ᠮᠠᠨ ᠤ ᠤᠷᠤᠨ 3 ᠵᠢᠯ ᠳᠤ 551.21 ᠳ᠋ᠦᠩᠰᠢᠭᠤᠷ ᠲᠥᠭᠦᠷᠢᠭ ᠢ ᠨᠢᠭᠡᠳᠦᠯᠲᠡᠢ ᠲᠥᠯᠥᠪᠯᠡᠵᠦ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷᠯᠢᠭ ᠬᠥᠭᠵᠢᠯᠲᠡ ᠶᠢ ᠳᠡᠮᠵᠢᠪᠡ
ᠨᠡᠶᠢᠲᠡᠯᠡᠭᠰᠡᠨ ᠴᠠᠭ᠄
2024/5/23
    ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠬᠢᠨ ᠤ ᠬᠠᠮᠤᠭ ᠰᠢᠨ᠎ᠡ ᠮᠡᠳᠡᠭᠡ᠄ 2021  — 2023 ᠣᠨ ᠳᠤ ᠥᠪᠥᠷ ᠮᠣᠩᠭᠤᠯ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠡᠯ᠎ᠡ ᠲᠥᠷᠥᠯ ᠤᠨ ᠡᠳ᠋ ᠤᠨ ᠵᠠᠰᠠᠭ ᠤᠨ ᠪᠡᠯᠡ ᠮᠥᠩᠭᠦ ᠶᠢ ᠨᠡᠶᠢᠲᠡ 551.21 ᠳ᠋ᠦᠩᠰᠢᠭᠤᠷ ᠲᠥᠭᠦᠷᠢᠭ ᠨᠢᠭᠡᠳᠦᠯᠲᠡᠢ ᠲᠥᠯᠥᠪᠯᠡᠵᠦ᠂ ᠥᠪᠡᠷᠲᠡᠭᠡᠨ ᠵᠠᠰᠠᠬᠤ ᠣᠷᠣᠨ ᠤ ᠬᠠᠲᠤᠨ ᠭᠤᠣᠯ ᠳᠠᠭᠠᠤ ᠶᠢᠨ 7 ᠠᠶᠢᠮᠠᠭ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠬᠤ᠂ ᠬᠠᠲᠤᠨ ᠭᠤᠣᠯ ᠤᠨ ᠥᠨᠢ ᠤᠳᠠᠭᠠᠨ ᠤ ᠠᠶᠤᠯ ᠦᠬᠡᠢ ᠶᠢ ᠪᠠᠲᠤᠯᠠᠬᠤ᠂ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢ ᠠᠬᠢᠭᠤᠯᠬᠤ᠂ ᠬᠠᠲᠤᠨ ᠭᠤᠣᠯ ᠤᠨ ᠰᠣᠶᠣᠯ ᠢ ᠬᠠᠮᠠᠭᠠᠯᠠᠵᠤ ᠤᠯᠠᠮᠵᠢᠯᠠᠨ ᠪᠠᠳᠠᠷᠠᠭᠤᠯᠬᠤ ᠵᠡᠷᠭᠡ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ  ᠴᠢᠨᠠᠷᠯᠢᠭ ᠬᠥᠭᠵᠢᠯᠲᠡ ᠶᠢ ᠲᠡᠮᠵᠢᠭᠰᠡᠨ ᠪᠠᠶᠢᠨ᠎ᠠ᠃     ᠬᠠᠲᠤᠨ ᠭᠤᠣᠯ ᠤᠨ ᠰᠠᠪᠠ ᠭᠠᠵᠠᠷ ᠤᠨ ᠥᠪᠥᠷ ᠮᠣᠩᠭᠤᠯ ᠤᠨ ᠬᠡᠰᠡᠭ ᠤᠨ ᠣᠷᠣᠨ ᠪᠠᠶᠢᠷᠢ ᠨᠢ ᠥᠪᠡᠷᠮᠢᠴᠡ᠂ ᠲᠠᠯᠠᠪᠠᠶ ᠨᠢ ᠥᠷᠭᠡᠨ ᠠᠭᠤᠳᠠᠮ᠂ ᠡᠬᠢ ᠪᠠᠶᠠᠯᠢᠭ ᠡᠨᠧᠷᠭᠢ ᠶᠢᠨ ᠰᠤᠷᠪᠤᠯᠵᠢ ᠡᠯᠪᠡᠭ ᠳᠡᠯᠪᠡᠭ᠂ ᠠᠵᠤ ᠦᠢᠯᠡᠰ ᠲᠥᠪᠯᠡᠷᠡᠭᠰᠡᠨ ᠪᠣᠯᠬᠤᠷ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠲᠤᠨ ᠭᠤᠣᠯ ᠳᠠᠭᠠᠤ ᠶᠢᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷᠯᠢᠭ ᠬᠥᠭᠵᠢᠯᠲᠡ ᠶᠢ ᠠᠬᠢᠭᠤᠯᠬᠤ ᠪᠣᠯ ︽ᠬᠤᠶᠠᠷ ᠬᠠᠯᠬᠠᠪᠴᠢ︾ ︽ᠬᠤᠶᠠᠷ ᠰᠠᠭᠤᠷᠢᠨ ᠭᠠᠵᠠᠷ︾ ︽ᠨᠢᠭᠡ ᠪᠠᠬᠢᠯᠡᠯᠲᠡ︾ ᠶᠢ ᠪᠦᠲᠦᠭᠡᠨ ᠪᠠᠶᠢᠭᠤᠯᠬᠤ ᠶᠢᠨ ᠴᠢᠬᠤᠯᠠ ᠲᠤᠯᠭᠠᠭᠤᠷᠢ ᠪᠣᠯᠣᠨ᠎ᠠ᠃  ᠮᠠᠨ ᠤ ᠤᠷᠤᠨ ᠤ ᠬᠢᠨ ᠤᠷᠴᠢᠮ ᠤᠨ ᠵᠢᠯ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ᠂ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢ ᠠᠬᠢᠭᠤᠯᠬᠤ ᠪᠠᠷ ᠭᠤᠣᠯ ᠪᠣᠯᠭᠠᠵᠤ᠂ ᠡᠭᠦᠷᠭᠡ ᠬᠠᠷᠢᠭᠤᠴᠠᠯᠭ᠎ᠠ ᠪᠠᠨ ᠦᠷᠭᠦᠯᠵᠢᠯᠡᠨ ᠭᠦᠢᠴᠡᠳᠬᠡᠵᠦ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷᠯᠢᠭ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠪᠠᠷ ᠵᠣᠷᠢᠯᠭ᠎ᠠ ᠪᠠᠨ ᠪᠣᠯᠭᠠᠵᠠᠢ᠃    ᠡᠨᠡ ᠬᠦ ᠶᠠᠪᠤᠴᠠ ᠳᠤ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ  ᠤᠨ ᠬᠢᠨ ᠢᠳᠡᠪᠬᠢᠲᠡᠢ ᠪᠠᠷ ᠪᠡᠯᠡ ᠮᠥᠩᠭᠦ ᠴᠤᠭᠯᠠᠭᠤᠯᠵᠤ᠂ ᠪᠥᠬᠦ ᠣᠷᠣᠨ ᠤ ᠬᠠᠲᠤᠨ ᠭᠤᠣᠯ ᠳᠠᠭᠠᠤ ᠶᠢᠨ 7 ᠠᠶᠢᠮᠠᠭ ᠬᠤᠲᠠ ᠶᠢᠨ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠣᠶᠢᠮ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ᠂ ᠤᠰᠤᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠵᠡᠷᠭᠡ ᠲᠠᠯ᠎ᠠ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠡᠮᠵᠢᠪᠡ᠃ ︽ᠬᠠᠮᠠᠭᠠᠯᠠᠯᠲᠠ ᠶᠢᠨ ᠬᠠᠷᠢᠭᠤᠴᠠᠯᠭ᠎ᠠ ᠶᠢ ᠬᠠᠮᠲᠤ ᠪᠠᠷ ᠡᠭᠦᠷᠭᠡᠯᠡᠬᠦ᠂ ᠰᠠᠪᠠ ᠭᠠᠵᠠᠷ ᠤᠨ ᠣᠷᠴᠢᠨ ᠲᠣᠭᠤᠷᠢᠨ ᠢ ᠬᠠᠮᠲᠤ ᠪᠠᠷ ᠵᠠᠰᠠᠬᠤ᠂ ᠠᠮᠢ ᠠᠬᠤᠢ ᠶᠢᠨ ᠦᠷ᠎ᠡ ᠠᠰᠢᠭ ᠢ ᠬᠠᠮᠲᠤ ᠪᠠᠷ ᠡᠳ᠋ᠯᠡᠬᠦ︾ ᠵᠠᠷᠴᠢᠮ ᠶᠣᠰᠣᠭᠠᠷ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠬᠢᠨ ᠬᠠᠲᠤᠨ ᠭᠤᠣᠯ ᠤᠨ ᠰᠠᠪᠠ ᠭᠠᠵᠠᠷ ᠤᠨ ᠬᠥᠨᠳᠡᠯᠡᠨ ᠴᠢᠭᠯᠡᠯ ᠢᠶᠠᠷ ᠠᠮᠢ ᠠᠬᠤᠢ ᠶᠢᠨ ᠨᠥᠬᠦᠪᠦᠷᠢ ᠥᠭᠬᠦ ᠲᠣᠭᠲᠠᠴᠠ ᠶᠢ ᠪᠠᠶᠢᠭᠤᠯᠬᠤ ᠶᠢ ᠠᠬᠢᠭᠤᠯᠬᠤ ᠶᠢ ᠴᠢᠬᠤᠯᠠ ᠡᠭᠦᠷᠭᠡ ᠪᠣᠯᠭᠠᠵᠤ᠂ ᠡᠷᠬᠢᠨ ᠲᠣᠭᠤᠷᠢᠨ ᠤ ᠨᠢᠩᠰᠢᠶᠠ ᠶᠢᠨ ᠬᠤᠲᠣᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ᠂ ᠱᠠᠨ ᠰᠢ ᠮᠤᠵᠢ᠂ ᠱᠠᠨᠰᠢ ᠮᠤᠵᠢ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠰᠠᠨᠠᠭᠠᠴᠢᠯᠠᠭ᠎ᠠ  ᠠᠴᠠ ᠪᠠᠨ ᠵᠥᠪᠳᠡᠯᠴᠡᠵᠦ᠂ ᠮᠤᠵᠢ ᠶᠢᠨ ᠬᠤᠭᠤᠷᠣᠨᠳᠣᠬᠢ ᠡᠷᠬᠡ ᠬᠠᠷᠢᠭᠤᠴᠠᠯᠭ᠎ᠠ ᠶᠢ ᠠᠳᠠᠯᠢ ᠲᠡᠭᠰᠢ ᠪᠠᠶᠢᠯᠭᠠᠬᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠬᠠᠲᠤᠨ ᠭᠤᠣᠯ ᠤᠨ ᠰᠠᠪᠠ ᠭᠠᠵᠠᠷ ᠤᠨ ᠬᠥᠨᠳᠡᠯᠡᠨ ᠴᠢᠭᠯᠡᠯ ᠢᠶᠠᠷ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠥᠭᠬᠦ ᠵᠠᠭᠪᠤᠷ ᠢ ᠪᠣᠶ ᠪᠣᠯᠭᠠᠬᠤ ᠶᠢ ᠠᠬᠢᠭᠤᠯᠪᠠ᠃ 2023 ᠣᠨ ᠤ 9 ᠳ᠋ᠤᠬᠡᠷ ᠰᠠᠷ᠎ᠠ ᠶᠢᠨ 4 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠬᠢᠭᠡᠳ ᠨᠢᠩᠰᠢᠶᠠ ᠶᠢᠨ ᠬᠤᠲᠣᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠬᠠᠲᠤᠨ ᠭᠤᠣᠯ ᠤᠨ ᠰᠠᠪᠠ ᠭᠠᠵᠠᠷ ᠤᠨ ᠬᠥᠨᠳᠡᠯᠡᠨ ᠴᠢᠭᠯᠡᠯ ᠤᠨ ᠠᠮᠢ ᠠᠬᠤᠢ ᠶᠢᠨ ᠨᠥᠬᠦᠪᠦᠷᠢ ᠶᠢᠨ ᠬᠡᠯᠡᠯᠴᠡᠭᠡᠷ ᠲᠤ ᠭᠠᠷ ᠤᠨ ᠥᠰᠥᠭ ᠵᠢᠷᠤᠵᠤ᠂ ᠨᠢᠩᠰᠢᠶᠠ — ᠥᠪᠥᠷ ᠮᠣᠩᠭᠤᠯ ᠤᠨ ᠬᠡᠰᠡᠭ ᠤᠨ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠶᠢᠨ 2024 ᠣᠨ ᠤ 3 ᠳ᠋ᠤᠭᠠᠷ ᠰᠠᠷ᠎ᠠ ᠶᠢᠨ 27 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯᠣᠨ ᠱᠠᠨ ᠰᠢ ᠮᠤᠵᠢ᠂ ᠱᠠᠨᠰᠢ ᠮᠤᠵᠢ ᠬᠠᠲᠤᠨ ᠭᠤᠣᠯ ᠤᠨ ᠰᠠᠪᠠ ᠭᠠᠵᠠᠷ ᠤᠨ ᠬᠥᠨᠳᠡᠯᠡᠨ ᠴᠢᠭᠯᠡᠯ ᠤᠨ ᠠᠮᠢ ᠠᠬᠤᠢ ᠶᠢᠨ ᠨᠥᠬᠦᠪᠦᠷᠢ ᠶᠢᠨ ᠲᠤᠬᠠᠢ ᠵᠦᠪᠳᠡᠯᠴᠡᠬᠡᠷ ᠲᠤᠬᠳᠠᠪᠠ᠃    ᠠᠮᠢ ᠠᠬᠤᠢ ᠶᠢ ᠬᠥᠨᠳᠡᠯᠡᠨ ᠢᠶᠠᠷ ᠨᠥᠬᠦᠪᠦᠷᠢᠯᠡᠬᠦ ᠭᠡᠳᠡᠭ ᠤᠨ ᠭᠤᠣᠯᠳᠠᠯᠭ᠎ᠠ ᠨᠢ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠦᠷᠭᠦᠯᠵᠢᠯᠡᠨ ᠠᠰᠢᠭᠯᠠᠬᠤ ᠶᠢ ᠪᠡᠶᠡᠯᠡᠭᠦᠯᠬᠦ ᠶᠢᠨ ᠲᠥᠯᠥᠭᠡ ᠵᠠᠰᠠᠭ ᠵᠠᠬᠢᠷᠭ᠎ᠠ᠂ ᠠᠵᠤ ᠠᠬᠤᠢ᠂ ᠬᠠᠤᠯᠢ ᠴᠠᠭᠠᠵᠠ ᠵᠡᠷᠭᠡ ᠠᠷᠭ᠎ᠠ ᠪᠠᠷᠢᠯ ᠢ ᠬᠡᠷᠡᠭᠯᠡᠨ᠂ ᠠᠮᠢ ᠠᠬᠤᠢ ᠶᠢ ᠬᠠᠩᠭᠠᠬᠤ ᠣᠷᠣᠨ ᠬᠢᠭᠡᠳ ᠠᠮᠢ ᠠᠬᠤᠢ ᠶᠢᠨ ᠠᠰᠢᠭ ᠬᠦᠷᠳᠡᠬᠦ ᠣᠷᠣᠨ ᠤ ᠠᠰᠢᠭ ᠲᠤᠰᠠ ᠶᠢᠨ ᠬᠠᠷᠢᠴᠠᠭ᠎ᠠ ᠶᠢ ᠵᠣᠬᠢᠴᠠᠭᠤᠯᠬᠤ ᠪᠠᠷ ᠳᠠᠮᠵᠢᠭᠤᠯᠤᠨ ᠠᠮᠢ ᠠᠬᠤᠢ ᠶᠢᠨ ᠬᠠᠮᠠᠭᠠᠯᠠᠯᠲᠠ ᠶᠢᠨ ᠥᠪᠡᠷ ᠤᠨ ᠦᠷᠳᠡᠭ᠂ ᠬᠦᠭᠵᠢᠬᠦᠯᠤᠯᠳᠡ ᠶᠢᠨ ᠥᠪᠡᠷ ᠤᠨ ᠦᠷᠳᠡᠭ ᠪᠣᠯᠣᠨ ᠬᠠᠩᠭᠠᠬᠤ ᠠᠮᠢ ᠠᠬᠤᠢ ᠶᠢᠨ ᠦᠢᠯᠡᠴᠢᠯᠡᠭᠡᠨ ᠤ ᠦᠷᠳᠡᠭ ᠢ ᠦᠨᠳᠦᠰᠦᠯᠡᠨ ᠨᠥᠬᠦᠪᠦᠷᠢ ᠥᠭᠬᠦ ᠶᠢ ᠵᠢᠭᠠᠵᠤ ᠪᠠᠶᠢᠨ᠎ᠠ᠃ ᠡᠭᠦᠨ ᠤ ᠲᠤᠯᠠᠳᠠ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠬᠢᠨ‌ᠣᠳᠣ ᠪᠠᠶᠢᠭ᠎ᠠ ᠤᠰᠤᠨ ᠠᠰᠢᠭᠯᠠᠯᠲᠠ᠂ ᠣᠶ ᠰᠢᠭᠤᠢ ᠡᠪᠡᠰᠦ ᠪᠡᠯᠴᠢᠭᠡᠷ᠂ ᠠᠮᠢ ᠠᠬᠤᠢ ᠶᠢᠨ ᠣᠷᠴᠢᠨ ᠲᠣᠭᠤᠷᠢᠨ ᠤ ᠬᠢᠨᠠᠨ ᠰᠢᠯᠭᠠᠬᠤ ᠰᠢᠰᠲ᠋ᠧᠮ ᠳᠤ ᠲᠦᠰᠢᠭᠯᠡᠨ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠯᠤᠭ᠎ᠠ ᠬᠠᠮᠲᠤᠷᠠᠨ ᠬᠡᠷᠡᠭᠵᠢᠭᠦᠯᠬᠦ ᠨᠠᠷᠢᠨ ᠳᠦᠷᠢᠮ ᠪᠠ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠨᠡᠶᠢᠲᠡᠯᠡᠵᠦ᠂ ᠣᠷᠣᠨ ᠤ ᠳᠣᠲᠣᠷᠠᠬᠢ ᠬᠠᠲᠤᠨ ᠭᠤᠣᠯ ᠳᠠᠭᠠᠤ ᠶᠢᠨ ᠠᠶᠢᠮᠠᠭ ᠬᠤᠲᠠ ᠶᠢᠨ ᠬᠥᠨᠳᠡᠯᠡᠨ ᠴᠢᠭᠯᠡᠯ ᠢᠶᠠᠷ ᠠᠮᠢ ᠠᠬᠤᠢ ᠶᠢᠨ ᠨᠥᠬᠦᠪᠦᠷᠢ ᠥᠭᠬᠦ ᠲᠣᠭᠲᠠᠴᠠ ᠶᠢ ᠰᠦᠪᠡᠭᠴᠢᠯᠡᠨ᠂ ᠬᠠᠲᠤᠨ ᠭᠤᠣᠯ ᠳᠠᠭᠠᠤ ᠶᠢᠨ ᠠᠶᠢᠮᠠᠭ ᠬᠤᠲᠠ ᠶᠢᠨ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢ ᠬᠠᠮᠠᠭᠠᠯᠠᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠭᠦᠢᠴᠡᠳ ᠳᠠᠶᠢᠴᠢᠯᠠᠨ᠂ ᠬᠠᠮᠠᠭᠠᠯᠠᠬᠤ ᠪᠠ ᠵᠠᠰᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠣᠶ ᠪᠣᠯᠭᠠᠬᠤ ᠶᠢ ᠠᠬᠢᠭᠤᠯᠵᠤ ᠪᠠᠶᠢᠨ᠎ᠠ᠃    ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠳᠡᠳ᠋ ᠳᠠᠷᠤᠭ᠎ᠠ ᠸᠠᠩ ᠹᠸᠡᠭ ᠴᠢ᠄ ︽ᠳᠠᠷᠠᠭᠠᠴᠢ ᠪᠠᠷ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠬᠢᠨ ᠦᠷᠭᠦᠯᠵᠢᠯᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠳ᠋ ᠤᠨ ᠵᠠᠰᠠᠭ ᠤᠨ ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ ᠡᠭᠦᠳᠴᠦ᠂ ᠤᠷᠮᠠᠰᠢᠭᠤᠯᠬᠤ ᠪᠠ ᠬᠢᠵᠠᠭᠠᠷᠯᠠᠬᠤ ᠶᠢ ᠵᠡᠷᠬᠡ ᠪᠠᠷ ᠠᠳᠬᠤᠨ᠂ ᠡᠯ᠎ᠡ ᠲᠠᠯ᠎ᠠ ᠶᠢᠨ ᠢᠳᠡᠪᠬᠢᠵᠢᠯ ᠢ ᠭᠦᠢᠴᠡᠳ ᠳᠠᠶᠢᠴᠢᠯᠠᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷᠯᠢᠭ ᠬᠥᠭᠵᠢᠯᠲᠡ ᠶᠢ ᠬᠠᠮᠳᠤ ᠪᠠᠷ ᠠᠬᠢᠭᠤᠯᠤᠨ᠎ᠠ︾ ᠭᠡᠵᠦ ᠬᠡᠯᠡᠪᠡ᠃  
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号