ ᠴᠡᠭᠡᠵᠢᠯᠡᠭᠡᠷᠡᠢ︕ | |