ᠰᠢ ᠶᠢᠨ ᠫᠢᠡᠭ ᠶᠡᠷᠤᠩᠭᠡᠢ ᠱᠦᠵᠢ ᠶᠢᠨ ᠠᠷᠠᠳ ᠤᠨ ᠶᠠᠪᠤᠳᠠᠯ ᠤᠨ ᠠᠵᠢᠯ ᠤᠨ ᠲᠤᠬᠠᠢ ᠴᠢᠬᠤᠯᠨ ᠦᠬᠦᠯᠡᠯᠳᠡ ︵ᠬᠤᠶᠠᠷ︶
ᠨᠡᠶᠢᠲᠡᠯᠡᠭᠰᠡᠨ ᠴᠠᠭ᠄
2024/5/29
    ᠠᠷᠠᠳ ᠤᠨ ᠶᠠᠪᠤᠳᠠᠯ ᠤᠨ ᠰᠢᠰᠲ᠋ᠧᠮ ᠤᠨ ᠬᠢᠨ ᠤᠷᠴᠢᠮ ᠤᠨ ᠵᠢᠯ ᠠᠴᠠ ᠲᠥᠪ ᠤᠨ ᠰᠢᠢᠳᠪᠦᠷᠢᠲᠦ ᠪᠣᠳᠣᠯᠭ᠎ᠠ  ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠲᠤᠭᠤᠰᠢᠯᠠᠭᠤᠯᠤᠨ᠂ ᠬᠡᠮ ᠰᠣᠭᠤᠭ ᠢ ᠥᠭᠡᠷᠡᠴᠢᠯᠡᠨ ᠰᠢᠨ᠎ᠡ ᠶᠢ ᠪᠦᠳᠤᠬᠡᠵᠤ ᠂ ᠬᠦᠴᠢᠷ ᠪᠡᠷᠬᠡ ᠶᠢ ᠢᠯᠠᠨ ᠲᠠᠪᠠᠭᠰᠠᠨ ᠢᠶᠠᠷ ᠡᠯ᠎ᠡ ᠵᠦᠢᠯ ᠤᠨ ᠠᠵᠢᠯ ᠦᠢᠯᠡᠰ ᠰᠢᠨ᠎ᠡ ᠠᠬᠢᠴᠠ ᠲᠠᠢ ᠪᠣᠯᠵᠤ᠂ ᠥᠭᠡᠷᠡᠴᠢᠯᠡᠯᠲᠡ ᠬᠢᠬᠦ ᠬᠥᠭᠵᠢᠭᠦᠯᠬᠦ ᠲᠣᠭᠲᠠᠭᠤᠨ ᠪᠠᠶᠢᠯᠭᠠᠬᠤ ᠶᠡᠭᠡ ᠲᠠᠯ᠎ᠠ ᠳᠤ ᠰᠠᠶᠢᠳᠤᠷ ᠦᠢᠯᠡᠴᠢᠯᠡᠪᠡ᠃     ᠠᠷᠠᠳ ᠤᠨ ᠶᠠᠪᠤᠳᠠᠯ ᠤᠨ ᠠᠵᠢᠯ ᠨᠢ ᠠᠷᠠᠳ ᠤᠨ ᠠᠮᠢᠳᠤᠷᠠᠯ᠂ ᠠᠷᠠᠳ ᠤᠨ ᠰᠡᠳᠬᠢᠯ ᠲᠠᠢ ᠬᠤᠯᠪᠣᠭᠳᠠᠵᠤ᠂ ᠨᠡᠶᠢᠭᠡᠮ ᠤᠨ ᠪᠠᠶᠢᠭᠤᠯᠤᠯᠲᠠ ᠶᠢᠨ ᠦᠨᠳᠦᠰᠦᠨ ᠪᠠᠳᠤᠯᠠᠭ᠎ᠠ ᠶᠢᠨ ᠴᠢᠨᠠᠷᠲᠠᠢ ᠰᠠᠭᠤᠷᠢ ᠠᠵᠢᠯ ᠪᠣᠯᠣᠨ᠎ᠠ᠃ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠷᠠᠳ ᠲᠦᠮᠡᠨ ᠢᠶᠠᠷ  ᠲᠥᠪ ᠪᠣᠯᠭᠠᠬᠤ ᠦᠵᠡᠯᠳᠡ ᠶᠢ ᠪᠠᠷᠢᠮᠲᠠᠯᠠᠵᠤ᠂ ᠠᠷᠠᠳ ᠤᠨ ᠶᠠᠪᠤᠳᠠᠯ ᠤᠨ ᠠᠵᠢᠯ ᠤᠨ ᠲᠤᠬᠠᠢ ᠤᠳᠤᠷᠢᠳᠤᠯᠭ᠎ᠠ ᠪᠠᠨ ᠴᠢᠩᠭᠠᠳᠬᠠᠵᠤ᠂ ᠦᠨᠳᠦᠰᠦᠨ ᠱᠠᠲᠤᠨ ᠤ ᠠᠷᠠᠳ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠪᠠᠨ ᠴᠢᠩᠭᠠᠳᠬᠠᠵᠤ᠂ ᠠᠷᠠᠳ ᠤᠨ ᠶᠠᠪᠤᠳᠠᠯ ᠤᠨ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ᠃ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠨᠠᠮ ᠤᠨ ᠪᠠᠶᠢᠭᠤᠯᠤᠯᠲᠠ ᠶᠢ ᠴᠢᠩᠭᠠᠳᠬᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠬᠦᠳᠤᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ᠂ ᠣᠨᠴᠠᠭᠠᠢ ᠬᠦᠮᠦᠰ ᠪᠠ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠲᠡᠬᠡᠷ᠎ᠡ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ᠂ ᠦᠨᠳᠦᠰᠦᠨ ᠨᠡᠶᠢᠭᠡᠮ ᠤᠨ ᠦᠢᠯᠡᠴᠢᠯᠡᠭᠡ ᠵᠡᠷᠭᠡ ᠡᠭᠦᠷᠭᠡ ᠬᠠᠷᠢᠭᠤᠴᠠᠯᠭ᠎ᠠ ᠪᠠᠨ ᠨᠡᠩ ᠰᠠᠶᠢᠲᠤᠷ ᠭᠦᠢᠴᠡᠳᠬᠡᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ  ᠭᠡᠵᠦ ᠵᠢᠭᠠᠪᠤᠷᠢᠯᠠᠵᠠᠢ᠃ — ᠰᠢ ᠶᠢᠨ ᠫᠢᠩ ᠶᠡᠷᠤᠩᠭᠡᠢ ᠱᠦᠵᠢ 2019 ᠣᠨ ᠤ 4 ᠳ᠋ᠤᠬᠡᠷ ᠰᠠᠷ᠎ᠠ ᠳᠤ ᠠᠷᠪᠠᠨ ᠳᠥᠷᠪᠡᠳᠦᠭᠡᠷ  ᠬᠤᠭᠤᠴᠠᠭᠠᠨ ᠤ ᠪᠦᠬᠦ ᠤᠯᠤᠰ ᠤᠨ ᠠᠷᠠᠳ ᠤᠨ ᠶᠠᠪᠤᠳᠠᠯ ᠤᠨ ᠬᠤᠷᠠᠯ ᠬᠤᠷᠠᠯᠳᠤᠬᠤ ᠠᠴᠠ ᠡᠮᠦᠨᠡᠬᠡᠨ ᠠᠷᠠᠳ ᠤᠨ ᠶᠠᠪᠤᠳᠠᠯ ᠤᠨ ᠠᠵᠢᠯ ᠳᠤ ᠴᠢᠬᠤᠯᠠ ᠵᠢᠭᠠᠪᠤᠷᠢ ᠦᠭᠭᠦ ᠳᠤ ᠪᠠᠨ  ᠶᠠᠷᠢᠭᠰᠠᠨ ᠦᠬᠡ        ᠲᠦᠷᠦ ᠪᠣᠯ ᠠᠷᠠᠳ ᠲᠦᠮᠡᠨ᠂ ᠠᠷᠠᠳ ᠲᠦᠮᠡᠨ ᠪᠣᠯ ᠲᠦᠷᠦ ᠮᠥᠨ᠃ ᠳᠤᠮᠳᠠᠳᠤ ᠤᠯᠤᠰ ᠤᠨ ᠡᠪ ᠬᠠᠮᠲᠤ ᠨᠠᠮ ᠠᠷᠠᠳ ᠲᠦᠮᠡᠨ ᠢ ᠤᠳᠤᠷᠢᠳᠤᠨ ᠲᠦᠷᠤ ᠶᠢ ᠡᠵᠡᠯᠡᠵᠤ᠂ ᠲᠦᠷᠤ ᠪᠠᠷᠢᠬᠤ ᠳᠤ ᠠᠷᠠᠳ ᠲᠦᠮᠡᠨ ᠤ ᠰᠡᠳᠬᠢᠯ ᠢ ᠰᠠᠬᠢᠵᠤ ᠪᠠᠶᠢᠳᠠᠭ ᠶᠤᠮ᠃ ᠤᠯᠤᠰ ᠢ ᠵᠠᠰᠠᠬᠤ ᠳᠤ ᠬᠠᠤᠯᠢ ᠲᠦᠷᠢᠮ ᠪᠠᠶᠢᠬᠤ ᠬᠡᠷᠡᠭᠳᠡᠢ᠂ ᠠᠷᠠᠳ ᠲᠤ ᠠᠰᠢᠭ ᠬᠦᠷᠲᠡᠭᠡᠬᠦ ᠪᠠᠷ ᠦᠨᠳᠦᠰᠦ  ᠪᠤᠯᠭᠠᠬᠤ ᠬᠡᠷᠡᠭᠳᠡᠢ᠃ ᠠᠷᠠᠳ ᠲᠦᠮᠡᠨ ᠳᠤ ᠪᠤᠶᠠᠨ ᠦᠢᠯᠡᠳᠬᠦ ᠪᠣᠯ ᠨᠡᠶᠢᠲᠡ ᠶᠢᠨ ᠲᠥᠯᠥᠭᠡ ᠨᠠᠮ ᠪᠠᠶᠢᠭᠤᠯᠵᠤ᠂ ᠠᠷᠠᠳ ᠤᠨ ᠲᠥᠯᠥᠭᠡ ᠲᠦᠷᠦ ᠪᠠᠷᠢᠬᠤ ᠶᠢᠨ ᠮᠥᠨ ᠴᠢᠨᠠᠷ ᠤᠨ ᠱᠠᠭᠠᠷᠳᠠᠯᠭ᠎ᠠ ᠮᠥᠨ᠃ ᠡᠷᠬᠡᠪᠰᠢ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠪᠠᠷᠢᠮᠲᠠᠯᠠᠵᠤ᠂ ᠬᠠᠮᠳᠤ ᠪᠠᠷ ᠲᠡᠮᠡᠴᠡᠵᠦ ᠰᠠᠶᠢᠨ ᠰᠠᠶᠢᠬᠠᠨ ᠠᠮᠢᠳᠤᠷᠠᠯ ᠢ ᠴᠣᠭᠴᠠᠯᠠᠨ ᠪᠠᠶᠢᠭᠤᠯᠬᠤ ᠶᠢ ᠵᠣᠷᠢᠭᠵᠢᠭᠤᠯᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠲᠠᠰᠤᠷᠠᠯᠳᠠ ᠦᠭᠡᠢ ᠪᠡᠶᠡᠯᠡᠭᠦᠯᠬᠦ ᠬᠡᠷᠡᠭᠲᠡᠢ᠃ ᠪᠢᠳᠡ ᠬᠠᠮᠤᠭ ᠤᠨ ᠥᠷᠭᠡᠨ ᠣᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠰᠠᠶᠢᠲᠤᠷ ᠪᠡᠶᠡᠯᠡᠭᠦᠯᠵᠦ᠂ ᠰᠠᠶᠢᠲᠤᠷ ᠬᠠᠮᠠᠭᠠᠯᠠᠵᠤ᠂ ᠰᠠᠶᠢᠲᠤᠷ ᠬᠥᠭᠵᠢᠭᠦᠯᠵᠦ᠂ ᠠᠷᠠᠳ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠢ ᠴᠢᠩᠭ᠎ᠠ ᠠᠳᠬᠤᠵᠤ᠂ ᠴᠢᠳᠠᠯ ᠤᠨ ᠬᠢᠷᠢ ᠪᠠᠷ ᠢᠶᠠᠨ ᠴᠢᠷᠮᠠᠶᠢᠬᠤ ᠪᠠ ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠵᠤ᠂ ᠤᠯᠠᠨ ᠲᠦᠮᠡᠨ ᠤ ᠳᠤᠮᠳᠠ  ᠣᠴᠢᠨ᠂ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠠᠷᠠᠳ ᠲᠤ ᠠᠰᠢᠭ ᠬᠦᠷᠲᠡᠭᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ ᠨᠡᠩ ᠤᠯᠠᠨ ᠠᠷᠭ᠎ᠠ ᠪᠠᠷ ᠠᠷᠠᠳ ᠤᠯᠠᠨ ᠤ  ᠲᠤᠯᠭᠠᠮᠳᠠᠯ ᠬᠦᠴᠢᠷᠳᠡᠯ ᠵᠤᠪᠠᠨᠢᠯ  ᠪᠠᠷᠠᠯᠠᠯ ᠢ ᠴᠢᠷᠮᠠᠶᠢᠨ ᠰᠠᠶᠢᠲᠤᠷ ᠰᠢᠢᠳᠪᠦᠷᠢᠯᠡᠵᠦ᠂ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠂ ᠤᠯᠠᠨ ᠨᠡᠶᠢᠲᠡ ᠶᠢᠨ ᠦᠢᠯᠡᠴᠢᠯᠡᠭᠡᠨ ᠤ  ᠲᠦᠪᠰᠢᠨ ᠢ ᠳᠡᠭᠡᠭᠰᠢᠯᠡᠭᠦᠯᠵᠦ᠂ ᠲᠡᠩᠴᠡᠭᠦᠷᠢᠲᠦ ᠴᠢᠨᠠᠷ ᠪᠠ ᠬᠦᠷᠦᠯᠴᠡᠬᠦᠶᠢᠴᠡ ᠴᠢᠨᠠᠷ ᠢ ᠴᠢᠩᠭᠠᠷᠠᠭᠤᠯᠵᠤ᠂ ᠬᠠᠮᠲᠤ ᠪᠠᠷ ᠴᠢᠨᠡᠭᠡᠯᠢᠭᠵᠢᠬᠦ ᠠᠵᠢᠯ ᠢ ᠯᠠᠪᠳᠠᠭᠤᠨ ᠠᠬᠢᠭᠤᠯᠬᠤ ᠬᠡᠷᠡᠭᠳᠡᠢ᠃   — ᠰᠢ ᠶᠢᠨ ᠫᠢᠩ ᠶᠡᠷᠦᠩᠬᠡᠢ ᠱᠦᠵᠢ ᠶᠢᠨ  ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ  ᠤᠨ ᠢᠯᠡᠳᠬᠡᠯ  ᠠᠷᠠᠳ ᠤᠨ ᠠᠮᠢᠳᠤᠷᠠᠯ ᠳᠤ ᠪᠠᠭ᠎ᠠ ᠶᠠᠪᠤᠳᠠᠯ ᠠᠯᠠᠭ᠎ᠠ᠃ ᠬᠦᠴᠢᠷᠳᠡᠯ ᠲᠠᠢ ᠤᠯᠠᠨ ᠲᠦᠮᠡᠨ ᠢ ᠪᠢᠳᠡ ᠣᠨᠴᠠᠭᠠᠶᠢᠯᠠᠨ ᠠᠩᠬᠠᠷᠴᠤ᠂ ᠣᠨᠴᠠᠭᠠᠶᠢᠯᠠᠨ ᠬᠠᠯᠠᠮᠵᠢᠯᠠᠵᠤ᠂ ᠲᠡᠳᠡᠨ ᠢ ᠬᠠᠪᠰᠤᠷᠤᠨ ᠬᠦᠴᠢᠷ ᠵᠣᠪᠠᠭᠤᠷᠢ ᠶᠢ ᠨᠢ ᠰᠢᠢᠳᠪᠦᠷᠢᠯᠡᠵᠦ ᠥᠭᠬᠦ ᠬᠡᠷᠡᠭᠲᠡᠢ᠃ ᠨᠡᠶᠢᠭᠡᠮ ᠤᠨ  ᠲᠤᠰᠠᠯᠠᠮᠵᠢ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠦᠨᠳᠦᠰᠦᠨ ᠠᠮᠢᠳᠤᠷᠠᠯ ᠤᠨ  ᠲᠤᠰᠠᠯᠠᠮᠵᠢ᠂ ᠲᠤᠰᠬᠠᠢ ᠲᠦᠷᠦᠯ ᠤᠨ ᠨᠡᠶᠢᠭᠡᠮ ᠤᠨ  ᠲᠤᠰᠠᠯᠠᠮᠵᠢ᠂ ᠪᠠᠴᠢᠮ ᠬᠦᠴᠢᠷᠲᠡᠢ  ᠬᠦᠮᠦᠰ ᠤᠨ ᠲᠦᠯᠤᠬᠡᠬᠢ ᠨᠡᠶᠢᠭᠡᠮ ᠤᠨ  ᠲᠤᠰᠠᠯᠠᠮᠵᠢ ᠪᠠᠷ ᠭᠤᠣᠯ ᠴᠣᠭᠴᠠ ᠪᠣᠯᠭᠠᠭᠰᠠᠨ᠂ ᠨᠡᠶᠢᠭᠡᠮ ᠤᠨ ᠬᠦᠴᠦᠨ ᠤ ᠤᠷᠤᠯᠴᠠᠯᠭ᠎ᠠ ᠪᠠᠷ ᠨᠥᠬᠦᠪᠦᠷᠢ ᠪᠣᠯᠭᠠᠭᠰᠠᠨ᠂ ᠪᠦᠬᠦ ᠲᠠᠯ᠎ᠠ ᠶᠢ ᠬᠠᠮᠤᠷᠤᠭᠰᠠᠨ᠂  ᠳᠠᠪᠬᠤᠷᠭ᠎ᠠ ᠲᠦᠷᠦᠯ ᠬᠤᠪᠢᠶᠠᠭᠰᠠᠨ᠂ ᠶᠡᠷᠦᠩᠬᠡᠶᠢᠯᠡᠭᠰᠡᠨ ᠥᠨᠳᠥᠷ ᠪᠦᠲᠦᠮᠵᠢᠲᠡᠢ ᠨᠡᠶᠢᠭᠡᠮ ᠤᠨ  ᠲᠤᠰᠠᠯᠠᠮᠵᠢ ᠶᠢᠨ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ᠃ ᠤᠨᠴᠠᠭᠠᠢ ᠬᠥᠮᠥᠰ ᠤᠨ ᠣᠨᠴᠠᠯᠢᠭ ᠪᠠ ᠬᠡᠷᠡᠭᠴᠡᠭᠡ ᠳᠤ ᠴᠢᠭᠯᠡᠭᠦᠯᠦᠨ ᠠᠷᠭ᠎ᠠ ᠪᠣᠳᠣᠯᠭ᠎ᠠ ᠶᠢ ᠨᠠᠷᠢᠯᠢᠭ ᠣᠨᠣᠴᠠᠲᠠᠢ ᠬᠡᠷᠡᠭᠵᠢᠭᠦᠯᠵᠦ᠂ ᠡᠯ᠎ᠡ ᠲᠥᠷᠥᠯ ᠤᠨ ᠲᠤᠰᠠᠯᠠᠮᠵᠢ ᠶᠢᠨ ᠮᠥᠩᠭᠦ ᠶᠢ ᠴᠠᠭ ᠲᠤᠬᠠᠢ ᠳᠤ ᠨᠢ ᠲᠤᠭ᠎ᠠ ᠶᠣᠰᠣᠭᠠᠷ ᠲᠠᠷᠬᠠᠭᠠᠵᠤ᠂ ᠲᠦᠷ ᠴᠠᠭ ᠤᠨ  ᠲᠤᠰᠠᠯᠠᠮᠵᠢ ᠶᠢᠨ ᠡᠷᠴᠢᠮ ᠢ ᠴᠢᠩᠭᠠᠳᠬᠠᠨ᠂ ᠰᠠᠭᠤᠷᠢ ᠶᠢ ᠵᠠᠪᠠᠯ ᠪᠠᠳᠤᠯᠠᠨ᠂ ᠰᠠᠭᠤᠷᠢ ᠶᠢ ᠤᠨᠤᠪᠴᠢᠳᠠᠢ ᠪᠠᠳᠤᠯᠠᠨ᠂ ᠰᠠᠭᠤᠷᠢ ᠶᠢ ᠰᠠᠶᠢᠲᠤᠷ ᠪᠠᠲᠤᠯᠠᠬᠤ ᠬᠡᠷᠡᠭᠲᠡᠢ᠃ ᠬᠥᠳᠡᠭᠡ ᠲᠣᠰᠬᠤᠨ ᠤ ᠨᠡᠶᠢᠭᠡᠮ ᠤᠨ ᠠᠰᠠᠷᠠᠮᠵᠢ ᠶᠢᠨ ᠳᠤᠲᠠᠭᠤᠳᠠᠯ ᠢ ᠨᠥᠬᠦᠪᠦᠷᠢᠯᠡᠵᠦ᠂ ᠬᠦᠳᠡᠭᠡ ᠲᠣᠰᠬᠤᠨ ᠤ ᠨᠠᠰᠤᠲᠠᠶᠢᠴᠤᠳ᠂  ᠬᠡᠤᠬᠡᠳ᠂ ︽ᠬᠡᠷ ᠲᠤ ᠪᠠᠨ ᠬᠤᠴᠤᠷᠤᠬᠰᠠᠨ ᠭᠤᠷᠪᠠᠨ ᠲᠦᠷᠤᠯ ᠤᠨ ᠬᠦᠮᠦᠨ︾ ᠵᠡᠷᠭᠡ ᠣᠨᠴᠠᠭᠠᠢ ᠪᠠ ᠬᠦᠴᠢᠷᠳᠡᠯᠲᠡᠢ ᠬᠥᠮᠥᠰ ᠢ  ᠬᠠᠯᠠᠮᠵᠢᠯᠠᠬᠤ ᠠᠵᠢᠯ ᠢ ᠴᠢᠩᠭᠠᠳᠬᠠᠬᠤ ᠬᠡᠷᠡᠭᠲᠡᠢ᠃ ᠬᠢᠵᠢᠭ᠂ ᠭᠠᠮᠰᠢᠭ ᠠᠴᠠ ᠪᠣᠯᠵᠤ ᠬᠦᠴᠢᠷᠳᠡᠯ ᠳᠤ ᠲᠤᠯᠭᠠᠷᠠᠭᠰᠠᠨ ᠣᠯᠠᠨ ᠲᠦᠮᠡᠨ ᠤ ᠲᠦᠷ ᠴᠠᠭ  ᠤᠨ ᠲᠤᠰᠠᠯᠠᠮᠵᠢ  ᠶᠢᠨ ᠡᠷᠴᠢᠮ ᠢᠶᠠᠨ ᠴᠢᠩᠭᠠᠷᠠᠭᠤᠯᠵᠤ᠂ ᠵᠡᠮᠳᠡᠭᠴᠦᠳ ᠢ ᠡᠷᠡᠭᠦᠯᠵᠢᠭᠦᠯᠬᠦ᠂ ᠰᠤᠷᠭᠠᠨ ᠬᠥᠮᠥᠵᠢᠭᠦᠯᠬᠦ᠂ ᠠᠵᠢᠯ ᠣᠯᠭᠤᠬᠤ ᠵᠡᠷᠭᠡ ᠠᠵᠢᠯ ᠢ ᠰᠠᠶᠢᠲᠤᠷ ᠬᠢᠵᠦ᠂ ᠲᠡᠨᠦᠭᠦᠴᠢᠯᠡᠨ  ᠭᠤᠶᠢᠷᠠᠨᠴᠢᠯᠠᠬᠰᠠᠳ ᠤᠨ ᠪᠡᠶ᠎ᠡ ᠶᠢᠨ ᠠᠮᠤᠷ ᠲᠦᠪᠰᠢᠨ ᠪᠠ ᠦᠨᠳᠦᠰᠦᠨ ᠠᠮᠢᠳᠤᠷᠠᠯ ᠢ ᠪᠠᠲᠤᠯᠠᠵᠤ᠂ ᠣᠶᠣᠨ  ᠤ ᠰᠠᠭᠠᠳ ᠲᠠᠢ ᠬᠥᠮᠥᠰ ᠢ ᠬᠠᠯᠠᠮᠵᠢᠯᠠᠨ᠂ ᠡᠮᠡᠭᠲᠡᠶᠢᠴᠦᠳ᠂ ᠬᠡᠦᠬᠡᠳ᠂ ᠨᠠᠰᠤᠲᠠᠶᠢᠴᠤᠳ᠂ ᠵᠡᠮᠳᠡᠭᠴᠦᠳ ᠢ ᠳᠠᠷᠤᠯᠠᠵᠤ ᠬᠠᠯᠠ ᠦᠵᠡᠭᠦᠯᠬᠦ ᠵᠡᠷᠭᠡ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠡᠷᠡᠰ ᠬᠤᠷᠢᠭᠯᠠᠬᠤ ᠬᠡᠷᠡᠭᠲᠡᠢ᠃ —  ᠰᠢ ᠶᠢᠨ ᠫᠢᠩ ᠶᠡᠷᠦᠩᠬᠡᠢ ᠱᠦᠵᠢ 2022 ᠣᠨ ᠤ 3 ᠳ᠋ᠤᠭᠠᠷ ᠰᠠᠷ᠎ᠠ ᠶᠢᠨ 6 ᠤ ᠡᠳᠦᠷ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ  ᠲᠠᠪᠤᠳᠤᠭᠠᠷ  ᠬᠤᠷᠠᠯ ᠳᠤ ᠣᠷᠣᠯᠴᠠᠭᠰᠠᠨ ᠲᠠᠷᠢᠶᠠᠯᠠᠩ ᠂ ᠨᠡᠶᠢᠭᠡᠮ ᠤᠨ ᠠᠰᠠᠷᠠᠮᠵᠢ ᠪᠠ ᠨᠡᠶᠢᠭᠡᠮ ᠤᠨ ᠪᠠᠲᠤᠯᠠᠭ᠎ᠠ ᠶᠢᠨ ᠡᠲᠡᠭᠡᠳ ᠤᠨ ᠭᠡᠰᠢᠭᠦᠳ ᠢ ᠡᠷᠭᠢᠵᠦ ᠦᠵᠡᠬᠦ ᠳᠤ ᠪᠠᠨ  ᠶᠠᠷᠢᠭᠰᠠᠨ ᠦᠭᠡᠠᠷᠠᠳ ᠤᠨ ᠠᠮᠢᠳᠤᠷᠠᠯ ᠪᠣᠯ ᠬᠠᠮᠤᠭ ᠤᠨ ᠶᠡᠭᠡ ᠤᠯᠤᠰ ᠲᠦᠷᠦ ᠮᠥᠨ᠃ ᠠᠷᠠᠳ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠢ ᠠᠳᠬᠤᠵᠤ᠂ ᠠᠷᠠᠳ ᠣᠯᠠᠨ ᠤ ᠪᠠᠭ᠎ᠠ ᠶᠠᠪᠤᠳᠠᠯ ᠢ ᠮᠠᠨ ᠤ ᠶᠡᠭᠡ ᠶᠠᠪᠤᠳᠠᠯ ᠢᠶᠠᠨ ᠪᠣᠯᠭᠠᠵᠤ᠂ ᠠᠷᠠᠳ ᠤᠯᠠᠨ ᠤ ᠠᠩᠬᠠᠷᠴᠤ ᠪᠠᠶᠢᠭ᠎ᠠ ᠤᠴᠢᠷ ᠶᠠᠪᠤᠳᠠᠯ ᠠᠴᠠ ᠭᠠᠷᠳᠠᠨ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠤᠴᠢᠷ ᠶᠠᠪᠤᠳᠠᠯ ᠠᠴᠠ ᠡᠬᠢᠯᠡᠨ ᠠᠳᠬᠤᠵᠤ᠂ ᠪᠦᠬᠦ ᠲᠠᠯ᠎ᠠ ᠶᠢᠨ ᠠᠵᠢᠯ ᠣᠯᠭᠤᠯᠲᠠ ᠶᠢᠨ ᠦᠢᠯᠡᠴᠢᠯᠡᠭᠡ ᠶᠢ ᠴᠢᠩᠭᠠᠳᠬᠠᠵᠤ᠂ ᠬᠦᠴᠢᠷᠳᠡᠯᠲᠡᠢ ᠤᠯᠠᠨ ᠲᠦᠮᠡᠨ ᠢ ᠲᠤᠰᠠᠯᠠᠬᠤ ᠠᠵᠢᠯ ᠢ ᠬᠦᠨᠳᠤ ᠪᠠᠷ ᠴᠢᠬᠤᠯᠠᠴᠢᠯᠠᠨ᠂ ᠤᠯᠠᠨ  ᠳᠠᠪᠬᠤᠷᠭ᠎ᠠ ᠶᠢᠨ ᠨᠡᠶᠢᠭᠡᠮ ᠤᠨ ᠪᠠᠳᠤᠯᠠᠭ᠎ᠠ ᠶᠢᠨ ᠰᠢᠰᠲ᠋ᠧᠮ ᠢ ᠲᠦᠷᠭᠡᠨ ᠪᠠᠶᠢᠭᠤᠯᠵᠤ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠤᠨᠢᠨ ᠳᠡᠭᠡᠷ᠎ᠡ ᠨᠢ ᠶᠠᠳᠠᠭᠤ ᠶᠢ ᠲᠡᠳᠬᠦᠵᠦ ᠤᠨᠢᠨ ᠳᠡᠭᠡᠷ᠎ᠡ  ᠨᠢ ᠶᠠᠳᠠᠭᠤ ᠠᠴᠠ ᠠᠩᠭᠢᠵᠢᠷᠠᠭᠤᠯᠬᠤ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠪᠠᠳᠤᠯᠠᠭ᠎ᠠ ᠶᠢ ᠤᠨᠢᠨ ᠳᠡᠭᠡᠷ᠎ᠡ  ᠨᠢ ᠨᠠᠷᠢᠯᠢᠭᠵᠢᠭᠤᠯᠬᠤ ᠶᠢ ᠠᠬᠢᠭᠤᠯᠬᠤ ᠬᠡᠷᠡᠭᠲᠡᠢ᠃ —  ᠰᠢ ᠶᠢᠨ ᠫᠢᠩ ᠶᠡᠷᠦᠩᠬᠡᠢ ᠱᠦᠵᠢ 2018 ᠣᠨ ᠤ 4 ᠳ᠋ᠤᠬᠡᠷ ᠰᠠᠷ᠎ᠠ ᠶᠢᠨ 28 ᠤ ᠡᠳᠦᠷ ᠬᠤᠪᠧᠢ ᠮᠤᠵᠢ ᠶᠢᠨ ᠨᠠᠮ ᠤᠨ ᠬᠤᠷᠢᠶ᠎ᠠ ᠪᠠ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠤᠨᠤᠰᠤᠭᠠᠳ  ᠶᠠᠷᠢᠭᠰᠠᠨ ᠦᠭᠡᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠪᠣᠯ ᠤᠷᠳᠤ ᠬᠤᠭᠤᠴᠠᠭᠠᠨ ᠤ ᠠᠵᠢᠯ ᠮᠥᠨ᠂  ᠪᠠᠷᠢᠶᠠᠨ ᠤ ᠭᠠᠵᠠᠷ ᠪᠠᠶᠢᠬᠤ ᠦᠭᠡᠢ᠂ ᠬᠠᠷᠢᠨ ᠲᠠᠰᠤᠷᠠᠯᠳᠡ ᠦᠭᠡᠢ ᠦᠷᠭᠦᠯᠵᠢᠯᠡᠭᠰᠡᠨ ᠰᠢᠨ᠎ᠡ ᠭᠠᠷᠤᠭ᠎ᠠ ᠲᠠᠢ ᠶᠤᠮ᠂ ᠠᠵᠤ ᠠᠬᠤᠢ ᠶᠢᠨ ᠬᠥᠭᠵᠢᠯᠲᠡ ᠪᠠ ᠠᠷᠠᠳ ᠤᠨ ᠠᠮᠢᠳᠤᠷᠠᠯ ᠤᠨ ᠰᠠᠶᠢᠵᠢᠷᠠᠯᠲᠠ ᠶᠢᠨ ᠰᠠᠶᠢᠨ ᠣᠷᠴᠢᠯ ᠢ ᠪᠡᠶᠡᠯᠡᠭᠦᠯᠬᠦ ᠬᠡᠷᠡᠭᠲᠡᠢ᠃—  ᠰᠢ ᠶᠢᠨ ᠫᠢᠩ ᠶᠡᠷᠦᠩᠬᠡᠢ ᠱᠦᠵᠢ 2013 ᠣᠨ ᠤ 5 ᠳ᠋ᠤᠭᠠᠷ ᠰᠠᠷ᠎ᠠ ᠶᠢᠨ 14 ᠤ ᠡᠳᠦᠷ ᠲᠢᠶᠠᠨᠵᠢᠨ ᠳᠤ ᠠᠵᠢᠯ ᠪᠠᠶᠢᠴᠠᠭᠠᠬᠤ ᠳᠤ ᠪᠠᠨ ᠶᠠᠷᠢᠭᠰᠠᠨ ᠦᠭᠡ      ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ ᠪᠣᠯ ᠬᠦᠭᠵᠢᠬᠦᠯᠤᠯᠳᠡ ᠶᠢᠨ ᠦᠨᠳᠦᠰᠦᠨ ᠵᠣᠷᠢᠯᠭ᠎ᠠ ᠮᠥᠨ᠃ ᠡᠷᠬᠡᠪᠰᠢ ᠠᠷᠠᠳ ᠤᠨ ᠠᠮᠢᠳᠤᠷᠠᠯ ᠤᠨ ᠠᠰᠢᠭ ᠲᠤᠰᠠ ᠶᠢ ᠢᠯᠡᠭᠦᠬᠡᠨ ᠪᠣᠳᠣᠯᠬᠢᠯᠠᠵᠤ᠂ ᠠᠷᠠᠳ ᠤᠨ ᠠᠮᠢᠳᠤᠷᠠᠯ ᠤᠨ ᠬᠦᠴᠢᠷ ᠵᠣᠪᠠᠭᠤᠷᠢ ᠶᠢ ᠢᠯᠡᠭᠦᠬᠡᠨ ᠰᠢᠢᠳᠪᠦᠷᠢᠯᠡᠵᠦ᠂ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠤᠨ ᠳᠤᠲᠠᠭᠤᠳᠠᠯ ᠢ ᠨᠥᠬᠦᠪᠦᠷᠢᠯᠡᠵᠦ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠠᠬᠢᠭᠤᠯᠵᠤ᠂ ᠪᠠᠭ᠎ᠠ ᠳᠤ ᠪᠠᠨ ᠬᠦᠷᠳᠡᠬᠦ ᠬᠥᠮᠦᠵᠢᠯ ᠲᠠᠢ᠂ ᠰᠤᠷᠤᠯᠴᠠᠬᠤ ᠠᠴᠠ ᠰᠤᠷᠭᠠᠭᠤᠯᠢ ᠲᠠᠢ᠂ ᠬᠥᠳᠡᠯᠮᠦᠷᠢᠯᠡᠪᠡᠯ ᠣᠷᠣᠯᠭ᠎ᠠ ᠲᠠᠢ᠂ ᠡᠪᠡᠳᠴᠢᠯᠡᠪᠡᠯ ᠡᠮᠨᠡᠯᠭᠡ ᠲᠠᠢ᠂ ᠥᠲᠡᠯᠪᠡᠯ ᠠᠰᠠᠷᠠᠮᠵᠢ ᠲᠠᠢ᠂ ᠰᠠᠭᠤᠬᠤ ᠠᠴᠠ ᠣᠷᠣᠨ ᠰᠠᠭᠤᠴᠠ ᠲᠠᠢ᠂ ᠪᠠᠭᠤᠷᠠᠶᠢᠴᠤᠤᠯ ᠳᠤ ᠨᠢ ᠲᠡᠳᠬᠦᠮᠵᠢ ᠲᠠᠢ ᠪᠠᠶᠢᠬᠤ ᠲᠠᠯ᠎ᠠ ᠪᠠᠷ ᠲᠠᠰᠤᠷᠠᠯᠳᠠ ᠦᠭᠡᠢ ᠰᠢᠨ᠎ᠡ ᠠᠬᠢᠴᠠ ᠲᠠᠢ ᠪᠣᠯᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠯᠳᠠ ᠶᠢᠨ ᠠᠵᠢᠯ ᠢ ᠭᠦᠨᠵᠡᠭᠡᠢ ᠥᠷᠨᠢᠭᠦᠯᠵᠦ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠬᠦᠭᠵᠢᠬᠦᠯᠤᠯᠳᠡ ᠶᠢᠨ ᠳᠤᠮᠳᠠ ᠪᠦᠬᠦ ᠠᠷᠠᠳ ᠲᠦᠮᠡᠨ ᠢ ᠨᠡᠩ ᠬᠦᠷᠲᠡᠮᠵᠢ ᠶᠢᠨ ᠲᠥᠷᠥᠭᠳᠡᠯ ᠲᠠᠢ ᠪᠤᠯᠭᠠᠬᠤ ᠶᠢ ᠪᠠᠲᠤᠯᠠᠵᠤ᠂ ᠬᠥᠮᠥᠨ ᠤ ᠪᠦᠬᠦ ᠲᠠᠯ᠎ᠠ ᠶᠢᠨ ᠬᠥᠭᠵᠢᠯᠲᠡ᠂ ᠪᠦᠬᠦ ᠠᠷᠠᠳ ᠲᠦᠮᠡᠨ ᠤ ᠬᠠᠮᠲᠤ ᠪᠠᠷ ᠴᠢᠨᠡᠭᠡᠯᠢᠭᠵᠢᠬᠦ ᠶᠢ ᠲᠠᠰᠤᠷᠠᠯᠳᠠ ᠦᠭᠡᠢ ᠠᠬᠢᠭᠤᠯᠬᠤ ᠬᠡᠷᠡᠭᠳᠡᠢ   — ᠰᠢ ᠶᠢᠨ ᠫᠢᠩ ᠶᠡᠷᠦᠩᠬᠡᠢ ᠱᠦᠵᠢ ᠶᠢᠨ  ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠤᠳᠠᠭ᠎ᠠ ᠶᠢᠨ ᠪᠥᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ  ᠤᠨ ᠢᠯᠡᠳᠬᠡᠯ      ᠠᠷᠠᠳ ᠲᠦᠮᠡᠨ ᠢᠶᠠᠷ  ᠲᠥᠪ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠢ ᠠᠳᠬᠤᠵᠤ᠂ ᠠᠷᠠᠳ ᠤᠨ ᠠᠮᠢᠳᠤᠷᠠᠯ ᠢ ᠲᠠᠰᠤᠷᠠᠯᠳᠠ ᠦᠭᠡᠢ ᠪᠠᠲᠤᠯᠠᠨ ᠰᠠᠶᠢᠵᠢᠷᠠᠭᠤᠯᠵᠤ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠠᠬᠢᠭᠤᠯᠵᠤ᠂ ᠪᠠᠭ᠎ᠠ ᠳᠤ ᠪᠠᠨ ᠬᠦᠷᠳᠡᠬᠦ ᠬᠥᠮᠦᠵᠢᠯ ᠲᠠᠢ᠂ ᠰᠤᠷᠤᠯᠴᠠᠬᠤ ᠠᠴᠠ ᠰᠤᠷᠭᠠᠭᠤᠯᠢ ᠲᠠᠢ᠂ ᠬᠥᠳᠡᠯᠮᠦᠷᠢᠯᠡᠪᠡᠯ ᠣᠷᠣᠯᠭ᠎ᠠ ᠲᠠᠢ᠂ ᠡᠪᠡᠳᠴᠢᠯᠡᠪᠡᠯ ᠡᠮᠨᠡᠯᠭᠡ ᠲᠠᠢ᠂ ᠥᠲᠡᠯᠪᠡᠯ ᠠᠰᠠᠷᠠᠮᠵᠢ ᠲᠠᠢ᠂ ᠰᠠᠭᠤᠬᠤ ᠠᠴᠠ ᠣᠷᠣᠨ ᠰᠠᠭᠤᠴᠠ ᠲᠠᠢ᠂ ᠪᠠᠭᠤᠷᠠᠶᠢᠴᠤᠤᠯ ᠳᠤ ᠨᠢ ᠲᠡᠳᠬᠦᠮᠵᠢ ᠲᠠᠢ ᠪᠠᠶᠢᠬᠤ ᠨᠡᠩ ᠦᠨᠳᠤᠷ ᠲᠦᠪᠰᠢᠨ ᠪᠦᠬᠦᠶ᠋ᠢ ᠨᠦᠬᠦᠴᠡᠯ ᠶᠢ ᠪᠡᠶᠡᠯᠡᠭᠦᠯᠵᠦ᠂ ᠬᠦᠭᠵᠢᠬᠦᠯᠤᠯᠳᠡ ᠶᠢᠨ ᠦᠷ᠎ᠡ ᠪᠦᠲᠦᠭᠡᠯ ᠢ ᠪᠦᠬᠦ ᠠᠷᠠᠳ ᠲᠦᠮᠡᠨ ᠳᠤ ᠨᠡᠩ ᠢᠯᠡᠭᠦᠦ ᠨᠡᠩ ᠭᠤᠣᠯᠴᠢ ᠪᠠᠷ ᠬᠦᠷᠲᠡᠭᠡᠵᠦ᠂ ᠬᠥᠮᠥᠨ ᠤ ᠪᠦᠬᠦ ᠲᠠᠯ᠎ᠠ ᠶᠢᠨ ᠬᠥᠭᠵᠢᠯᠲᠡ ᠶᠢ ᠲᠠᠰᠤᠷᠠᠯᠳᠠ ᠦᠭᠡᠢ ᠠᠬᠢᠭᠤᠯᠵᠤ᠂ ᠪᠦᠬᠦ ᠠᠷᠠᠳ ᠲᠦᠮᠡᠨ ᠤ ᠬᠠᠮᠲᠤ ᠪᠠᠷ ᠴᠢᠨᠡᠭᠡᠯᠢᠭᠵᠢᠬᠦ ᠶᠢ ᠪᠡᠶᠡᠯᠡᠭᠦᠯᠬᠦ ᠪᠠᠷ ᠲᠠᠰᠤᠷᠠᠯᠳᠠ ᠦᠭᠡᠢ ᠤᠷᠤᠭᠰᠢᠯᠠᠬᠤ ᠬᠡᠷᠡᠭᠲᠡᠢ᠃ — ᠰᠢ ᠶᠢᠨ ᠫᠢᠩ ᠶᠡᠷᠦᠩᠬᠡᠢ ᠱᠦᠵᠢ  2018 ᠣᠨ ᠤ 5 ᠳ᠋ᠤᠭᠠᠷ ᠰᠠᠷ᠎ᠠ ᠶᠢᠨ 4 ᠤ ᠡᠳᠦᠷ  ᠮᠠᠷᠺᠰ ᠤᠨ ᠮᠡᠨᠳᠦᠯᠡᠭᠰᠡᠨ 200 ᠵᠢᠯ ᠤᠨ ᠤᠢ ᠶᠢ ᠳᠤᠷᠠᠰᠬᠠᠬᠤ ᠶᠡᠭᠡ ᠬᠤᠷᠠᠯ ᠳᠡᠭᠡᠷ᠎ᠡ ᠶᠠᠷᠢᠭᠰᠠᠨ ᠦᠭᠡᠠᠷᠠᠳ ᠲᠦᠮᠡᠨ ᠵᠣᠯ ᠵᠢᠷᠭᠠᠯ ᠲᠠᠢ ᠠᠮᠤᠷ ᠠᠮᠤᠭᠤᠯᠠᠩ ᠪᠠᠶᠢᠬᠤ ᠪᠣᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠡᠴᠦᠰ ᠤᠨ ᠵᠣᠷᠢᠯᠭ᠎ᠠ ᠪᠣᠯᠣᠨ᠎ᠠ᠃ ᠦᠨᠳᠦᠰᠦᠨ ᠱᠠᠲᠤᠨ ᠤ ᠵᠠᠰᠠᠯᠲᠠ ᠪᠠ ᠠᠷᠠᠳ ᠤᠨ ᠠᠮᠢᠳᠤᠷᠠᠯ ᠤᠨ ᠪᠠᠲᠤᠯᠠᠭ᠎ᠠ ᠪᠣᠯ ᠠᠷᠠᠳ ᠤᠯᠠᠨ ᠤ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ᠂ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ᠂ ᠴᠢᠨᠠᠷ ᠰᠠᠶᠢᠲᠠᠢ ᠠᠮᠢᠳᠤᠷᠠᠯ ᠢ ᠴᠣᠭᠴᠠᠯᠠᠬᠤ ᠶᠢᠨ ᠰᠠᠭᠤᠷᠢ ᠴᠢᠨᠠᠷᠲᠠᠢ ᠢᠨᠵᠧᠨᠧᠷᠢᠩ ᠮᠥᠨ᠂ ᠡᠬᠦᠨ ᠢ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠡᠷᠬᠡᠪᠰᠢ ᠪᠠᠲᠤ ᠴᠡᠭᠡᠵᠢᠯᠡᠵᠦ᠂ ᠴᠠᠭ ᠢᠮᠠᠭᠲᠠ ᠠᠳᠬᠤᠵᠤ᠂ ᠯᠠᠪᠳᠠᠭᠤᠨ ᠪᠠᠲᠤᠲᠠᠢ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ — ᠰᠢ ᠶᠢᠨ ᠫᠢᠩ ᠶᠡᠷᠦᠩᠬᠡᠢ ᠱᠦᠵᠢ 2023 ᠣᠨ ᠤ 3 ᠳ᠋ᠤᠭᠠᠷ ᠰᠠᠷ᠎ᠠ ᠶᠢᠨ 5 ᠤ ᠡᠳᠦᠷ  ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ  ᠬᠤᠷᠠᠯ ᠤᠨ ᠵᠢᠶᠠᠩᠰᠤ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ  ᠵᠦᠪᠯᠡᠬᠦ ᠳᠤ ᠣᠷᠤᠯᠴᠠᠬᠤ  ᠳᠤ ᠪᠠᠨ ᠶᠠᠷᠢᠭᠰᠠᠨ ᠦᠬᠡᠡᠷᠲᠡ ᠴᠢᠯᠦᠭᠡᠯᠡᠭᠳᠡᠭᠰᠡᠨ ᠣᠷᠣᠨ ᠤ ᠠᠷᠠᠳ ᠲᠦᠮᠡᠨ ᠤ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠬᠠᠮᠳᠤ ᠪᠠᠷ ᠡᠳ᠋ᠯᠡᠵᠦ᠂ ᠵᠣᠯ ᠵᠢᠷᠭᠠᠯᠲᠤ ᠠᠮᠢᠳᠤᠷᠠᠯ ᠢ ᠡᠳ᠋ᠯᠡᠬᠦ ᠶᠢ ᠪᠠᠲᠤᠯᠠᠬᠤ ᠪᠣᠯ ᠪᠦᠬᠦ ᠠᠷᠠᠳ ᠲᠦᠮᠡᠨ ᠤ  ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ ᠬᠤᠷᠢᠭ᠎ᠠ ᠱᠤᠭᠤᠮ ᠤᠨ ᠡᠭᠦᠷᠭᠡ ᠪᠣᠯᠣᠨ᠎ᠠ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ ᠪᠣᠳᠣᠯᠭ᠎ᠠ ᠶᠢ ᠴᠢᠩᠭᠠᠳᠬᠠᠵᠤ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠤᠨ ᠪᠠᠶᠢᠷᠢ ᠶᠢ ᠥᠷᠭᠡᠳᠬᠡᠬᠦ ᠲᠡᠬᠡᠷ᠎ᠡ ᠬᠦᠴᠦ ᠲᠠᠯᠪᠢᠵᠤ᠂ ᠭᠤᠣᠯᠳᠠᠯᠭ᠎ᠠ ᠲᠠᠢ ᠬᠦᠮᠦᠰ ᠲᠤ ᠠᠵᠢᠯ ᠣᠯᠭᠤᠬᠤ ᠠᠵᠢᠯ ᠢ ᠰᠠᠶᠢᠳᠤᠷ ᠬᠢᠬᠦ ᠬᠡᠷᠡᠭᠳᠡᠢ᠃ ᠰᠠᠭᠤᠷᠢ ᠴᠢᠨᠠᠷᠲᠠᠢ᠂  ᠲᠦᠭᠡᠮᠡᠯ ᠬᠠᠷᠠᠭᠠᠯᠵᠠᠯ ᠪᠦᠬᠦᠢ ᠦᠨᠳᠦᠰᠦᠨ ᠪᠠᠳᠤᠯᠠᠭ᠎ᠠ ᠶᠢᠨ ᠴᠢᠨᠠᠷᠲᠠᠢ ᠠᠷᠠᠳ ᠤᠨ ᠠᠮᠢᠳᠤᠷᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠂ ᠨᠡᠶᠢᠭᠡᠮ ᠤᠨ  ᠲᠤᠰᠠᠯᠠᠮᠵᠢ ᠪᠠ ᠨᠢᠭᠦᠯᠡᠰᠦᠩᠭᠦᠢ ᠶᠢᠨ ᠳᠦᠷᠢᠮ ᠢ ᠲᠡᠬᠦᠯᠳᠡᠷᠵᠢᠬᠦᠯᠤᠨ᠂ ᠤᠯᠠᠨ ᠨᠡᠶᠢᠲᠡ ᠶᠢᠨ ᠦᠨᠳᠦᠰᠦᠨ ᠰᠤᠷᠭᠠᠨ ᠬᠥᠮᠦᠵᠢᠯ ᠤᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠨ᠂ ᠬᠤᠳᠠ ᠬᠥᠳᠡᠭᠡ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠴᠢᠯᠡᠭᠡᠨ ᠤ ᠴᠢᠳᠠᠪᠤᠷᠢ ᠶᠢ ᠴᠢᠩᠭᠠᠷᠠᠭᠤᠯᠵᠤ᠂ ᠲᠠᠬᠢᠨ ᠶᠠᠳᠠᠭᠤᠷᠠᠬᠤ ᠠᠴᠠ ᠰᠡᠷᠬᠡᠶᠢᠯᠡᠬᠦ ᠬᠢᠨᠠᠯᠳᠠ ᠳᠤ ᠪᠠᠶᠢᠭ᠎ᠠ ᠬᠦᠮᠦᠰ᠂ ᠠᠵᠢᠯ ᠲᠠᠢ ᠬᠦᠮᠦᠨ ᠨᠢᠬᠡ ᠴᠦ ᠦᠬᠡᠢ ᠭᠡᠷ ᠪᠦᠯᠢ ᠵᠡᠷᠭᠡ  ᠬᠦᠴᠢᠷᠳᠡᠯᠳᠡᠢ ᠬᠦᠮᠦᠰ  ᠢ ᠲᠡᠳᠬᠦᠬᠦ ᠠᠵᠢᠯ ᠢ ᠴᠢᠩᠭᠠᠳᠬᠠᠬᠤ ᠬᠡᠷᠡᠭᠳᠡᠢ᠃—  ᠰᠢ ᠶᠢᠨ ᠫᠢᠩ ᠶᠡᠷᠦᠩᠬᠡᠢ ᠱᠦᠵᠢ 2023 ᠣᠨ ᠤ 10 ᠳ᠋ᠤᠭᠠᠷ ᠰᠠᠷ᠎ᠠ ᠶᠢᠨ 13 ᠤ ᠡᠳᠦᠷ ᠵᠢᠶᠠᠩᠰᠢ ᠮᠤᠵᠢ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠳᠤ  ᠪᠠᠨ ᠶᠠᠷᠢᠭᠰᠠᠨ ᠦᠭᠡ ᠳᠠᠪᠬᠤᠷᠭ᠎ᠠ ᠲᠦᠷᠦᠯ ᠬᠤᠪᠢᠶᠠᠭᠰᠠᠨ ᠨᠡᠶᠢᠭᠡᠮ ᠤᠨ ᠲᠤᠰᠠᠯᠠᠮᠵᠢ ᠶᠢᠨ ᠰᠢᠰᠲ᠋ᠧᠮ ᠢ  ᠲᠡᠬᠦᠯᠳᠡᠷᠵᠢᠬᠦᠯᠬᠦ ᠬᠡᠷᠡᠭᠳᠡᠢ᠃ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠤᠯᠤᠰ ᠤᠨ ᠦᠨᠳᠦᠰᠦᠨ ᠪᠣᠳᠣᠯᠭ᠎ᠠ ᠶᠢ ᠪᠠᠷᠢᠮᠲᠠᠯᠠᠵᠤ᠂ ᠡᠮᠡᠭᠲᠡᠶᠢᠴᠦᠳ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ ᠪᠠᠳᠤᠯᠠᠬᠤ ᠬᠡᠷᠡᠭᠳᠡᠢ᠃ ᠵᠡᠮᠳᠡᠭᠴᠦᠳ ᠤᠨ ᠨᠡᠶᠢᠭᠡᠮ ᠤᠨ ᠪᠠᠲᠤᠯᠠᠭ᠎ᠠ ᠶᠢᠨ ᠳᠦᠷᠢᠮ ᠪᠠ  ᠬᠠᠯᠠᠮᠵᠢᠯᠠᠬᠤ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠵᠡᠮᠳᠡᠭᠴᠦᠳ ᠤᠨ ᠦᠢᠯᠡᠰ ᠤᠨ ᠪᠦᠬᠦ ᠲᠠᠯ᠎ᠠ ᠶᠢᠨ ᠬᠦᠭᠵᠢᠯᠳᠡ ᠶᠢ ᠠᠬᠢᠭᠤᠯᠬᠤ ᠬᠡᠷᠡᠭᠳᠡᠢ᠃       —  ᠰᠢ ᠶᠢᠨ ᠫᠢᠩ ᠶᠡᠷᠦᠩᠬᠡᠢ ᠱᠦᠵᠢ ᠶᠢᠨ  ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ  ᠤᠨ ᠢᠯᠡᠳᠬᠡᠯ    ᠬᠥᠮᠥᠨ ᠠᠮᠠ ᠶᠢᠨ ᠨᠠᠰᠤᠵᠢᠯᠲᠠ ᠶᠢ ᠢᠳᠡᠪᠬᠢᠲᠡᠢ  ᠠᠷᠭᠠᠴᠠᠭᠠᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠨᠠᠰᠤᠵᠢᠯ ᠤᠨ ᠠᠰᠠᠷᠠᠮᠵᠢ ᠶᠢᠨ ᠦᠢᠯᠡᠰ ᠪᠠ ᠨᠠᠰᠤᠵᠢᠯ ᠤᠨ ᠠᠰᠠᠷᠠᠮᠵᠢ ᠶᠢᠨ ᠠᠵᠤ ᠦᠢᠯᠡᠰ ᠢ ᠬᠥᠭᠵᠢᠭᠦᠯᠦᠨ᠂ ᠥᠨᠥᠴᠢᠨ ᠪᠡᠯᠪᠡᠰᠦᠨ ᠪᠠ ᠨᠠᠰᠤᠲᠠᠶᠢᠴᠤᠳ ᠤᠨ ᠲᠦᠯᠤᠬᠡᠬᠢ ᠦᠢᠯᠡᠴᠢᠯᠡᠭᠡ ᠶᠢ ᠰᠢᠯᠢᠳᠡᠭᠵᠢᠭᠦᠯᠵᠦ ᠂ ᠪᠦᠬᠦ ᠨᠠᠰᠤᠲᠠᠶᠢᠴᠤᠳ ᠲᠤ ᠨᠠᠰᠤᠵᠢᠯ ᠤᠨ ᠠᠰᠠᠷᠠᠮᠵᠢ ᠶᠢᠨ ᠦᠨᠳᠦᠰᠦᠨ ᠦᠢᠯᠡᠴᠢᠯᠡᠭᠡ ᠡᠳ᠋ᠯᠡᠭᠦᠯᠬᠦ ᠠᠵᠢᠯ ᠢ ᠠᠬᠢᠭᠤᠯᠬᠤ ᠬᠡᠷᠡᠭᠳᠡᠢ᠃    — ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ  ᠤᠨ ᠢᠯᠡᠳᠬᠡᠯ     ᠠᠩᠬᠠᠨ ᠤ ᠬᠤᠪᠢᠶᠠᠷᠢᠯᠠᠯᠲᠠ᠂ ᠲᠠᠬᠢᠨ ᠬᠤᠪᠢᠶᠠᠷᠢᠯᠠᠯᠲᠠ᠂ ᠭᠤᠷᠪᠠᠳᠡᠬᠢ ᠬᠤᠪᠢᠶᠠᠷᠢᠯᠠᠯᠲᠠ ᠶᠢ ᠵᠣᠬᠢᠴᠠᠭᠤᠯᠤᠨ ᠢᠵᠢ ᠪᠦᠷᠢᠳᠦᠭᠦᠯᠦᠭᠰᠡᠨ ᠳᠦᠷᠢᠮ ᠤᠨ ᠰᠢᠰᠲ᠋ᠧᠮ ᠢ ᠪᠠᠶᠢᠭᠤᠯᠬᠤ ᠬᠡᠷᠡᠭᠳᠡᠢ᠃ ᠬᠦᠰᠡᠯ ᠡᠷᠡᠮᠡᠯᠵᠡᠯ ᠲᠠᠢ᠂ ᠴᠢᠳᠠᠪᠤᠷᠢ ᠲᠠᠢ ᠠᠵᠤ ᠠᠬᠤᠶᠢᠯᠠᠯ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠬᠤᠪᠢ ᠬᠥᠮᠥᠨ ᠨᠡᠶᠢᠲᠡ ᠶᠢᠨ ᠠᠰᠠᠷᠠᠮᠵᠢ ᠶᠢᠨ ᠨᠢᠭᠦᠯᠡᠰᠦᠩᠭᠦᠢ ᠶᠢᠨ ᠦᠢᠯᠡᠰ ᠲᠤ ᠢᠳᠡᠪᠬᠢᠲᠡᠢ ᠣᠷᠣᠯᠴᠠᠬᠤ ᠶᠢ ᠵᠢᠯᠤᠭᠤᠳᠴᠤ ᠳᠡᠮᠵᠢᠨ᠎ᠡ᠃ — ᠰᠢ ᠶᠢᠨ ᠫᠢᠩ ᠶᠡᠷᠦᠩᠬᠡᠢ ᠱᠦᠵᠢ ᠶᠢᠨ  ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ  ᠤᠨ ᠢᠯᠡᠳᠬᠡᠯ      ᠨᠡᠶᠢᠭᠡᠮ ᠲᠣᠭᠤᠷᠢᠭ ᠪᠣᠯ ᠦᠨᠳᠦᠰᠦᠨ ᠱᠠᠲᠤᠨ ᠤ ᠥᠪᠡᠷᠲᠡᠭᠡᠨ ᠵᠠᠰᠠᠬᠤ ᠶᠢᠨ ᠦᠨᠳᠦᠰᠦᠨ ᠨᠢᠭᠡᠴᠢ ᠮᠥᠨ᠂ ᠤᠯᠤᠰ ᠢ ᠵᠠᠰᠠᠬᠤ ᠰᠢᠰᠲ᠋ᠧᠮ ᠤᠨ ᠦᠨᠳᠦᠰᠦᠨ ᠱᠠᠲᠤᠨ ᠤ ᠰᠠᠭᠤᠷᠢ ᠮᠥᠨ᠃ ᠨᠡᠶᠢᠭᠡᠮ ᠲᠣᠭᠤᠷᠢᠭ ᠬᠡᠬᠦ ᠡᠨᠡ ᠲᠠᠪᠴᠠᠩ ᠢᠶᠠᠷ ᠳᠠᠮᠵᠢᠭᠤᠯᠵᠤ᠂ ︽ᠨᠠᠰᠤᠳᠠᠳ ᠬᠡᠤᠬᠡᠳ︾ ᠵᠡᠷᠬᠡ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠪᠣᠯᠣᠨ ᠤᠯᠠᠨ ᠨᠡᠶᠢᠲᠡ ᠶᠢᠨ ᠬᠡᠷᠡᠭ ᠶᠠᠪᠤᠳᠠᠯ ᠢ ᠰᠠᠶᠢᠲᠤᠷ ᠡᠷᠬᠢᠯᠡᠵᠦ᠂ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠢᠳᠡᠪᠬᠢᠲᠡᠢ ᠬᠠᠷᠢᠭᠤᠯᠲᠠ ᠥᠭᠬᠦ ᠪᠣᠯ ᠳᠤᠮᠳᠠᠳᠤ ᠤᠯᠤᠰ ᠤᠨ ᠣᠨᠴᠠᠯᠢᠭ ᠲᠠᠢ ᠦᠨᠳᠦᠰᠦᠨ ᠱᠠᠲᠤᠨ ᠤ ᠵᠠᠰᠠᠯᠲᠠ ᠶᠢᠨ ᠢᠯᠡᠳᠲᠡ ᠳᠠᠪᠠᠭᠤᠯᠢᠭ ᠪᠣᠯᠣᠨ᠎ᠠ᠂ ᠡᠨᠡ ᠬᠦ ᠳᠠᠪᠠᠭᠤᠯᠢᠭ ᠢ ᠰᠠᠶᠢᠲᠤᠷ ᠪᠠᠳᠠᠷᠠᠭᠤᠯᠬᠤ ᠬᠡᠷᠡᠭᠲᠡᠢ᠃ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠤ ᠣᠷᠣᠯᠭ᠎ᠠ ᠪᠠᠭ᠎ᠠ ᠬᠦᠮᠦᠰ ᠢ ᠲᠡᠳᠬᠦᠬᠦ ᠪᠠᠶᠢᠡᠭᠭᠤ ᠶᠢᠨ ᠲᠣᠭᠲᠠᠴᠠ ᠶᠢ ᠪᠠᠶᠢᠭᠤᠯᠵᠤ᠂  ᠶᠡᠭᠡ ᠬᠡᠪᠴᠢᠶ᠎ᠡ ᠪᠠᠷ ᠲᠠᠬᠢᠨ ᠶᠠᠳᠠᠭᠤᠷᠠᠬᠤ ᠪᠠᠶᠢᠳᠠᠯ ᠭᠠᠷᠬᠤ ᠶᠢ  ᠰᠡᠷᠬᠡᠶᠢᠯᠡᠬᠦ ᠬᠡᠷᠡᠭᠳᠡᠢ᠃ᠴᠢᠳᠠᠯ ᠢᠶᠠᠷ ᠢᠶᠠᠨ ᠴᠢᠷᠮᠠᠶᠢᠵᠤ᠂ ᠴᠢᠳᠠᠯ ᠢᠶᠠᠷ ᠢᠶᠠᠨ  ᠬᠢᠵᠦ᠂ ᠤᠷᠳᠤ ᠬᠤᠭᠤᠴᠠᠭ᠎ᠠ ᠪᠠᠷ ᠴᠢᠷᠮᠠᠶᠢᠨ ᠠᠵᠢᠯᠯᠠᠵᠤ ᠪᠠᠶᠢᠭᠠᠳ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ ᠣᠷᠣᠨ ᠰᠠᠭᠤᠴᠠ᠂ ᠨᠠᠰᠤᠵᠢᠯ ᠤᠨ ᠠᠰᠠᠷᠠᠮᠵᠢ᠂ ᠬᠡᠦᠬᠡᠳ ᠰᠠᠭᠠᠲᠠᠭᠤᠯᠬᠤ ᠵᠡᠷᠭᠡ ᠠᠷᠠᠳ ᠤᠨ ᠠᠮᠢᠳᠤᠷᠠᠯ ᠤᠨ ᠠᠰᠠᠭᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠵᠦ᠂ ᠬᠤᠳᠠ ᠬᠥᠳᠡᠭᠡ ᠶᠢᠨ ᠵᠥᠷᠢᠶ᠎ᠡ᠂ ᠣᠷᠣᠨ ᠪᠦᠰᠡ ᠶᠢᠨ ᠵᠥᠷᠢᠶ᠎ᠡ᠂ ᠦᠨᠳᠦᠰᠦᠲᠡᠨ ᠤ ᠵᠥᠷᠢᠶ᠎ᠡ ᠶᠢ ᠠᠯᠬᠤᠮ ᠠᠯᠬᠤᠮ ᠢᠶᠠᠷ ᠪᠠᠭᠠᠰᠬᠠᠵᠤ᠂ ᠬᠠᠮᠲᠤ ᠪᠠᠷ ᠴᠢᠨᠡᠭᠡᠯᠢᠭᠵᠢᠬᠦ ᠶᠢ ᠯᠠᠪᠳᠠᠭᠤᠨ ᠢᠶᠠᠷ ᠠᠬᠢᠭᠤᠯᠬᠤ ᠬᠡᠷᠡᠭᠲᠡᠢ᠃       — ᠰᠢ ᠶᠢᠨ ᠫᠢᠩ ᠶᠡᠷᠦᠩᠬᠡᠢ ᠱᠦᠵᠢ 2023 ᠣᠨ ᠤ 12 ᠳ᠋ᠤᠭᠠᠷ ᠰᠠᠷ᠎ᠠ ᠶᠢᠨ 14᠂ 15   ᠤ ᠡᠳᠦᠷ ᠂ ᠭᠤᠸᠠᠩᠰᠢ ᠳᠤ ᠰᠢᠨᠵᠢᠯᠡᠨ ᠪᠠᠶᠢᠴᠠᠭᠠᠬᠤ ᠳᠤ ᠪᠠᠨ  ᠶᠠᠷᠢᠭᠰᠠᠨ ᠦᠭᠡ     ᠨᠠᠰᠤᠲᠠᠨ ᠢᠶᠠᠨ ᠬᠦᠨᠳᠦᠯᠡᠵᠦ ᠨᠠᠰᠤᠲᠠᠨ ᠢᠶᠠᠨ ᠬᠠᠶᠢᠷᠠᠯᠠᠬᠤ ᠪᠣᠯ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯ ᠪᠠ ᠡᠷᠬᠢᠮ ᠰᠤᠷᠲᠠᠯ ᠮᠥᠨ᠃ ᠶᠠᠮᠠᠷᠪᠠ ᠨᠡᠶᠢᠭᠡᠮ ᠤᠨ ᠵᠣᠯ ᠵᠢᠷᠭᠠᠯ ᠲᠠᠢ ᠪᠠᠶᠢᠬᠤ ᠡᠰᠡᠬᠦ ᠶᠢ ᠬᠠᠮᠤᠭ ᠤᠨ ᠴᠢᠬᠤᠯᠠ ᠨᠢ ᠨᠠᠰᠤᠲᠠᠶᠢᠴᠤᠳ ᠤᠨ ᠵᠣᠯ ᠵᠢᠷᠭᠠᠯ ᠲᠠᠢ ᠪᠠᠶᠢᠬᠤ ᠡᠰᠡᠬᠦ ᠠᠴᠠ ᠦᠵᠡᠨ᠎ᠡ᠃ ᠮᠠᠨ ᠤ ᠤᠯᠤᠰ ᠤᠨ ᠨᠡᠶᠢᠭᠡᠮ ᠤᠨ ᠨᠠᠰᠤᠵᠢᠯᠲᠠ ᠶᠢᠨ ᠬᠡᠮᠵᠢᠶ᠎ᠡ ᠤᠯᠠᠮ ᠠᠴᠠ ᠤᠯᠠᠮ ᠥᠨᠳᠥᠷ ᠪᠣᠯᠵᠤ ᠪᠠᠶᠢᠭ᠎ᠠ ᠪᠣᠯᠬᠤᠷ ᠨᠠᠰᠤᠲᠠᠶᠢᠴᠤᠳ  ᠤᠨ ᠦᠳᠡᠯᠤᠬᠡ ᠨᠠᠰᠤ ᠶᠢ ᠵᠠᠪᠠᠯ ᠵᠣᠯ ᠵᠢᠷᠭᠠᠯ ᠲᠠᠢ ᠪᠣᠯᠭᠠᠬᠤ ᠬᠡᠷᠡᠭᠲᠡᠢ᠂ ᠨᠠᠰᠤᠵᠢᠯ ᠤᠨ ᠠᠰᠠᠷᠠᠮᠵᠢ ᠪᠠ ᠨᠠᠰᠤᠵᠢᠯ ᠤᠨ ᠠᠰᠠᠷᠠᠮᠵᠢ ᠶᠢᠨ ᠦᠢᠯᠡᠰ ᠢ ᠶᠡᠭᠡ ᠪᠠᠷ ᠬᠥᠭᠵᠢᠭᠦᠯᠵᠦ᠂ ᠠᠯᠪᠠᠨ ᠠᠴᠠ ᠡᠷᠬᠢᠯᠡᠭᠰᠡᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠪᠠ ᠲᠦᠭᠡᠮᠡᠯ ᠬᠠᠷᠠᠭᠠᠯᠵᠠᠯᠲᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠬᠦᠭᠵᠢᠬᠦᠯᠬᠦ ᠬᠡᠷᠡᠭᠳᠡᠢ᠃ ᠣᠨᠴᠠᠭᠠᠶᠢᠯᠠᠨ ᠣᠨᠴᠠ ᠬᠦᠴᠢᠷᠳᠡᠯᠲᠡᠢ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠳᠡᠭᠴᠢ᠂ ᠦᠳᠡᠬᠦᠰ᠂ ᠪᠡᠶ᠎ᠡ ᠳᠤ ᠪᠠᠨ ᠵᠦᠪ ᠦᠬᠡᠢ ᠨᠠᠰᠤᠲᠠᠶᠢᠴᠤᠳ ᠤᠨ ᠦᠨᠳᠦᠰᠦᠨ ᠪᠠᠳᠤᠯᠠᠭ᠎ᠠ ᠶᠢᠨ ᠠᠵᠢᠯ  ᠢ ᠴᠢᠩᠭᠠᠳᠬᠠᠬᠤ ᠬᠡᠷᠡᠭᠲᠡᠢ᠃—  ᠰᠢ ᠶᠢᠨ ᠫᠢᠩ ᠶᠡᠷᠦᠩᠬᠡᠢ ᠱᠦᠵᠢ 2023 ᠣᠨ ᠤ 1 ᠰᠠᠷ᠎ᠠ ᠶᠢᠨ 18  ᠤ ᠡᠳᠦᠷ᠂ ᠴᠠᠭᠠᠨ ᠰᠠᠷ᠎ᠠ ᠠᠴᠠ ᠡᠮᠦᠨᠡᠬᠡᠨ ᠸᠢᠳᠢᠤ᠋ ᠪᠠᠷ ᠦᠨᠳᠦᠰᠦᠨ ᠱᠠᠲᠤᠨ ᠤ ᠺᠠᠳ᠋ᠷ ᠤᠯᠠᠨ ᠲᠦᠮᠡᠨ ᠢ ᠲᠣᠬᠤᠨᠢᠭᠤᠯᠬᠤ ᠳᠤ ᠪᠠᠨ  ᠶᠠᠷᠢᠭᠰᠠᠨ ᠦᠭᠡ      ᠬᠥᠮᠥᠨ ᠪᠣᠯᠭᠠᠨ ᠬᠡᠤᠬᠡᠳ ᠪᠠᠶᠢᠬᠰᠠᠨ ᠶᠤᠮ᠃ ᠮᠠᠨ ᠤ ᠬᠦᠰᠡᠯ ᠵᠡᠭᠦᠳᠦ ᠪᠠᠨ ᠪᠡᠶᠡᠯᠡᠭᠦᠯᠬᠦ ᠳᠤ ᠮᠠᠨ ᠤ ᠡᠨᠡ ᠨᠢᠭᠡ ᠦᠶ᠎ᠡ ᠶᠢᠨ ᠬᠢᠨ ᠳᠤ᠂ ᠨᠡᠩ ᠴᠤ ᠬᠤᠶᠢᠴᠢ ᠦᠶ᠎ᠡ ᠶᠢᠨ ᠬᠢᠨ ᠳᠤ ᠪᠠᠨ ᠲᠦᠰᠢᠭᠯᠡᠨ᠎ᠡ᠃ ᠪᠠᠭᠠᠴᠤᠳ ᠬᠡᠦᠬᠡᠳ ᠬᠠᠷᠠᠬᠠᠨ ᠪᠠᠭ᠎ᠠ ᠠᠴᠠ ᠪᠠᠨ ᠵᠣᠷᠢᠯᠲᠠ ᠲᠠᠢ᠂ ᠬᠦᠰᠡᠯ ᠵᠡᠭᠦᠳᠦ ᠲᠠᠢ᠂ ᠰᠤᠷᠤᠯᠴᠠᠬᠤ ᠳᠤᠷᠠᠲᠠᠢ᠂ ᠬᠥᠳᠡᠯᠮᠦᠷᠢᠯᠡᠬᠦ ᠳᠤᠷᠠᠲᠠᠢ᠂ ᠡᠬᠡ ᠤᠯᠤᠰ ᠢᠶᠠᠨ ᠬᠠᠶᠢᠷᠠᠯᠠᠵᠤ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠵᠡᠷᠭᠡ ᠪᠦᠬᠦ ᠲᠠᠯ᠎ᠠ ᠪᠠᠷ ᠬᠥᠭᠵᠢᠵᠦ᠂ ᠥᠭᠡᠯᠡᠢ ᠪᠤᠯᠤᠭᠠᠳ ᠡᠬᠡ ᠤᠯᠤᠰ ᠤᠨ ᠪᠦᠲᠦᠭᠡᠨ ᠪᠠᠶᠢᠭᠤᠯᠤᠯᠲᠠ ᠳᠤ ᠬᠡᠷᠡᠭᠴᠡᠭᠡ ᠲᠠᠢ ᠴᠢᠳᠠᠪᠤᠷᠢᠲᠠᠨ ᠪᠣᠯᠬᠤ ᠬᠡᠷᠡᠭᠲᠡᠢ᠃    ᠬᠡᠦᠬᠡᠳ ᠤᠳ ᠨᠡᠩ ᠰᠠᠶᠢᠨ ᠦᠰᠦᠨ ᠪᠣᠶᠢᠵᠢᠬᠤ ᠪᠣᠯ ᠮᠠᠨ ᠤ ᠬᠠᠮᠤᠭ ᠤᠨ ᠶᠡᠭᠡ ᠬᠦᠰᠡᠯ ᠡᠷᠡᠮᠡᠯᠵᠡᠯ ᠮᠥᠨ᠃ ᠨᠠᠮ ᠪᠠ ᠵᠠᠰᠠᠭ ᠤᠨ ᠣᠷᠳᠣᠨ ᠠᠴᠠ ᠦᠨᠳᠦᠰᠦᠲᠡᠨ ᠨᠦᠭᠦᠳ ᠤᠨ ᠪᠠᠭᠠᠴᠤᠳ ᠬᠡᠦᠬᠡᠳ ᠢ ᠢᠮᠠᠭᠲᠠ ᠬᠠᠯᠠᠮᠵᠢᠯᠠᠵᠤ᠂ ᠰᠤᠷᠤᠯᠴᠠᠵᠤ ᠦᠰᠦᠨ ᠪᠣᠶᠢᠵᠢᠬᠤ ᠳᠤ ᠨᠢ ᠨᠡᠩ ᠰᠠᠶᠢᠨ ᠨᠥᠬᠦᠴᠡᠯ ᠪᠦᠷᠢᠯᠳᠦᠭᠦᠯᠵᠦ ᠥᠭᠬᠦ ᠪᠠᠷ ᠴᠢᠷᠮᠠᠶᠢᠬᠤ ᠬᠡᠷᠡᠭᠲᠡᠢ᠃  —  ᠰᠢ ᠶᠢᠨ ᠫᠢᠩ ᠶᠡᠷᠦᠩᠬᠡᠢ ᠱᠦᠵᠢ 2018 ᠣᠨ ᠤ 5 ᠳ᠋ᠤᠭᠠᠷ ᠰᠠᠷ᠎ᠠ ᠶᠢᠨ 4 ᠤ ᠡᠳᠦᠷ ᠮᠠᠷᠺᠰ ᠤᠨ ᠮᠡᠨᠳᠦᠯᠡᠭᠰᠡᠨ 200 ᠵᠢᠯ ᠤᠨ ᠣᠶ ᠶᠢ ᠳᠤᠷᠠᠰᠬᠠᠬᠤ ᠶᠡᠭᠡ ᠬᠤᠷᠠᠯ ᠳᠡᠭᠡᠷ᠎ᠡ  ᠶᠠᠷᠢᠭᠰᠠᠨ ᠦᠭᠡ     ︽ᠲᠤᠮᠳᠠᠳᠤ ᠤᠯᠤᠰ ᠤᠨ ᠨᠡᠶᠢᠬᠡᠮ ᠤᠨ ᠰᠤᠨᠢᠨ︾ ᠠᠴᠠ ᠰᠤᠩᠭᠤᠪᠠ     
 
ᠢᠷᠡᠯᠲᠡ᠄ ᠦᠪᠤᠷ ᠮᠤᠩᠭᠤᠯ ᠤᠨ ︽ᠨᠡᠶᠢᠬᠡᠮ︾ ᠰᠡᠳᠬᠦᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号