ᠮᠠᠨ ᠤ ᠠᠯᠢᠪᠠ ᠠᠵᠢᠯ ᠤᠨ ᠦᠷ᠎ᠡ ᠪᠦᠲᠦᠮᠵᠢ ᠶᠢ ᠰᠢᠯᠭᠠᠬᠤ ᠳᠤ ᠡᠴᠦᠰ ᠤᠨ ᠡᠴᠦᠰ ᠲᠤ ᠪᠠᠨ ᠠᠷᠠᠳ | ᠲᠦᠮᠡᠨ ᠦᠨᠡᠨ ᠬᠦ ᠪᠣᠳᠠᠲᠤ ᠠᠰᠢᠭ ᠣᠯᠣᠭᠰᠠᠨ ᠡᠰᠡᠬᠦ᠂ ᠠᠷᠠᠳ ᠤᠨ ᠠᠮᠢᠳᠤᠷᠠᠯ ᠦᠨᠡᠨ ᠬᠦ ᠰᠠᠶᠢᠵᠢᠷᠠᠭᠰᠠᠨ | ᠡᠰᠡᠬᠦ ᠶᠢ ᠦᠵᠡᠬᠦ ᠬᠡᠷᠡᠭᠲᠡᠢ᠂ ᠡᠨᠡ ᠪᠣᠯ ᠨᠡᠶᠢᠲᠡ ᠶᠢᠨ ᠲᠥᠯᠥᠭᠡ ᠨᠠᠮ ᠪᠠᠶᠢᠭᠤᠯᠬᠤ᠂ ᠠᠷᠠᠳ ᠤᠨ ᠲᠥᠯᠥᠭᠡ | ᠲᠦᠷᠦ ᠪᠠᠷᠢᠬᠤ ᠶᠢ ᠪᠠᠷᠢᠮᠲᠠᠯᠠᠬᠤ ᠶᠢᠨ ᠮᠥᠨ ᠴᠢᠨᠠᠷ ᠤᠨ ᠱᠠᠭᠠᠷᠳᠠᠯᠭ᠎ᠠ ᠮᠥᠨ᠂ ᠨᠠᠮ ᠪᠠ ᠠᠷᠠᠳ ᠲᠦᠮᠡᠨ ᠤ | ᠦᠢᠯᠡᠰ ᠤᠨ ᠲᠠᠰᠤᠷᠠᠯᠳᠠ ᠦᠭᠡᠢ ᠬᠥᠭᠵᠢᠬᠦ ᠶᠢᠨ ᠴᠢᠬᠤᠯᠠ ᠪᠠᠲᠤᠯᠠᠭ᠎ᠠ ᠮᠥᠨ᠃ | — ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠠᠩᠬᠠᠳᠤᠭᠠᠷ ᠪᠥᠬᠦᠳᠡ ᠬᠤᠷᠠᠯ | ᠳᠡᠭᠡᠷᠡᠬᠢ ᠶᠠᠷᠢᠶ᠎ᠠ ︵2012 ᠣᠨ ᠤ 11 ᠳ᠋ᠤᠬᠡᠷ ᠰᠠᠷ᠎ᠠ ᠶᠢᠨ 15 ᠤ ᠡᠳᠦᠷ︶ | ᠠᠷᠠᠳ ᠤᠨ ᠶᠠᠪᠤᠳᠠᠯ ᠤᠨ ᠠᠵᠢᠯ ᠪᠣᠯ ︽ᠪᠤᠶᠠᠨᠰᠠᠭ︾ ᠦᠢᠯᠡᠰ ᠮᠥᠨ᠃ ︽ᠪᠤᠶᠠᠨᠰᠠᠭ︾ ᠦᠢᠯᠡᠰ ᠢ | ᠪᠦᠲᠦᠭᠡᠬᠦ ᠳᠤ ᠪᠤᠶᠠᠨᠰᠠᠭ ᠰᠡᠳᠬᠢᠯ ᠢ ᠡᠪᠦᠷᠯᠡᠵᠦ᠂ ᠶᠡᠭᠡ ᠬᠠᠶᠢᠷ᠎ᠠ ᠶᠢᠨ ᠰᠡᠳᠬᠢᠯ ᠢ ᠡᠪᠦᠷᠯᠡᠵᠦ᠂ ᠠᠷᠠᠳ ᠢᠶᠠᠨ | ᠬᠠᠶᠢᠷᠠᠯᠠᠬᠤ ᠰᠡᠳᠬᠢᠯ ᠢ ᠡᠪᠦᠷᠯᠡᠬᠦ ᠬᠡᠷᠡᠭᠲᠡᠢ᠃ | — ᠾᠧᠪᠧᠢ ᠮᠤᠵᠢ ᠳᠤ ᠨᠠᠮ ᠤᠨ ᠤᠯᠠᠨ ᠲᠦᠮᠡᠨᠴᠢ ᠱᠤᠭᠤᠮ ᠤᠨ ᠬᠥᠮᠦᠵᠢᠯ ᠦᠢᠯᠡᠳᠦᠯᠭᠡ ᠶᠢᠨ | ᠠᠵᠢᠯᠯᠠᠭ᠎ᠠ ᠶᠢ ᠪᠠᠶᠢᠴᠠᠭᠠᠨ ᠰᠤᠳᠤᠯᠵᠤ ᠵᠢᠭᠠᠨ ᠵᠢᠯᠤᠭᠤᠳᠬᠤ ᠳᠤ ᠪᠠᠨ ᠶᠠᠷᠢᠭᠰᠠᠨ ᠦᠭᠡ ︵2013 ᠣᠨ ᠤ 7 | ᠳ᠋ᠤᠭᠠᠷ ᠰᠠᠷ᠎ᠠ ᠶᠢᠨ 12 ᠤᠨ ᠡᠳᠦᠷ︶ | ᠨᠡᠶᠢᠭᠡᠮ ᠤᠨ ᠵᠠᠰᠠᠯᠲᠠ ᠶᠢ ᠴᠢᠩᠭᠠᠳᠬᠠᠬᠤ ᠪᠠ ᠰᠢᠨ᠎ᠡ ᠶᠢ ᠡᠭᠦᠳᠬᠦ ᠶᠢᠨ ᠵᠠᠩᠭᠢᠯᠠᠭ᠎ᠠ ᠨᠢ ᠪᠠᠶᠢᠭᠤᠯᠤᠯ ᠤᠨ | ᠲᠠᠯ᠎ᠠ ᠪᠠᠷ ᠰᠢᠨ᠎ᠡ ᠶᠢ ᠡᠭᠦᠳᠬᠦ ᠳᠤ ᠪᠠᠶᠢᠨ᠎ᠠ᠂ ᠭᠤᠣᠯᠳᠠᠯᠭ᠎ᠠ ᠨᠢ ᠬᠥᠮᠥᠨ ᠶᠤᠮ᠂ ᠬᠥᠮᠥᠨ᠂ ᠬᠥᠮᠥᠨ ᠬᠤᠭᠤᠷᠤᠨᠳᠤ | ᠪᠠᠨ ᠡᠶ᠎ᠡ ᠵᠣᠬᠢᠴᠠᠯ ᠲᠠᠢ ᠬᠠᠮᠲᠤ ᠣᠷᠣᠰᠢᠪᠠᠯ ᠨᠡᠶᠢᠭᠡᠮ ᠰᠠᠶ᠋ᠢ ᠠᠮᠤᠷ ᠲᠣᠭᠲᠠᠭᠤᠨ ᠡᠮᠬᠢ ᠵᠢᠷᠤᠮ ᠲᠠᠢ ᠪᠣᠯᠵᠤ | ᠴᠢᠳᠠᠨ᠎ᠠ᠃ ᠨᠡᠶᠢᠭᠡᠮ ᠤᠨ ᠵᠠᠰᠠᠯᠲᠠ ᠶᠢᠨ ᠭᠤᠣᠯᠳᠠᠯᠭ᠎ᠠ ᠶᠢ ᠡᠷᠬᠡᠪᠰᠢ ᠬᠤᠳᠠ ᠬᠥᠳᠡᠭᠡ ᠶᠢᠨ ᠨᠡᠶᠢᠭᠡᠮ | ᠲᠣᠭᠤᠷᠢᠭ ᠲᠤ ᠨᠠᠶᠢᠳᠠᠪᠤᠷᠢᠵᠢᠭᠤᠯᠵᠤ᠂ ᠨᠡᠶᠢᠭᠡᠮ ᠲᠣᠭᠤᠷᠢᠭ ᠤᠨ ᠦᠢᠯᠡᠴᠢᠯᠡᠭᠡ ᠪᠠ ᠬᠠᠮᠢᠶᠠᠷᠤᠯᠲᠠ ᠶᠢᠨ ᠴᠢᠳᠠᠪᠤᠷᠢ | ᠴᠢᠩᠭᠠᠷᠠᠪᠠᠯ ᠨᠡᠶᠢᠭᠡᠮ ᠤᠨ ᠵᠠᠰᠠᠯᠲᠠ ᠶᠢᠨ ᠰᠠᠭᠤᠷᠢ ᠪᠠᠲᠤᠵᠢᠬᠤ ᠪᠣᠯᠣᠨ᠎ᠠ᠃ ᠵᠠᠰᠠᠯᠲᠠ ᠶᠢᠨ ᠪᠠᠶᠢᠭᠤᠯᠤᠮᠵᠢ ᠶᠢᠨ | ᠠᠰᠠᠭᠤᠳᠠᠯ ᠢ ᠭᠦᠨᠵᠡᠭᠡᠢ ᠪᠠᠶᠢᠴᠠᠭᠠᠨ ᠰᠤᠳᠤᠯᠵᠤ᠂ ᠲᠣᠣᠷᠵᠢᠭᠤᠯᠤᠭᠰᠠᠨ ᠬᠠᠮᠢᠶᠠᠷᠤᠯᠲᠠ ᠶᠢ ᠭᠦᠨᠵᠡᠭᠡᠶᠢᠷᠡᠭᠦᠯᠦᠨ | ᠥᠷᠭᠡᠳᠬᠡᠵᠦ᠂ ᠡᠬᠢ ᠪᠠᠶᠠᠯᠢᠭ᠂ ᠦᠢᠯᠡᠴᠢᠯᠡᠭᠡ᠂ ᠬᠠᠮᠢᠶᠠᠷᠤᠯᠲᠠ ᠶᠢ ᠠᠯᠢ ᠴᠢᠳᠠᠬᠤ ᠪᠠᠷ ᠦᠨᠳᠦᠰᠦᠨ ᠱᠠᠲᠤᠨ ᠳᠤ | ᠲᠠᠯᠪᠢᠵᠤ᠂ ᠦᠨᠳᠦᠰᠦᠨ ᠱᠠᠲᠤ ᠶᠢ ᠲᠤᠰᠢᠶᠠᠯ ᠲᠠᠢ᠂ ᠡᠷᠬᠡ ᠲᠠᠢ᠂ ᠬᠦᠷᠤᠩᠭᠡ ᠲᠠᠢ ᠪᠣᠯᠭᠠᠵᠤ᠂ ᠤᠯᠠᠨ ᠲᠦᠮᠡᠨ ᠳᠤ | ᠨᠡᠩ ᠰᠠᠶᠢᠨ ᠣᠨᠣᠪᠴᠢᠲᠠᠢ ᠪᠦᠲᠦᠮᠵᠢᠲᠡᠢ ᠦᠢᠯᠡᠴᠢᠯᠡᠭᠡ ᠪᠠ ᠬᠠᠮᠢᠶᠠᠷᠤᠯᠲᠠ ᠶᠢ ᠬᠠᠩᠭᠠᠬᠤ ᠬᠡᠷᠡᠭᠲᠡᠢ᠃ | — ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠤᠶᠠᠳᠤᠭᠠᠷ ᠬᠤᠷᠠᠯ ᠳᠡᠭᠡᠷ᠎ᠡ ᠱᠠᠩᠬᠠᠢ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ | ᠵᠦᠪᠯᠡᠬᠦ ᠳᠤ ᠣᠷᠣᠯᠴᠠᠬᠤ ᠳᠤ ᠪᠠᠨ ᠶᠠᠷᠢᠭᠰᠠᠨ ᠦᠭᠡ ︵2014 ᠣᠨ ᠤ 3 ᠳ᠋ᠤᠭᠠᠷ ᠰᠠᠷ᠎ᠠ ᠶᠢᠨ 6 ᠤ ᠡᠳᠦᠷ︶ | ᠨᠡᠶᠢᠭᠡᠮ ᠲᠣᠭᠤᠷᠢᠭ ᠤᠨ ᠠᠵᠢᠯ ᠪᠣᠯ ᠮᠠᠰᠢ ᠴᠢᠬᠤᠯᠠ ᠶᠤᠮ᠃ ᠨᠢᠭᠡ ᠳᠤ᠂ ᠨᠠᠮ ᠤᠨ ᠪᠠᠶᠢᠭᠤᠯᠤᠯᠲᠠ ᠶᠢ | ᠰᠠᠶᠢᠲᠤᠷ ᠠᠳᠬᠤᠵᠤ᠂ ᠨᠠᠮ ᠤᠨ ᠵᠣᠬᠢᠶᠠᠨ ᠪᠠᠶᠢᠭᠤᠯᠤᠯᠲᠠ ᠶᠢ ᠦᠨᠡᠨ ᠬᠦ ᠨᠡᠶᠢᠭᠡᠮ ᠲᠣᠭᠤᠷᠢᠭ ᠤᠨ | ᠲᠣᠯᠣᠭᠠᠶᠢᠯᠠᠭᠴᠢ ᠪᠣᠯᠭᠠᠵᠤ᠂ ᠡᠯ᠎ᠡ ᠲᠠᠯ᠎ᠠ ᠶᠢᠨ ᠠᠵᠢᠯ ᠢ ᠳᠠᠶᠢᠴᠢᠯᠠᠬᠤ ᠬᠡᠷᠡᠭᠲᠡᠢ᠃ ᠬᠤᠶᠠᠷ ᠲᠤ᠂ | ᠦᠢᠯᠡᠴᠢᠯᠡᠭᠡ ᠶᠢ ᠰᠠᠶᠢᠲᠤᠷ ᠠᠳᠬᠤᠬᠤ ᠬᠡᠷᠡᠭᠲᠡᠢ᠂ ᠠᠷᠠᠳ ᠤᠯᠠᠨ ᠤ ᠶᠠᠪᠤᠳᠠᠯ ᠪᠣᠯ ᠪᠢᠳᠡᠨ ᠤ ᠰᠠᠨᠠᠭᠠᠰᠢᠷᠠᠯ ᠶᠤᠮ᠂ | ᠠᠰᠠᠭᠤᠳᠠᠯ ᠢᠶᠠᠷ ᠤᠳᠤᠷᠢᠳᠤᠮᠵᠢ ᠪᠣᠯᠭᠠᠵᠤ᠂ ᠡᠯ᠎ᠡ ᠵᠦᠢᠯ ᠤᠨ ᠦᠢᠯᠡᠴᠢᠯᠡᠭᠡ ᠶᠢ ᠪᠦᠬᠦᠨ ᠢ ᠪᠦᠷᠬᠦᠭᠦᠯᠬᠦ ᠶᠢ | ᠴᠢᠷᠮᠠᠶᠢᠨ ᠪᠡᠶᠡᠯᠡᠭᠦᠯᠵᠦ᠂ ᠠᠷᠠᠳ ᠤᠯᠠᠨ ᠤ ᠳᠤᠷᠠᠳᠤᠭᠰᠠᠨ ᠰᠢᠨ᠎ᠡ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠬᠤ | ᠬᠡᠷᠡᠭᠲᠡᠢ᠃ | — ᠰᠢ ᠶᠢᠨ ᠫᠢᠡᠭ ᠶᠡᠷᠤᠩᠭᠡᠢ ᠱᠦᠵᠢ ᠵᠢᠶᠠᠩᠰᠢ ᠮᠤᠵᠢ ᠶᠢᠨ ᠨᠠᠨᠴᠠᠩ ᠬᠤᠳᠠ ᠶᠢᠨ ᠳ᠋ᠦᠩ ᠬᠤ᠋ | ᠲᠣᠭᠤᠷᠢᠭ ᠤᠨ ᠫᠧᠩ ᠵᠢᠶᠠ ᠴᠢᠶᠣᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠭᠤᠸᠠᠩ ᠮᠢᠩ ᠨᠡᠶᠢᠭᠡᠮ | ᠲᠣᠭᠤᠷᠢᠭ ᠲᠤ ᠰᠢᠨᠵᠢᠯᠡᠨ ᠪᠠᠶᠢᠴᠠᠭᠠᠬᠤ ᠳᠤ ᠪᠠᠨ ᠶᠠᠷᠢᠭᠰᠠᠨ ᠦᠭᠡ ︵2016 ᠣᠨ ᠤ 2 ᠳ᠋ᠤᠭᠠᠷ ᠰᠠᠷ᠎ᠠ ᠶᠢᠨ | 3 ᠤ ᠡᠳᠦᠷ︶ | ᠬᠦᠭᠵᠢᠬᠦᠯᠤᠯᠳᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠪᠠᠷᠢᠮᠳᠠᠯᠠᠬᠤ | ᠬᠡᠷᠡᠭᠳᠡᠢ᠃ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ ᠪᠣᠯ ᠬᠦᠭᠵᠢᠬᠦᠯᠤᠯᠳᠡ ᠶᠢᠨ ᠦᠨᠳᠦᠰᠦᠨ | ᠵᠣᠷᠢᠯᠭ᠎ᠠ ᠮᠥᠨ᠃ ᠡᠷᠬᠡᠪᠰᠢ ᠠᠷᠠᠳ ᠤᠨ ᠠᠮᠢᠳᠤᠷᠠᠯ ᠤᠨ ᠠᠰᠢᠭ ᠲᠤᠰᠠ ᠶᠢ ᠢᠯᠡᠭᠦᠬᠡᠨ ᠪᠣᠳᠣᠯᠬᠢᠯᠠᠵᠤ᠂ | ᠠᠷᠠᠳ ᠤᠨ ᠠᠮᠢᠳᠤᠷᠠᠯ ᠤᠨ ᠬᠦᠴᠢᠷ ᠵᠣᠪᠠᠭᠤᠷᠢ ᠶᠢ ᠢᠯᠡᠭᠦᠬᠡᠨ ᠰᠢᠢᠳᠪᠦᠷᠢᠯᠡᠵᠦ᠂ ᠬᠦᠭᠵᠢᠬᠦᠯᠤᠯᠳᠡ ᠶᠢᠨ ᠳᠤᠮᠳᠠ | ᠠᠷᠠᠳ ᠤᠨ ᠠᠮᠢᠳᠤᠷᠠᠯ ᠤᠨ ᠳᠤᠲᠠᠭᠤᠳᠠᠯ ᠢ ᠨᠥᠬᠦᠪᠦᠷᠢᠯᠡᠵᠦ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ | ᠠᠬᠢᠭᠤᠯᠵᠤ᠂ ᠨᠢᠯᠬᠠᠰ ᠲᠤ ᠬᠦᠮᠤᠵᠢᠯ ᠲᠠᠢ᠂ ᠰᠤᠷᠤᠯᠴᠠᠬᠤ ᠠᠴᠠ ᠰᠤᠷᠭᠠᠨ ᠬᠥᠮᠦᠵᠢᠯ ᠲᠠᠢ᠂ ᠬᠥᠳᠡᠯᠮᠦᠷᠢᠯᠡᠪᠡᠯ | ᠣᠷᠣᠯᠭ᠎ᠠ ᠲᠠᠢ᠂ ᠡᠪᠡᠳᠴᠢᠯᠡᠪᠡᠯ ᠡᠮᠨᠡᠯᠭᠡ ᠲᠠᠢ᠂ ᠥᠲᠡᠯᠪᠡᠯ ᠠᠰᠠᠷᠠᠮᠵᠢ ᠲᠠᠢ᠂ ᠰᠠᠭᠤᠬᠤ ᠠᠴᠠ ᠣᠷᠣᠨ | ᠰᠠᠭᠤᠴᠠ ᠲᠠᠢ᠂ ᠪᠠᠭᠤᠷᠠᠶᠢᠴᠤᠤᠯ ᠳᠤ ᠲᠡᠳᠬᠦᠮᠵᠢ ᠲᠠᠢ ᠪᠠᠶᠢᠬᠤ ᠲᠠᠯ᠎ᠠ ᠪᠠᠷ ᠲᠠᠰᠤᠷᠠᠯᠳᠠ ᠦᠭᠡᠢ ᠰᠢᠨ᠎ᠡ | ᠠᠬᠢᠴᠠ ᠲᠠᠢ ᠪᠤᠯᠭᠠᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠯᠳᠠ ᠶᠢᠨ ᠠᠵᠢᠯ ᠢ ᠭᠦᠨᠵᠡᠭᠡᠢ | ᠥᠷᠨᠢᠭᠦᠯᠵᠦ᠂ ᠪᠦᠬᠦ ᠠᠷᠠᠳ ᠲᠦᠮᠡᠨ ᠤ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ᠂ ᠬᠦᠭᠵᠢᠬᠦᠯᠤᠯᠳᠡ ᠶᠢᠨ | ᠳᠤᠮᠳᠠ ᠨᠡᠩ ᠬᠦᠷᠲᠡᠮᠵᠢ ᠶᠢᠨ ᠲᠥᠷᠥᠭᠳᠡᠯ ᠲᠠᠢ ᠪᠤᠯᠬᠤ ᠶᠢ ᠪᠠᠲᠤᠯᠠᠵᠤ᠂ ᠬᠥᠮᠥᠨ ᠤ ᠪᠦᠬᠦ ᠲᠠᠯ᠎ᠠ ᠶᠢᠨ ᠬᠥᠭᠵᠢᠯᠲᠡ | ᠂ ᠪᠦᠬᠦ ᠠᠷᠠᠳ ᠲᠦᠮᠡᠨ ᠤ ᠬᠠᠮᠲᠤ ᠪᠠᠷ ᠴᠢᠨᠡᠭᠡᠯᠢᠭᠵᠢᠬᠦ ᠶᠢ ᠲᠠᠰᠤᠷᠠᠯᠳᠠ ᠦᠭᠡᠢ ᠠᠬᠢᠭᠤᠯᠬᠤ ᠬᠡᠷᠡᠭᠳᠡᠢ᠃ | ︱︽ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ︾ ︵2017 ᠣᠨ ᠤ 11 ᠳ᠋ᠤᠬᠡᠷ | ᠰᠠᠷ᠎ᠠ ᠶᠢᠨ 18 ᠤ ᠡᠳᠦᠷ︶ | ᠦᠨᠳᠦᠰᠦᠨ ᠱᠠᠲᠤᠨ ᠤ ᠤᠯᠠᠨ ᠲᠦᠮᠡᠨ ᠤ ᠥᠪᠡᠷᠲᠡᠭᠡᠨ ᠵᠠᠰᠠᠬᠤ ᠲᠣᠭᠲᠠᠴᠠ ᠶᠢ ᠲᠡᠭᠦᠯᠳᠡᠷᠵᠢᠭᠦᠯᠵᠦ᠂ | ᠬᠤᠳᠠ ᠬᠥᠳᠡᠭᠡ ᠶᠢᠨ ᠤᠯᠠᠨ ᠲᠦᠮᠡᠨ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠵᠣᠬᠢᠶᠠᠨ | ᠪᠠᠶᠢᠭᠤᠯᠤᠯᠲᠠ ᠶᠢᠨ ᠪᠡᠶ᠎ᠡ ᠪᠠᠨ ᠳᠠᠭᠠᠭᠠᠵᠤ ᠥᠪᠡᠷᠲᠡᠭᠡᠨ ᠵᠠᠰᠠᠬᠤ ᠢᠳᠡᠪᠬᠢᠵᠢᠯ ᠢ ᠲᠠᠶᠢᠴᠢᠯᠠᠵᠤ᠂ ᠬᠥᠮᠥᠨ ᠪᠦᠬᠦᠨ | ᠬᠠᠷᠢᠭᠤᠴᠠᠯᠭ᠎ᠠ ᠲᠠᠢ᠂ ᠬᠥᠮᠥᠨ ᠪᠦᠬᠦᠨ ᠬᠠᠷᠢᠭᠤᠴᠠᠯᠭ᠎ᠠ ᠪᠠᠨ ᠭᠦᠢᠴᠡᠳᠬᠡᠬᠦ ᠨᠡᠶᠢᠭᠡᠮ ᠤᠨ ᠵᠠᠰᠠᠯᠲᠠ ᠶᠢᠨ | ᠬᠠᠮᠲᠤ ᠶᠢᠨ ᠴᠣᠭᠴᠠ ᠶᠢ ᠪᠠᠶᠢᠭᠤᠯᠬᠤ ᠬᠡᠷᠡᠭᠲᠡᠢ᠃ ᠨᠡᠶᠢᠭᠡᠮ ᠤᠨ ᠰᠡᠳᠬᠢᠴᠡ ᠶᠢᠨ ᠦᠢᠯᠡᠴᠢᠯᠡᠭᠡᠨ ᠤ ᠰᠢᠰᠲ᠋ᠧᠮ ᠪᠠ | ᠲᠠᠭᠠᠭᠤᠯᠤᠨ ᠵᠢᠯᠤᠭᠤᠳᠬᠤ ᠲᠣᠭᠲᠠᠴᠠ᠂ ᠬᠢᠮᠤᠷᠠᠯ ᠢ ᠬᠠᠮᠢᠶᠠᠷᠬᠤ ᠲᠣᠭᠲᠠᠴᠠ ᠶᠢ ᠲᠡᠬᠦᠯᠳᠡᠷᠵᠢᠬᠦᠯᠤᠨ᠂ | ᠥᠪᠡᠷ ᠢ ᠪᠠᠨ ᠬᠦᠨᠳᠦᠳᠬᠡᠵᠦ ᠥᠪᠡᠷ ᠢ ᠪᠠᠨ ᠢᠲᠡᠭᠡᠬᠦ᠂ ᠣᠶᠤᠨᠴᠢ ᠡᠶᠡᠯᠳᠡᠭ᠂ ᠨᠥᠬᠦᠷᠰᠡᠭ ᠳᠣᠲᠣᠨᠣ ᠨᠡᠶᠢᠭᠡᠮ ᠤᠨ | ᠰᠡᠳᠬᠢᠴᠡ ᠶᠢᠨ ᠪᠠᠶᠢᠳᠠᠯ ᠢ ᠪᠤᠢ ᠪᠣᠯᠭᠠᠬᠤ ᠬᠡᠷᠡᠭᠲᠡᠢ᠃ ᠪᠣᠰᠤᠭ᠎ᠠ ᠴᠣᠭᠴᠠᠴᠢᠯᠠᠭᠰᠠᠨ᠂ ᠮᠡᠳᠡᠭᠡ ᠵᠠᠩᠭᠢᠴᠢᠯᠠᠭᠰᠠᠨ | ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠶᠢ ᠲᠦᠷᠭᠡᠨ ᠠᠬᠢᠭᠤᠯᠬᠤ | ᠬᠡᠷᠡᠭᠲᠡᠢ᠃ | — ᠲᠥᠪ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠬᠤᠷᠠᠯ ᠳᠡᠭᠡᠷᠡᠬᠢ ᠶᠠᠷᠢᠶ᠎ᠠ ︵2019 | ᠣᠨ ᠤ 1 ᠳ᠋ᠤᠬᠡᠷ ᠰᠠᠷ᠎ᠠ ᠶᠢᠨ 15᠂ 16 ᠤ ᠡᠳᠦᠷ︶ | ᠰᠠᠶᠢᠨ ᠳᠤᠷ᠎ᠠ ᠶᠢᠨ ᠦᠢᠯᠡᠴᠢᠯᠡᠭᠡ ᠪᠣᠯ ᠨᠡᠶᠢᠭᠡᠮ ᠤᠨ ᠪᠣᠯᠪᠠᠰᠤᠨ ᠤ ᠲᠠᠪᠰᠢᠯᠳᠠ ᠶᠢᠨ ᠴᠢᠬᠤᠯᠠ ᠪᠡᠯᠭᠡ | ᠲᠡᠮᠳᠡᠭ᠂ ᠰᠠᠶᠢᠨ ᠲᠤᠷᠠᠴᠤᠤᠯ ᠤᠨ ᠬᠠᠯᠠᠮᠵᠢ ᠪᠠᠨ ᠡᠷᠭᠦᠬᠦ ᠴᠢᠬᠤᠯᠠ ᠠᠷᠭ᠎ᠠ ᠵᠠᠮ ᠮᠥᠨ᠃ ᠰᠠᠶᠢᠨ ᠳᠤᠷ᠎ᠠ ᠶᠢᠨ | ᠦᠢᠯᠡᠴᠢᠯᠡᠭᠡ ᠳᠤ ᠨᠡᠩ ᠤᠯᠠᠨ ᠲᠠᠪᠴᠠᠩ ᠪᠠᠶᠢᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠡ ᠶᠢᠨ ᠨᠡᠶᠢᠭᠡᠮ ᠤᠨ | ᠵᠠᠰᠠᠯᠲᠠ ᠳᠤ ᠬᠢ ᠢᠳᠡᠪᠬᠢ ᠦᠢᠯᠡᠳᠦᠯ ᠢ ᠨᠡᠩ ᠰᠠᠶᠢᠨ ᠪᠠᠳᠠᠷᠠᠭᠤᠯᠬᠤ ᠬᠡᠷᠡᠭᠲᠡᠢ᠃ | ᠨᠡᠶᠢᠭᠡᠮ ᠲᠣᠭᠤᠷᠢᠭ ᠤᠨ ᠠᠵᠢᠯ ᠪᠣᠯ ᠪᠣᠳᠠᠲᠠᠢ ᠶᠤᠮ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠨ | ᠂ ᠰᠠᠭᠤᠭᠠᠯᠢ ᠠᠷᠠᠳ ᠤᠨ ᠡᠯ᠎ᠡ ᠬᠡᠷᠡᠭᠴᠡᠭᠡ ᠶᠢ ᠣᠨᠣᠪᠴᠢᠲᠠᠶ ᠣᠶᠢᠯᠠᠭᠠᠵᠤ᠂ ᠨᠡᠶᠢᠭᠡᠮ ᠲᠣᠭᠤᠷᠢᠭ ᠤᠨ ᠰᠠᠭᠤᠭᠠᠯᠢ | ᠠᠷᠠᠳ ᠲᠤ ᠴᠠᠭ ᠲᠤᠬᠠᠢ ᠳᠤ ᠨᠢ ᠨᠠᠷᠢᠯᠢᠭ ᠣᠨᠣᠴᠠᠲᠠᠢ ᠦᠢᠯᠡᠴᠢᠯᠡᠭᠡ ᠶᠢ ᠬᠠᠩᠭᠠᠬᠤ ᠬᠡᠷᠡᠭᠲᠡᠢ᠃ | — ᠲᠢᠶᠠᠨᠵᠢᠨ ᠳᠤ ᠠᠵᠢᠯ ᠪᠠᠶᠢᠴᠠᠭᠠᠬᠤ ᠳᠤ ᠪᠠᠨ ᠶᠠᠷᠢᠭᠰᠠᠨ ᠦᠭᠡ ︵2019 ᠣᠨ ᠤ 1 ᠳ᠋ᠤᠬᠡᠷ | ᠰᠠᠷ᠎ᠠ ᠶᠢᠨ 17 ᠤ ᠡᠳᠦᠷ︶ | ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠦᠨᠳᠦᠰᠦᠨ ᠳᠠᠭᠠᠳᠬᠠᠯ ᠤᠨ ᠳᠦᠷᠢᠮ ᠪᠠ | ᠡᠮ ᠡᠮᠨᠡᠯᠭᠡ ᠶᠢᠨ ᠦᠨᠳᠦᠰᠦᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠤᠨ ᠳᠦᠷᠢᠮ ᠢ | ᠲᠡᠭᠦᠯᠳᠡᠷᠵᠢᠭᠦᠯᠵᠦ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠳᠦᠷᠢᠮ ᠢ ᠲᠡᠭᠦᠯᠳᠡᠷᠵᠢᠭᠦᠯᠵᠦ᠂ | ᠬᠥᠳᠡᠭᠡ ᠲᠣᠰᠬᠤᠨ ᠤ ᠭᠡᠷ ᠲᠤ ᠪᠠᠨ ᠬᠤᠴᠣᠷᠤᠭᠰᠠᠨ ᠬᠡᠦᠬᠡᠳ᠂ ᠡᠮᠡᠭᠲᠡᠶᠢᠴᠦᠳ᠂ ᠨᠠᠰᠤᠲᠠᠶᠢᠴᠤᠳ ᠢ | ᠬᠠᠯᠠᠮᠵᠢᠯᠠᠬᠤ ᠦᠢᠯᠡᠴᠢᠯᠡᠭᠡᠨ ᠤ ᠰᠢᠰᠲ᠋ᠧᠮ ᠢ ᠲᠡᠬᠦᠯᠳᠡᠷᠵᠢᠬᠦᠯᠬᠦ ᠬᠡᠷᠡᠭᠳᠡᠢ᠃ ᠵᠠᠩ ᠳᠠᠳᠬᠠᠯ ᠤᠨ ᠦᠬᠡᠷᠡᠴᠢᠯᠡᠯᠳᠡ | ᠶᠢ ᠠᠬᠢᠭᠤᠯᠵᠤ᠂ ᠪᠣᠯᠪᠠᠰᠤᠨ ᠨᠤᠲᠤᠭ ᠤᠨ ᠰᠤᠷᠲᠠᠯ᠂ ᠰᠠᠶᠢᠨ ᠰᠠᠶᠢᠬᠠᠨ ᠭᠡᠷ ᠤᠨ ᠰᠤᠷᠲᠠᠯ᠂ ᠡᠭᠡᠯ ᠪᠣᠷᠣᠭᠵᠢᠭᠤᠨ | ᠠᠷᠠᠳ ᠤᠨ ᠰᠤᠷᠲᠠᠯ ᠢ ᠪᠣᠶᠢᠵᠢᠭᠤᠯᠵᠤ᠂ ᠵᠥᠷᠢᠴᠡᠯ ᠵᠠᠭᠤᠷᠠᠯᠳᠤᠭᠠᠨ ᠢ ᠤᠯᠠᠨ ᠡᠰᠢᠵᠢᠭᠦᠯᠦᠨ ᠰᠢᠢᠳᠪᠦᠷᠢᠯᠡᠬᠦ | ᠲᠣᠭᠲᠠᠴᠠ ᠶᠢ ᠲᠡᠬᠦᠯᠳᠡᠷᠵᠢᠬᠦᠯᠤᠨ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ | ᠭᠦᠨᠵᠡᠭᠡᠢ ᠦᠷᠨᠢᠬᠦᠯᠬᠦ ᠬᠡᠷᠡᠭᠳᠡᠢ᠃ | — ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠤᠶᠠᠳᠤᠭᠠᠷ ᠬᠤᠷᠠᠯ ᠳᠡᠭᠡᠷ᠎ᠡ ᠾᠧᠨᠠᠨ ᠤ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ | ᠣᠷᠤᠯᠴᠠᠬᠤ ᠳᠤ ᠪᠠᠨ ᠶᠠᠷᠢᠭᠰᠠᠨ ᠦᠭᠡ ︵2019 ᠣᠨ ᠤ 3 ᠳ᠋ᠤᠭᠠᠷ ᠰᠠᠷ᠎ᠠ ᠶᠢᠨ 8 ᠤ ᠡᠳᠦᠷ︶ | ᠤᠯᠤᠰ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ | ᠠᠬᠢᠭᠤᠯᠬᠤ ᠳᠤ ᠨᠡᠶᠢᠭᠡᠮ ᠲᠣᠭᠤᠷᠢᠭ ᠤᠨ ᠵᠠᠰᠠᠯᠲᠠ ᠶᠢ ᠴᠢᠩᠭᠠᠳᠬᠠᠬᠤ ᠠᠴᠠ ᠪᠢᠰᠢ ᠰᠤᠯᠠᠷᠠᠭᠤᠯᠵᠤ ᠪᠣᠯᠬᠤ ᠦᠭᠡᠢ᠃ | ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠮᠤᠭ ᠤᠨ ᠦᠨᠳᠦᠰᠦᠨ | ᠱᠠᠲᠤ ᠲᠡᠶᠢᠰᠢ ᠥᠷᠭᠡᠵᠢᠬᠦ ᠶᠢ ᠠᠬᠢᠭᠤᠯᠤᠨ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠠᠵᠢᠯ ᠤᠨ ᠰᠢᠰᠲ᠋ᠧᠮ ᠢ ᠲᠡᠬᠦᠯᠳᠡᠷᠵᠢᠬᠦᠯᠵᠤ᠂ ᠬᠤᠳᠠ ᠬᠥᠳᠡᠭᠡ ᠶᠢᠨ ᠨᠡᠶᠢᠭᠡᠮ ᠲᠣᠭᠤᠷᠢᠭ ᠤᠨ ᠵᠠᠰᠠᠯᠲᠠ ᠳᠤ ᠪᠠᠲᠤ | ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ᠃ ᠦᠢᠯᠡᠳᠦᠯᠭᠡ ᠶᠢᠨ ᠳᠤᠮᠳᠠ ᠪᠦᠷᠢᠯᠳᠦᠭᠰᠡᠨ ᠰᠠᠶᠢᠨ ᠲᠤᠷᠰᠢᠯᠭ᠎ᠠ | ᠰᠠᠶᠢᠨ ᠠᠷᠭ᠎ᠠ ᠶᠢ ᠳ᠋ᠦᠩᠨᠡᠨ ᠳᠡᠯᠭᠡᠷᠡᠭᠦᠯᠵᠦ᠂ ᠬᠥᠮᠦᠵᠢᠯ ᠪᠣᠯᠪᠠᠰᠤᠷᠠᠯ ᠤᠨ ᠲᠡᠷᠢᠭᠦᠨ ᠤ ᠴᠢᠨᠠᠷ ᠪᠠ ᠰᠢᠰᠲ᠋ᠧᠮᠲᠦ | ᠴᠢᠨᠠᠷ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ | — ᠬᠢᠷᠢᠨ ᠮᠤᠵᠢ ᠳᠤ ᠠᠵᠢᠯ ᠪᠠᠶᠢᠴᠠᠭᠠᠬᠤ ᠳᠤ ᠪᠠᠨ ᠶᠠᠷᠢᠭᠰᠠᠨ ᠦᠭᠡ ︵2020 ᠣᠨ ᠤ 7 ᠳ᠋ᠤᠭᠠᠷ | ᠰᠠᠷ᠎ᠠ ᠶᠢᠨ 22 ᠠᠴᠠ— 24 ᠤ ᠡᠳᠦᠷ ︶ | ᠨᠠᠰᠤᠵᠢᠯ ᠤᠨ ᠠᠰᠠᠷᠠᠮᠵᠢ ᠪᠠ ᠬᠡᠦᠬᠡᠳ ᠢ ᠰᠠᠭᠠᠳᠠᠭᠤᠯᠬᠤ ᠦᠢᠯᠡᠴᠢᠯᠡᠭᠡᠨ ᠤ ᠡᠷᠡᠭᠦᠯ ᠢᠶᠠᠷ ᠬᠥᠭᠵᠢᠬᠦ ᠶᠢ | ᠠᠬᠢᠭᠤᠯᠵᠤ᠂ ︽ᠨᠠᠰᠤᠳᠠᠶᠢᠴᠤᠳ ᠬᠡᠤᠬᠡᠳ︾ ᠤᠨ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠨᠢ ᠠᠷᠠᠳ ᠤᠨ | ᠠᠮᠢᠳᠤᠷᠠᠯ ᠢ ᠪᠠᠲᠤᠯᠠᠨ ᠰᠠᠶᠢᠵᠢᠷᠠᠭᠤᠯᠬᠤ᠂ ᠬᠥᠮᠥᠨ ᠠᠮᠠ ᠶᠢᠨ ᠣᠷᠳᠣ ᠬᠤᠭᠤᠴᠠᠭᠠᠨ ᠤ ᠲᠡᠩᠴᠡᠭᠦᠷᠢᠲᠡᠢ | ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠠᠷᠠᠳ ᠲᠦᠮᠡᠨ ᠢᠶᠠᠷ ᠭᠤᠣᠯ | ᠪᠣᠯᠭᠠᠬᠤ ᠬᠦᠭᠵᠢᠬᠦᠯᠤᠯᠳᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ | ᠨᠠᠰᠤᠲᠠᠨ ᠢᠶᠠᠨ ᠬᠦᠨᠳᠦᠯᠡᠵᠦ ᠨᠢᠯᠬᠠᠰ ᠢᠶᠠᠨ ᠬᠠᠶᠢᠷᠠᠯᠠᠬᠤ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠵᠤ᠂ | ᠣᠳᠣᠬᠠᠨ ᠤ ᠪᠠᠶᠢᠳᠠᠯ ᠳᠤ ᠪᠠᠨ ᠰᠠᠭᠤᠷᠢᠯᠠᠨ᠂ ᠠᠯᠤᠰ ᠢᠷᠡᠭᠡᠳᠦᠢ ᠶᠢ ᠪᠣᠳᠣᠯᠬᠢᠯᠠᠨ᠂ ᠬᠥᠮᠥᠨ ᠠᠮᠠ ᠶᠢᠨ | ᠲᠠᠷᠬᠠᠯᠲᠠ ᠪᠠ ᠪᠦᠲᠦᠴᠡ ᠶᠢᠨ ᠬᠤᠪᠢᠷᠠᠯᠲᠠ ᠶᠢ ᠦᠨᠳᠦᠰᠦᠯᠡᠨ᠂ ᠭᠡᠷ ᠪᠦᠯᠢ ᠶᠢᠨ ᠨᠠᠰᠤᠲᠠᠨ ᠢ ᠠᠰᠠᠷᠠᠵᠤ | ᠨᠢᠯᠬᠠᠰ ᠢ ᠬᠥᠮᠥᠵᠢᠭᠦᠯᠬᠦ ᠰᠠᠭᠤᠷᠢ ᠪᠣᠯᠬᠤ ᠪᠠᠶᠢᠷᠢ ᠰᠠᠭᠤᠷᠢ ᠶᠢ ᠪᠠᠬᠢᠵᠢᠭᠦᠯᠵᠦ᠂ ᠵᠠᠰᠠᠭ ᠤᠨ ᠣᠷᠳᠣᠨ ᠤ | ᠦᠨᠳᠦᠰᠦᠨ ᠪᠠᠳᠤᠯᠠᠭ᠎ᠠ ᠶᠢᠨ ᠬᠤᠷᠢᠭ᠎ᠠ ᠱᠤᠭᠤᠮ ᠢ ᠪᠠᠲᠤᠯᠠᠬᠤ ᠡᠭᠦᠷᠭᠡ ᠴᠢᠳᠠᠪᠤᠷᠢ ᠶᠢ ᠴᠢᠩᠭᠠᠳᠬᠠᠵᠤ᠂ ᠥᠲᠡᠯᠪᠡᠯ | ᠠᠰᠠᠷᠠᠮᠵᠢ ᠲᠠᠢ᠂ ᠨᠢᠯᠬᠠᠰ ᠲᠤ ᠬᠦᠮᠤᠵᠢᠯ ᠲᠠᠢ ᠪᠣᠯᠭᠠᠬᠤ ᠲᠦᠷᠦ ᠶᠢᠨ ᠪᠣᠳᠣᠯᠭ᠎ᠠ ᠶᠢᠨ ᠰᠢᠰᠲ᠋ᠧᠮ ᠢ | ᠲᠡᠬᠦᠯᠳᠡᠷᠵᠢᠬᠦᠯᠤᠨ᠂ ᠤᠯᠠᠨ ᠡᠰᠢᠲᠦ ᠪᠡᠶᠡᠴᠢ ᠴᠣᠭᠴᠠ ᠶᠢᠨ ᠤᠯᠠᠨ ᠶᠠᠩᠵᠤ ᠶᠢᠨ ᠦᠢᠯᠡᠴᠢᠯᠡᠭᠡᠨ ᠤ | ᠬᠠᠩᠭᠠᠯᠭ᠎ᠠ ᠶᠢ ᠥᠷᠭᠡᠳᠬᠡᠵᠦ᠂ ᠦᠢᠯᠡᠴᠢᠯᠡᠭᠡᠨ ᠤ ᠴᠢᠳᠠᠪᠤᠷᠢ ᠶᠢᠨ ᠳᠡᠭᠡᠭᠰᠢᠯᠡᠯᠲᠡ ᠪᠠ ᠬᠤᠳᠠ ᠬᠥᠳᠡᠭᠡ ᠣᠷᠣᠨ | ᠪᠦᠰᠡ ᠶᠢᠨ ᠲᠡᠩᠴᠡᠭᠦᠷᠢᠲᠡᠢ ᠬᠥᠭᠵᠢᠯᠲᠡ ᠶᠢ ᠠᠬᠢᠭᠤᠯᠤᠨ ᠲᠠᠰᠤᠷᠠᠯᠳᠠ ᠦᠭᠡᠢ ᠰᠢᠨ᠎ᠡ ᠠᠬᠢᠯᠲᠠ ᠲᠠᠢ ᠪᠤᠯᠭᠠᠬᠤ | ᠬᠡᠷᠡᠭᠳᠡᠢ᠃ | — ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠠᠷᠪᠠᠨ ᠵᠢᠷᠭᠤᠳᠤᠭᠠᠷ | ᠬᠤᠷᠠᠯ ᠳᠡᠭᠡᠷᠡᠬᠢ ᠶᠠᠷᠢᠶ᠎ᠠ ︵2020 ᠣᠨ ᠤ 11 ᠳ᠋ᠤᠬᠡᠷ ᠰᠠᠷ᠎ᠠ ᠶᠢᠨ 2 ᠤᠨ ᠡᠳᠦᠷ︶ | ᠪᠢᠳᠡ ᠠᠷᠠᠳ ᠲᠦᠮᠡᠨ ᠤ ᠵᠣᠭᠰᠣᠯᠲᠠ ᠳᠡᠭᠡᠷ᠎ᠡ ᠵᠣᠭᠰᠤᠬᠤ ᠶᠢ ᠢᠮᠠᠭᠲᠠ ᠡᠷᠡᠰ ᠪᠠᠷᠢᠮᠳᠠᠯᠠᠬᠤ ᠬᠡᠷᠡᠭᠲᠡᠢ᠃᠂ | ᠶᠠᠳᠠᠭᠤ ᠠᠴᠠ ᠠᠩᠭᠢᠵᠢᠷᠠᠭᠤᠯᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠬᠠᠮᠲᠤ ᠪᠠᠷ ᠴᠢᠨᠡᠭᠡᠯᠢᠭᠵᠢᠬᠦ ᠶᠢ | ᠪᠡᠶᠡᠯᠡᠭᠦᠯᠬᠦ ᠶᠢ ᠴᠢᠬᠤᠯᠠᠠᠴᠢᠯᠠᠬᠤ ᠪᠣᠯ ᠨᠡᠶᠢᠭᠡᠮ ᠵᠢᠷᠤᠮ ᠤᠨ ᠮᠥᠨ ᠴᠢᠨᠠᠷ ᠤᠨ ᠱᠠᠭᠠᠷᠳᠠᠯᠭ᠎ᠠ᠂ ᠮᠠᠨ ᠤ ᠨᠠᠮ ᠤᠨ | ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠣᠷᠢᠯᠲᠠ ᠶᠢ | ᠪᠠᠷᠢᠮᠲᠠᠯᠠᠬᠤ ᠶᠢᠨ ᠴᠢᠬᠤᠯᠠ ᠢᠯᠡᠷᠡᠯ᠂ ᠨᠠᠮ ᠪᠠ ᠵᠠᠰᠠᠭ ᠤᠨ ᠣᠷᠳᠣᠨ ᠤ ᠴᠢᠬᠤᠯᠠ ᠶᠡᠭᠡ ᠬᠠᠷᠢᠭᠤᠴᠠᠯᠭ᠎ᠠ ᠮᠥᠨ᠃ | ᠪᠢᠳᠡ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠮᠵᠢ ᠶᠢ | ᠬᠡᠮᠵᠢᠬᠦ ᠴᠢᠬᠤᠯᠠ ᠬᠡᠮᠵᠢᠭᠦᠷ ᠪᠣᠯᠭᠠᠵᠤ᠂ ᠶᠠᠳᠠᠭᠤ ᠬᠦᠴᠢᠷᠳᠡᠯᠲᠡᠢ ᠤᠯᠠᠨ ᠲᠦᠮᠡᠨ ᠤ ᠦᠨᠳᠦᠰᠦᠨ ᠠᠷᠠᠳ ᠤᠨ | ᠠᠮᠢᠳᠤᠷᠠᠯ ᠤᠨ ᠬᠡᠷᠡᠭᠴᠡᠭᠡ ᠶᠢ ᠬᠦᠴᠦᠨ ᠢᠶᠠᠨ ᠲᠥᠪᠯᠡᠷᠡᠭᠦᠯᠦᠨ ᠰᠢᠢᠳᠪᠤᠷᠢᠯᠡᠬᠦ ᠬᠡᠷᠡᠭᠳᠡᠢ᠃ | — ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠠᠵᠢᠯ ᠤᠨ | ᠳ᠋ᠦᠡᠭᠨᠡᠯᠳᠡ ᠪᠠ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠶᠠᠷᠢᠶ᠎ᠠ ︵2021 ᠣᠨ ᠤ 2 ᠳ᠋ᠤᠭᠠᠷ | ᠰᠠᠷ᠎ᠠ ᠶᠢᠨ 25 ᠤ ᠡᠳᠦᠷ︶ | ᠳᠤᠮᠳᠠᠳᠤ ᠤᠯᠤᠰ ᠤᠨ ᠡᠪ ᠬᠠᠮᠲᠤ ᠨᠠᠮ ᠤᠨ ᠦᠨᠳᠦᠰᠦ ᠰᠠᠭᠤᠷᠢ ᠨᠢ ᠠᠷᠠᠳ ᠲᠦᠮᠡᠨ ᠳᠤ ᠪᠤᠢ᠂ ᠴᠢᠰᠤᠨ | ᠰᠤᠳᠠᠰᠤ ᠨᠢ ᠠᠷᠠᠳ ᠲᠦᠮᠡᠨ ᠳᠤ ᠪᠤᠢ᠂ ᠬᠦᠴᠦᠨ ᠴᠢᠳᠠᠯ ᠨᠢ ᠠᠷᠠᠳ ᠲᠦᠮᠡᠨ ᠳᠤ ᠪᠤᠢ ᠶᠤᠮ᠃ ᠳᠤᠮᠳᠠᠳᠤ | ᠤᠯᠤᠰ ᠤᠨ ᠡᠪ ᠬᠠᠮᠲᠤ ᠨᠠᠮ ᠢᠮᠠᠭᠲᠠ ᠬᠠᠮᠤᠭ ᠤᠨ ᠥᠷᠭᠡᠨ ᠤᠯᠠᠨ ᠠᠷᠠᠳ ᠲᠦᠮᠡᠨ ᠤ ᠦᠨᠳᠦᠰᠦᠨ ᠠᠰᠢᠭ | ᠲᠤᠰᠠ ᠶᠢ ᠲᠥᠯᠥᠭᠡᠯᠡᠵᠦ᠂ ᠠᠷᠠᠳ ᠲᠦᠮᠡᠨ ᠲᠠᠢ ᠵᠢᠷᠭᠠᠯ ᠵᠣᠪᠠᠯᠠᠩ᠂ ᠦᠬᠦᠯ ᠰᠡᠬᠡᠯ ᠢᠶᠠᠨ ᠬᠠᠮᠲᠤᠳᠬᠠᠵᠤ᠂ | ᠥᠪᠡᠷ ᠤᠨ ᠶᠠᠮᠠᠷᠪᠠ ᠣᠨᠴᠠᠭᠠᠶ ᠠᠰᠢᠭ ᠲᠤᠰᠠ ᠭᠡᠵᠦ ᠪᠠᠶᠢᠳᠠᠭ ᠦᠭᠡᠢ᠂ ᠶᠠᠮᠠᠷᠪᠠ ᠠᠰᠢᠭ ᠲᠤᠰᠠ ᠶᠢᠨ ᠪᠦᠯᠦᠭᠯᠡᠯ᠂ | ᠶᠠᠮᠠᠷᠪᠠ ᠡᠷᠬᠡ ᠬᠦᠴᠦᠨ ᠤ ᠪᠦᠯᠬᠦᠮ᠂ ᠶᠠᠮᠠᠷᠪᠠ ᠣᠨᠴᠠ ᠡᠷᠬᠡᠲᠦ ᠳᠠᠪᠬᠤᠷᠭ᠎ᠠ ᠶᠢᠨ ᠠᠰᠢᠭ ᠲᠤᠰᠠ ᠶᠢ ᠶᠡᠷᠤ ᠠᠴᠠ | ᠲᠥᠯᠥᠭᠡᠯᠡᠳᠡᠭ ᠦᠭᠡᠢ ᠶᠤᠮ᠃ | — ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ | ᠬᠤᠷᠠᠯ ᠳᠡᠭᠡᠷᠡᠬᠢ ᠶᠠᠷᠢᠶ᠎ᠠ ︵2021 ᠣᠨ ᠤ 7 ᠳ᠋ᠤᠭᠠᠷ ᠰᠠᠷ᠎ᠠ ᠶᠢᠨ 1 ᠤ ᠡᠳᠦᠷ︶ | ᠨᠡᠶᠢᠭᠡᠮ ᠤᠨ ᠲᠤᠰᠠᠯᠠᠮᠵᠢ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠦᠨᠳᠦᠰᠦᠨ | ᠠᠮᠢᠳᠤᠷᠠᠯ ᠤᠨ ᠲᠤᠰᠠᠯᠠᠮᠵᠢ᠂ ᠲᠤᠰᠬᠠᠢ ᠲᠦᠷᠦᠯ ᠤᠨ ᠨᠡᠶᠢᠭᠡᠮ ᠤᠨ ᠲᠤᠰᠠᠯᠠᠮᠵᠢ᠂ ᠪᠠᠴᠢᠮ ᠬᠦᠴᠢᠷᠳᠡᠯᠲᠡᠢ | ᠬᠦᠮᠦᠰ ᠢ ᠲᠤᠰᠠᠯᠠᠬᠤ ᠨᠡᠶᠢᠭᠡᠮ ᠤᠨ ᠲᠤᠰᠠᠯᠠᠮᠵᠢ ᠪᠠᠷ ᠭᠤᠣᠯ ᠴᠣᠭᠴᠠ ᠪᠣᠯᠭᠠᠭᠰᠠᠨ᠂ ᠨᠡᠶᠢᠭᠡᠮ ᠤᠨ ᠬᠦᠴᠦᠨ ᠤ | ᠣᠷᠤᠯᠴᠠᠯᠭ᠎ᠠ ᠪᠠᠷ ᠨᠥᠬᠦᠪᠦᠷᠢ ᠪᠣᠯᠭᠠᠭᠰᠠᠨ᠂ ᠪᠦᠬᠦ ᠲᠠᠯ᠎ᠠ ᠶᠢ ᠬᠠᠮᠤᠷᠤᠭᠰᠠᠨ᠂ ᠳᠠᠪᠬᠤᠷᠭ᠎ᠠ ᠲᠦᠷᠦᠯ | ᠬᠤᠪᠢᠶᠠᠭᠰᠠᠨ᠂ ᠶᠡᠷᠦᠩᠬᠡᠶᠢᠯᠡᠭᠰᠡᠨ ᠥᠨᠳᠥᠷ ᠪᠦᠲᠦᠮᠵᠢᠲᠡᠢ ᠨᠡᠶᠢᠭᠡᠮ ᠤᠨ ᠲᠤᠰᠠᠯᠠᠮᠵᠢ ᠶᠢᠨ ᠪᠠᠶᠢᠷᠢᠰᠢᠯ ᠢ | ᠪᠦᠷᠢᠯᠳᠦᠭᠦᠯᠬᠦ ᠬᠡᠷᠡᠭᠲᠡᠢ᠃ | — ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ | ᠲᠠᠪᠤᠳᠤᠭᠠᠷ ᠬᠤᠷᠠᠯᠳᠤᠭᠠᠨ ᠳᠤ ᠣᠷᠣᠯᠴᠠᠭᠰᠠᠨ ᠲᠠᠷᠢᠶᠠᠯᠠᠩ ᠤᠨ ᠡᠲᠡᠭᠡᠳ᠂ ᠨᠡᠶᠢᠭᠡᠮ ᠤᠨ ᠠᠰᠠᠷᠠᠮᠵᠢ ᠪᠠ | ᠨᠡᠶᠢᠭᠡᠮ ᠤᠨ ᠪᠠᠲᠤᠯᠠᠭ᠎ᠠ ᠶᠢᠨ ᠡᠲᠡᠭᠡᠳ ᠤᠨ ᠭᠡᠰᠢᠭᠦᠳ ᠢ ᠡᠷᠭᠢᠵᠦ ᠦᠵᠡᠬᠦ ᠳᠤ ᠪᠠᠨ ᠶᠠᠷᠢᠭᠰᠠᠨ ᠦᠭᠡ ︵2022 | ᠣᠨ ᠤ 3 ᠳ᠋ᠤᠭᠠᠷ ᠰᠠᠷ᠎ᠠ ᠶᠢᠨ 6 ᠤ ᠡᠳᠦᠷ︶ | ᠬᠦᠰᠡᠯ ᠡᠷᠡᠮᠡᠯᠵᠡᠯ ᠲᠠᠢ᠂ ᠴᠢᠳᠠᠪᠤᠷᠢ ᠲᠠᠢ ᠠᠵᠤ ᠠᠬᠤᠶᠢᠯᠠᠯ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ | ᠬᠤᠪᠢ ᠬᠥᠮᠥᠨ ᠤ ᠨᠡᠶᠢᠲᠡ ᠶᠢᠨ ᠠᠰᠠᠷᠠᠮᠵᠢ ᠶᠢᠨ ᠨᠢᠭᠦᠯᠡᠰᠦᠩᠭᠦᠢ ᠶᠢᠨ ᠦᠢᠯᠡᠰ ᠲᠤ ᠢᠳᠡᠪᠬᠢᠲᠡᠢ ᠣᠷᠣᠯᠴᠠᠬᠤ ᠶᠢ | ᠲᠠᠶᠢᠴᠢᠯᠠᠨ ᠲᠡᠮᠵᠢᠬᠦ ᠬᠡᠷᠡᠭᠳᠡᠢ᠃ ᠳᠠᠪᠬᠤᠷᠭ᠎ᠠ ᠲᠦᠷᠦᠯ ᠬᠤᠪᠢᠶᠠᠭᠰᠠᠨ ᠨᠡᠶᠢᠭᠡᠮ ᠤᠨ ᠲᠤᠰᠠᠯᠠᠮᠵᠢ ᠶᠢᠨ | ᠰᠢᠰᠲ᠋ᠧᠮ ᠢ ᠲᠡᠬᠦᠯᠳᠡᠷᠵᠢᠬᠦᠯᠬᠦ ᠬᠡᠷᠡᠭᠳᠡᠢ᠃ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠤᠯᠤᠰ ᠤᠨ ᠦᠨᠳᠦᠰᠦᠨ | ᠪᠣᠳᠣᠯᠭ᠎ᠠ ᠶᠢ ᠪᠠᠷᠢᠮᠲᠠᠯᠠᠵᠤ᠂ ᠡᠮᠡᠭᠲᠡᠶᠢᠴᠦᠳ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ ᠪᠠᠳᠤᠯᠠᠬᠤ | ᠬᠡᠷᠡᠭᠳᠡᠢ᠃ ᠵᠡᠮᠳᠡᠭᠴᠦᠳ ᠤᠨ ᠨᠡᠶᠢᠭᠡᠮ ᠤᠨ ᠪᠠᠲᠤᠯᠠᠭ᠎ᠠ ᠶᠢᠨ ᠳᠦᠷᠢᠮ ᠪᠠ ᠬᠠᠯᠠᠮᠵᠢᠯᠠᠬᠤ ᠦᠢᠯᠡᠴᠢᠯᠡᠭᠡᠨ ᠤ | ᠰᠢᠰᠲ᠋ᠧᠮ ᠢ ᠲᠡᠭᠦᠯᠳᠡᠷᠵᠢᠭᠦᠯᠵᠦ᠂ ᠵᠡᠮᠳᠡᠭᠴᠦᠳ ᠤᠨ ᠦᠢᠯᠡᠰ ᠤᠨ ᠪᠦᠬᠦ ᠲᠠᠯ᠎ᠠ ᠶᠢᠨ ᠰᠠᠶᠢᠨ ᠳᠤᠷ᠎ᠠ ᠶᠢᠨ | ᠦᠢᠯᠡᠴᠢᠯᠡᠭᠡᠨ ᠤ ᠳᠦᠷᠢᠮ ᠪᠠ ᠠᠵᠢᠯ ᠤᠨ ᠰᠢᠰᠲ᠋ᠧᠮ ᠢ ᠪᠦᠷᠢᠨᠰᠢᠬᠦᠯᠬᠦ ᠬᠡᠷᠡᠭᠳᠡᠢ᠃ ᠲᠤᠤᠷᠴᠢᠯᠠᠭᠰᠠᠨ | ᠬᠠᠮᠢᠶᠠᠷᠤᠯᠲᠠ᠂ ᠨᠠᠷᠢᠯᠢᠭᠵᠢᠭᠤᠯᠤᠭᠰᠠᠨ ᠦᠢᠯᠡᠴᠢᠯᠡᠭᠡ᠂ ᠮᠡᠳᠡᠭᠡ ᠵᠠᠩᠭᠢᠵᠢᠯᠲᠠ ᠪᠠᠷ ᠲᠤᠯᠭᠠᠭᠤᠷᠢᠯᠠᠭᠰᠠᠨ | ᠦᠨᠳᠦᠰᠦᠨ ᠱᠠᠲᠤᠨ ᠤ ᠵᠠᠰᠠᠯᠲᠠ ᠶᠢᠨ ᠲᠠᠪᠴᠠᠩ᠂ ᠬᠤᠳᠠ ᠬᠥᠳᠡᠭᠡ ᠶᠢᠨ ᠨᠡᠶᠢᠭᠡᠮ ᠲᠣᠭᠤᠷᠢᠭ ᠤᠨ ᠵᠠᠰᠠᠯᠲᠠ ᠶᠢᠨ | ᠰᠢᠰᠲ᠋ᠧᠮ ᠢ ᠲᠡᠭᠦᠯᠳᠡᠷᠵᠢᠭᠦᠯᠵᠦ᠂ ᠵᠥᠷᠢᠴᠡᠯ ᠵᠠᠭᠤᠷᠠᠯᠳᠤᠭᠠᠨ ᠢ ᠴᠠᠭ ᠲᠤᠬᠠᠢ ᠳᠤ ᠨᠢ ᠦᠨᠳᠦᠰᠦᠨ ᠱᠠᠲᠤᠨ ᠳᠤ᠂ | ᠦᠨᠳᠦᠰᠦᠨ ᠠᠴᠠ ᠨᠢ ᠠᠷᠢᠯᠭᠠᠨ᠎ᠠ᠃ ᠰᠢᠨ᠎ᠡ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠰᠢᠨ᠎ᠡ ᠨᠡᠶᠢᠭᠡᠮ ᠤᠨ | ᠵᠣᠬᠢᠶᠠᠨ ᠪᠠᠶᠢᠭᠤᠯᠤᠯᠲᠠ ᠂ ᠰᠢᠨ᠎ᠡ ᠠᠵᠢᠯ ᠤᠯᠤᠬᠰᠠᠳ ᠤᠨ ᠨᠠᠮ ᠤᠨ ᠪᠠᠶᠢᠭᠤᠯᠤᠯᠲᠠ ᠶᠢᠨ ᠠᠵᠢᠯ ᠢ | ᠴᠢᠩᠭᠠᠳᠬᠠᠬᠤ ᠬᠡᠷᠡᠭᠳᠡᠢ᠃ | — ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ︵2022 ᠣᠨ ᠤ 10 ᠳ᠋ᠤᠭᠠᠷ ᠰᠠᠷ᠎ᠠ ᠶᠢᠨ | 16 ᠤ ᠡᠳᠦᠷ︶ | ᠠᠷᠠᠳ ᠲᠦᠮᠡᠨ ᠢᠶᠠᠷ ᠭᠤᠣᠯ ᠪᠣᠯᠭᠠᠬᠤ ᠬᠦᠭᠵᠢᠬᠦᠯᠤᠯᠳᠡ ᠶᠢᠨ ᠦᠵᠡᠯ ᠰᠠᠨᠠᠭ᠎ᠠ ᠶᠢ ᠲᠤᠭᠤᠰᠢᠯᠠᠭᠤᠯᠵᠤ᠂ | ᠬᠤᠪᠢᠶᠠᠷᠢᠯᠠᠯᠲᠠ ᠶᠢᠨ ᠳᠦᠷᠢᠮ ᠪᠠ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠬᠦᠯᠳᠡᠷᠵᠢᠬᠦᠯᠤᠨ᠂ ᠤᠯᠠᠨ | ᠨᠡᠶᠢᠲᠡ ᠶᠢᠨ ᠦᠨᠳᠦᠰᠦᠨ ᠦᠢᠯᠡᠴᠢᠯᠡᠭᠡ ᠶᠢᠨ ᠬᠠᠨᠭ᠍ᠭᠠᠯᠭ᠎ᠠ ᠶᠢ ᠴᠢᠩᠭᠠᠳᠬᠠᠨ᠂ ᠠᠷᠠᠳ ᠤᠨ ᠠᠮᠢᠳᠤᠷᠠᠯ ᠤᠨ | ᠨᠠᠭᠠᠲᠤ ᠵᠠᠬ᠎ᠠ ᠶᠢᠨ ᠪᠠᠷᠢᠮᠵᠢᠶ᠎ᠠ ᠶᠢ ᠪᠠᠲᠤ ᠰᠠᠬᠢᠵᠤ᠂ ᠠᠷᠠᠳ ᠤᠯᠠᠨ ᠤ ︽ᠲᠤᠯᠭᠠᠮᠳᠠᠯ ᠬᠦᠴᠢᠢᠷᠳᠡᠯ ᠵᠤᠪᠠᠨᠢᠯ | ᠪᠠᠷᠠᠯᠠᠯ︾ ᠢ ᠰᠠᠶᠢᠲᠤᠷ ᠰᠢᠢᠳᠪᠦᠷᠢᠯᠡᠵᠦ᠂ ᠤᠳᠤᠬᠢᠴᠢᠯᠠᠯᠳᠠ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ | ᠪᠦᠲᠦᠭᠡᠯ ᠢ ᠠᠷᠠᠳ ᠲᠦᠮᠡᠨ ᠪᠦᠬᠦᠨ ᠳᠤ ᠨᠡᠩ ᠰᠠᠶᠢᠨ᠂ ᠨᠡᠩ ᠭᠤᠣᠯᠴᠢ ᠪᠠᠷ ᠬᠦᠷᠲᠡᠭᠡᠵᠦ᠂ ᠪᠦᠬᠦ ᠠᠷᠠᠳ | ᠲᠦᠮᠡᠨ ᠤ ᠬᠠᠮᠲᠤ ᠪᠠᠷ ᠴᠢᠨᠡᠬᠡᠯᠢᠭᠵᠢᠬᠦᠯᠬᠦ ᠲᠠᠯ᠎ᠠ ᠪᠠᠷ ᠨᠡᠩ ᠢᠯᠡᠷᠬᠡᠢ ᠮᠥᠨ ᠴᠢᠨᠠᠷ ᠤᠨ ᠠᠬᠢᠴᠠ ᠲᠠᠢ ᠪᠤᠯᠭᠠᠬᠤ | ᠬᠡᠷᠡᠭᠳᠡᠢ᠃ | — ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠠᠩᠬᠠᠳᠤᠭᠠᠷ ᠬᠤᠷᠠᠯ ᠳᠡᠭᠡᠷᠡᠬᠢ ᠶᠠᠷᠢᠶ᠎ᠠ ︵2023 ᠣᠨ ᠤ 3 ᠳ᠋ᠤᠭᠠᠷ ᠰᠠᠷ᠎ᠠ ᠶᠢᠨ 13 ᠤ ᠡᠳᠦᠷ︶ | |