ᠲᠥᠪ ᠤᠨ ᠡᠳ᠋ ᠤᠨ ᠵᠠᠰᠠᠭ ᠠᠴᠠ 2024 ᠣᠨ ᠳᠤ ᠮᠠᠨ ᠤ ᠣᠷᠣᠨ ᠤ ᠬᠦᠴᠢᠷᠳᠡᠯᠲᠡᠢ ᠣᠯᠠᠨ ᠲᠦᠮᠡᠨ ᠤ | ᠲᠤᠰᠠᠯᠠᠮᠵᠢ ᠶᠢᠨ ᠨᠥᠬᠦᠪᠦᠷᠢ 56.33 ᠳ᠋ᠦᠩᠰᠢᠭᠤᠷ ᠲᠥᠭᠦᠷᠢᠭ ᠪᠠᠭᠤᠯᠭᠠᠵᠤ᠂ ᠲᠦᠷᠤᠬᠦᠤ ᠵᠢᠯ ᠤᠨ ᠬᠢ ᠠᠴᠠ | 1.27 ᠳ᠋ᠦᠩᠰᠢᠭᠤᠷ ᠲᠥᠭᠦᠷᠢᠭ ᠨᠡᠮᠡᠭᠳᠡᠪᠡ᠃ | ᠦᠨᠤ ᠵᠢᠯ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ | ᠡᠳ᠋ ᠤᠨ ᠵᠠᠰᠠᠭ ᠤᠨ ᠲᠢᠩᠬᠢᠮ ᠤᠨ ᠬᠢᠨ ︽ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ︾ ᠢᠨᠵᠧᠨᠧᠷᠢᠩ ᠢ | ᠯᠠᠪᠳᠠᠭᠤᠨ ᠪᠠᠲᠤᠲᠠᠢ ᠠᠬᠢᠭᠤᠯᠵᠤ᠂ ᠠᠷᠠᠳ ᠤᠨ ᠶᠠᠪᠤᠳᠠᠯ ᠤᠨ ᠶᠠᠮᠤᠨ᠂ ᠡᠳ᠋ ᠤᠨ ᠵᠠᠰᠠᠭ ᠤᠨ ᠶᠠᠮᠤᠨ ᠯᠤᠭ᠎ᠠ ᠶᠢᠨ | ᠨᠡᠪᠲᠡᠷᠡᠯᠴᠡᠭᠡ ᠵᠣᠯᠭᠠᠯᠴᠠᠭ᠎ᠠ ᠶᠢ ᠢᠳᠡᠪᠬᠢᠲᠡᠢ ᠰᠠᠶᠢᠲᠤᠷ ᠬᠢᠵᠦ᠂ ︽ᠠᠷᠠᠳ ᠤᠨ ᠶᠠᠪᠤᠳᠠᠯ ᠤᠨ ᠶᠠᠮᠤᠨ ᠤ ᠥᠪᠥᠷ | ᠮᠣᠩᠭᠤᠯ ᠤᠨ ᠠᠷᠠᠳ ᠤᠨ ᠶᠠᠪᠤᠳᠠᠯ ᠤᠨ ᠦᠢᠯᠡᠰ ᠤᠨ ᠴᠢᠨᠠᠷᠯᠢᠭ ᠬᠥᠭᠵᠢᠯᠲᠡ ᠶᠢ ᠳᠡᠮᠵᠢᠬᠦ ᠪᠣᠳᠠᠲᠠᠢ ᠠᠷᠭ᠎ᠠ︾ ᠶᠢ | ᠨᠠᠶᠢᠳᠠᠪᠤᠷᠢᠵᠢᠭᠤᠯᠬᠤ ᠠᠵᠢᠯ ᠢ ᠠᠬᠢᠭᠤᠯᠵᠤ᠂ ᠲᠥᠪ ᠤᠨ ᠬᠦᠴᠢᠷᠳᠡᠯᠲᠡᠢ ᠣᠯᠠᠨ ᠲᠦᠮᠡᠨ ᠤ ᠲᠤᠰᠠᠯᠠᠮᠵᠢ ᠶᠢᠨ | ᠨᠥᠬᠦᠪᠦᠷᠢ ᠶᠢᠨ ᠳᠡᠮᠵᠢᠯᠭᠡ ᠶᠢᠨ ᠡᠷᠴᠢᠮ ᠢ ᠤᠯᠠᠮ ᠴᠢᠩᠭᠠᠷᠠᠭᠤᠯᠬᠤ ᠪᠠᠷ ᠴᠢᠷᠮᠠᠶᠢᠪᠠ᠃ | ᠣᠳᠣ ᠪᠣᠯᠲᠠᠯ᠎ᠠ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠣᠬᠢᠷᠠᠭᠤᠯᠤᠭᠰᠠᠨ | ᠬᠦᠴᠢᠷᠳᠡᠯᠲᠡᠢ ᠣᠯᠠᠨ ᠲᠦᠮᠡᠨ ᠢ ᠲᠤᠰᠠᠯᠠᠮᠵᠢ ᠶᠢᠨ ᠨᠦᠬᠦᠪᠤᠷᠢ ᠶᠢ 74.42 ᠳ᠋ᠦᠩᠰᠢᠭᠤᠷ ᠲᠥᠭᠦᠷᠢᠭ ︵ | ᠡᠭᠦᠨ ᠳᠤ᠂ ᠲᠥᠪ ᠤᠨ ᠡᠳ᠋ ᠤᠨ ᠵᠠᠰᠠᠭ 56.33 ᠳ᠋ᠦᠩᠰᠢᠭᠤᠷ ᠲᠥᠭᠦᠷᠢᠭ᠂ ᠥᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ 18.09 ᠳ᠋ᠦᠩᠰᠢᠭᠤᠷ ᠲᠥᠭᠦᠷᠢᠭ︶ ᠪᠠᠭᠤᠯᠭᠠᠵᠤ᠂ ᠮᠠᠨ ᠤ ᠣᠷᠣᠨ ᠤ ᠬᠤᠲᠠ ᠬᠥᠳᠡᠭᠡ ᠶᠢᠨ | ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠬᠦᠷᠳᠡᠭᠴᠢ 167 ᠲᠦᠮᠡᠨ ᠡᠲᠡᠭᠡᠳ᠂ ᠣᠨᠴᠠ ᠬᠦᠴᠢᠷᠳᠡᠯᠲᠡᠢ | ᠬᠥᠮᠥᠰ᠂ ᠥᠨᠥᠴᠢᠨ ᠬᠡᠦᠬᠡᠳ ᠪᠠ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠤᠨ ᠦᠨᠳᠦᠰᠦᠨ | ᠠᠮᠢᠳᠤᠷᠠᠯ ᠢ ᠳᠡᠮᠵᠢᠨ ᠪᠠᠲᠤᠯᠠᠵᠤ᠂ ᠲᠦᠷ ᠴᠠᠭ ᠤᠨ ᠲᠤᠰᠠᠯᠠᠮᠵᠢ ᠪᠠ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ | ᠬᠥᠮᠥᠰ ᠢ ᠲᠤᠰᠠᠯᠠᠬᠤ ᠠᠵᠢᠯ ᠢ ᠴᠠᠭ ᠲᠤᠬᠠᠢ ᠳᠤ ᠨᠢ ᠦᠷᠨᠢᠬᠦᠯᠤᠨ᠂ ᠦᠨᠳᠦᠰᠦᠨ ᠱᠠᠲᠤᠨ ᠤ ᠠᠷᠠᠳ ᠤᠨ | ᠶᠠᠪᠤᠳᠠᠯ ᠤᠨ ᠰᠠᠯᠠᠭ᠎ᠠ ᠮᠥᠴᠢᠷ ᠤᠨ ᠲᠤᠰᠠᠯᠠᠮᠵᠢ ᠶᠢᠨ ᠨᠥᠬᠦᠪᠦᠷᠢ ᠪᠠᠷ ︽ᠪᠠᠴᠢᠮ ᠪᠠ ᠬᠦᠴᠢᠷᠳᠡᠯᠳᠡᠢ ᠬᠦᠮᠦᠰ ᠢ | ᠲᠤᠰᠠᠯᠠᠬᠤ︾᠂ ︽ᠬᠤᠷᠢᠭ᠎ᠠ ᠱᠤᠭᠤᠮ ᠢ ᠪᠠᠲᠤᠯᠠᠬᠤ︾ ᠦᠢᠯᠡᠳᠦᠯ ᠢᠶᠠᠨ ᠰᠠᠶᠢᠲᠤᠷ ᠪᠠᠳᠠᠷᠠᠭᠤᠯᠵᠠᠢ᠃ | | |