ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠤᠳᠬᠠᠬᠤ ᠪᠤᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2024/5/28
    ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠠᠵᠢᠯ ᠤᠨ ᠭᠤᠣᠯ ᠰᠢᠵᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠲᠦᠯᠤᠬᠡ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ  ᠬᠢᠨ ᠮᠠᠨ ᠤ ᠣᠷᠣᠨ ᠤ ︽ᠦᠨᠳᠦᠰᠦᠲᠡᠨ ᠤ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠬᠦᠷᠴᠦ ᠢᠷᠡᠬᠦ ᠲᠠᠰᠢᠷᠠᠮ ᠢᠶᠠᠷ  5  ᠳ᠋ᠤᠭᠠᠷ ᠰᠠᠷ᠎ᠠ ᠶᠢᠨ 9 ᠠᠴᠠ 11 ᠳᠤ ᠥᠪᠥᠷ ᠮᠣᠩᠭᠤᠯ ᠤᠨ ᠨᠡᠶᠢᠭᠡᠮ ᠵᠢᠷᠤᠮ ᠤᠨ ᠳᠡᠭᠡᠳᠦ ᠰᠤᠷᠭᠠᠭᠤᠯᠢ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠤᠯᠪᠠᠰᠤᠷᠠᠯ ᠡᠷᠬᠢᠯᠡᠪᠡ᠃     ᠲᠤᠰ ᠪᠣᠯᠪᠠᠰᠤᠷᠠᠯ ᠲᠡᠬᠡᠷ᠎ᠡ ᠥᠪᠥᠷ ᠮᠣᠩᠭᠤᠯ ᠤᠨ ᠨᠡᠶᠢᠭᠡᠮ ᠵᠢᠷᠤᠮ ᠤᠨ ᠳᠡᠭᠡᠳᠦ ᠰᠤᠷᠭᠠᠭᠤᠯᠢ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂  ᠳᠡᠳ᠋  ᠵᠠᠬᠢᠷᠤᠯ  ᠵᠣᠣ ᠵᠢᠩ ᠬᠤᠸᠠ᠂  ᠥᠪᠥᠷ ᠮᠣᠩᠭᠤᠯ ᠤᠨ ᠨᠢᠭᠡᠳᠦᠮᠡᠯ ᠹᠷᠣᠨᠲ ᠤᠨ ᠤᠶᠤᠨ ᠤ ᠬᠥᠮᠥᠷᠭᠡ ᠶᠢᠨ ᠠᠯᠪᠠᠨ ᠭᠡᠷ ᠤᠨ ᠡᠷᠬᠢᠯᠡᠭᠴᠢ ᠹᠸᠡᠭ ᠰᠢᠤᠸᠠᠨ᠂ ᠠᠷᠠᠳ ᠤᠨ ᠶᠠᠪᠤᠳᠠᠯ ᠤᠨ ᠶᠠᠮᠤᠨ ᠤ ᠲᠦᠷᠦ ᠶᠢᠨ ᠪᠣᠳᠣᠯᠭ᠎ᠠ ᠶᠢᠨ ᠰᠤᠳᠤᠯᠭᠠᠨ ᠤ ᠲᠥᠪ ᠤᠨ ᠰᠤᠳᠤᠯᠭᠠᠨ ᠤ ᠭᠤᠷᠪᠠᠳᠤᠭᠠᠷ ᠲᠠᠰᠤᠭ ᠤᠨ ᠡᠷᠬᠢᠯᠡᠭᠴᠢ ᠶᠠᠨ ᠰᠢᠶᠣᠣ ᠶᠢᠩ ᠨᠠᠷ ᠢ ᠤᠷᠢᠵᠤ ᠲᠤᠰ ᠲᠤᠰ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ ︿ᠵᠢᠱᠢᠶᠡᠴᠢ ᠥᠪᠡᠷᠲᠡᠭᠡᠨ ᠵᠠᠰᠠᠬᠤ ᠣᠷᠣᠨ﹀ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠵᠤ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠬᠦᠯᠰᠤᠬᠡᠢ︾ ︽ᠲᠥᠪ ᠶᠣᠰᠣ ᠶᠢ ᠰᠠᠬᠢᠵᠤ ᠰᠢᠨ᠎ᠡ ᠶᠢ ᠡᠭᠦᠳᠴᠦ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠨᠢᠭᠲᠠᠷᠠᠯ ᠤᠨ ᠬᠦᠴᠤᠨ ᠪᠠ ᠳᠠᠭᠠᠭᠤᠯᠬᠤ ᠬᠦᠴᠦᠨ ᠢ  ᠴᠢᠩᠭᠠᠳᠬᠠᠶ᠎ᠠ︾ ︽ᠰᠢ ᠶᠢᠨ ᠫᠢᠡᠭ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠰᠢᠨ᠎ᠡ ᠴᠠᠭ ᠦᠶ᠎ᠡ ᠶᠢᠨ ᠠᠷᠠᠳ ᠤᠨ ᠶᠠᠪᠤᠳᠠᠯ ᠤᠨ ᠰᠣᠶᠣᠯ ᠤᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠦᠶ᠎ᠡ︾ ᠭᠡᠬᠦ ᠰᠡᠳᠦᠪ ᠢᠶᠠᠷ ᠭᠤᠤᠯ ᠰᠢᠵᠢᠮ ᠨᠢ ᠲᠤᠳᠤᠷᠬᠠᠢ ᠂ ᠭᠤᠤᠯᠳᠠᠯᠭ᠎ᠠ ᠨᠢ ᠲᠤᠪᠤᠶᠢᠮ᠎ᠠ ᠪᠦᠬᠡᠳ ᠬᠠᠨᠳᠤᠯᠭ᠎ᠠ ᠲᠠᠢ᠂ ᠵᠢᠯᠤᠭᠤᠳᠤᠮᠵᠢ ᠶᠢᠨ ᠴᠢᠨᠠᠷ ᠪᠦᠬᠦᠢ ᠪᠥᠬᠦ ᠲᠠᠯ᠎ᠠ ᠶᠢᠨ ᠂ ᠨᠠᠷᠢᠨ ᠲᠣᠳᠣᠷᠬᠠᠢ ᠲᠠᠶᠢᠯᠤᠮᠵᠢ ᠬᠢᠯᠬᠡᠪᠡ᠃    ᠪᠣᠯᠪᠠᠰᠤᠷᠠᠯ ᠤᠨ ᠬᠤᠭᠤᠴᠠᠭᠠᠨ ᠳᠤ ᠰᠤᠷᠤᠯᠴᠠᠬᠰᠠᠳ ᠲᠤ ︽ᠠᠭᠤᠯᠠᠨ ᠤ ᠴᠠᠭᠠᠨ᠎ᠠ︾  ᠬᠡᠬᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠤᠨ ᠹᠢᠯᠢᠮ ᠦᠵᠡᠬᠦᠯᠬᠦ ᠶᠢᠨ ᠬᠠᠮᠳᠤ ︽ᠮᠸᠡᠭ ᠼᠤᠤ︾ ᠬᠠᠳᠤᠯᠠᠩ ᠡᠪᠡᠰᠤᠨ ᠤ ᠬᠦᠷᠢᠶᠡᠯᠡᠩ ᠢ ᠲᠣᠭᠤᠷᠢᠨ ᠦᠵᠡᠭᠦᠯᠵᠦ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠲᠣᠶᠢᠮᠣ︾ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠤᠯᠢᠯᠴᠠᠨ᠂ ᠠᠮᠢᠳᠤᠯᠢᠭ ᠪᠤᠳᠠᠳᠠᠢ ᠲᠤᠬᠠᠢ ᠶᠢᠨ ᠲᠠᠯᠠᠪᠠᠢ ᠶᠢᠨ ᠰᠤᠷᠤᠯᠴᠠᠯᠭ᠎ᠠ ᠪᠠᠷ ᠲᠠᠮᠵᠢᠨ  ᠰᠤᠷᠤᠯᠴᠠᠬᠰᠠᠳ ᠤᠨ  ︽ᠭᠤᠷᠪᠠᠨ ᠰᠠᠯᠵᠤ ᠴᠢᠳᠠᠬᠤ ᠦᠭᠡᠢ︾ ︽ᠳᠥᠷᠪᠡ ᠶᠢ ᠬᠠᠮᠲᠤᠳᠬᠠᠬᠤ︾ ︽ᠲᠠᠪᠤ ᠶᠢ ᠮᠡᠳᠡᠷᠡᠬᠦ︾ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠲᠢᠩᠬᠢᠮ ᠤᠨ ᠰᠢᠰᠲ᠋ᠧᠮ ᠤᠨ ᠨᠠᠮ ᠤᠨ ᠭᠡᠰᠢᠭᠦᠨ ᠺᠠᠳ᠋ᠷᠴᠤᠳ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠴᠢᠨᠠᠭᠰᠢᠳᠠ ᠪᠠᠲᠤᠳᠬᠠᠬᠤ ᠳᠤ ᠦᠵᠡᠯ ᠰᠠᠨᠠᠭᠠᠨ ᠤ ᠪᠠᠳᠤ ᠰᠠᠭᠤᠷᠢ ᠶᠢ ᠲᠠᠯᠪᠢᠭᠠᠳ ᠠᠷᠠᠳ ᠤᠨ ᠶᠠᠪᠤᠳᠠᠯ ᠤᠨ ᠦᠢᠯᠡᠰ ᠤᠨ ᠴᠢᠨᠠᠷᠯᠢᠭ ᠬᠥᠭᠵᠢᠯᠲᠡ ᠶᠢ ᠠᠬᠢᠭᠤᠯᠬᠤ ᠲᠠᠶᠢᠴᠢᠨ ᠬᠦᠴᠦᠨ ᠢ ᠨᠢᠬᠳᠠᠷᠠᠭᠤᠯᠤᠬᠰᠠᠨ ᠪᠠᠶᠢᠨ᠎ᠠ᠃     ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠰᠢᠰᠲ᠋ᠧᠮ ᠤᠨ ᠨᠠᠮ ᠤᠨ ᠭᠡᠰᠢᠭᠦᠨ ᠺᠠᠳ᠋ᠷ 50 ᠭᠠᠷᠤᠢ ᠬᠥᠮᠥᠨ ᠪᠣᠯᠪᠠᠰᠤᠷᠠᠯ ᠳᠤ ᠣᠷᠣᠯᠴᠠᠵᠠᠢ᠃      
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号