ᠮᠠᠨ ᠤ ᠤᠯᠤᠰ ᠤᠨ ᠪᠠᠷᠠᠭᠤᠨ ᠬᠤᠶᠢᠲᠤ ᠣᠷᠣᠨ᠂ ᠤᠮᠠᠷᠠᠲᠤ ᠣᠷᠣᠨ᠂ ᠵᠡᠭᠦᠨ ᠬᠤᠶᠢᠲᠤ ᠣᠷᠣᠨ ᠢᠶᠠᠷ | ᠬᠥᠨᠳᠡᠯᠢᠰᠴᠦ ᠪᠠᠶᠢᠭ᠎ᠠ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠳᠤ ᠵᠡᠭᠦᠨᠰᠢ ᠪᠠᠷᠠᠭᠤᠨᠰᠢ 2000 | ᠭᠠᠷᠤᠢ ᠺᠢᠯᠣᠮᠧᠲᠷ ᠠᠯᠤᠰᠯᠠᠵᠤ ᠪᠠᠶᠢᠭ᠎ᠠ ᠡᠯᠡᠰᠦᠨ ᠲᠠᠯᠠᠢ ᠳᠤ ᠦᠪᠤᠷ ᠮᠤᠩᠭᠤᠯ ᠤᠨ ᠬᠢᠨ ᠠᠯᠢ ᠡᠷᠲᠡ | ᠳᠠᠭᠠᠷᠢᠯᠲᠠ ᠶᠢᠨ ᠪᠦᠷᠢᠶ᠎ᠡ ᠶᠢ ᠬᠠᠩᠭᠢᠨᠠᠭᠤᠯᠤᠭᠰᠠᠨ ᠶᠤᠮ᠃ | ᠮᠠᠨ ᠤ ᠤᠯᠤᠰ ᠪᠣᠯ ᠳᠡᠯᠡᠬᠡᠢ ᠳᠡᠭᠡᠷᠡᠬᠢ ᠴᠦᠯᠯᠡᠷᠬᠡᠭᠵᠢᠯ ᠢᠶᠠᠷ ᠬᠠᠮᠤᠭ ᠤᠨ ᠨᠣᠴᠢᠲᠠᠢ ᠤᠯᠤᠰ ᠤᠨ ᠨᠢᠬᠡ᠂ | ᠴᠦᠯᠯᠡᠷᠬᠡᠭᠵᠢᠭᠰᠡᠨ ᠭᠠᠵᠠᠷ ᠰᠢᠷᠣᠢ ᠨᠢ ᠭᠤᠣᠯᠳᠠᠭᠤ ︽ᠭᠤᠷᠪᠠᠨ ᠤᠮᠠᠷᠠᠲᠤ︾ ᠶᠢᠨ ᠭᠠᠵᠠᠷ ᠣᠷᠣᠨ ᠢᠶᠠᠷ ᠲᠠᠷᠬᠠᠵᠤ | ᠂ ᠣᠷᠣᠨ ᠪᠦᠰᠡ ᠶᠢᠨ ᠠᠵᠤ ᠠᠬᠤᠢ ᠶᠢᠨ ᠬᠥᠭᠵᠢᠯᠲᠡ᠂ ᠳᠤᠮᠳᠠᠳᠤ ᠶᠢᠨ ᠦᠨᠳᠦᠰᠦᠲᠡᠨ ᠤ ᠣᠷᠣᠰᠢᠨ ᠲᠣᠭᠲᠠᠨᠢᠵᠤ | ᠬᠥᠭᠵᠢᠬᠦ ᠳᠤ ᠥᠷᠢᠰᠦᠯᠳᠦᠭᠡᠨ ᠪᠣᠯᠵᠤ ᠪᠠᠶᠢᠨ᠎ᠠ᠃ ᠨᠢᠳᠤᠨᠤᠨ ᠤ 6 ᠳ᠋ᠤᠭᠠᠷ ᠰᠠᠷ᠎ᠠ ᠳᠤ ᠴᠦᠯᠯᠡᠷᠬᠡᠭᠵᠢᠯ ᠢ | ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ᠤᠮᠠᠷᠠᠲᠤ ᠶᠢᠨ ᠭᠤᠷᠪᠠᠨ ᠣᠷᠣᠨ︾ ᠤ ᠠᠮᠢ ᠠᠬᠤᠢ | ᠶᠢᠨ ᠵᠠᠰᠠᠯᠳᠠ ᠶᠢᠨ ᠠᠵᠢᠯ ᠢ ᠠᠬᠢᠭᠤᠯᠬᠤ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ | ᠪᠦᠲᠦᠭᠡᠨ ᠪᠠᠶᠢᠭᠤᠯᠤᠯᠲᠠ ᠶᠢᠨ ᠶᠠᠷᠢᠯᠴᠠᠬᠤ ᠬᠤᠷᠠᠯ ᠢ ᠥᠪᠥᠷ ᠮᠣᠩᠭᠤᠯ ᠳᠤ ᠬᠤᠷᠠᠯᠳᠤᠭᠤᠯᠪᠠ᠃ ᠬᠤᠷᠠᠯ ᠳᠡᠭᠡᠷ᠎ᠡ | ︽︿ᠭᠤᠷᠪᠠᠨ ᠤᠮᠠᠷᠠᠲᠤ ᠶᠢᠨ﹀ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠬᠢᠬᠦ︾ ᠤᠷᠢᠶᠠᠯᠠᠭ᠎ᠠ | ᠭᠠᠷᠭᠠᠵᠤ᠂ ᠬᠠᠲᠤᠨ ᠭᠤᠣᠯ ᠤᠨ ︽ ᠬᠡᠳᠤᠨ ᠨᠤᠭᠤᠯᠤᠭ᠎ᠠ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠪᠠ | ᠬᠤᠷᠴᠢᠨ ᠤ ᠡᠯᠡᠰᠤ᠂ ᠬᠤᠯᠠᠨ ᠰᠢᠷᠭ᠎ᠠ ᠲᠠᠭ᠎ᠠ ᠶᠢᠨ ᠡᠯᠡᠰᠤ ᠵᠡᠷᠬᠡ ᠬᠤᠶᠠᠷ ᠶᠡᠭᠡ ᠡᠯᠡᠰᠦᠷᠬᠡᠭ ᠭᠠᠵᠠᠷ ᠢ | ᠨᠤᠭᠤᠭᠠᠷᠠᠭᠤᠯᠬᠤ ᠲᠠᠶᠢᠯᠠᠯᠳᠤᠭᠠᠨ᠂ ᠬᠠᠲᠤᠨ ᠭᠤᠣᠯ ᠤᠨ ᠪᠠᠷᠠᠭᠤᠨ ᠬᠤᠩᠭᠢᠯ ︱ ᠲᠠᠺᠯᠢᠮᠠᠺᠠᠨ ᠡᠯᠡᠰᠦᠨ | ᠴᠥᠯ ᠤᠨ ᠵᠠᠬ᠎ᠠ ᠳᠤ ᠬᠢ ᠬᠤᠷᠢᠭᠯᠠᠨ ᠴᠣᠬᠢᠬᠤ ᠲᠠᠶᠢᠯᠠᠯᠳᠤᠭᠠᠨ ᠵᠡᠷᠭᠡ ᠪᠡᠯᠭᠡ ᠲᠡᠮᠳᠡᠭᠴᠢ ᠭᠤᠷᠪᠠᠨ | ᠳᠠᠶᠢᠯᠠᠯᠳᠤᠭᠠᠨ ᠢ ᠴᠢᠷᠮᠠᠶᠢᠨ ᠰᠠᠶᠢᠲᠤᠷ ᠬᠢᠬᠦ ᠬᠡᠷᠡᠭᠲᠡᠢ ᠭᠡᠵᠦ ᠳᠤᠷᠠᠳᠤᠨ ᠭᠠᠷᠭᠠᠪᠠ᠃ | ᠨᠢᠳᠤᠨᠤᠨ ᠠᠴᠠ ᠨᠠᠭᠠᠰᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠨ ᠶᠠᠷᠢᠯᠴᠠᠬᠤ ᠬᠤᠷᠠᠯ ᠤᠨ | ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠨᠡ ᠵᠢᠯ ᠤᠨ ᠪᠣᠭᠤᠮᠲᠠ ᠰᠢᠪᠲᠤᠯᠬᠤ | ᠳᠠᠶᠢᠯᠠᠯᠳᠤᠭᠠᠨ ᠢ ᠪᠦᠬᠦ ᠲᠠᠯ᠎ᠠ ᠪᠠᠷ ᠡᠬᠢᠯᠡᠬᠦᠯᠤᠬᠡᠳ ᠺᠠᠳ᠋ᠷ ᠤᠯᠠᠨ ᠲᠦᠮᠡᠨ ᠡᠯᠡᠰᠦ ᠶᠢ ᠵᠠᠰᠠᠬᠤ ᠡᠮᠦᠨ᠎ᠡ ᠹᠷᠣᠨᠲ ᠲᠤ | ᠭᠠᠪᠰᠢᠭᠠᠶᠢᠯᠠᠨ ᠡᠬᠡ ᠤᠯᠤᠰ ᠤᠨ ᠤᠮᠠᠷᠠᠲᠤ ᠶᠢᠨ ᠲᠦᠮᠡᠨ ᠭᠠᠵᠠᠷ ᠤᠨ ᠨᠤᠮᠢᠨ ᠨᠣᠭᠤᠭᠠᠨ ᠤᠷᠳᠤ ᠴᠠᠭᠠᠨ ᠬᠡᠷᠡᠮ ᠢ | ᠨᠡᠩ ᠪᠠᠲᠤ ᠪᠠᠬᠢ ᠪᠠᠶᠢᠭᠤᠯᠬᠤ ᠪᠠᠷ ᠴᠢᠷᠮᠠᠶᠢᠯ᠎ᠠ᠃ | ᠪᠦᠬᠦ ᠲᠠᠯ᠎ᠠ ᠪᠠᠷ ᠳᠠᠶᠢᠴᠢᠯᠠᠵᠦ ᠨᠢᠭᠡ ᠴᠣᠭᠴᠠᠵᠢᠭᠤᠯᠤᠨ ᠠᠬᠢᠭᠤᠯᠪᠠ | ᠪᠠᠷᠠᠭᠤᠨ ᠠᠴᠠ ᠵᠡᠭᠦᠨᠰᠢ ᠬᠠᠷᠠᠬᠤ ᠳᠤ ᠥᠪᠥᠷ ᠮᠣᠩᠭᠤᠯ ᠤᠨ ᠬᠢᠯᠢ ᠳᠤ ᠪᠠᠳᠠᠢ ᠶᠢᠨ ᠵᠢᠷᠠᠨ᠂ ᠲᠡᠭᠷᠢ ᠡᠯᠡᠰᠤ᠂ | ᠤᠯᠠᠭᠠᠨᠪᠤᠬ᠎ᠠ ᠶᠢᠨ ᠡᠯᠡᠰᠤ᠂ ᠬᠥᠪᠴᠢ ᠶᠢᠨ ᠡᠯᠡᠰᠦ ᠮᠠᠩᠬ᠎ᠠ ᠪᠠ ᠮᠤᠤᠠᠤᠰᠤ᠂ ᠬᠤᠯᠠᠨ ᠰᠢᠷᠭ᠎ᠠ ᠲᠠᠭ᠎ᠠ ᠶᠢᠨ ᠡᠯᠡᠰᠤ | ᠂ ᠬᠤᠷᠴᠢᠨ ᠤ ᠡᠯᠡᠰᠤ᠂ ᠬᠥᠯᠥᠨ ᠪᠤᠶᠢᠷ ᠤᠨ ᠡᠯᠡᠰᠦᠷᠬᠡᠭ ᠭᠠᠵᠠᠷ ᠲᠠᠷᠬᠠᠵᠤ ᠪᠤᠢ᠃ ᠠᠮᠢ ᠠᠬᠤᠢ ᠬᠡᠪᠡᠷᠡᠭ ᠣᠷᠣᠨ | ᠪᠠ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠪᠣᠯᠤᠭᠰᠠᠨ ᠤ | ᠬᠤᠪᠢ ᠳᠤ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢ ᠥᠪᠥᠷ ᠮᠣᠩᠭᠤᠯ ᠤᠨ ᠺᠠᠳ᠋ᠷ ᠤᠯᠠᠨ | ᠲᠦᠮᠡᠨ ᠬᠦᠴᠦ ᠵᠠᠯᠭᠠᠨ ᠡᠷᠡᠯᠬᠡᠭᠯᠡᠨ ᠲᠡᠮᠡᠴᠡᠵᠦ᠂ ᠡᠯᠡᠰᠦ ᠶᠢ ᠰᠡᠷᠭᠡᠶᠢᠯᠡᠵᠦ ᠵᠠᠰᠠᠭᠰᠠᠨ ᠠᠮᠵᠢᠯᠲᠠ ᠪᠦᠲᠦᠮᠵᠢ ᠨᠢ | ᠬᠥᠮᠥᠰ ᠤᠨ ᠠᠩᠬᠠᠷᠤᠯ ᠢ ᠲᠠᠲᠠᠪᠠ᠃ | ᠰᠢᠨ᠎ᠡ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠰᠠᠶᠢᠲᠤᠷ ᠨᠠᠶᠢᠳᠠᠪᠤᠷᠢᠵᠢᠭᠤᠯᠵᠤ᠂ ︽ | ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ | ᠣᠯᠬᠤ ᠶᠢᠨ ᠲᠥᠯᠥᠭᠡ ᠨᠢᠳᠤᠨᠤᠨ ᠵᠢᠯ ᠤᠨ ᠰᠡᠭᠦᠯᠴᠢ ᠪᠠᠷ ᠬᠤᠷᠠᠯᠳᠤᠭᠰᠠᠨ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠦᠬᠦᠳᠡ ᠬᠤᠷᠠᠯ | ᠲᠡᠬᠡᠷ᠎ᠡ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠴᠠᠬᠢᠯᠭᠠᠨ ᠭᠡᠷᠡᠯ ᠴᠡᠨᠡᠭ ᠢ ᠨᠢᠭᠡ | ᠴᠣᠭᠴᠠᠵᠢᠭᠤᠯᠬᠤ ᠢᠨᠵᠧᠨᠧᠷᠢᠩ ᠢ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠢᠨᠵᠧᠨᠧᠷᠢᠩ ᠪᠤᠯᠭᠠᠵᠠᠢ᠃ | ᠵᠣᠬᠢᠶᠠᠨ ᠪᠠᠶᠢᠭᠤᠯᠵᠤ ᠵᠢᠯᠤᠭᠤᠳᠬᠤ ᠶᠢ ᠴᠢᠩᠭᠠᠳᠬᠠᠬᠤ ᠶᠢᠨ ᠲᠥᠯᠥᠭᠡ ᠥᠪᠥᠷ ᠮᠣᠩᠭᠤᠯ ᠪᠠᠰᠠ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ︽ᠭᠤᠷᠪᠠᠨ | ᠤᠮᠠᠷᠠᠲᠤ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ | ᠠᠬᠢᠭᠤᠯᠬᠤ ᠤᠳᠤᠷᠢᠳᠬᠤ ᠳᠤᠭᠤᠶᠢᠯᠠᠩ ᠢ ᠪᠠᠶᠢᠭᠤᠯᠤᠭᠰᠠᠨ ᠪᠥᠭᠡᠳ ᠠᠵᠢᠯ ᠤᠨ ᠲᠤᠰᠬᠠᠢ ᠠᠩᠭᠢ ᠪᠠᠶᠢᠭᠤᠯᠵᠤ᠂ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠭᠤᠷᠪᠠᠨ ᠤᠮᠠᠷᠠᠲᠤ﹀ ᠶᠢᠨ ᠢᠨᠵᠧᠨᠧᠷᠢᠩ ᠤᠨ | ᠵᠢᠷᠭᠤᠳᠤᠭᠠᠷ ᠬᠤᠭᠤᠴᠠᠭᠠᠨ ᠤ ᠲᠥᠯᠦᠪᠵᠢᠭᠦᠯᠭᠡ ︵2021 ︱ 2030 ᠣᠨ︶︾ ᠪᠣᠯᠣᠨ ᠪᠡᠯᠭᠡ ᠲᠡᠮᠳᠡᠭᠴᠢ | ᠭᠤᠷᠪᠠᠨ ᠳᠠᠶᠢᠯᠠᠯᠳᠤᠭᠠᠨ ᠤ ᠲᠤᠬᠠᠢ ᠬᠡᠷᠡᠭᠵᠢᠭᠦᠯᠬᠦ ᠲᠥᠰᠥᠯ ᠢ ᠨᠠᠶᠢᠷᠠᠭᠤᠯᠤᠨ ᠵᠣᠬᠢᠶᠠᠵᠤ ᠳᠠᠭᠤᠰᠬᠠᠭᠠᠳ᠂ ᠪᠥᠬᠦ | ᠣᠷᠣᠨ ᠤ 103 ᠬᠤᠰᠢᠭᠤ ᠰᠢᠶᠠᠨ ᠲᠣᠭᠤᠷᠢᠭ ᠢ ᠴᠥᠮ ᠬᠡᠷᠡᠭᠵᠢᠭᠦᠯᠬᠦ ᠬᠡᠪᠴᠢᠶᠡᠨ ᠳᠤ ᠣᠷᠣᠭᠤᠯᠪᠠ᠃ | ᠡᠯ᠎ᠡ ᠭᠠᠵᠠᠷ ᠤᠨ ᠬᠢᠨ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠢ ᠲᠣᠬᠢᠷᠠᠭᠤᠯᠭ᠎ᠠ ᠪᠠᠷ ᠵᠠᠰᠠᠬᠤ ᠲᠥᠷᠥᠯ | ᠵᠦᠢᠯ ᠢᠶᠠᠨ ᠤᠷᠢᠳᠴᠢᠯᠠᠨ ᠲᠥᠯᠥᠪᠵᠢᠭᠦᠯᠵᠦ᠂ ᠮᠠᠰᠢᠨ ᠮᠧᠬᠠᠨᠢᠭ᠂ ᠡᠯᠡᠰᠦᠨ ᠬᠠᠯᠬᠠᠪᠴᠢ ᠶᠢᠨ ᠲᠦᠭᠦᠬᠡᠢ | ᠮᠠᠲ᠋ᠧᠷᠢᠶᠠᠯ᠂ ᠴᠢᠬᠢ ᠮᠣᠳᠣ᠂ ᠡᠪᠡᠰᠦᠨ ᠤ ᠦᠷ᠎ᠡ᠂ ᠬᠥᠮᠥᠨ ᠤ ᠬᠦᠴᠦᠨ ᠢ ᠴᠤᠭᠯᠠᠭᠤᠯᠵᠤ᠂ ᠪᠡᠯᠭᠡ ᠲᠡᠮᠳᠡᠭᠴᠢ | ᠭᠤᠷᠪᠠᠨᠢ ᠳᠠᠶᠢᠯᠠᠯᠳᠤᠭᠠᠨ ᠢ ᠬᠠᠪᠤᠷ ᠪᠤᠯᠤᠩᠭᠤᠳᠠ ᠪᠥᠬᠦ ᠲᠠᠯ᠎ᠠ ᠪᠠᠷ ᠡᠬᠢᠯᠡᠭᠦᠯᠬᠦ ᠶᠢ ᠬᠦᠴᠦᠲᠡᠢ ᠪᠠᠲᠤᠯᠠᠪᠠ᠃ | ᠣᠷᠳᠣᠰ ᠬᠤᠳᠠ ᠶᠢᠨ ᠬᠠᠩᠭᠢᠨ ᠬᠤᠰᠢᠭᠤᠨ ᠤ ᠬᠥᠪᠴᠢ ᠶᠢᠨ ᠡᠯᠡᠰᠦᠨ ᠴᠦᠯ ᠤᠨ ᠬᠤᠶᠢᠲᠤ ᠵᠠᠬ᠎ᠠ ᠶᠢᠨ | ᠤᠢ ᠶᠢᠨ ᠪᠦᠰᠡ ᠶᠢᠨ ᠲᠦᠷᠦᠯ ᠵᠦᠢᠯ ᠤᠨ ᠲᠣᠭᠤᠷᠢᠭ ᠲᠤ ᠪᠤᠷᠭᠠᠰᠤ ᠶᠢ ᠬᠡᠷᠴᠢᠵᠤ᠂ ᠭᠤᠤ ᠰᠤᠪᠠᠭ ᠮᠠᠯᠲᠠᠵᠤ᠂ | ᠡᠯᠡᠰᠦᠨ ᠬᠤᠷᠢᠭ᠎ᠠ ᠲᠠᠷᠤᠪᠠ᠁ ᠬᠠᠪᠤᠷ ᠤᠨ ᠠᠭᠤᠷ ᠣᠷᠣᠭᠰᠠᠨ ᠤ ᠲᠠᠷᠠᠭ᠎ᠠ ᠡᠯᠡᠰᠦ ᠵᠠᠰᠠᠬᠤ ᠬᠡᠳᠦᠨ ᠮᠢᠩᠭᠠᠨ | ᠬᠥᠮᠥᠰ ᠡᠯᠡᠰᠦᠨ ᠲᠠᠩᠭᠢᠰ ᠤᠷᠤᠭᠤ ᠴᠡᠷᠢᠭᠯᠡᠯᠡ᠃ ᠬᠠᠩᠭᠢᠨ ᠬᠤᠰᠢᠭᠤᠨ ᠤ ᠤᠢ ᠰᠢᠭᠤᠢ ᠡᠪᠡᠰᠦ ᠪᠡᠯᠴᠢᠭᠡᠷ ᠤᠨ | ᠲᠣᠪᠴᠢᠶ᠎ᠠ ᠶᠢᠨ ᠳᠡᠳ᠋ ᠳᠠᠷᠤᠭ᠎ᠠ ᠯᠢ ᠱᠤ᠋ ᠫᠸᠡᠭ᠄ ︽ᠮᠠᠨ ᠤ ᠠᠳᠡ ᠬᠠᠪᠤᠷ ᠣᠬᠤᠷ ᠪᠤᠯᠬᠤᠷ ᠴᠠᠭ ᠬᠤᠭᠤᠴᠠᠭ᠎ᠠ | ᠬᠦᠮᠦᠨ ᠢ ᠬᠦᠯᠢᠶᠡᠬᠦ ᠦᠬᠡᠢ᠃ ᠡᠨᠡ ᠵᠢᠯ ᠬᠥᠪᠴᠢ ᠶᠢᠨ ᠡᠯᠡᠰᠦᠨ ᠴᠦᠯ ᠤᠨ ᠬᠤᠶᠢᠲᠤ ᠵᠠᠬ᠎ᠠ ᠶᠢᠨ 188 | ᠺᠢᠯᠤᠮᠥᠲᠷ ᠤᠨ ᠡᠯᠡᠰᠦ ᠶᠢ ᠰᠡᠷᠭᠡᠶᠢᠯᠡᠵᠦ ᠭᠤᠣᠯ ᠢ ᠬᠠᠮᠠᠭᠠᠯᠠᠬᠤ ᠬᠥᠪᠡᠭᠡ ᠶᠢ ᠲᠦᠭᠵᠢᠬᠦ ᠤᠢ ᠶᠢᠨ ᠪᠦᠰᠡ ᠪᠣᠯᠣᠨ | ᠥᠷᠥᠴᠡ ᠭᠠᠵᠠᠷ ᠤᠨ 240 ᠺᠢᠯᠤᠮᠥᠲᠷ ᠤᠨ ᠰᠠᠯᠬᠢ ᠡᠯᠡᠰᠦᠨ ᠤ ᠵᠠᠮ ᠤᠨ ᠬᠤᠷᠢᠭᠯᠠᠯᠲᠠ ᠶᠢᠨ ᠪᠦᠰᠡ ᠵᠡᠷᠭᠡ | ᠲᠦᠷᠦᠯ ᠵᠦᠢᠯ ᠢ ᠡᠬᠢᠯᠡᠨ ᠪᠦᠲᠦᠭᠡᠨ ᠪᠠᠶᠢᠭᠤᠯᠵᠤ ᠪᠠᠶᠢᠨ᠎ᠠ᠂ ᠭᠤᠣᠯᠳᠠᠭᠤ ᠪᠠᠷᠢᠯᠭ᠎ᠠ ᠪᠠᠷ ᠡᠯᠡᠰᠦ ᠶᠢ | ᠲᠣᠭᠲᠠᠪᠤᠷᠢᠵᠢᠭᠤᠯᠬᠤ᠂ ᠣᠶᠢᠵᠢᠭᠤᠯᠵᠤ ᠡᠪᠡᠰᠦ ᠲᠠᠷᠢᠬᠤ ᠵᠡᠷᠭᠡ ᠠᠷᠭ᠎ᠠ ᠪᠠᠷ ᠡᠯᠡᠰᠦ ᠶᠢ ᠰᠡᠷᠭᠡᠶᠢᠯᠡᠨ ᠡᠯᠡᠰᠦ ᠶᠢ | ᠵᠠᠰᠠᠵᠤ᠂ ᠡᠯᠡᠰᠦᠨ ᠴᠦᠯ ᠤᠨ ᠡᠮᠦᠨᠡᠰᠢ ᠰᠢᠯᠵᠢᠵᠦ ᠤᠮᠠᠷᠠᠰᠢ ᠥᠷᠭᠡᠳᠬᠦ ᠶᠢ ᠪᠦᠬᠦ ᠲᠠᠯ᠎ᠠ ᠪᠠᠷ ᠬᠤᠷᠢᠭᠯᠠᠨ᠎ᠠ︾ | ᠭᠡᠵᠦ ᠬᠡᠯᠡᠪᠡ᠃ ᠥᠪᠥᠷ ᠮᠣᠩᠭᠤᠯ ᠤᠨ ᠡᠯ᠎ᠡ ᠡᠯᠡᠰᠦ ᠵᠠᠰᠠᠬᠤ ᠣᠷᠣᠨ ᠤ ᠬᠢᠨ ᠤᠷᠴᠢᠮ ᠳᠤ ᠴᠠᠭ ᠤᠯᠠᠷᠢᠯ ᠪᠣᠯᠣᠨ | ᠴᠢᠭᠢᠭ ᠤᠨ ᠪᠠᠶᠢᠳᠠᠯ ᠢ ᠠᠮᠵᠢᠨ ᠡᠪᠡᠰᠦ ᠮᠣᠳᠣ ᠲᠠᠷᠢᠵᠤ ᠪᠠᠶᠢᠨ᠎ᠠ᠃ | ᠡᠨᠡ ᠵᠢᠯ ᠥᠪᠥᠷ ᠮᠣᠩᠭᠤᠯ ᠤᠨ ᠬᠢᠨ ᠪᠠᠰᠠ ᠪᠡᠯᠭᠡ ᠲᠡᠮᠳᠡᠭᠴᠢ ᠭᠤᠷᠪᠠᠨ ᠳᠠᠶᠢᠯᠠᠯᠳᠤᠭᠠᠨ ᠤ ᠣᠷᠣᠨ | ᠪᠦᠰᠡ ᠪᠠᠷ ᠭᠤᠣᠯᠳᠠᠯᠭ᠎ᠠ ᠪᠣᠯᠭᠠᠵᠤ᠂ 40 ᠭᠠᠵᠠᠷ ᠤᠨ ᠨᠢᠮᠪᠡᠭᠡ᠂ ᠰᠢᠷ᠎ᠠ ᠪᠤᠷᠭᠠᠰᠤ᠂ ᠴᠢᠴᠠᠷᠭᠠᠨ᠎ᠠ ᠵᠡᠷᠭᠡ | ᠡᠯᠡᠰᠦᠨ ᠳᠤ ᠤᠷᠭᠤᠬᠤ ᠪᠣᠳᠠ ᠮᠣᠳᠣᠨ ᠤ ᠴᠢᠬᠢ ᠶᠢᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠳᠤ ᠪᠡᠯᠡ | ᠮᠥᠩᠭᠦ ᠲᠣᠬᠢᠷᠠᠭᠤᠯᠤᠨ᠂ ᠡᠯᠡᠰᠦ ᠶᠢ ᠵᠠᠰᠠᠬᠤ ᠳᠤ ᠬᠡᠷᠡᠭᠯᠡᠬᠦ ᠴᠢᠬᠢ ᠶᠢᠨ ᠬᠡᠷᠡᠭᠴᠡᠭᠡ ᠶᠢ ᠴᠢᠷᠮᠠᠶᠢᠨ ᠪᠠᠳᠤᠯᠠᠬᠰᠠᠨ | ᠠᠴᠠ ᠭᠠᠳᠠᠨ᠎ᠠ ᠥᠪᠥᠷ ᠮᠣᠩᠭᠤᠯ ᠤᠨ ᠬᠢᠨ ᠪᠠᠰᠠ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ | ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠡᠯᠡᠰᠦᠷᠬᠡᠭᠵᠢᠬᠦ ᠶᠢ ᠰᠡᠷᠭᠡᠶᠢᠯᠡᠨ ᠡᠯᠡᠰᠦ ᠶᠢ ᠵᠠᠰᠠᠬᠤ ᠡᠭᠦᠷᠭᠡ ᠶᠢ | ᠡᠭᠦᠷᠭᠡᠯᠡᠬᠦ ᠶᠢ ᠳᠡᠮᠵᠢᠬᠦ ᠰᠢᠨ᠎ᠡ ᠠᠷᠭ᠎ᠠ ᠪᠠᠷ ︽ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ︾ ᠠᠷᠭ᠎ᠠ ᠶᠢ | ᠢᠳᠡᠪᠬᠢᠲᠡᠢ ᠬᠡᠷᠡᠭᠵᠢᠭᠦᠯᠵᠦ᠂ ᠮᠠᠯᠴᠢᠨ ᠲᠠᠷᠢᠶᠠᠴᠢᠳ ᠢ ᠳᠠᠶᠢᠴᠢᠯᠠᠨ ᠡᠯᠡᠰᠦᠷᠬᠡᠭᠵᠢᠬᠦ ᠶᠢ ᠰᠡᠷᠭᠡᠶᠢᠯᠡᠨ ᠡᠯᠡᠰᠦ ᠶᠢ | ᠵᠠᠰᠠᠬᠤ ᠠᠵᠢᠯ ᠳᠤ ᠢᠳᠡᠪᠬᠢᠲᠡᠢ ᠣᠷᠣᠯᠴᠠᠭᠤᠯᠵᠠᠢ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠨ 3 ᠰᠠᠷ᠎ᠠ ᠶᠢᠨ 18 ᠤ ᠡᠳᠦᠷ ᠪᠠᠰᠠ 2024 | ᠣᠨ ᠤ 2 ᠳ᠋ᠤᠭᠠᠷ ᠶᠡᠷᠦᠩᠬᠡᠢ ᠣᠶ ᠰᠢᠭᠤᠢ ᠶᠢᠨ ᠳᠠᠷᠤᠭ᠎ᠠ ᠶᠢᠨ ᠵᠠᠷᠯᠢᠭ ᠢ ᠨᠡᠶᠢᠲᠡᠯᠡᠵᠦ᠂ ︽ᠭᠤᠷᠪᠠᠨ ᠤᠮᠠᠷᠠᠲᠤ ︾ | ᠶᠢᠨ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠪᠠ ᠪᠡᠯᠭᠡ ᠲᠡᠮᠳᠡᠭᠴᠢ ᠭᠤᠷᠪᠠᠨ ᠳᠠᠶᠢᠯᠠᠯᠳᠤᠭᠠᠨ ᠢ | ᠰᠠᠶᠢᠲᠤᠷ ᠬᠢᠵᠦ᠂ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ | ᠬᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠶᠡᠭᠡ ᠪᠠᠷ ᠬᠡᠷᠡᠭᠵᠢᠭᠦᠯᠬᠦ ᠲᠤᠬᠠᠢ ᠪᠣᠳᠠᠲᠠᠢ ᠪᠠᠷ | ᠪᠠᠶᠢᠷᠢᠯᠠᠭᠤᠯᠪᠠ᠃ ᠢᠨᠵᠧᠨᠧᠷᠢᠩ ᠤᠨ ᠬᠠᠮ ᠳᠠᠶᠢᠯᠠᠯᠳᠤᠭᠠᠨ ᠢ ᠰᠠᠶᠢᠲᠤᠷ ᠵᠣᠬᠢᠶᠠᠨ ᠪᠠᠶᠢᠭᠤᠯᠬᠤ ᠶᠢᠨ ᠲᠥᠯᠥᠭᠡ | ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠤᠳᠤᠷᠢᠳᠬᠤ ᠺᠠᠳ᠋ᠷ ᠠᠷᠪᠠᠨ ᠵᠠᠮ ᠬᠤᠪᠢᠶᠠᠨ᠂ 12 ᠠᠶᠢᠮᠠᠭ ᠬᠤᠳᠠ ᠶᠢᠨ ᠡᠯᠡᠰᠦ ᠶᠢ ᠰᠡᠷᠭᠡᠶᠢᠯᠡᠨ ᠵᠠᠰᠠᠬᠤ | ᠢᠨᠵᠧᠨᠧᠷᠢᠩ ᠤᠨ ᠲᠤᠬᠠᠢ ᠶᠢᠨ ᠲᠠᠯᠠᠪᠠᠢ ᠳᠤ ᠭᠦᠨᠵᠡᠭᠡᠶᠢᠷᠡᠵᠦ᠂ ᠲᠠᠶᠢᠯᠠᠯᠳᠤᠭᠠᠨ ᠢ ᠱᠠᠯᠠᠪᠳᠠᠭᠤᠯᠪᠠ᠃ | ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠡᠯᠡᠰᠦ ᠶᠢ ᠰᠡᠷᠭᠡᠶᠢᠯᠡᠨ ᠵᠠᠰᠠᠬᠤ ᠪᠠ ᠰᠠᠯᠬᠢᠨ ᠴᠠᠬᠢᠯᠭᠠᠨ ᠭᠡᠷᠡᠯ | ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠬᠡᠷᠡᠭᠵᠢᠭᠦᠯᠬᠦ ᠪᠠᠷ ᠳᠠᠮᠵᠢᠭᠤᠯᠤᠨ ᠡᠨᠡ ᠵᠢᠯ ᠥᠪᠥᠷ ᠮᠣᠩᠭᠤᠯ | ᠤᠨ ᠬᠢᠨ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢ 1320 ᠲᠦᠮᠡᠨ ᠺᠢᠯᠣᠸᠠᠲ ᠰᠢᠨ᠎ᠡ ᠪᠠᠷ | ᠨᠡᠮᠡᠭᠳᠡᠭᠦᠯᠬᠦ ᠪᠠᠷ ᠲᠥᠯᠥᠪᠯᠡᠵᠦ᠂ 230 ᠲᠦᠮᠡᠨ ᠮᠦ ᠡᠯᠡᠰᠦᠵᠢᠭᠰᠡᠨ ᠭᠠᠵᠠᠷ ᠰᠢᠷᠣᠢ ᠶᠢ ᠶᠡᠷᠦᠩᠬᠡᠶᠢᠯᠡᠨ ᠵᠠᠰᠠᠬᠤ ᠶᠢ | ᠢᠵᠢ ᠪᠦᠷᠢᠳᠦᠭᠦᠯᠦᠨ ᠪᠡᠶᠡᠯᠡᠭᠦᠯᠵᠦ᠂ 2030 ᠣᠨ ᠪᠣᠯᠬᠤ ᠳᠤ ᠪᠥᠬᠦ ᠣᠷᠣᠨ ᠤ ᠡᠯᠡᠰᠦ ᠶᠢ ᠰᠡᠷᠭᠡᠶᠢᠯᠡᠵᠦ | ᠵᠠᠰᠠᠬᠤ ᠪᠠ ᠰᠠᠯᠬᠢᠨ ᠬᠦᠴᠦᠨ ᠢᠶᠠᠷ ᠴᠠᠬᠢᠯᠭᠠᠨ ᠬᠡᠷᠡᠯ ᠴᠡᠨᠡᠭ ᠢ ᠨᠢᠭᠡ ᠴᠣᠭᠴᠠᠵᠢᠭᠤᠯᠬᠤ ᠲᠥᠷᠥᠯ ᠵᠦᠢᠯ ᠤᠨ | ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢ 1.19 ᠳ᠋ᠦᠩᠰᠢᠭᠤᠷ ᠺᠢᠯᠣᠸᠠᠲ ᠴᠠᠭ ᠲᠤ ᠬᠦᠷᠦᠭᠦᠯᠵᠦ᠂ | ᠡᠯᠡᠰᠦᠵᠢᠭᠰᠡᠨ ᠭᠠᠵᠠᠷ ᠰᠢᠷᠣᠢ ᠶᠢ 1151 ᠲᠦᠮᠡᠨ ᠮᠦ ᠶᠡᠷᠦᠩᠬᠡᠶᠢᠯᠡᠨ ᠵᠠᠰᠠᠬᠤ ᠪᠠᠷ ᠴᠢᠷᠮᠠᠶᠢᠵᠤ᠂ ᠠᠮᠢ ᠠᠬᠤᠢ ᠶᠢ | ᠵᠠᠰᠠᠵᠤ᠂ ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠨ᠂ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠵᠦ | ᠴᠢᠳᠠᠬᠤ ᠪᠠᠷ ᠪᠠᠷᠠᠬᠤ ᠦᠭᠡᠢ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠴᠢᠨᠠᠷᠯᠢᠭ | ᠬᠥᠭᠵᠢᠯᠲᠡ ᠶᠢ ᠪᠡᠶᠡᠯᠡᠭᠦᠯᠬᠦ ᠬᠠᠷᠠᠯᠲᠠ ᠳᠤ ᠬᠦᠷᠦᠬᠦᠯᠦᠭᠰᠡᠨ ᠪᠠᠶᠢᠨ᠎ᠠ᠃ | ᠰᠢᠷᠦᠭᠦᠨ ᠪᠠᠶᠢᠯᠳᠤᠭᠠᠨ ᠤ ᠪᠦᠷᠢᠶ᠎ᠡ ᠡᠯᠡᠰᠦᠨ ᠲᠠᠯᠠᠢ ᠳᠤ ᠴᠤᠤᠷᠢᠶᠠᠳᠤᠨ᠎ᠠ | ᠥᠪᠥᠷ ᠮᠣᠩᠭᠤᠯ ᠤᠨ ᠬᠢᠯᠢ ᠳᠣᠲᠣᠷᠠᠬᠢ ᠬᠠᠲᠤᠨ ᠭᠤᠣᠯ ᠤᠨ ︽ᠬᠡᠳᠦᠨ ᠨᠤᠭᠤᠯᠤᠭ᠎ᠠ︾ ᠶᠢᠨ ᠣᠷᠣᠨ | ᠪᠦᠰᠡ ᠨᠢ ᠠᠯᠠᠱᠠ᠂ ᠦᠬᠠᠢ᠂ ᠣᠷᠳᠣᠰ ᠵᠡᠷᠭᠡ 7 ᠠᠶᠢᠮᠠᠭ ᠬᠤᠲᠠ ᠶᠢᠨ 35 ᠬᠤᠰᠢᠭᠤ ᠰᠢᠶᠠᠨ ᠲᠣᠭᠤᠷᠢᠭ | ᠯᠤᠭ᠎ᠠ ᠬᠤᠯᠪᠣᠭᠳᠠᠵᠤ᠂ ᠡᠯᠡᠰᠦᠷᠬᠡᠭᠵᠢᠭᠰᠡᠨ ᠭᠠᠵᠠᠷ ᠰᠢᠷᠣᠢ ᠶᠢᠨ ᠶᠡᠷᠦᠩᠬᠡᠢ ᠲᠠᠯᠠᠪᠠᠶ ᠨᠢ 2.27 ᠳ᠋ᠦᠩᠰᠢᠭᠤᠷ ᠮᠦ | ᠂ ᠡᠯᠡᠰᠦᠷᠬᠡᠭᠵᠢᠭᠰᠡᠨ ᠭᠠᠵᠠᠷ ᠰᠢᠷᠣᠢ ᠨᠡᠯᠢᠶᠡᠳ ᠲᠥᠪᠯᠡᠷᠡᠭᠰᠡᠨ᠂ ᠬᠡᠮᠵᠢᠶ᠎ᠡ ᠪᠠᠷ ᠨᠡᠯᠢᠶᠡᠳ ᠬᠦᠨᠳᠦ ᠭᠠᠵᠠᠷ ᠣᠷᠣᠨ | ᠪᠠ ᠰᠠᠴᠤᠷᠠᠭᠯᠠᠭᠰᠠᠨ ᠣᠷᠣᠨ ᠪᠦᠰᠡ ᠪᠠᠷ ᠶᠡᠭᠡ ᠰᠠᠯᠬᠢ ᠡᠯᠡᠰᠦᠨ ᠤ ᠡᠬᠢ ᠰᠤᠷᠪᠤᠯᠵᠢ ᠪᠣᠯᠣᠨ᠎ᠠ᠃ | ᠠᠯᠠᠱᠠ ᠠᠶᠢᠮᠠᠭ ᠤᠨ ᠪᠠᠳᠠᠢ ᠶᠢᠨ ᠵᠢᠷᠠᠨ ᠤ ᠡᠯᠡᠰᠦᠨ ᠤ ᠵᠡᠭᠦᠨ ᠡᠮᠦᠨ᠎ᠡ ᠵᠠᠬ᠎ᠠ ᠶᠢᠨ ᠡᠯᠡᠰᠦᠨ ᠲᠤᠪᠤ ᠶᠢᠨ | ᠲᠡᠯᠡᠯᠲᠡ ᠶᠢᠨ ᠣᠷᠣᠨ ᠵᠡᠷᠭᠡ 7 ᠡᠯᠡᠰᠦ ᠵᠠᠰᠠᠬᠤ ᠲᠦᠷᠦᠯ ᠵᠦᠢᠯ ᠤᠨ ᠣᠷᠣᠨ ᠳᠤ 3 ᠳ᠋ᠤᠭᠠᠷ ᠰᠠᠷ᠎ᠠ ᠠᠴᠠ ᠨᠠᠭᠠᠰᠢ | ᠨᠡᠶᠢᠭᠡᠮ ᠤᠨ ᠡᠯ᠎ᠡ ᠡᠲᠡᠭᠡᠳ ᠤᠨ ᠬᠢᠨ ᠢᠶᠠᠷ ᠪᠦᠷᠢᠯᠳᠦᠭᠰᠡᠨ ᠮᠣᠳᠣ ᠳᠠᠷᠢᠬᠤ ᠶᠡᠭᠡ ᠴᠡᠷᠢᠭ ᠨᠤᠲᠤᠭ ᠤᠨ ᠡᠪᠡᠰᠦ ᠪᠠ | ᠪᠤᠳᠠ ᠮᠣᠳᠣ ᠲᠠᠷᠢᠵᠤ ᠶᠠᠭᠠᠷᠠᠯᠳᠤᠨ᠎ᠠ᠃ | ᠠᠯᠠᠱᠠ ᠠᠶᠢᠮᠠᠭ ᠥᠪᠥᠷ ᠮᠣᠩᠭᠤᠯ ᠤᠨ ᠬᠠᠮᠤᠭ ᠤᠨ ᠪᠠᠷᠠᠭᠤᠨ ᠬᠡᠰᠡᠭ ᠲᠤ ᠪᠠᠶᠢᠷᠢᠯᠠᠵᠤ᠂ ᠠᠳᠡ ᠪᠠᠶᠢᠭ᠎ᠠ | ᠲᠡᠭᠷᠢ ᠡᠯᠡᠰᠦ᠂ ᠪᠠᠳᠠᠢ ᠶᠢᠨ ᠵᠢᠷᠠᠨ ᠤ ᠡᠯᠡᠰᠦ᠂ ᠤᠯᠠᠭᠠᠨᠪᠤᠬ᠎ᠠ ᠶᠢᠨ ᠡᠯᠡᠰᠤ ᠶᠢ ᠵᠠᠰᠠᠬᠤ ᠪᠤᠯ ᠬᠠᠯᠠᠳᠠᠢ ᠠᠵᠢᠯ ᠶᠤᠮ | ᠃ ᠠᠯᠠᠱᠠ ᠠᠶᠢᠮᠠᠭ ᠤᠨ ᠤᠢ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠶᠢᠨ ᠳᠠᠷᠤᠭ᠎ᠠ ᠲᠦᠪᠰᠢᠨ᠄ ︽ᠡᠨᠡ | ᠬᠠᠪᠤᠷ ᠤᠨ ᠡᠬᠢ ᠪᠠᠷ ᠠᠯᠠᠱᠠ ᠠᠶᠢᠮᠠᠭ ᠤᠨ ᠬᠢᠨ ᠥᠪᠥᠷ ᠮᠣᠩᠭᠤᠯ ᠤᠨ ᠪᠠᠷᠠᠭᠤᠨ ᠬᠡᠰᠡᠭ ᠤᠨ ᠡᠯᠡᠰᠦᠨ ᠴᠦᠯ ᠢ | ᠶᠡᠷᠦᠩᠬᠡᠶᠢᠯᠡᠨ ᠵᠠᠰᠠᠬᠤ ᠲᠦᠷᠦᠯ ᠵᠦᠢᠯ ︵ᠬᠤᠶᠠᠳᠤᠭᠠᠷ ᠬᠤᠭᠤᠴᠠᠭ᠎ᠠ︶ ᠢ ᠪᠦᠬᠦ ᠲᠠᠯ᠎ᠠ ᠪᠠᠷ ᠡᠬᠢᠯᠡᠭᠦᠯᠵᠦ᠂ 621. | 3 ᠲᠦᠮᠡᠨ ᠮᠦ ᠶᠢᠨ ᠡᠯᠡᠰᠦ ᠶᠢ ᠵᠠᠰᠠᠬᠤ ᠪᠠᠷ ᠲᠥᠯᠥᠪᠵᠢᠭᠦᠯᠵᠡᠢ︾ ᠬᠡᠪᠡ᠃ | ᠣᠷᠳᠣᠰ ᠬᠤᠲᠠ ᠨᠢ ᠬᠠᠲᠤᠨ ᠭᠤᠣᠯ ᠤᠨ ︽ᠬᠡᠳᠦᠨ ᠨᠤᠭᠤᠯᠤᠭ᠎ᠠ︾ ᠶᠢᠨ ᠡᠮᠦᠨ᠎ᠡ ᠡᠷᠭᠢ ᠳᠤ ᠪᠠᠶᠢᠷᠢᠯᠠᠵᠤ᠂ | ᠮᠤᠤᠠᠤᠰᠤ ᠶᠢᠨ ᠡᠯᠡᠰᠦᠷᠬᠡᠭ ᠭᠠᠵᠠᠷ ᠤᠨ ᠶᠡᠬᠡᠩᠬᠢ ᠬᠡᠰᠡᠭ ᠪᠠ ᠬᠥᠪᠴᠢ ᠶᠢᠨ ᠡᠯᠡᠰᠦᠨ ᠴᠥᠯ ᠨᠢ ᠲᠣᠰ | ᠬᠤᠲᠠ ᠶᠢᠨ ᠬᠢᠯᠢ ᠳᠤ ᠪᠠᠶᠢᠳᠠᠭ᠃ ᠡᠨᠡ ᠵᠢᠯ ᠣᠷᠳᠣᠰ ᠬᠤᠲᠠ ᠶᠢᠨ ᠬᠢᠨ ᠪᠡᠯᠡ ᠮᠥᠩᠭᠦ᠂ ᠡᠬᠢ ᠪᠠᠶᠠᠯᠢᠭ ᠢᠶᠠᠨ | ᠲᠥᠪᠯᠡᠷᠡᠭᠦᠯᠵᠦ᠂ ᠬᠥᠪᠴᠢ ᠶᠢᠨ ᠡᠯᠡᠰᠦᠨ ᠴᠥᠯ ᠤᠨ ᠵᠡᠭᠦᠨ ᠬᠡᠰᠡᠭ ᠤᠨ ᠨᠤᠭᠤᠭᠠᠷᠠᠭᠤᠯᠤᠨ ᠵᠠᠰᠠᠬᠤ ᠣᠷᠣᠨ᠂ | ᠮᠤᠤᠠᠤᠰᠤ ᠶᠢᠨ ᠡᠯᠡᠰᠦᠷᠬᠡᠭ ᠭᠠᠵᠠᠷ ᠤᠨ ᠰᠠᠯᠬᠢᠨ ᠤ ᠠᠮᠨ ᠶᠢᠨ ᠡᠯᠡᠰᠦ ᠶᠢ ᠬᠤᠷᠢᠭᠯᠠᠬᠤ ᠪᠦᠰᠡ ᠪᠠ ᠡᠷᠬᠢᠨ | ᠲᠣᠭᠤᠷᠢᠨ ᠤ ᠬᠤᠵᠢᠬᠢᠷ ᠮᠠᠩᠬ᠎ᠠ ᠶᠢ ᠵᠠᠰᠠᠬᠤ ᠣᠷᠣᠨ ᠵᠡᠷᠭᠡ ᠪᠡᠯᠭᠡ ᠲᠡᠮᠳᠡᠭᠴᠢ ᠢᠨᠵᠧᠨᠧᠷᠢᠩ ᠢ ᠲᠥᠪᠯᠡᠷᠡᠭᠦᠯᠦᠨ | ᠵᠠᠯᠭᠠᠯᠳᠤᠭᠤᠯᠤᠨ ᠪᠦᠲᠦᠭᠡᠨ ᠪᠠᠶᠢᠭᠤᠯᠵᠤ᠂ ᠵᠠᠰᠠᠬᠤ ᠲᠥᠷᠥᠯ ᠵᠦᠢᠯ ᠤᠨ ᠣᠷᠣᠨ ᠤ ᠣᠶ ᠰᠢᠭᠤᠢ ᠡᠪᠡᠰᠦ | ᠪᠡᠯᠴᠢᠭᠡᠷ ᠤᠨ ᠪᠦᠷᠬᠦᠴᠡ ᠶᠢᠨ ᠨᠣᠷᠮ᠎ᠠ ᠶᠢ ᠲᠡᠭᠡᠭᠰᠢᠯᠡᠬᠦᠯᠪᠡ᠃ | ᠣᠷᠳᠣᠰ ᠬᠤᠲᠠ ᠶᠢᠨ ᠣᠲᠤᠭ ᠤᠨ ᠡᠮᠦᠨᠡᠲᠦ ᠬᠤᠰᠢᠭᠤᠨ ᠤ ᠮᠤᠤᠠᠤᠰᠤ ᠡᠯᠡᠰᠦᠷᠬᠡᠭ ᠭᠠᠵᠠᠷ ᠤᠨ ᠰᠠᠯᠬᠢᠨ ᠤ | ᠠᠮᠨ ᠶᠢᠨ ᠬᠠᠯᠬᠠᠪᠴᠢ ᠪᠦᠰᠡ ᠶᠢᠨ ᠡᠯᠡᠰᠦ ᠶᠢ ᠵᠠᠰᠠᠬᠤ ᠲᠤᠬᠠᠢ ᠶᠢᠨ ᠲᠠᠯᠠᠪᠠᠶ ᠳᠤ ᠬᠡᠳᠦᠨ ᠮᠢᠩᠭᠠᠨ ᠺᠠᠳ᠋ᠷ᠂ ᠠᠵᠤ | ᠠᠬᠤᠶᠢᠯᠠᠯ ᠤᠨ ᠠᠵᠢᠯᠲᠠᠨ ᠠᠵᠢᠯᠴᠢᠨ ᠪᠣᠯᠣᠨ ᠮᠠᠯᠴᠢᠨ ᠲᠠᠷᠢᠶᠠᠴᠢᠨ ᠢᠶᠠᠷ ᠪᠦᠷᠢᠯᠳᠦᠭᠰᠡᠨ ᠡᠯᠡᠰᠦ ᠵᠠᠰᠠᠬᠤ ᠶᠡᠭᠡ | ᠴᠡᠷᠢᠭ ᠰᠢᠷᠦᠭᠦᠨ ᠲᠠᠶᠢᠯᠠᠯᠳᠤᠬᠤ ᠳᠤ ᠠᠷᠤ ᠳᠤ ᠨᠢ ᠬᠥᠨᠳᠡᠯᠡᠨ ᠭᠤᠯᠳᠤ ᠰᠦᠯᠵᠢᠯᠳᠦᠭᠰᠡᠨ ᠡᠯᠡᠰᠦᠨ ᠬᠠᠯᠬᠠᠪᠴᠢ | ᠡᠯᠡᠰᠦᠨ ᠲᠤᠪᠤ ᠳᠡᠯᠭᠡᠭᠳᠡᠵᠦ᠂ ᠲᠣᠣᠷ ᠤᠨ ᠳᠣᠲᠣᠷ᠎ᠠ ᠮᠠᠩᠬᠠᠨ ᠤ ᠪᠤᠷᠭᠠᠰᠤ᠂ ᠨᠢᠮᠪᠡᠭᠡ᠂ ᠵᠢᠭᠠᠷᠲᠤ ᠨᠠᠷᠠᠰᠤ ᠵᠡᠷᠭᠡ | ᠪᠤᠳᠠ ᠮᠣᠳᠣ᠂ ᠲᠤᠷᠤᠭ ᠮᠣᠳᠣᠨ ᠤ ᠴᠢᠬᠢ ᠰᠠᠭᠤᠯᠭᠠᠪᠠ᠃ | ᠤᠳᠤᠭ ᠤᠨ ᠡᠮᠦᠨᠡᠲᠦ ᠬᠤᠰᠢᠭᠤ ᠨᠢ ᠥᠪᠥᠷ ᠮᠣᠩᠭᠤᠯ ᠱᠠᠨᠰᠢ ᠨᠢᠩᠰᠢᠶᠠ ᠭᠤᠷᠪᠠᠨ ᠮᠤᠵᠢ ᠣᠷᠣᠨ ᠤ | ᠠᠭᠤᠯᠵᠠᠷ ᠲᠤ ᠪᠠᠶᠢᠷᠢᠯᠠᠵᠤ᠂ ᠮᠤᠤᠠᠤᠰᠤ ᠶᠢᠨ ᠡᠯᠡᠰᠦᠷᠬᠡᠭ ᠭᠠᠵᠠᠷ ᠤᠨ ᠳᠡᠭᠡᠳᠦ ᠰᠠᠯᠬᠢᠨ ᠤ ᠠᠮᠠᠨ ᠳᠤ | ᠪᠠᠶᠢᠷᠢᠰᠢᠳᠠᠭ᠃ ᠡᠨᠡ ᠵᠢᠯ ᠤᠨ 3 ᠳ᠋ᠤᠭᠠᠷ ᠰᠠᠷ᠎ᠠ ᠶᠢᠨ ᠰᠡᠭᠦᠯᠴᠢ ᠪᠠᠷ᠂ ︽ᠣᠲᠤᠭ ᠤᠨ ᠡᠮᠦᠨᠡᠲᠦ ᠬᠤᠰᠢᠭᠤᠨ ᠤ | 2024 ᠣᠨ ᠤ ᠮᠤᠤᠠᠤᠰᠤ ᠶᠢᠨ ᠡᠯᠡᠰᠦᠷᠬᠡᠭ ᠭᠠᠵᠠᠷ ᠢ ᠲᠥᠪᠯᠡᠷᠡᠭᠦᠯᠦᠨ ᠵᠠᠰᠠᠬᠤ ᠪᠤᠭᠤᠮᠳᠠ ᠰᠢᠪᠳᠤᠯᠤᠯᠳᠠ ᠶᠢᠨ | ᠠᠵᠢᠯᠯᠠᠭ᠎ᠠ ︵ᠠᠩᠬᠠᠨ ᠤ ᠪᠦᠯᠦᠭ ᠲᠥᠷᠥᠯ ᠵᠦᠢᠯ︶︾ ᠶᠢᠨ ᠬᠠᠮᠲᠤᠷᠠᠭᠰᠠᠨ ᠳᠠᠶᠢᠯᠠᠯᠳᠤᠭᠠᠨ ᠢ ᠪᠥᠬᠦ ᠲᠠᠯ᠎ᠠ ᠪᠠᠷ | ᠥᠷᠨᠢᠭᠦᠯᠵᠦ᠂ ᠬᠤᠰᠢᠭᠤᠨ ᠤ ᠤᠳᠤᠷᠢᠳᠤᠯᠭ᠎ᠠ ᠲᠦᠷᠦᠭᠦᠯᠡᠨ ᠪᠥᠬᠦ ᠬᠤᠰᠢᠭᠤᠨ ᠤ ᠨᠠᠮ ᠵᠠᠰᠠᠭ ᠤᠨ | ᠪᠠᠶᠢᠭᠤᠯᠤᠯᠭ᠎ᠠ ᠶᠢᠨ ᠺᠠᠳ᠋ᠷ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ᠂ ᠮᠠᠯᠴᠢᠨ ᠲᠠᠷᠢᠶᠠᠴᠢᠨ᠂ ᠰᠣᠷᠣᠭᠴᠢ | ᠵᠡᠷᠭᠡ ᠡᠯ᠎ᠡ ᠲᠠᠯ᠎ᠠ ᠶᠢᠨ ᠬᠥᠮᠥᠰ ᠢ ᠵᠣᠬᠢᠶᠠᠨ ᠪᠠᠶᠢᠭᠤᠯᠵᠤ ᠬᠠᠮᠲᠤᠷᠠᠭᠰᠠᠨ ᠳᠠᠶᠢᠯᠠᠯᠳᠤᠭᠠᠨ ᠳᠤ ᠣᠷᠣᠯᠴᠠᠭᠤᠯᠪᠠ᠃ | ᠣᠲᠤᠭ ᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠢᠦᠢ ᠴᠢᠶᠠᠩ᠄ ︽ᠪᠥᠬᠦ | ᠬᠤᠰᠢᠭᠤᠨ ᠳᠤ ᠬᠠᠷᠠᠬᠠᠨ 70 ᠲᠦᠮᠡᠨ ᠮᠦ ᠨᠢᠴᠦᠭᠦᠨ ᠡᠯᠡᠰᠦᠷᠬᠡᠭ ᠭᠠᠵᠠᠷ ᠢ ᠵᠠᠰᠠᠬᠤ ᠴᠢᠬᠤᠯᠠᠲᠠᠢ ᠪᠠᠶᠢᠨ᠎ᠠ᠂ | 2024 ᠣᠨ ᠳᠤ 25 ᠲᠦᠮᠡᠨ ᠮᠦ ᠭᠠᠵᠠᠷ ᠢ ᠵᠠᠰᠠᠬᠤ ᠪᠠᠷ ᠲᠥᠯᠥᠪᠯᠡᠵᠦ᠂ ᠦᠯᠡᠳᠡᠭᠰᠡᠨ ᠬᠡᠰᠡᠭ ᠢ ᠵᠠᠰᠠᠬᠤ | ᠠᠵᠢᠯ ᠢ ᠲᠦᠷᠭᠡᠬᠡᠨ ᠪᠡᠶᠡᠯᠡᠭᠦᠯᠵᠦ᠂ ᠮᠤᠤᠠᠤᠰᠤ ᠶᠢᠨ ᠡᠯᠡᠰᠦᠷᠬᠡᠭ ᠭᠠᠵᠠᠷ ᠢ ᠵᠠᠰᠠᠬᠤ ︿ᠪᠡᠷᠬᠡ ᠠᠰᠠᠭᠤᠳᠠᠯ﹀ ᠢ | ᠴᠢᠷᠮᠠᠶᠢᠨ ᠰᠢᠢᠳᠪᠦᠷᠢᠯᠡᠨ᠎ᠡ︾ ᠭᠡᠵᠤ ᠶᠠᠷᠢᠵᠤ ᠪᠠᠶᠢᠯ᠎ᠠ᠃ | ᠲᠦᠩᠯᠢᠶᠣᠣ ᠬᠤᠲᠠ ᠶᠢᠨ ᠬᠤᠷᠴᠢᠨ ᠲᠣᠭᠤᠷᠢᠭ ᠤᠨ ᠲᠠᠯᠠᠩ ᠪᠠᠯᠭᠠᠰᠤ ︵大林镇︶ ᠶᠢᠨ ᠪᠤᠷᠤ | ᠬᠤᠳᠳᠤᠭ ᠭᠠᠴᠠᠭ᠎ᠠ ︵宝林嘎查︶ ᠶᠢᠨ ᠬᠤᠷᠴᠢᠨ ᠤ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ | ᠵᠢᠱᠢᠶ᠎ᠡ ᠦᠵᠡᠭᠦᠯᠬᠦ ᠲᠣᠭᠤᠷᠢᠭ ᠲᠤ ᠡᠯᠡᠰᠦ ᠵᠠᠰᠠᠬᠤ ᠵᠠᠭᠤ ᠰᠢᠬᠠᠮ ᠠᠵᠢᠯᠴᠢᠨ ᠶᠡᠭᠡ ᠰᠠᠯᠬᠢᠨ ᠢ ᠰᠥᠷᠴᠦ᠂ ᠡᠯᠡᠰᠦ | ᠵᠠᠰᠠᠬᠤ ᠡᠮᠦᠨ᠎ᠡ ᠹᠷᠣᠨᠲ ᠲᠤ ᠡᠷᠡᠯᠬᠡᠭᠯᠡᠨ ᠠᠵᠢᠯᠯᠠᠨ᠎ᠠ᠃ ᠲᠠᠯᠠᠩ ᠪᠠᠯᠭᠠᠰᠤᠨ ᠤ ᠵᠧᠨ ᠲᠸᠤ ᠲᠣᠰᠬᠤᠨ ᠤ | ᠠᠷᠠᠳ ᠶᠠᠩ ᠭᠤᠸᠠᠩ ᡁᠢ᠄ ︽ᠬᠠᠪᠤᠷ ᠤᠨ ᠡᠬᠢ ᠪᠠᠷ ᠤᠯᠠᠨ ᠢᠶᠠᠷ ᠢᠶᠠᠨ ᠪᠡᠯᠡᠳᠬᠡᠵᠦ᠂ ᠤᠷᠴᠢᠮ ᠳᠤ ᠵᠢᠭᠠᠷᠲᠤ | ᠨᠠᠷᠠᠰᠤ᠂ ᠬᠠᠶᠢᠯᠠᠰᠤ᠂ ᠴᠢᠴᠠᠷᠭᠠᠨ᠎ᠠ ᠵᠡᠷᠭᠡ ᠭᠠᠩ ᠳᠤ ᠲᠡᠰᠪᠦᠷᠢᠲᠡᠢ ᠮᠣᠳᠣᠨ ᠤ ᠲᠦᠷᠦᠯ ᠢ ᠲᠠᠷᠢᠵᠦ ᠪᠠᠶᠢᠨ᠎ᠠ︾ | ᠭᠡᠵᠦ ᠬᠡᠯᠡᠪᠡ᠃ | ᠬᠤᠷᠴᠢᠨ ᠤ ᠡᠯᠡᠰᠦᠷᠬᠡᠭ ᠭᠠᠵᠠᠷ ᠥᠪᠥᠷ ᠮᠣᠩᠭᠤᠯ᠂ ᠭᠢᠷᠢᠨ ᠪᠣᠯᠣᠨ ᠯᠢᠶᠣᠤᠨᠢᠩ ᠭᠤᠷᠪᠠᠨ ᠮᠤᠵᠢ ᠣᠷᠣᠨ ᠢ | ᠰᠤᠨᠳᠠᠯᠠᠵᠤ᠂ ᠶᠡᠷᠦᠩᠬᠡᠢ ᠲᠠᠯᠠᠪᠠᠶ ᠨᠢ 7760 ᠲᠦᠮᠡᠨ ᠮᠦ᠂ ᠮᠠᠨ ᠤ ᠤᠯᠤᠰ ᠤᠨ ᠳᠥᠷᠪᠡᠨ ᠶᠡᠭᠡ ᠡᠯᠡᠰᠦᠷᠬᠡᠭ | ᠭᠠᠵᠠᠷ ᠤᠨ ᠳᠣᠲᠣᠷᠠᠬᠢ ᠲᠠᠯᠠᠪᠠᠶ ᠪᠠᠷ ᠬᠠᠮᠤᠭ ᠤᠨ ᠶᠡᠭᠡ ᠨᠢ ᠶᠤᠮ᠃ ᠡᠭᠦᠨ ᠳᠤ ᠲᠦᠩᠯᠢᠶᠣᠣ ᠬᠤᠲᠠ ᠶᠢᠨ | ᠬᠡᠪᠴᠢᠶᠡᠨ ᠳᠤ ᠬᠢ ᠡᠯᠡᠰᠦᠷᠬᠡᠭ ᠭᠠᠵᠠᠷ ᠨᠢ ᠬᠤᠷᠴᠢᠨ ᠤ ᠡᠯᠡᠰᠦᠷᠬᠡᠭ ᠭᠠᠵᠠᠷ ᠤᠨ ᠶᠡᠷᠦᠩᠬᠡᠢ ᠲᠠᠯᠠᠪᠠᠶ ᠶᠢᠨ 52. | 9% ᠶᠢ ᠡᠵᠡᠯᠡᠵᠦ᠂ ᠬᠤᠷᠴᠢᠨ ᠤ ᠡᠯᠡᠰᠦᠷᠬᠡᠭ ᠭᠠᠵᠠᠷ ᠤᠨ ᠨᠤᠭᠤᠭᠠᠷᠠᠭᠤᠯᠬᠤ ᠲᠠᠶᠢᠯᠠᠯᠳᠤᠭᠠᠨ ᠤ ᠭᠤᠣᠯ ᠣᠷᠣᠨ | ᠪᠣᠯᠣᠨ᠎ᠠ᠃ ᠲᠦᠡᠭᠯᠢᠶᠤᠤ ᠬᠤᠲᠠ ᠶᠢᠨ ᠬᠢᠨ ᠦᠨᠤ ᠵᠢᠯ 400 ᠲᠦᠮᠡᠨ ᠮᠦ ᠡᠯᠡᠰᠦ ᠶᠢ ᠵᠠᠰᠠᠬᠤ ᠪᠠᠷ ᠲᠥᠯᠥᠪᠯᠡᠵᠦ | ᠂ 10 ᠳ᠋ᠤᠭᠠᠷ ᠰᠠᠷ᠎ᠠ ᠶᠢᠨ ᠰᠡᠭᠦᠯᠴᠢ ᠪᠠᠷ ᠲᠠᠭᠤᠰᠬᠠᠬᠤ ᠪᠠᠷ ᠲᠦᠯᠦᠪᠯᠡᠵᠤ ᠪᠤᠢ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠢ ᠰᠢᠭᠤᠢ ᠪᠠ ᠨᠤᠲᠤᠭ ᠪᠡᠯᠴᠢᠭᠡᠷ ᠤᠨ | ᠲᠣᠪᠴᠢᠶ᠎ᠠ ᠶᠢᠨ ᠳᠡᠳ᠋ ᠳᠠᠷᠤᠭ᠎ᠠ ᠴᠧᠨ ᠶᠦᠩ ᠴᠢᠤᠸᠠᠨ᠄ ︽ᠬᠠᠪᠤᠷ ᠤᠨ ᠠᠭᠤᠷ ᠣᠷᠣᠭᠰᠠᠨ ᠤ ᠲᠠᠷᠠᠭ᠎ᠠ ᠡᠯ᠎ᠡ | ᠭᠠᠵᠠᠷ ᠤᠨ ᠬᠢᠨ ᠦᠳᠲᠡᠷ ᠲᠦᠷᠭᠡᠨ ᠬᠥᠳᠡᠯᠦᠯᠴᠡᠵᠦ᠂ ᠤᠯᠠᠨ ᠢᠶᠠᠷ ᠢᠶᠠᠨ ᠡᠳᠤᠷ ᠰᠦᠨᠢ ᠦᠬᠡᠢ ᠠᠵᠢᠯᠯᠠᠭᠠᠳ | ᠪᠠᠷᠠᠭᠤᠨ ᠠᠴᠠ ᠵᠡᠭᠦᠨᠰᠢ᠂ ᠡᠮᠦᠨ᠎ᠡ ᠠᠴᠠ ᠤᠮᠠᠷᠠᠰᠢ ᠡᠯᠡᠰᠦᠷᠬᠡᠭᠵᠢᠬᠦ ᠶᠢ ᠰᠡᠷᠭᠡᠶᠢᠯᠡᠵᠦ ᠵᠠᠰᠠᠬᠤ ᠶᠡᠭᠡ | ᠳᠠᠶᠢᠯᠠᠯᠳᠤᠭᠠᠨ ᠢ ᠠᠬᠢᠭᠤᠯᠵᠤ᠂ ᠪᠦᠬᠦ ᠵᠢᠯ ᠳᠤ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠡᠭᠦᠷᠭᠡ ᠶᠢ | 1500 ᠲᠦᠮᠡᠨ ᠮᠦ ᠠᠴᠠ ᠳᠡᠭᠡᠭᠰᠢ ᠴᠢᠨᠠᠷᠵᠢᠭᠤᠨ ᠪᠡᠶᠡᠯᠡᠭᠦᠯᠬᠦ ᠪᠠᠷ ᠲᠥᠯᠥᠪᠯᠡᠵᠦ ᠪᠠᠶᠢᠨ᠎ᠠ︾ ᠭᠡᠵᠦ ᠬᠡᠯᠡᠪᠡ᠃ | ᠡᠯᠡᠰᠦᠨ ᠲᠠᠯᠠᠢ ᠶᠢ ︽ᠨᠤᠮᠢᠨ ᠨᠤᠭᠤᠭᠠᠨ ᠲᠠᠯᠠᠢ︾ ᠪᠣᠯᠭᠠᠬᠤ ᠪᠠᠷ ᠲᠠᠩᠭᠠᠷᠢᠬᠯᠠᠪᠠ | ᠰᠢᠷᠭᠠᠯ ᠡᠯᠡᠰᠦᠨ ᠤ ᠲᠤᠮᠳᠠᠬᠢ ᠮᠥᠩᠭᠦᠨ ᠭᠡᠷᠡᠯ ᠰᠠᠴᠤᠷᠠᠭᠰᠠᠨ ᠮᠥᠷ ᠮᠥᠷ ᠪᠣᠯᠣᠳ ᠵᠢᠶᠠᠰᠠ ᠬᠥᠮᠥᠰ ᠤᠨ | ᠠᠩᠬᠠᠷᠤᠯ ᠢ ᠣᠨᠴᠠ ᠲᠠᠳᠠᠨ᠎ᠠ᠂ ᠠᠵᠢᠯᠴᠢᠨ᠂ ᠪᠠᠷᠢᠯᠭ᠎ᠠ ᠶᠢᠨ ᠮᠠᠰᠢᠨ ᠲᠡᠷᠭᠡ ᠰᠦᠯᠵᠢᠯᠳᠦᠵᠦ᠂ ᠬᠡᠷᠡᠯ ᠴᠡᠨᠡᠭ ᠤᠨ | ᠬᠠᠪᠲᠠᠰᠤ ᠶᠢ ᠲᠡᠬᠡᠬᠡᠪᠤᠷᠢᠯᠡᠨ᠂ ᠤᠭᠰᠠᠷᠠᠬᠤ ᠪᠠᠷ ᠶᠠᠭᠠᠷᠠᠯᠳᠤᠵᠤ ᠪᠠᠶᠢᠯ᠎ᠠ ᠁ ᠣᠳᠣᠬᠠᠨ ᠳᠤ᠂ | ᠤᠯᠠᠭᠠᠨᠪᠤᠬ᠎ᠠ ᠶᠢᠨ ᠡᠯᠡᠰᠦᠨ ᠴᠦᠯ ᠤᠨ 85 ᠲᠦᠮᠡᠨ ᠺᠢᠯᠣᠸᠠᠲ ᠤᠨ ︽ᠬᠡᠷᠡᠯ ᠴᠡᠨᠡᠭ + ᠠᠮᠢ ᠠᠬᠤᠢ ᠶᠢᠨ | ᠵᠠᠰᠠᠯᠲᠠ︾ ᠶᠢᠨ ᠲᠦᠷᠦᠯ ᠵᠦᠢᠯ ᠢ ᠶᠠᠭ ᠱᠠᠯᠠᠪᠳᠠᠨ ᠪᠠᠶᠢᠭᠤᠯᠵᠤ ᠪᠤᠢ᠃ | ᠲᠤᠬᠠᠢ ᠶᠢᠨ ᠲᠠᠯᠠᠪᠤᠷ ᠤᠨ ᠮᠡᠷᠭᠡᠵᠢᠯ ᠤᠨ ᠠᠵᠢᠯᠲᠠᠨ᠄ ︽ᠭᠡᠷᠡᠯ ᠴᠡᠨᠡᠭ ᠤᠨ ᠬᠠᠪᠲᠠᠰᠤ ᠨᠢ ᠬᠡᠷᠡᠯ ᠢ | ᠬᠠᠯᠬᠠᠯᠠᠵᠤ᠂ ᠤᠰᠤᠨ ᠤ ᠠᠭᠤᠷᠰᠢᠯᠲᠠ ᠶᠢ ᠪᠠᠭᠠᠰᠬᠠᠵᠤ ᠴᠢᠳᠠᠨ᠎ᠠ᠃ ᠬᠠᠪᠲᠠᠰᠤᠨ ᠵᠠᠪᠰᠠᠷ ᠲᠤ ᠨᠤᠲᠤᠭ ᠤᠨ | ᠡᠪᠡᠰᠦ ᠪᠠ ᠵᠢᠮᠢᠰ ᠤᠨ ᠮᠣᠳᠣ ᠲᠠᠷᠢᠪᠠᠯ ᠡᠯᠡᠰᠦ ᠶᠢ ᠲᠣᠭᠲᠠᠪᠤᠷᠢᠵᠢᠭᠤᠯᠵᠤ ᠴᠢᠳᠠᠬᠤ ᠮᠥᠷᠲᠡᠭᠡᠨ ᠮᠠᠯ ᠤᠨ ᠪᠣᠷᠳᠤᠭ᠎ᠠ | ᠪᠠ ᠡᠮ ᠤᠨ ᠮᠠᠲ᠋ᠧᠷᠢᠶᠠᠯ ᠪᠠ ᠵᠢᠮᠢᠰ ᠲᠠᠷᠢᠵᠤ ᠪᠤᠯᠤᠨ᠎ᠠ᠃ ᠤᠯᠠᠭᠠᠨᠪᠤᠬ᠎ᠠ ᠡᠯᠡᠰᠦᠨ ᠴᠦᠯ ᠤᠨ 85 ᠲᠦᠮᠡᠨ | ᠺᠢᠯᠣᠸᠠᠲ ᠤᠨ ︽ᠬᠡᠷᠡᠯ ᠴᠡᠨᠡᠭ + ᠠᠮᠢ ᠠᠬᠤᠢ ᠶᠢᠨ ᠵᠠᠰᠠᠯᠲᠠ︾ ᠶᠢᠨ ᠲᠥᠷᠥᠯ ᠵᠦᠢᠯ ᠤᠨ ᠬᠡᠷᠡᠯ ᠴᠡᠨᠡᠭ ᠤᠨ | ᠬᠠᠪᠲᠠᠰᠤᠨ ᠤ ᠬᠤᠭᠤᠷᠣᠨᠳᠣᠬᠢ ᠵᠠᠢ ᠨᠢ 12 ᠮᠧᠲᠷ᠂ ᠬᠠᠪᠲᠠᠰᠤᠨ ᠤ ᠳᠣᠣᠷᠠᠬᠢ ᠥᠨᠳᠥᠷ ᠨᠢ 1.8 ᠮᠧᠲᠷ | ᠪᠤᠯᠬᠤᠷ ᠡᠨᠡ ᠵᠠᠢ ᠳᠤ ᠪᠣᠳᠠ ᠮᠣᠳᠣ᠂ ᠡᠪᠡᠰᠦ ᠵᠡᠷᠭᠡ ᠭᠠᠩ ᠳᠤ ᠲᠡᠰᠪᠦᠷᠢᠲᠡᠢ ᠤᠷᠭᠤᠮᠠᠯ ᠢ ᠳᠠᠷᠢᠬᠤ ᠶᠢᠨ ᠬᠠᠮᠲᠤ | ᠡᠭᠦᠨ ᠤ ᠰᠠᠭᠤᠷᠢᠨ ᠳᠡᠭᠡᠷ᠎ᠡ ᠴᠠᠭᠠᠨ ᠭᠤᠶᠣᠣ ᠵᠡᠷᠭᠡ ᠣᠨᠴᠠᠯᠢᠭᠲᠤ ᠲᠠᠷᠢᠮᠠᠯ᠂ ᠲᠡᠵᠢᠭᠡᠨ ᠦᠷᠡᠵᠢᠭᠦᠯᠬᠦ ᠲᠥᠷᠥᠯ | ᠵᠦᠢᠯ ᠢ ᠬᠥᠭᠵᠢᠭᠦᠯᠵᠦ᠂ ᠡᠭᠦᠨ ᠤ ᠤᠯᠠᠮ ᠢᠶᠠᠷ ᠠᠮᠢ ᠠᠬᠤᠢ ᠶᠢᠨ ᠪᠦᠲᠦᠭᠡᠨ ᠪᠠᠶᠢᠭᠤᠯᠤᠯᠲᠠ᠂ ᠰᠢᠨ᠎ᠡ | ᠡᠨᠧᠷᠭᠢ ᠶᠢᠨ ᠨᠡᠭᠡᠭᠡᠯᠲᠡ᠂ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢᠨ ᠬᠠᠮᠲᠤ ᠶᠢᠨ ᠠᠰᠢᠭ ᠢ ᠬᠦᠷᠳᠡᠬᠦ | ᠪᠤᠯᠤᠨ᠎ᠠ︾ ᠭᠡᠵᠤ ᠶᠠᠷᠢᠵᠤ ᠪᠠᠶᠢᠯ᠎ᠠ᠃ | ᠡᠯᠡᠰᠦᠨ ᠴᠥᠯ᠂ ᠡᠯᠡᠰᠦᠷᠬᠡᠭ ᠭᠠᠵᠠᠷ ᠤᠨ ᠭᠠᠵᠠᠷ ᠠᠭᠤᠳᠠᠮ ᠬᠥᠮᠥᠨ ᠴᠥᠭᠡᠨ᠂ ᠯᠤᠲᠤ ᠶᠡᠭᠡ ᠰᠠᠯᠬᠢᠨ ᠤ | ᠡᠨᠧᠷᠭᠢ᠂ ᠨᠡᠷᠡᠨ ᠤ ᠡᠨᠧᠷᠭᠢ ᠶᠢᠨ ᠡᠬᠢ ᠪᠠᠶᠠᠯᠢᠭ ᠤᠨ ᠬᠠᠳᠠᠭᠠᠯᠠᠬᠳᠠᠴᠨ ᠲᠠᠢ ᠪᠠᠶᠢᠳᠠᠭ᠃ ᠰᠢᠨ᠎ᠡ ᠪᠠᠶᠢᠳᠠᠯ | ᠳᠣᠣᠷ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠢᠨ ︽ | ᠥᠭᠡᠷᠡᠴᠢᠯᠡᠯᠲᠡ ᠶᠢᠨ ᠰᠡᠳᠬᠢᠴᠡ︾ ᠪᠠᠷ ᠠᠮᠢ ᠠᠬᠤᠢ ᠶᠢᠨ ᠬᠠᠮᠠᠭᠠᠯᠠᠯᠲᠠ ᠰᠡᠷᠭᠦᠭᠡᠯᠲᠡ ᠶᠢ ᠰᠢᠰᠲ᠋ᠧᠮ ᠲᠠᠢ | ᠠᠬᠢᠭᠤᠯᠵᠤ᠂ ︽ᠡᠯᠡᠰᠦ ᠶᠢ ᠵᠠᠰᠠᠬᠤ ᠠᠴᠠ ᠡᠯᠡᠰᠦ ᠶᠢ ᠵᠠᠰᠠᠬᠤ ᠶᠢ ᠦᠵᠡᠬᠦᠯᠬᠦ︾ ᠰᠢᠢᠳᠪᠦᠷᠢᠲᠦ ᠪᠣᠳᠣᠯᠭ᠎ᠠ | ᠲᠣᠭᠲᠠᠭᠠᠵᠤ᠂ ᠡᠯᠡᠰᠦ ᠶᠢ ᠰᠡᠷᠭᠡᠶᠢᠯᠡᠵᠦ ᠵᠠᠰᠠᠬᠤ ᠪᠠ ᠰᠠᠯᠬᠢᠨ ᠴᠠᠬᠢᠯᠭᠠᠨ ᠭᠡᠷᠡᠯ ᠴᠡᠨᠡᠭ ᠢ ᠨᠢᠭᠡ ᠴᠣᠭᠴᠠᠵᠢᠭᠤᠯᠬᠤ | ᠢᠨᠵᠧᠨᠧᠷᠢᠩ ᠢ ᠬᠡᠷᠡᠭᠵᠢᠭᠦᠯᠵᠦ᠂ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠣᠭᠤᠮᠲᠠ ᠰᠢᠪᠲᠤᠯᠬᠤ | ᠳᠠᠶᠢᠯᠠᠯᠳᠤᠭᠠᠨ ᠪᠣᠯᠣᠨ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢ ᠨᠢᠭᠡ ᠴᠣᠭᠴᠠᠵᠢᠭᠤᠯᠬᠤ ᠪᠠᠷ | ᠴᠢᠷᠮᠠᠶᠢᠵᠤ᠂ ᠨᠣᠭᠤᠭᠠᠷᠠᠭᠤᠯᠤᠯᠲᠠ ᠶᠢ ᠨᠡᠮᠡᠭᠳᠡᠭᠦᠯᠭ᠊ ᠤ᠋᠂ ᠡᠨᠧᠷᠭᠢ ᠶᠢ ᠨᠡᠮᠡᠭᠳᠡᠭᠦᠯᠬᠦ᠂ ᠣᠷᠣᠯᠭ᠎ᠠ ᠶᠢ ᠨᠡᠮᠡᠭᠳᠡᠭᠦᠯᠬᠦ ᠶᠢ | ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ︽1+1>2︾ ᠤᠨ ᠦᠷ᠎ᠡ ᠪᠦᠲᠦᠮᠵᠢ ᠶᠢ ᠣᠯᠬᠤ ᠬᠡᠷᠡᠭᠲᠡᠢ ᠭᠡᠵᠦ | ᠳᠤᠷᠠᠳᠴᠠᠢ᠃ | ᠤᠯᠠᠭᠠᠨᠪᠤᠬ᠎ᠠ ᠡᠯᠡᠰᠦᠨ ᠴᠦᠯ ᠤᠨ ᠶᠡᠷᠦᠩᠬᠡᠢ ᠲᠠᠯᠠᠪᠠᠢ 1500 ᠭᠠᠷᠤᠢ ᠲᠦᠮᠡᠨ ᠮᠦ ᠳᠤ ᠬᠦᠷᠴᠡᠢ᠃ | ᠲᠠᠨᠢᠯᠴᠠᠭᠤᠯᠤᠭᠰᠠᠨ ᠢᠶᠠᠷ ᠤᠯᠠᠭᠠᠨᠪᠤᠬ᠎ᠠ ᠶᠢᠨ ᠡᠯᠡᠰᠦᠨ ᠴᠦᠯ ᠢ ᠵᠠᠰᠠᠬᠤ ᠳᠤ ︽ᠬᠠᠪᠲᠠᠰᠤᠨ ᠤ ᠳᠡᠭᠡᠷ᠎ᠡ ᠴᠠᠬᠢᠯᠭᠠᠨ | ᠭᠠᠷᠭᠠᠬᠤ᠂ ᠬᠠᠪᠲᠠᠰᠤᠨ ᠤ ᠳᠣᠣᠷ᠎ᠠ ᠲᠠᠷᠢᠬᠤ᠂ ᠡᠯᠡᠰᠦ ᠶᠢ ᠵᠠᠰᠠᠵᠤ ᠬᠥᠷᠥᠰᠥ ᠶᠢ ᠥᠭᠡᠷᠡᠴᠢᠯᠡᠬᠦ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠳᠠᠶᠢᠴᠢᠯᠠᠬᠤ︾ ᠳᠥᠷᠪᠡ ᠶᠢ ᠨᠢᠭᠡ ᠴᠣᠭᠴᠠᠵᠢᠭᠤᠯᠤᠭᠰᠠᠨ ᠠᠵᠤ | ᠦᠢᠯᠡᠰ ᠤᠨ ᠬᠦᠭᠵᠢᠬᠦᠯᠤᠯᠳᠡ ᠶᠢᠨ ᠵᠠᠭᠪᠤᠷ ᠢ ᠶᠡᠭᠡ ᠬᠡᠪᠴᠢᠶ᠎ᠡ ᠪᠠᠷ ᠬᠡᠷᠡᠭᠯᠡᠵᠦ᠂ ᠡᠯᠡᠰᠦᠨ ᠲᠠᠯᠠᠢ ᠶᠢ ︽ | ᠨᠣᠭᠤᠭᠠᠨ ᠲᠠᠯᠠᠢ︾ ᠪᠠ ᠰᠢᠨ᠎ᠡ ᠡᠨᠧᠷᠭᠢ ᠶᠢᠨ ︽ ᠨᠤᠮᠢᠨ ᠲᠠᠯᠠᠢ︾ ᠪᠣᠯᠭᠠᠬᠤ ᠪᠠᠷ ᠴᠢᠷᠮᠠᠶᠢᠵᠤ ᠪᠠᠶᠢᠭ᠎ᠠ ᠶᠤᠮ | ᠪᠠᠶᠢᠨ᠎ᠠ᠃ | ᠠᠯᠠᠱᠠ ᠠᠶᠢᠮᠠᠭ ᠤᠨ ᠲᠡᠭᠷᠢ ᠡᠯᠡᠰᠦᠨ ᠴᠦᠯ ᠤᠨ 1220 ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ | ᠲᠦᠷᠦᠯ ᠵᠦᠢᠯ ᠤᠨ ᠨᠢᠭᠡᠳᠦᠭᠡᠷ᠂ ᠬᠤᠶᠠᠳᠤᠭᠠᠷ ᠬᠤᠭᠤᠴᠠᠭᠠᠨ ᠤ ᠪᠠᠷᠢᠯᠭ᠎ᠠ ᠶᠢᠨ ᠠᠵᠢᠯ ᠤᠨ ᠲᠤᠬᠠᠢ ᠶᠢᠨ | ᠲᠠᠯᠠᠪᠠᠢ ᠳᠤ ᠰᠤᠷᠪᠤᠯᠵᠢᠯᠠᠭᠴᠢ ᠵᠠᠭᠤ ᠭᠠᠷᠤᠢ ᠰᠢᠷᠣᠢ ᠲᠦᠯᠬᠢᠬᠦ ᠮᠠᠰᠢᠨ᠂ ᠡᠷᠭᠦᠭᠦᠷ ᠮᠠᠰᠢᠨ ᠵᠡᠷᠭᠡ ᠮᠠᠰᠢᠨ | ᠲᠥᠬᠦᠭᠡᠷᠦᠮᠵᠢ ᠶᠢ ᠱᠠᠯᠠᠪᠳᠠᠨ ᠠᠵᠢᠯᠯᠠᠭᠤᠯᠵᠤ ᠪᠠᠶᠢᠯ᠎ᠠ᠃ ᠥᠪᠥᠷ ᠮᠣᠩᠭᠤᠯ ᠤᠨ ᠤᠮᠠᠷᠠᠳᠤ ᠶᠢᠨ ᠴᠠᠬᠢᠯᠭᠠᠨ | ᠦᠢᠯᠡᠰ ᠤᠨ ︽ᠲᠡᠭᠷᠢ︾ ᠡᠨᠧᠷᠭᠢ ᠶᠢᠨ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠠᠨ ᠮᠦ ᠨᠢᠩ᠄ ︽ᠡᠨᠡ ᠵᠢᠯ | 200 ᠲᠦᠮᠡᠨ ᠺᠢᠯᠣᠸᠠᠲ ᠤᠨ ᠬᠡᠷᠡᠯ ᠴᠡᠨᠡᠭ ᠤᠨ ᠲᠥᠷᠥᠯ ᠵᠦᠢᠯ ᠢ ᠬᠤᠶᠠᠷ ᠬᠤᠭᠤᠴᠠᠭ᠎ᠠ ᠬᠤᠪᠢᠶᠠᠨ | ᠬᠡᠷᠡᠭᠵᠢᠭᠦᠯᠬᠦ ᠪᠠᠷ ᠲᠥᠯᠥᠪᠯᠡᠵᠦ ᠪᠠᠶᠢᠨ᠎ᠠ᠂ ᠡᠪᠡᠰᠦᠨ ᠳᠥᠷᠪᠡᠯᠵᠢ ᠳᠡᠪᠢᠰᠬᠦ᠂ ᠡᠪᠡᠰᠤ ᠳᠠᠷᠢᠬᠤ ᠵᠡᠷᠭᠡ ᠠᠷᠭ᠎ᠠ ᠲᠠᠢ | ᠤᠶᠠᠯᠳᠤᠭᠤᠯᠤᠨ᠂ ᠰᠠᠭᠤᠷᠢᠨ ᠭᠠᠵᠠᠷ ᠢ ᠪᠠᠶᠢᠭᠤᠯᠤᠭᠰᠠᠨ ᠤ ᠳᠠᠷᠠᠭ᠎ᠠ ᠵᠢᠯ ᠪᠦᠷᠢ ᠳ᠋ᠦᠩᠰᠢᠭᠤᠷ ᠭᠠᠷᠤᠢ ᠺᠢᠯᠣᠸᠠᠲ | ᠴᠠᠭ ᠤᠨ ᠪᠣᠬᠢᠷᠲᠤᠯ ᠦᠭᠡᠢ ᠡᠨᠧᠷᠭᠢ ᠶᠢᠨ ᠰᠤᠷᠪᠤᠯᠵᠢ ᠶᠢ ᠭᠠᠳᠠᠭᠰᠢ ᠭᠠᠷᠭᠠᠬᠤ ᠠᠴᠠ ᠭᠠᠳᠠᠨ᠎ᠠ ᠪᠠᠰᠠ 5 ᠲᠦᠮᠡᠨ | ᠮᠦ ᠡᠯᠡᠰᠦ ᠶᠢ ᠲᠣᠭᠲᠠᠪᠤᠷᠢᠵᠢᠭᠤᠯᠵᠤ ᠴᠢᠳᠠᠨ᠎ᠠ︾ ᠭᠡᠵᠤ ᠶᠠᠷᠢᠬᠰᠠᠨ ᠪᠠᠶᠢᠨ᠎ᠠ᠃ | ᠬᠠᠲᠤᠨ ᠭᠤᠣᠯ ᠤᠨ ︽ᠬᠡᠳᠦᠨ ᠨᠤᠭᠤᠯᠤᠭ᠎ᠠ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠪᠠ ᠬᠠᠲᠤᠨ | ᠭᠤᠣᠯ ᠤᠨ ᠪᠠᠷᠠᠭᠤᠨ ᠬᠤᠩᠭᠢᠯ — ᠲᠠᠺᠯᠢᠮᠠᠺᠠᠨ ᠡᠯᠡᠰᠦᠨ ᠴᠥᠯ ᠢ ᠬᠤᠷᠢᠭᠯᠠᠨ ᠴᠣᠬᠢᠬᠤ ᠳᠠᠶᠢᠯᠠᠯᠳᠤᠭᠠᠨ ᠢ | ᠰᠠᠶᠢᠲᠤᠷ ᠬᠢᠬᠦ ᠶᠢᠨ ᠲᠥᠯᠥᠭᠡ ᠠᠯᠠᠱᠠ ᠠᠶᠢᠮᠠᠭ ᠤᠨ ᠬᠢᠨ ᠡᠯᠡᠰᠦ ᠶᠢ ᠰᠡᠷᠭᠡᠶᠢᠯᠡᠵᠦ ᠵᠠᠰᠠᠬᠤ ᠪᠠ ᠰᠠᠯᠬᠢᠨ | ᠴᠠᠬᠢᠯᠭᠠᠨ ᠬᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠵᠦ᠂ 2750 | ᠲᠦᠮᠡᠨ ᠺᠢᠯᠣᠸᠠᠲ ᠤᠨ ᠴᠡᠪᠡᠷ ᠡᠨᠧᠷᠭᠢ ᠶᠢᠨ ᠮᠠᠰᠢᠨ ᠴᠣᠭᠴᠠᠯᠠᠪᠤᠷᠢ ᠶᠢ ᠲᠥᠯᠥᠪᠵᠢᠭᠦᠯᠵᠦ᠂ 288.4 ᠲᠦᠮᠡᠨ | ᠮᠦ ᠡᠯᠡᠰᠦᠨ ᠴᠥᠯ ᠢ ᠤᠷᠢᠳ ᠢᠶᠠᠷ ᠭᠤᠣᠯᠳᠠᠯᠭ᠎ᠠ ᠲᠠᠢ ᠵᠠᠰᠠᠪᠠ᠃ ᠡᠨᠡ ᠵᠢᠯ ᠤᠨ 3 ᠳ᠋ᠤᠭᠠᠷ ᠰᠠᠷ᠎ᠠ ᠠᠴᠠ ᠨᠠᠭᠠᠰᠢ | ᠣᠷᠳᠣᠰ ᠬᠤᠲᠠ ᠶᠢᠨ ᠡᠯᠡᠰᠦ ᠶᠢ ᠰᠡᠷᠭᠡᠶᠢᠯᠡᠵᠦ ᠵᠠᠰᠠᠬᠤ ᠰᠠᠯᠬᠢᠨ ᠴᠠᠬᠢᠯᠭᠠᠨ ᠤ ᠬᠡᠷᠡᠯ ᠴᠡᠨᠡᠭ ᠢ ᠨᠢᠭᠡ | ᠴᠣᠭᠴᠠᠵᠢᠭᠤᠯᠬᠤ ︽ᠬᠡᠷᠡᠯ ᠴᠡᠨᠡᠭ ᠤᠨ ᠣᠷᠳᠣ ᠴᠠᠭᠠᠨ ᠬᠡᠷᠡᠮ︾ ᠤᠨ ᠢᠨᠵᠧᠨᠧᠷᠢᠩ ᠳᠤ ᠣᠷᠣᠭᠤᠯᠤᠭᠰᠠᠨ 26 | ᠰᠢᠨ᠎ᠡ ᠡᠨᠧᠷᠭᠢ ᠶᠢᠨ ᠲᠥᠷᠥᠯ ᠵᠦᠢᠯ ᠢ ᠴᠦ ᠵᠠᠯᠭᠠᠭ᠎ᠠ ᠪᠠᠷ ᠡᠬᠢᠯᠡᠭᠦᠯᠵᠦ᠂ ᠶᠡᠷᠦᠩᠬᠡᠢ ᠮᠠᠰᠢᠨ ᠴᠣᠭᠴᠠᠯᠠᠪᠤᠷᠢ ᠨᠢ | 2024 ᠲᠦᠮᠡᠨ ᠺᠢᠯᠣᠸᠠᠲ ᠲᠤ ᠬᠦᠷᠴᠦ᠂ ᠵᠢᠯ ᠤᠨ ᠳᠣᠲᠣᠷ᠎ᠠ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ | ᠲᠠᠯᠠᠪᠠᠶ ᠶᠢ 195 ᠲᠦᠮᠡᠨ ᠮᠦ ᠰᠢᠨ᠎ᠡ ᠪᠠᠷ ᠨᠡᠮᠡᠭᠳᠡᠭᠦᠯᠬᠦ ᠪᠣᠯᠣᠨ᠎ᠠ᠃ | ᠣᠷᠳᠣᠰ ᠬᠤᠲᠠ ᠶᠢᠨ ᠳᠡᠳ᠋ ᠳᠠᠷᠤᠭ᠎ᠠ ᠡᠷᠳᠡᠨᠢᠪᠢᠯᠢᠭ᠄ ︽ᠣᠷᠳᠣᠰ ᠬᠤᠲᠠ ᠠᠮᠢ ᠠᠬᠤᠢ ᠶᠢᠨ ᠬᠠᠮᠠᠭᠠᠯᠠᠯᠲᠠ | ᠪᠠ ᠰᠢᠨ᠎ᠡ ᠡᠨᠧᠷᠭᠢ ᠶᠢᠨ ᠨᠡᠭᠡᠭᠡᠨ ᠬᠥᠭᠵᠢᠭᠦᠯᠦᠯᠲᠡ ᠶᠢ ᠨᠢᠭᠡᠳᠦᠯᠲᠡᠢ ᠲᠥᠯᠥᠪᠯᠡᠵᠦ᠂ ᠬᠥᠪᠴᠢ ᠶᠢᠨ ᠡᠯᠡᠰᠤᠨ ᠤ | ᠬᠤᠶᠢᠲᠤ ᠵᠠᠬ᠎ᠠ ᠶᠢᠨ ᠪᠢᠲᠡᠭᠦᠦ ᠤᠢ ᠶᠢᠨ ᠪᠦᠰᠡ᠂ ᠬᠥᠪᠴᠢ ᠶᠢᠨ ᠡᠯᠡᠰᠤᠨ ᠤ ᠳᠣᠲᠣᠷ᠎ᠠ ᠭᠠᠵᠠᠷ ᠤᠨ ᠰᠠᠯᠬᠢ | ᠡᠯᠡᠰᠦᠨ ᠤ ᠵᠠᠮ ᠤᠨ ᠬᠤᠷᠢᠭᠯᠠᠯᠲᠠ ᠶᠢᠨ ᠪᠦᠰᠡ᠂ ᠮᠤᠤᠠᠤᠰᠤ ᠶᠢᠨ ᠳᠡᠭᠡᠳᠦ ᠰᠠᠯᠬᠢᠨ ᠤ ᠠᠮᠠᠰᠠᠷ ᠤᠨ | ᠬᠤᠷᠢᠭᠯᠠᠯᠲᠠ ᠶᠢᠨ ᠪᠦᠰᠡ᠂ ᠳᠣᠣᠷᠠᠳᠤ ᠲᠠᠯ᠎ᠠ ᠶᠢᠨ ᠰᠠᠯᠬᠢᠨ ᠤ ᠠᠮᠨ ᠶᠢᠨ ᠬᠤᠷᠢᠭᠯᠠᠯᠲᠠ ᠶᠢᠨ ᠪᠦᠰᠡ ᠪᠠ | ᠬᠥᠪᠴᠢ ᠶᠢᠨ ᠡᠯᠡᠰᠦᠨ ᠴᠦᠯ ᠤᠨ ︽ᠭᠡᠷᠡᠯ ᠴᠡᠨᠡᠭ ᠤᠨ ᠤᠷᠳᠤ ᠴᠠᠭᠠᠨ ᠬᠡᠷᠡᠮ︾᠂ ᠮᠤᠤᠠᠤᠰᠤ ᠶᠢᠨ ᠡᠯᠡᠰᠦᠷᠬᠡᠭ | ᠭᠠᠵᠠᠷ ᠤᠨ ᠰᠠᠯᠬᠢᠨ ᠴᠠᠬᠢᠯᠭᠠᠨ ᠤ ᠭᠡᠷᠡᠯ ᠴᠡᠨᠡᠭ ᠤᠨ ︽ᠨᠢᠭᠡ ᠬᠤᠩᠭᠢᠯ ᠤᠯᠠᠨ ᠴᠡᠭ︾ ᠵᠡᠷᠭᠡ ᠪᠡᠯᠭᠡ ᠲᠡᠮᠳᠡᠭᠴᠢ | ᠢᠨᠵᠧᠨᠧᠷᠢᠩ ᠢ ᠲᠥᠪᠯᠡᠷᠡᠭᠦᠯᠦᠨ ᠬᠡᠰᠡᠭᠯᠡᠨ ᠪᠠᠶᠢᠭᠤᠯᠵᠤ᠂ ᠪᠦᠬᠦ ᠵᠢᠯ ᠳᠤ ᠡᠯᠡᠰᠦᠵᠢᠭᠰᠡᠨ ᠭᠠᠵᠠᠷ ᠰᠢᠷᠣᠢ ᠶᠢᠨ | ᠵᠠᠰᠠᠯᠲᠠ ᠶᠢᠨ 500 ᠲᠦᠮᠡᠨ ᠮᠦ ᠶᠢ ᠪᠡᠶᠡᠯᠡᠭᠦᠯᠬᠦ ᠪᠠᠷ ᠲᠦᠯᠦᠪᠯᠡᠵᠤ ᠪᠠᠶᠢᠨ᠎ᠠ︾ ᠭᠡᠵᠤ ᠶᠠᠷᠢᠪᠠ᠃ | ︽ᠡᠯᠡᠰᠦ ᠶᠢ ᠰᠡᠷᠭᠡᠶᠢᠯᠡᠵᠦ ᠵᠠᠰᠠᠬᠤ ᠪᠠ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠭᠡᠷᠡᠯ ᠴᠡᠨᠡᠭ ᠢ ᠨᠢᠭᠡ | ᠴᠣᠭᠴᠠᠵᠢᠭᠤᠯᠬᠤ ᠢᠨᠵᠧᠨᠧᠷᠢᠩ ᠪᠣᠯ ᠰᠢᠨ᠎ᠡ ᠡᠨᠧᠷᠭᠢ ᠶᠢᠨ ᠠᠵᠤ ᠦᠢᠯᠡᠰ ᠢ ᠬᠥᠭᠵᠢᠭᠦᠯᠬᠦ ᠴᠢᠬᠤᠯᠠ ᠶᠡᠭᠡ | ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠪᠦᠬᠡᠳ ᠮᠥᠨ ᠴᠦ ᠦᠪᠤᠷ ᠮᠤᠩᠭᠤᠯ ᠤᠨ ᠦᠪᠡᠷᠳᠡᠬᠡᠨ ᠵᠠᠰᠠᠬᠤ | ᠤᠷᠤᠨ ᠤ ᠣᠳᠣᠬᠠᠨ ᠤ ᠡᠯᠡᠰᠦ ᠶᠢ ᠰᠡᠷᠭᠡᠶᠢᠯᠡᠵᠦ ᠵᠠᠰᠠᠬᠤ ᠶᠢ ᠠᠬᠢᠭᠤᠯᠬᠤ ᠬᠠᠷᠢᠭᠤᠴᠠᠯᠭ᠎ᠠ ᠪᠠ ᠡᠭᠦᠷᠭᠡ ᠪᠣᠯᠣᠨ᠎ᠠ᠃ | ᠣᠷᠣᠨ ᠲᠠᠶᠠᠭᠠᠷ ᠢᠶᠠᠨ ᠪᠦᠬᠦ ᠬᠦᠴᠦᠨ ᠢᠶᠠᠷ ᠢᠶᠠᠨ ᠠᠬᠢᠭᠤᠯᠵᠤ᠂ ᠪᠦᠬᠦ ᠲᠠᠯ᠎ᠠ ᠪᠠᠷ ᠬᠥᠳᠡᠯᠦᠯᠴᠡᠵᠦ᠂ ᠴᠢᠷᠮᠠᠶᠢᠨ | ᠠᠵᠢᠯᠯᠠᠵᠠᠭᠠᠶ᠎ᠠ︾ ᠭᠡᠵᠦ ᠴᠧᠨ ᠶᠦᠩ ᠴᠢᠤᠸᠠᠨ ᠬᠡᠯᠡᠪᠡ᠃ | | ︵5 ᠳ᠋ᠤᠭᠠᠷ ᠰᠠᠷ᠎ᠠ ᠶᠢᠨ 22 ᠤᠨ ᠡᠳᠦᠷ ᠤᠨ ︽ᠰᠢᠨᠬᠤᠸᠠ ᠡᠳᠦᠷ ᠪᠦᠷᠢ ᠶᠢᠨ ᠴᠠᠬᠢᠯᠭᠠᠨ ᠮᠡᠳᠡᠭᠡ︾ ᠲᠡᠬᠡᠷ᠎ᠡ | ᠨᠡᠶᠢᠳᠡᠯᠡᠭᠳᠡᠪᠡ︶ | | | | | | | | | | | | | |