ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠳᠤᠭᠠᠷ ᠬᠤᠷᠠᠯ ᠡᠬᠢᠯᠡᠪᠡ
ᠨᠡᠶᠢᠲᠡᠯᠡᠭᠰᠡᠨ ᠴᠠᠭ᠄
2024/5/29
ᠰᠦᠨ ᠱᠣᠣ ᠴᠧᠩ ᠬᠤᠷᠠᠯ ᠢ ᠡᠷᠬᠢᠯᠡᠵᠡᠢ    ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠷᠪᠠᠳᠤᠭᠠᠷ ᠬᠤᠷᠠᠯ 5 ᠳ᠋ᠤᠭᠠᠷ ᠰᠠᠷ᠎ᠠ ᠶᠢᠨ 28 ᠤ ᠡᠳᠦᠷ ᠡᠬᠢᠯᠡᠭᠰᠡᠨ ᠪᠥᠭᠡᠳ ᠠᠩᠬᠠᠳᠤᠭᠠᠷ ᠪᠥᠬᠦᠳᠡ ᠬᠤᠷᠠᠯ ᠬᠢᠪᠡ᠃    ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠣᠲᠣ 73 ᠪᠦᠷᠢᠯᠳᠦᠭᠦᠨ ᠲᠠᠢ᠂ ᠲᠣᠰ ᠤᠳᠠᠭᠠᠨ ᠤ ᠬᠤᠷᠠᠯ ᠳᠤ 65 ᠬᠥᠮᠥᠨ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠨ᠎ᠡ᠃    ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠰᠦᠨ ᠱᠤᠤ ᠴᠧᠩ ᠬᠤᠷᠠᠯ ᠢ ᠡᠷᠬᠢᠯᠡᠪᠡ᠃  ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠠᠶᠢᠩᠭᠤ ᠶᠢᠨ ᠳᠡᠳ᠋ ᠡᠷᠬᠢᠯᠡᠭᠴᠢ ᠯᠢᠨ ᠱᠣᠸ ᠴᠦᠨ᠂ ᠳᠡᠳ᠋ ᠡᠷᠬᠢᠯᠡᠭᠴᠢ ᠵᠠᠩ ᠱᠣᠸ ᠴᠦᠨ᠂ ᠳ᠋ᠤᠸᠠᠨ ᡁᠢ ᠴᠢᠶᠠᠩ᠂ ᠠᠢ ᠯᠢ ᠬᠤᠸᠠ᠂ ᠯᠢ ᠪᠢᠩ ᠷᠦᠩ᠂ ᠦ᠋ ᠶᠠᠨ ᠭᠠᠩ᠂ ᠨᠠᠷᠢᠨ ᠪᠢᠴᠢᠭ ᠤᠨ ᠳᠠᠷᠤᠭ᠎ᠠ ᠱᠢ ᠸᠧᠨ ᠸᠧᠨ ᠬᠤᠷᠠᠯ ᠳᠤ ᠣᠷᠣᠯᠴᠠᠪᠠ᠃  ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ ᠪᠠᠲᠤ ᠬᠤᠷᠠᠯ ᠳᠤ ᠰᠤᠯᠠ ᠣᠷᠣᠯᠴᠠᠪᠠ᠃
 W020240529285326173418_ORIGIN.jpg  
   ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠷᠪᠠᠳᠤᠭᠠᠷ ᠬᠤᠷᠠᠯ 5 ᠳ᠋ᠤᠭᠠᠷ ᠰᠠᠷ᠎ᠠ ᠶᠢᠨ 28 ᠤ ᠡᠳᠦᠷ ᠠᠩᠬᠠᠳᠤᠭᠠᠷ ᠪᠥᠬᠦᠳᠡ ᠬᠤᠷᠠᠯ ᠢ ᠬᠤᠷᠠᠯᠳᠤᠭᠤᠯᠵᠤ ᠪᠠᠶᠢᠭ᠎ᠠ ᠨᠢ   ᠬᠤᠷᠠᠯ ᠤᠨ ᠵᠥᠪᠯᠡᠬᠦ ᠵᠦᠢᠯ ᠢ ᠪᠠᠲᠤᠯᠠᠭᠰᠠᠨ ᠤ ᠳᠠᠷᠠᠭ᠎ᠠ ᠬᠤᠷᠠᠯ ᠲᠡᠬᠡᠷ᠎ᠡ ᠴᠢ ᠪᠠᠲᠤ ᠶᠢᠨ ᠬᠢᠭᠰᠡᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠪᠠᠷ ᠳᠡᠪᠰᠢᠭᠦᠯᠦᠭᠰᠡᠨ ᠬᠥᠮᠥᠰ ᠤᠨ ᠪᠠᠶᠢᠳᠠᠯ ᠤᠨ ᠲᠣᠳᠣᠷᠬᠠᠶᠢᠯᠠᠯᠲᠠ ᠶᠢ ᠰᠣᠨᠣᠰᠴᠠᠢ᠃   ᠬᠤᠷᠠᠯ ᠲᠡᠬᠡᠷ᠎ᠡ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠳᠦᠷᠢᠮ ᠤᠨ ᠵᠥᠪᠯᠡᠯ ᠤᠨ ᠡᠷᠬᠢᠯᠡᠭᠴᠢ ᠭᠡᠰᠢᠭᠦᠨ ᠰᠠᠷᠠᠨ ᠤ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠭᠠᠴᠢᠯᠠᠭᠰᠠᠨ ᠠᠵᠤ ᠠᠬᠤᠢ ᠶᠢ ᠠᠬᠢᠭᠤᠯᠬᠤ ᠳᠦᠷᠢᠮ ︵ᠲᠥᠰᠥᠯ ᠳᠤ ᠵᠠᠰᠠᠪᠤᠷᠢ ᠣᠷᠣᠭᠤᠯᠤᠭᠰᠠᠨ ᠨᠣᠣᠷᠠᠭ︶︾ ᠢ ᠬᠢᠨᠠᠨ ᠵᠥᠪᠯᠡᠭᠰᠡᠨ ᠦᠷ᠎ᠡ ᠳ᠋ᠦᠩ ᠤᠨ ᠲᠤᠬᠠᠢ ᠮᠡᠳᠡᠭᠦᠯᠦᠯᠲᠡ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠡᠶᠢᠭᠡᠮ ᠤᠨ ᠪᠠᠶᠢᠭᠤᠯᠤᠯᠲᠠ ᠶᠢᠨ ᠵᠥᠪᠯᠡᠯ ᠤᠨ ᠡᠷᠬᠢᠯᠡᠭᠴᠢ ᠭᠡᠰᠢᠭᠦᠨ ᠱᠢ ᠸᠠᠨ ᠵᠢᠶᠦ᠋ᠨ ᠤ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠬᠠᠤᠯᠢ﹀ ᠶᠢ ᠬᠡᠷᠡᠭᠵᠢᠭᠦᠯᠬᠦ ᠠᠷᠭ᠎ᠠ ︵ᠵᠠᠰᠠᠪᠤᠷᠢ ᠣᠷᠣᠭᠤᠯᠤᠭᠰᠠᠨ ᠲᠥᠰᠥᠯ︶︾ ᠶᠢᠨ ᠲᠤᠬᠠᠢ ᠲᠣᠳᠣᠷᠬᠠᠶᠢᠯᠠᠯᠲᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯᠴᠢᠨ ᠤ ᠡᠪᠯᠡᠯ ᠤᠨ ᠬᠠᠤᠯᠢ﹀ ᠶᠢ ᠬᠡᠷᠡᠭᠵᠢᠭᠦᠯᠬᠦ ᠠᠷᠭ᠎ᠠ ︵ᠵᠠᠰᠠᠪᠤᠷᠢ ᠣᠷᠣᠭᠤᠯᠤᠭᠰᠠᠨ ᠲᠥᠰᠥᠯ︶︾ ᠶᠢᠨ ᠲᠤᠬᠠᠢ ᠲᠣᠳᠣᠷᠬᠠᠶᠢᠯᠠᠯᠲᠠ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠳᠦᠷᠢᠮ ᠤᠨ ᠵᠥᠪᠯᠡᠯ ᠤᠨ ᠳᠡᠳ᠋ ᠡᠷᠬᠢᠯᠡᠭᠴᠢ ᠭᠡᠰᠢᠭᠦᠨ ᠵᠧᠩ ᠶᠢᠨ ᠴᠦᠨ ᠤ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ﹀ ᠶᠢ ᠬᠡᠷᠡᠭᠵᠢᠭᠦᠯᠬᠦ ᠠᠷᠭ᠎ᠠ ︵ᠵᠠᠰᠠᠪᠤᠷᠢ ᠣᠷᠣᠭᠤᠯᠤᠭᠰᠠᠨ ᠲᠥᠰᠥᠯ︶︾ ᠶᠢ ᠬᠢᠨᠠᠨ ᠵᠥᠪᠯᠡᠭᠰᠡᠨ ᠦᠷ᠎ᠡ ᠳ᠋ᠦᠩ ᠤᠨ ᠲᠤᠬᠠᠢ ᠮᠡᠳᠡᠭᠦᠯᠦᠯᠲᠡ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠳᠦᠷᠢᠮ ᠤᠨ ᠵᠥᠪᠯᠡᠯ ᠤᠨ ᠳᠡᠳ᠋ ᠡᠷᠬᠢᠯᠡᠭᠴᠢ ᠭᠡᠰᠢᠭᠦᠨ ᠵᠠᠩ ᠽᠦᠸᠧ ᠾᠧᠦ ᠶᠢᠨ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠳᠡᠩᠰᠡᠯᠡᠵᠦ ᠬᠢᠨᠠᠨ ᠪᠠᠶᠢᠴᠠᠭᠠᠬᠤ ᠳᠦᠷᠢᠮ ︵ᠵᠠᠰᠠᠪᠤᠷᠢ ᠣᠷᠣᠭᠤᠯᠤᠭᠰᠠᠨ ᠲᠥᠰᠥᠯ︶︾ ᠢ ᠬᠢᠨᠠᠨ ᠵᠥᠪᠯᠡᠭᠰᠡᠨ ᠦᠷ᠎ᠡ ᠳ᠋ᠦᠩ ᠤᠨ ᠲᠤᠬᠠᠢ ᠮᠡᠳᠡᠭᠦᠯᠦᠯᠲᠡ ᠶᠢ ᠰᠤᠨᠤᠰᠪᠠ᠃    ᠬᠤᠷᠠᠯ ᠲᠡᠬᠡᠷ᠎ᠡ ᠦᠪᠤᠷ ᠮᠤᠩᠭᠤᠯ ᠤᠨ  ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠬᠥᠩ ᠮᠢᠩ ᠵᠤ᠋ ᠶᠢᠨ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠳᠦᠷᠢᠮ ︵ᠲᠥᠰᠥᠯ︶︾ ᠤᠨ ᠲᠤᠬᠠᠢ ᠲᠣᠳᠣᠷᠬᠠᠶᠢᠯᠠᠯᠲᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠷᠥᠰᠥ ᠰᠢᠷᠣᠢ ᠶᠢ ᠬᠠᠮᠠᠭᠠᠯᠠᠬᠤ ᠳᠦᠷᠢᠮ ︵ᠵᠠᠰᠠᠪᠤᠷᠢ ᠣᠷᠣᠭᠤᠯᠤᠭᠰᠠᠨ ᠲᠥᠰᠥᠯ︶︾ ᠤᠨ ᠲᠤᠬᠠᠢ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠳᠠᠷᠤᠭ᠎ᠠ ᠶᠢᠨ ᠬᠦᠴᠦᠨ ᠲᠠᠢ ᠪᠣᠯᠤᠭᠰᠠᠨ ᠨᠠᠶᠢᠵᠠ ᠶᠢᠨ ᠬᠢᠭᠰᠡᠨ ᠲᠣᠳᠣᠷᠬᠠᠶᠢᠯᠠᠯᠲᠠ ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠡᠷᠡᠭᠦᠯ ᠬᠠᠮᠠᠭᠠᠯᠠᠯ ᠤᠨ ᠠᠵᠢᠯ ᠤᠨ ᠵᠥᠪᠯᠡᠯ ᠤᠨ ᠡᠷᠬᠢᠯᠡᠭᠴᠢ ᠮᠥᠩᠬᠡᠴᠡᠴᠡᠭ ︽ᠵᠡᠭᠦᠨ ᠬᠤᠶᠢᠲᠤ ᠶᠢᠨ ᠭᠤᠷᠪᠠᠨ ᠮᠤᠵᠢ ᠨᠢᠭᠡ ᠣᠷᠣᠨ ᠤ ᠵᠢᠭᠤᠯᠴᠢᠯᠠᠯ ᠤᠨ ᠦᠢᠯᠡᠰ ᠤᠨ ᠬᠠᠮᠵᠢᠯᠴᠠᠨ ᠬᠥᠭᠵᠢᠬᠦ ᠶᠢ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠣᠭᠲᠠᠭᠠᠯ ︵ᠲᠥᠰᠥᠯ︶︾ ᠤᠨ ᠲᠤᠬᠠᠢ ᠲᠣᠳᠣᠷᠬᠠᠶᠢᠯᠠᠯᠲᠠ ᠶᠢ ᠰᠣᠨᠤᠰᠪᠠ᠃   ᠬᠤᠷᠠᠯ ᠲᠡᠬᠡᠷ᠎ᠡ ᠴᠢ ᠪᠠᠲᠤ ᠶᠢᠨ ᠬᠢᠭᠰᠡᠨ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠤᠨ ᠳᠡᠳ᠋ ᠡᠷᠬᠢᠯᠡᠭᠴᠢ ᠸᠠᠩ ᠹᠠᠩ ᠤᠨ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠦᠭᠵᠢᠬᠦᠯᠤᠯᠳᠡ ᠶᠢᠨ ᠬᠥᠲᠥᠯᠪᠦᠷᠢ ︵2021 ︱ 2030 ᠣᠨ︶︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠦᠬᠡᠳ ᠤᠨ ᠬᠦᠭᠵᠢᠬᠦᠯᠤᠯᠳᠡ ᠶᠢᠨ ᠬᠥᠲᠥᠯᠪᠦᠷᠢ ︵2021 ︱ 2030 ᠣᠨ︶︾ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠳᠠᠷᠤᠭ᠎ᠠ ᠭᠦᠸᠧ ᠢᠦᠢ ᠹᠧᠩ ᠤᠨ ᠬᠢᠭᠰᠡᠨ ᠪᠥᠬᠦ ᠣᠷᠣᠨ ᠤ ᠬᠤᠲᠠ ᠪᠠᠯᠭᠠᠰᠤᠨ ᠤ ᠢᠯᠴᠢ ᠬᠠᠩᠭᠠᠬᠤ ︽ᠳᠤᠯᠠᠭᠠᠯᠠᠭ᠎ᠠ ᠶᠢᠨ ᠢᠨᠵᠧᠨᠧᠷᠢᠩ︾ ᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ ᠯᠢᠦ ᠶᠦᠩ ᠤᠨ ᠬᠢᠭᠰᠡᠨ ᠰᠢᠯᠢᠳᠡᠭ ᠡᠮᠴᠢᠯᠡᠭᠡᠨ ᠤ ᠡᠬᠢ ᠪᠠᠶᠠᠯᠢᠭ ᠢ ᠣᠷᠣᠭᠤᠯᠤᠨ ᠠᠪᠴᠢᠷᠠᠵᠤ᠂ ᠤᠯᠤᠰ ᠤᠨ ᠣᠷᠣᠨ ᠪᠦᠰᠡ ᠶᠢᠨ ᠡᠮᠴᠢᠯᠡᠭᠡᠨ ᠤ ᠲᠥᠪ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠳᠠᠷᠤᠭ᠎ᠠ ᠭᠦᠸᠧ ᠵᠠᠨ ᠵᠢᠶᠠᠩ ᠤᠨ ᠬᠢᠭᠰᠡᠨ ᠠᠮᠢᠲᠠᠨ ᠤ ᠬᠢᠵᠢᠭ ᠢ ᠰᠡᠷᠭᠡᠶᠢᠯᠡᠬᠦ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ᠂ ᠪᠥᠬᠦ ᠣᠷᠣᠨ ᠤ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠲᠢᠩᠬᠢᠮ ᠤᠨ ᠳᠠᠷᠤᠭ᠎ᠠ ᠸᠠᠩ ᠹᠥ᠋ᠩ  ᠤᠨ ᠬᠢᠭᠰᠡᠨ ᠦᠬᠠᠢ ᠪᠤᠯᠤᠨ ᠦᠬᠠᠢ ᠶᠢᠨ ᠡᠷᠬᠢᠨ ᠲᠣᠭᠤᠷᠢᠨ ᠤ ᠭᠠᠵᠠᠷ ᠣᠷᠣᠨ ᠤ ᠠᠭᠠᠷ ᠮᠠᠨᠳᠠᠯ ᠤᠨ ᠪᠣᠬᠢᠷᠲᠤᠯ ᠢ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠠᠵᠢᠯ ᠢ ᠠᠬᠢᠭᠤᠯᠤᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ᠂ 2023 ᠣᠨ ᠤ ᠣᠷᠴᠢᠨ ᠲᠣᠭᠤᠷᠢᠨ ᠤ ᠪᠠᠶᠢᠳᠠᠯ ᠪᠣᠯᠣᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠶᠢᠨ ᠳᠡᠳ᠋ ᠳᠠᠷᠤᠭ᠎ᠠ ᠯᠢ ᠵᠢᠶᠠᠨ ᠫᠢᠩ ᠤᠨ ᠬᠢᠭᠰᠡᠨ ᠪᠥᠬᠦ ᠣᠷᠣᠨ ᠤ ᠰᠢᠭᠦᠬᠦ ᠬᠤᠷᠢᠶ᠎ᠠ ᠶᠢᠨ ᠵᠠᠰᠠᠭ ᠵᠠᠬᠢᠷᠭᠠᠨ ᠤ ᠰᠢᠭᠦᠨ ᠲᠠᠰᠤᠯᠬᠤ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠰᠤᠨᠤᠰᠪᠠ᠃    ᠬᠤᠷᠠᠯ ᠲᠡᠬᠡᠷ᠎ᠡ ᠪᠠᠰᠨ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠨᠠᠷᠢᠨ ᠪᠢᠴᠢᠭ ᠤᠨ ᠳᠠᠷᠤᠭ᠎ᠠ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠵᠥᠪᠯᠡᠯ ᠤᠨ ᠳᠡᠳ᠋ ᠡᠷᠬᠢᠯᠡᠭᠴᠢ ᠭᠡᠰᠢᠭᠦᠨ ᠭᠦᠸᠧ ᠰᠢᠨ ᠤ ᠬᠢᠭᠰᠡᠨ ᠣᠨᠴᠠ ᠵᠠᠷᠢᠮ ᠲᠥᠯᠥᠭᠡᠯᠡᠭᠴᠢ ᠶᠢᠨ ᠲᠥᠯᠥᠭᠡᠯᠡᠭᠴᠢ ᠶᠢᠨ ᠬᠢᠷᠢ ᠬᠡᠮ ᠤᠨ ᠲᠤᠬᠠᠢ ᠮᠡᠳᠡᠭᠦᠯᠦᠯᠲᠡ ᠶᠢ ᠰᠣᠨᠣᠰᠴᠠᠢ᠃    ᠬᠤᠷᠠᠯ ᠲᠡᠬᠡᠷ᠎ᠡ ᠡᠯ᠎ᠡ ᠲᠣᠭᠤᠷᠢᠭ ᠪᠠᠶᠢᠭᠤᠯᠤᠭᠰᠠᠨ ᠬᠤᠲᠠ ᠶᠢᠨ ᠮᠡᠳᠡᠭᠦᠯᠦᠨ ᠵᠥᠪᠰᠢᠶᠡᠷᠡᠭᠦᠯᠦᠭᠰᠡᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠢ ᠬᠢᠨᠠᠨ ᠵᠥᠪᠯᠡᠵᠦ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠳᠡᠪᠰᠢᠭᠦᠯᠦᠭᠰᠡᠨ 1 — 9 ᠳ᠋ᠦᠭᠡᠷ ᠲᠣᠭᠠᠲᠤ ᠵᠥᠪᠯᠡᠯᠭᠡ ᠶᠢ ᠬᠢᠨᠠᠨ ᠵᠥᠪᠯᠡᠭᠰᠡᠨ ᠦᠷ᠎ᠡ ᠳ᠋ᠦᠩ ᠤᠨ ᠲᠤᠬᠠᠢ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠤᠰᠬᠠᠢ ᠵᠥᠪᠯᠡᠯ ᠤᠨ ᠮᠡᠳᠡᠭᠦᠯᠦᠯᠲᠡ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ︽ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ︿ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠠᠵᠢᠯ ᠤᠨ ᠪᠠᠶᠢᠳᠠᠯ ᠤᠨ ᠲᠤᠬᠠᠢ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠡᠳᠡᠭᠦᠯᠦᠯᠲᠡ﹀ ᠶᠢ ᠬᠢᠨᠠᠨ ᠵᠥᠪᠯᠡᠭᠰᠡᠨ ᠰᠠᠨᠠᠯ︾ ᠢ ᠭᠦᠢᠴᠡᠳᠬᠡᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ᠂  ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ ᠤᠨ ᠲᠤᠰᠢᠶᠠᠯ ᠳᠤ ᠳᠡᠪᠰᠢᠭᠦᠯᠦᠭᠰᠡᠳ ᠤᠨ ᠪᠠᠶᠢᠳᠠᠯ ᠤᠨ ᠲᠤᠬᠠᠢ ᠲᠣᠳᠣᠷᠬᠠᠶᠢᠯᠠᠯᠲᠠ ᠶᠢ ᠰᠤᠨᠤᠰᠪᠠ᠃    ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠤᠨ ᠡᠯ᠎ᠡ ᠲᠤᠰᠬᠠᠢ ᠺᠣᠮᠢᠰ ᠤᠨ ᠳᠡᠳ᠋ ᠡᠷᠬᠢᠯᠡᠭᠴᠢ ᠭᠡᠰᠢᠭᠦᠨ᠂ ᠭᠡᠰᠢᠭᠦᠨ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠲᠥᠯᠥᠭᠡᠯᠡᠭᠴᠢ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠪᠠᠶᠢᠭᠤᠯᠤᠮᠵᠢ ᠶᠢᠨ ᠬᠠᠷᠢᠭᠤᠴᠠᠯᠭᠠᠲᠠᠨ᠂ ᠠᠶᠢᠮᠠᠭ ᠤᠨ ᠠᠵᠢᠯᠯᠠᠬᠤ ᠬᠤᠷᠢᠶ᠎ᠠ ᠶᠢᠨ ᠬᠠᠷᠢᠭᠤᠴᠠᠯᠭᠠᠲᠠᠨ᠂ ᠡᠯ᠎ᠡ ᠲᠣᠭᠤᠷᠢᠭ ᠲᠠᠢ ᠬᠤᠲᠠ᠂ ᠮᠠᠨᠵᠤᠤᠷ ᠬᠤᠲᠠ᠂ ᠡᠷᠢᠶᠡᠨ ᠬᠤᠲᠠ᠂ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠷᠢᠭᠤᠴᠠᠯᠭᠠᠲᠠᠨ᠂  ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠬᠤᠷᠠᠯ ᠳᠤ ᠰᠤᠯᠠ ᠤᠷᠤᠯᠴᠠᠬᠰᠠᠨ ᠪᠠᠶᠢᠨ᠎ᠠ᠃     
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号