ᠠᠷᠠᠳ ᠤᠨ ᠶᠠᠪᠤᠳᠠᠯ ᠤᠨ ᠶᠠᠮᠤᠨ ᠰᠤᠷᠭᠠᠨ ᠬᠥᠮᠦᠵᠢᠯ ᠤᠨ ᠶᠠᠮᠤᠨ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠪ ᠬᠤᠷᠢᠶᠠᠨ ᠤ ᠪᠥᠬᠦ ᠤᠯᠤᠰ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ︽ᠰᠡᠳᠬᠢᠯ ᠰᠠᠨᠠᠭ᠎ᠠ ᠪᠠᠨ ᠠᠭᠤᠵᠢᠷᠠᠭᠤᠯᠤᠨ ᠦᠰᠦᠨ ᠪᠣᠶᠢᠵᠢᠵᠤ᠂ ᠰᠡᠳᠬᠢᠯ ᠰᠠᠨᠠᠭ᠎ᠠ ᠪᠠᠨ ᠨᠢᠭᠡᠳᠬᠡᠨ ᠢᠷᠡᠭᠡᠳᠦᠢ ᠪᠠᠨ ᠬᠠᠮᠠᠭᠠᠯᠠᠬᠤ︾ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠬᠦ ᠲᠤᠬᠠᠢ ᠮᠡᠳᠡᠭᠳᠡᠯ ︵ᠲᠤᠤᠷᠠᠳᠤ︶
ᠨᠡᠶᠢᠲᠡᠯᠡᠭᠰᠡᠨ ᠴᠠᠭ᠄
2024/5/31
 ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠶᠠᠪᠤᠳᠠᠯ ᠤᠨ ᠲᠢᠩᠬᠢᠮ ︵ᠲᠣᠪᠴᠢᠶ᠎ᠠ︶᠂ ᠰᠤᠷᠭᠠᠨ ᠬᠥᠮᠦᠵᠢᠯ ᠤᠨ ᠲᠢᠩᠬᠢᠮ ︵ᠰᠤᠷᠭᠠᠨ ᠬᠥᠮᠦᠵᠢᠯ ᠤᠨ ᠵᠥᠪᠯᠡᠯ︶᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠤᠭ᠎ᠠ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠠᠷᠠᠳ ᠤᠨ ᠶᠠᠪᠤᠳᠠᠯ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠤᠭ᠎ᠠ ᠳᠤ᠄       ︵ᠲᠠᠪᠤ︶ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠢ ᠴᠢᠩᠭᠠᠳᠬᠠᠨ᠎ᠠ᠃ ᠬᠡᠦᠬᠡᠳ ᠤᠨ ᠬᠢᠨᠠᠨ ᠵᠢᠯᠣᠭᠤᠳᠤᠭᠴᠢ᠂ ᠬᠡᠦᠬᠡᠳ ᠤᠨ ᠡᠷᠬᠢᠯᠡᠭᠴᠢ᠂ ᠲᠣᠰᠬᠤᠨ ︵ᠨᠡᠶᠢᠭᠡᠮ ᠲᠣᠭᠤᠷᠢᠭ︶ ᠤ ᠡᠮᠡᠭᠲᠡᠶᠢᠴᠦᠳ ᠤᠨ ᠬᠤᠯᠪᠣᠭ᠎ᠠ ᠶᠢᠨ ᠲᠡᠷᠢᠭᠦᠯᠡᠭᠴᠢ ᠵᠡᠷᠭᠡ  ᠡᠮᠦᠨ᠎ᠡ ᠹᠷᠣᠨᠲ ᠤᠨ ᠠᠵᠢᠯᠲᠠᠨ ᠢ ᠵᠣᠬᠢᠶᠠᠨ ᠪᠠᠶᠢᠭᠤᠯᠵᠤ᠂ ᠭᠡᠷ ᠪᠦᠯᠢ ᠲᠤ  ᠨᠢ ᠬᠦᠷᠴᠤ ᠰᠤᠷᠪᠤᠯᠵᠢᠯᠠᠬᠤ᠂ ᠭᠡᠷ ᠪᠦᠯᠢ ᠶᠢᠨ ᠬᠥᠮᠦᠵᠢᠯ ᠤᠨ ᠵᠢᠯᠣᠭᠤᠳᠤᠯᠭ᠎ᠠ ᠬᠢᠬᠦ ᠵᠡᠷᠭᠡ ᠡᠳᠦᠷ ᠲᠤᠲᠤᠮ ᠤᠨ ᠠᠵᠢᠯ ᠲᠠᠢ ᠤᠶᠠᠯᠳᠤᠭᠤᠯᠤᠨ᠂ ᠣᠯᠠᠨ ᠲᠠᠰ ᠳᠠᠪᠬᠤᠷᠭ᠎ᠠ ᠣᠯᠠᠨ ᠠᠷᠭ᠎ᠠ ᠵᠠᠮ ᠢᠶᠠᠷ ᠰᠡᠳᠬᠢᠴᠡ ᠶᠢᠨ ᠡᠷᠡᠭᠦᠯ ᠮᠡᠨᠳᠦ ᠶᠢ ᠬᠠᠯᠠᠮᠵᠢᠯᠠᠬᠤ ᠦᠢᠯᠡᠴᠢᠯᠡᠭᠡᠨ ᠤ ᠬᠥᠮᠦᠵᠢᠯ ᠤᠨ ᠤᠬᠠᠭᠤᠯᠤᠨ ᠲᠠᠶᠢᠯᠪᠤᠷᠢᠯᠠᠬᠤ ᠠᠵᠢᠯ ᠢ ᠥᠷᠨᠢᠭᠦᠯᠬᠦ ᠬᠡᠷᠡᠭᠲᠡᠢ᠃ ᠬᠦᠴᠢᠷᠳᠡᠯ ᠳᠤ ᠲᠤᠯᠭᠠᠷᠠᠭᠰᠠᠨ ᠬᠡᠦᠬᠡᠳ ᠪᠠ ᠲᠡᠭᠦᠨ ᠤ ᠡᠴᠢᠭᠡ ᠡᠬᠡ ᠪᠤᠶᠤ ᠪᠤᠰᠤᠳ ᠬᠢᠨᠠᠨ ᠬᠠᠮᠠᠭᠠᠯᠠᠭᠴᠢ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠢ ᠴᠢᠩᠭᠠᠳᠬᠠᠵᠤ᠂ ᠠᠩᠬᠠᠳᠠᠭᠴᠢ ᠪᠥᠬᠦ ᠤᠯᠤᠰ ᠤᠨ ᠰᠤᠷᠤᠭᠴᠢᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠤᠬᠠᠭᠤᠯᠭ᠎ᠠ ᠬᠥᠮᠦᠵᠢᠯ ᠤᠨ ᠰᠠᠷ᠎ᠠ ᠪᠠ ᠪᠥᠬᠦ ᠤᠯᠤᠰ ᠤᠨ ᠰᠤᠷᠤᠭᠴᠢᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠶᠡᠭᠡ ᠬᠢᠴᠢᠶᠡᠯ ᠤᠨ ᠲᠠᠩᠬᠢᠮ ᠤᠨ ᠠᠵᠢᠯᠯᠠᠭ᠎ᠠ ᠲᠠᠢ ᠤᠶᠠᠯᠳᠤᠭᠤᠯᠤᠨ᠂ ᠲᠡᠳᠡᠨ ᠢ ᠵᠢᠯᠤᠭᠤᠳᠴᠤ ᠪᠠᠶᠢᠭᠠᠳ ᠬᠡᠦᠬᠡᠳ ᠤᠨ ᠰᠡᠳᠬᠢᠴᠡ ᠶᠢᠨ ᠡᠷᠡᠭᠦᠯ ᠮᠡᠨᠳᠦ ᠶᠢ ᠴᠢᠬᠤᠯᠠᠴᠢᠯᠠᠵᠤ᠂ ᠬᠡᠦᠬᠡᠳ ᠤᠨ ᠰᠤᠷᠭᠠᠨ ᠬᠥᠮᠦᠵᠢᠯ᠂ ᠰᠡᠳᠬᠢᠴᠡ ᠵᠡᠷᠭᠡ ᠶᠢᠨ ᠮᠡᠳᠡᠯᠭᠡ ᠶᠢ ᠰᠠᠨᠠᠭᠠᠴᠢᠯᠠᠭ᠎ᠠ ᠠᠴᠠ ᠪᠠᠨ ᠰᠤᠷᠤᠯᠴᠠᠵᠤ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠨᠤᠭᠤᠷᠠᠯ ᠪᠦᠳᠦᠷᠢᠯ ᠢ ᠠᠷᠭᠠᠴᠠᠬᠤ ᠵᠣᠷᠢᠭ ᠰᠠᠨᠠᠭ᠎ᠠ ᠪᠠ ᠴᠢᠳᠠᠪᠤᠷᠢ ᠶᠢ ᠴᠢᠬᠤᠯᠠᠴᠢᠯᠠᠨ ᠬᠥᠮᠥᠵᠢᠭᠦᠯᠵᠦ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠪᠰᠤᠷᠤᠨ ᠡᠷᠡᠭᠦᠯ ᠴᠢᠭᠢᠷᠠᠭ ᠰᠡᠳᠬᠢᠴᠡ ᠪᠠ ᠰᠠᠶᠢᠨ ᠰᠠᠶᠢᠬᠠᠨ ᠵᠠᠩ ᠴᠢᠨᠠᠷ ᠢ ᠪᠣᠶ ᠪᠣᠯᠭᠠᠨ᠎ᠠ᠃ ᠬᠡᠦᠬᠡᠳ ᠤᠨ ᠠᠰᠠᠷᠠᠮᠵᠢ ᠶᠢᠨ ᠪᠠᠶᠢᠭᠤᠯᠤᠮᠵᠢ᠂ ᠨᠠᠰᠤᠨ ᠳᠤ ᠥᠯᠥ ᠭᠦᠷᠦᠭᠰᠡᠳ ᠢ ᠲᠤᠰᠠᠯᠠᠵᠤ ᠬᠠᠮᠠᠭᠠᠯᠠᠬᠤ ᠪᠠᠶᠢᠭᠤᠯᠤᠮᠵᠢ ᠨᠤᠭᠤᠳ ᠪᠠᠶᠢᠭᠤᠯᠤᠮᠵᠢ ᠶᠢᠨ ᠳᠣᠲᠣᠷᠠᠬᠢ ᠬᠡᠦᠬᠡᠳ ᠤᠨ ᠪᠡᠶ᠎ᠡ ᠰᠡᠳᠬᠢᠯ ᠤᠨ ᠣᠨᠴᠠᠯᠢᠭ ᠲᠤ ᠴᠢᠭᠯᠡᠭᠦᠯᠦᠨ᠂ ᠬᠡᠦᠬᠡᠳ ᠲᠤ ᠰᠢᠰᠲ᠋ᠧᠮ ᠲᠠᠢ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠥᠷᠨᠢᠭᠦᠯᠵᠦ᠂ ᠠᠮᠢᠳᠤᠷᠠᠯ᠂ ᠡᠮᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠭᠰᠡᠨ ᠰᠠᠭᠤᠷᠢᠨ ᠳᠡᠭᠡᠷ᠎ᠡ ᠰᠡᠳᠬᠢᠴᠡ ᠶᠢᠨ ᠡᠷᠡᠭᠦᠯ ᠮᠡᠨᠳᠦ ᠶᠢᠨ ᠬᠦᠭᠵᠢᠯᠳᠡ ᠶᠢ ᠨᠠᠩ ᠠᠩᠬᠠᠷᠬᠤ ᠬᠡᠷᠡᠭᠲᠡᠢ᠃   ︵ᠵᠢᠷᠭᠤᠭ᠎ᠠ︶ ᠠᠵᠢᠯ ᠤᠨ ᠰᠠᠭᠤᠷᠢ ᠶᠢ ᠬᠦᠴᠦᠯᠡᠨ ᠪᠠᠬᠢᠵᠢᠭᠦᠯᠦᠨ᠎ᠡ᠃ ᠬᠡᠦᠬᠡᠳ ᠤᠨ ᠠᠰᠠᠷᠠᠮᠵᠢ ᠶᠢᠨ ᠪᠠᠶᠢᠭᠤᠯᠤᠮᠵᠢ᠂ ᠨᠠᠰᠤᠨ ᠳᠤ ᠥᠯᠥ ᠭᠦᠷᠦᠭᠰᠡᠳ ᠢ ᠲᠤᠰᠠᠯᠠᠵᠤ ᠬᠠᠮᠠᠭᠠᠯᠠᠬᠤ ᠪᠠᠶᠢᠭᠤᠯᠤᠮᠵᠢ ᠵᠡᠷᠭᠡ ᠶᠢ ᠵᠢᠯᠣᠭᠤᠳᠤᠨ ᠰᠡᠳᠬᠢᠴᠡ ᠶᠢᠨ ᠡᠷᠡᠭᠦᠯ ᠮᠡᠨᠳᠦ ᠶᠢᠨ ᠠᠰᠠᠭᠤᠨ ᠯᠠᠪᠯᠠᠬᠤ ᠲᠠᠰᠤᠭ ᠪᠠᠶᠢᠭᠤᠯᠬᠤ᠂ ᠨᠡᠶᠢᠭᠡᠮ ᠤᠨ ᠲᠤᠰᠬᠠᠢ ᠠᠵᠢᠯᠲᠠᠨ ᠪᠠ ᠨᠡᠶᠢᠭᠡᠮ ᠤᠨ ᠲᠤᠰᠬᠠᠢ ᠵᠣᠬᠢᠶᠠᠨ ᠪᠠᠶᠢᠭᠤᠯᠤᠯᠲᠠ ᠶᠢ ᠣᠷᠣᠭᠤᠯᠤᠨ ᠠᠪᠴᠢᠷᠠᠬᠤ ᠵᠡᠷᠭᠡ ᠣᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ᠂ ᠰᠡᠳᠬᠢᠴᠡ ᠶᠢᠨ ᠡᠷᠡᠭᠦᠯ ᠮᠡᠨᠳᠦ ᠶᠢ ᠬᠠᠯᠠᠮᠵᠢᠯᠠᠬᠤ ᠦᠢᠯᠡᠴᠢᠯᠡᠭᠡᠨ ᠤ ᠲᠠᠪᠴᠠᠩ ᠢ ᠬᠠᠮᠵᠢᠯᠴᠠᠨ ᠪᠠᠶᠢᠭᠤᠯᠵᠤ᠂ ᠦᠢᠯᠡᠴᠢᠯᠡᠭᠡᠨ ᠤ ᠵᠢᠭᠰᠠᠭᠠᠯ ᠤᠨ ᠭᠠᠵᠠᠷ ᠢ ᠪᠠᠬᠢᠵᠢᠭᠦᠯᠵᠦ᠂ ᠬᠡᠷᠡᠭᠴᠡᠭᠡ ᠲᠠᠢ ᠬᠦᠴᠢᠷᠳᠡᠯ ᠳᠤ ᠲᠤᠯᠭᠠᠷᠠᠭᠰᠠᠨ ᠬᠡᠦᠬᠡᠳ ᠲᠤ ᠰᠡᠳᠬᠢᠴᠡ ᠶᠢᠨ ᠡᠷᠡᠭᠦᠯ ᠮᠡᠨᠳᠦ ᠶᠢ  ᠬᠠᠯᠠᠮᠵᠢᠯᠠᠬᠤ ᠪᠦᠲᠦᠮᠵᠢᠲᠡᠶ ᠵᠢᠯᠣᠭᠤᠳᠤᠯᠭ᠎ᠠ ᠪᠠ ᠠᠰᠠᠭᠤᠨ ᠯᠠᠪᠯᠠᠬᠤ ᠦᠢᠯᠡᠴᠢᠯᠡᠭᠡ ᠬᠠᠩᠭᠠᠬᠤ ᠬᠡᠷᠡᠭᠲᠡᠢ᠃ ᠬᠠᠮᠢᠶ᠎ᠠ ᠪᠦᠬᠦᠢ ᠰᠠᠯᠠᠭ᠎ᠠ ᠮᠥᠴᠢᠷ  ᠤᠨ ᠬᠢᠨ ᠢ ᠵᠣᠬᠢᠴᠠᠭᠤᠯᠵᠤ᠂ ᠰᠤᠷᠭᠠᠭᠤᠯᠢ᠂ ᠡᠮᠨᠡᠯᠭᠡ ᠶᠢᠨ ᠬᠤᠷᠢᠶ᠎ᠠ ᠵᠡᠷᠭᠡ ᠪᠠᠶᠢᠭᠤᠯᠤᠮᠵᠢ ᠶᠢᠨ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠨ᠂ ᠠᠵᠢᠯ ᠲᠥᠷᠥᠯ ᠤᠨ ᠥᠪᠡᠷᠮᠢᠴᠡ ᠳᠠᠪᠠᠭᠤᠯᠢᠭ ᠢ ᠪᠠᠳᠠᠷᠠᠭᠤᠯᠵᠤ᠂ ᠬᠠᠯᠠᠮᠵᠢᠯᠠᠬᠤ ᠦᠢᠯᠡᠴᠢᠯᠡᠭᠡ ᠶᠢ ᠰᠠᠶᠢᠳᠤᠷ ᠬᠠᠩᠭᠠᠬᠤ ᠬᠡᠷᠡᠭᠲᠡᠢ᠃ ᠰᠢᠰᠲ᠋ᠧᠮ ᠲᠠᠢ ᠪᠣᠯᠪᠠᠰᠤᠷᠠᠯ᠂ ᠲᠤᠰᠬᠠᠢ ᠰᠡᠳᠦᠪᠲᠦ ᠲᠠᠶᠢᠯᠤᠮᠵᠢ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠡᠦᠬᠡᠳ ᠤᠨ ᠬᠢᠨᠠᠨ ᠵᠢᠯᠣᠭᠤᠳᠤᠭᠴᠢ᠂ ᠬᠡᠦᠬᠡᠳ ᠤᠨ ᠡᠷᠬᠢᠯᠡᠭᠴᠢ ᠵᠡᠷᠭᠡ ᠦᠨᠳᠦᠰᠦᠨ ᠱᠠᠲᠤᠨ ᠤ ᠬᠡᠦᠬᠡᠳ ᠤᠨ ᠠᠰᠠᠷᠠᠮᠵᠢ ᠶᠢᠨ ᠠᠵᠢᠯᠲᠠᠨ ᠤ ᠡᠩᠨᠡᠭᠡ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠰᠡᠳᠬᠢᠴᠡ ᠶᠢᠨ ᠡᠷᠡᠭᠦᠯ ᠮᠡᠨᠳᠦ ᠶᠢ ᠬᠠᠯᠠᠮᠵᠢᠯᠠᠬᠤ ᠦᠢᠯᠡᠴᠢᠯᠡᠭᠡᠨ ᠤ ᠮᠡᠳᠡᠯᠭᠡ ᠤᠷ᠎ᠠ ᠴᠢᠳᠠᠪᠤᠷᠢ ᠶᠢ ᠤᠯᠠᠮ ᠴᠢᠨᠠᠬᠰᠢᠳᠠ ᠳᠡᠭᠡᠭᠰᠢᠯᠡᠭᠦᠯᠦᠨ᠂ ᠲᠡᠳᠡᠨ ᠤ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠰᠡᠳᠬᠢᠴᠡ ᠶᠢᠨ ᠠᠰᠠᠭᠤᠳᠠᠯ ᠢ ᠢᠯᠡᠷᠡᠭᠦᠯᠬᠦ᠂ ᠢᠯᠭᠠᠨ ᠲᠠᠨᠢᠬᠤ ᠪᠠ ᠬᠠᠯᠠᠮᠵᠢᠯᠠᠬᠤ ᠦᠢᠯᠡᠴᠢᠯᠡᠭᠡᠨ ᠤ ᠴᠢᠳᠠᠪᠤᠷᠢ ᠶᠢ ᠲᠠᠰᠤᠷᠠᠯᠳᠠ ᠦᠬᠡᠢ ᠲᠡᠭᠡᠭᠰᠢᠯᠡᠬᠦᠯᠵᠤ᠂ ᠬᠡᠤᠬᠡᠳ ᠢ ᠬᠠᠯᠠᠮᠵᠢᠯᠠᠬᠤ ᠠᠵᠢᠯᠯᠠᠭᠠᠨ ᠤ ᠦᠷ᠎ᠡ ᠪᠦᠳᠤᠬᠡᠯ ᠢ ᠪᠠᠳᠤᠯᠠᠬᠤ ᠬᠡᠷᠡᠭᠲᠡᠢ᠃    ︵ᠳᠣᠯᠤᠭ᠎ᠠ︶ ᠨᠡᠶᠢᠭᠡᠮ ᠤᠨ ᠬᠦᠴᠦᠨ ᠢ ᠳᠠᠶᠢᠴᠢᠯᠠᠨ ᠣᠷᠣᠯᠴᠠᠭᠤᠯᠤᠨ᠎ᠠ᠃ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ᠂ ᠡᠮᠴᠢᠯᠡᠭᠡ᠂  ᠬᠠᠯᠠᠮᠵᠢᠯᠠᠬᠤ ᠦᠢᠯᠡᠴᠢᠯᠡᠭᠡ ᠵᠡᠷᠭᠡ ᠲᠠᠯ᠎ᠠ ᠶᠢᠨ ᠲᠤᠰᠬᠠᠢ ᠮᠡᠷᠭᠡᠵᠢᠯ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠳᠡᠮᠵᠢᠨ ᠪᠣᠶᠢᠵᠢᠭᠤᠯᠵᠤ᠂ ᠦᠢᠯᠡᠴᠢᠯᠡᠭᠡ ᠬᠤᠳᠠᠯᠳᠤᠨ ᠠᠪᠴᠤ ᠦᠭᠭᠦ‌ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠠᠩ ᠣᠯᠠᠨ ᠲᠤᠰᠬᠠᠢ ᠮᠡᠷᠭᠡᠵᠢᠯ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠠᠵᠢᠯᠲᠠᠨ ᠢ ᠳᠠᠶᠢᠴᠢᠯᠠᠨ ᠥᠷᠭᠡᠨ ᠢᠶᠠᠷ ᠣᠷᠣᠯᠴᠠᠭᠤᠯᠵᠤ᠂ ᠭᠡᠷ ᠪᠦᠯᠢ ᠶᠢᠨ ᠬᠥᠮᠦᠵᠢᠯ ᠤᠨ ᠵᠢᠯᠣᠭᠤᠳᠤᠯᠭ᠎ᠠ᠂ ᠰᠡᠳᠬᠢᠴᠡ ᠶᠢᠨ ᠠᠰᠠᠭᠤᠳᠠᠯ ᠤᠨ ᠬᠠᠷᠢᠭᠤᠯᠲᠠ ᠵᠡᠷᠭᠡ ᠲᠤᠰᠬᠠᠢ ᠮᠡᠷᠭᠡᠵᠢᠯ ᠤᠨ ᠦᠢᠯᠡᠴᠢᠯᠡᠭᠡ ᠬᠠᠩᠭᠠᠬᠤ ᠬᠡᠷᠡᠭᠲᠡᠢ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠰᠡᠳᠬᠢᠴᠡ ᠶᠢᠨ ᠡᠮᠴᠢ᠂ ᠮᠡᠳᠡᠷᠡᠯ ᠤᠨ ᠰᠠᠯᠠᠭᠠᠨ ᠤ ᠡᠮᠴᠢ᠂ ᠰᠤᠷᠭᠠᠭᠤᠯᠢ ᠶᠢᠨ ᠪᠠᠭᠰᠢ ᠵᠡᠷᠭᠡ ᠶᠢ ᠤᠷᠢᠵᠤ ᠤᠯᠠᠨ ᠵᠦᠢᠯ ᠤᠨ ᠬᠡᠯᠪᠡᠷᠢ ᠶᠢᠨ ᠰᠣᠷᠪᠤᠯᠵᠢᠯᠠᠭ᠎ᠠ᠂ ᠲᠠᠶᠢᠯᠤᠮᠵᠢ᠂ ᠰᠦᠯᠵᠢᠶ᠎ᠡ ᠪᠠᠷ ᠯᠠᠪᠯᠠᠬᠤ ᠵᠡᠷᠭᠡ ᠠᠵᠢᠯᠯᠠᠭ᠎ᠠ ᠶᠢ ᠥᠷᠨᠢᠭᠦᠯᠵᠦ᠂ ᠰᠡᠳᠬᠢᠴᠡ ᠶᠢᠨ ᠡᠷᠡᠭᠦᠯ ᠮᠡᠨᠳᠦ ᠶᠢᠨ ᠦᠢᠯᠡᠴᠢᠯᠡᠭᠡᠨ ᠤ ᠲᠤᠰᠬᠠᠢ ᠮᠡᠷᠭᠡᠵᠢᠯ ᠤᠨ ᠲᠦᠪᠰᠢᠨ ᠢ ᠲᠠᠰᠤᠷᠠᠯᠳᠠ ᠦᠬᠡᠢ ᠳᠡᠭᠡᠭᠰᠢᠯᠡᠭᠦᠯᠬᠦ ᠬᠡᠷᠡᠭᠲᠡᠢ᠃ ᠠᠵᠤ ᠠᠬᠤᠶᠢᠯᠠᠯ᠂ ᠢᠯᠠᠩᠭᠤᠶ᠎ᠠ ᠬᠥᠳᠡᠯᠮᠦᠷᠢ ᠨᠢᠭᠲᠠᠷᠠᠭᠰᠠᠨ ᠬᠡᠯᠪᠡᠷᠢ ᠶᠢᠨ ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠬᠦ ᠶᠢ ᠵᠣᠷᠢᠭᠵᠢᠭᠤᠯᠵᠤ᠂ ᠮᠡᠳᠡᠯᠭᠡ ᠶᠢᠨ ᠤᠬᠠᠭᠤᠯᠤᠨ ᠲᠠᠶᠢᠯᠪᠤᠷᠢᠯᠠᠬᠤ᠂ ᠠᠰᠠᠭᠤᠨ ᠯᠠᠪᠯᠠᠬᠤ ᠲᠠᠶᠢᠯᠤᠮᠵᠢ ᠵᠡᠷᠭᠡ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠵᠢᠯᠲᠠᠨ ᠠᠵᠢᠯᠴᠢᠨ ᠤ ᠦᠷ᠎ᠡ ᠬᠡᠦᠬᠡᠳ ᠤᠨ ᠢᠶᠠᠨ ᠰᠡᠳᠬᠢᠴᠡ ᠶᠢᠨ ᠡᠷᠡᠭᠦᠯ ᠮᠡᠨᠳᠦ ᠶᠢ ᠠᠩᠬᠠᠷᠤᠨ ᠬᠠᠯᠠᠮᠵᠢᠯᠠᠬᠤ ᠶᠢ ᠠᠬᠢᠭᠤᠯᠤᠨ᠂ ᠰᠡᠳᠬᠢᠴᠡ ᠶᠢᠨ ᠡᠷᠡᠭᠦᠯ ᠮᠡᠨᠳᠦ ᠶᠢᠨ ᠠᠰᠠᠭᠤᠳᠠᠯ ᠲᠠᠢ ᠠᠵᠢᠯᠲᠠᠨ ᠠᠵᠢᠯᠴᠢᠨ ᠤ ᠦᠷ᠎ᠡ ᠬᠡᠦᠬᠡᠳ ᠤᠨ ᠡᠪᠡᠳᠴᠢᠨ ᠦᠵᠡᠭᠦᠯᠬᠦ ᠵᠡᠷᠭᠡ ᠳᠤ ᠬᠠᠪᠰᠤᠷᠤᠯᠭ᠎ᠠ ᠦᠵᠡᠭᠦᠯᠬᠦ ᠬᠡᠷᠡᠭᠲᠡᠢ᠃ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ᠂ ᠬᠠᠶᠢᠷ᠎ᠠ ᠬᠠᠯᠠᠮᠵᠢ ᠲᠠᠢ ᠬᠥᠮᠥᠰ ᠢ ᠳᠠᠶᠢᠴᠢᠯᠠᠨ ᠰᠡᠳᠬᠢᠴᠡ ᠶᠢᠨ ᠡᠷᠡᠭᠦᠯ ᠮᠡᠨᠳᠦ ᠶᠢ ᠬᠠᠯᠠᠮᠵᠢᠯᠠᠬᠤ ᠦᠢᠯᠡᠴᠢᠯᠡᠭᠡᠨ ᠤ ᠭᠤᠣᠯ ᠰᠡᠳᠦᠪᠲᠦ ᠡᠳᠦᠷ᠂ ᠰᠠᠶᠢᠨ ᠳᠤᠷ᠎ᠠ ᠶᠢᠨ ᠦᠢᠯᠡᠴᠢᠯᠡᠭᠡᠨ ᠤ ᠤᠬᠠᠭᠤᠯᠤᠨ ᠲᠠᠶᠢᠯᠪᠤᠷᠢᠯᠠᠬᠤ ᠵᠡᠷᠭᠡ ᠠᠵᠢᠯᠯᠠᠭ᠎ᠠ ᠳᠤ ᠢᠳᠡᠪᠬᠢᠲᠡᠢ ᠪᠠᠷ ᠤᠷᠢᠨ ᠣᠷᠣᠯᠴᠠᠭᠤᠯᠵᠤ᠂ ᠤᠬᠠᠭᠠᠯᠠᠨ ᠥᠷᠨᠢᠭᠦᠯᠵᠦ᠂ ᠵᠠᠯᠠᠭᠤ ᠰᠠᠶᠢᠨ ᠳᠤᠷ᠎ᠠ ᠶᠢᠨ ᠠᠵᠢᠯᠯᠠᠭᠴᠢ ᠵᠡᠷᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡ ᠥᠷᠨᠢᠭᠦᠯᠬᠦ ᠶᠢ  ᠤᠷᠮᠠᠰᠢᠭᠤᠯᠤᠨ ᠵᠣᠷᠢᠭᠵᠢᠭᠤᠯᠵᠤ᠂  ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠰᠡᠳᠬᠢᠴᠡ ᠶᠢᠨ ᠡᠷᠡᠭᠦᠯ ᠮᠡᠨᠳᠦ ᠵᠢ‌ᠨᠡᠶᠢᠭᠡᠮ ᠳᠠᠶᠠᠭᠠᠷ ᠢᠶᠠᠨ  ᠬᠠᠯᠠᠮᠵᠢᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ᠃ᠳᠥᠷᠪᠡ᠂ ᠠᠵᠢᠯ ᠤᠨ ᠱᠠᠭᠠᠷᠳᠠᠯᠭ᠎ᠠ    ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠰᠡᠳᠬᠢᠴᠡ ᠶᠢᠨ ᠡᠷᠡᠭᠦᠯ ᠮᠡᠨᠳᠦ ᠶᠢ  ᠬᠠᠯᠠᠮᠵᠢᠯᠠᠬᠤ ᠦᠢᠯᠡᠴᠢᠯᠡᠭᠡ ᠶᠢ ᠬᠡᠦᠬᠡᠳ ᠤᠨ ᠠᠰᠠᠷᠠᠮᠵᠢ ᠶᠢᠨ ᠠᠵᠢᠯ ᠤᠨ ᠭᠤᠣᠯᠳᠠᠯᠭ᠎ᠠ ᠲᠠᠢ ᠡᠭᠦᠷᠭᠡ ᠪᠣᠯᠭᠠᠨ᠂ ︽ᠰᠡᠳᠬᠢᠯ ᠰᠠᠨᠠᠭ᠎ᠠ ᠪᠠᠨ ᠠᠭᠤᠵᠢᠷᠠᠭᠤᠯᠤᠨ ᠦᠰᠦᠨ ᠪᠣᠶᠢᠵᠢᠵᠤ᠂ ᠰᠡᠳᠬᠢᠯ ᠰᠠᠨᠠᠭ᠎ᠠ ᠪᠠᠨ ᠨᠢᠭᠡᠳᠬᠡᠨ ᠢᠷᠡᠭᠡᠳᠦᠢ ᠪᠠᠨ ᠬᠠᠮᠠᠭᠠᠯᠠᠬᠤ︾ ᠭᠤᠣᠯ ᠰᠡᠳᠦᠪᠲᠦ ᠠᠵᠢᠯᠯᠠᠭ᠎ᠠ ᠶᠢ ᠴᠢᠬᠤᠯᠠ ᠪᠠᠷᠢᠴᠨ ᠪᠠ ᠠᠷᠭ᠎ᠠ  ᠪᠣᠯᠭᠠᠨ᠂ ᠠᠵᠢᠯᠯᠠᠭ᠎ᠠ ᠶᠢᠨ ᠲᠥᠰᠥᠯ ᠢ ᠨᠠᠷᠢᠨ ᠲᠣᠭᠲᠠᠭᠠᠵᠤ᠂ ᠠᠵᠢᠯᠯᠠᠭ᠎ᠠ ᠶᠢᠨ ᠠᠭᠤᠯᠭ᠎ᠠ ᠶᠢ ᠨᠢᠮᠪᠠᠢ ᠤᠬᠠᠭᠠᠯᠠᠨ ᠲᠥᠯᠥᠪᠯᠡᠵᠦ᠂ ᠠᠵᠢᠯ ᠤᠨ ᠡᠭᠦᠷᠭᠡ ᠶᠢ ᠨᠠᠷᠢᠯᠢᠭᠵᠢᠭᠤᠯᠤᠨ ᠵᠠᠳᠠᠯᠵᠤ᠂ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃ ︽6·1︾  ᠤ ᠳᠡᠯᠡᠬᠡᠢ ᠶᠢᠨ ᠬᠡᠦᠬᠡᠳ ᠤᠨ ᠪᠠᠶᠠᠷ ᠵᠡᠷᠭᠡ ᠴᠢᠬᠤᠯᠠ ᠵᠠᠩᠭᠢᠯᠠᠭ᠎ᠠ ᠶᠢᠨ ᠴᠡᠭ ᠢ ᠠᠳᠬᠤᠵᠤ᠂ ᠲᠤᠬᠠᠢ ᠶᠢᠨ ᠭᠠᠵᠠᠷ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠢᠳᠡᠪᠬᠢᠲᠡᠢ ᠪᠠᠷ ᠬᠠᠷᠢᠭᠤ ᠮᠡᠳᠡᠭᠦᠯᠵᠦ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠰᠡᠳᠬᠢᠴᠡ ᠶᠢᠨ ᠡᠷᠡᠭᠦᠯ ᠮᠡᠨᠳᠦ ᠶᠢ ᠬᠠᠯᠠᠮᠵᠢᠯᠠᠬᠤ ᠦᠢᠯᠡᠴᠢᠯᠡᠭᠡᠨ ᠤ ᠬᠥᠮᠥᠰ ᠤᠨ ᠬᠦᠴᠦᠨ᠂ ᠠᠵᠢᠯ ᠤᠨ ᠪᠠᠲᠤᠯᠠᠭ᠎ᠠ᠂ ᠪᠡᠯᠡ ᠮᠥᠩᠭᠦ ᠶᠢᠨ ᠳᠡᠮᠵᠢᠯᠭᠡ ᠵᠡᠷᠭᠡ ᠲᠠᠯ᠎ᠠ ᠶᠢᠨ ᠠᠰᠠᠭᠤᠳᠠᠯ ᠪᠣᠯᠣᠨ ᠬᠦᠴᠢᠷᠳᠡᠯ ᠢ ᠰᠤᠳᠤᠯᠤᠨ ᠰᠢᠢᠳᠪᠦᠷᠢᠯᠡᠬᠦ ᠪᠠᠷ ᠳᠡᠪᠰᠢᠭᠦᠯᠬᠦ ᠬᠡᠷᠡᠭᠲᠡᠢ᠃    ︵ᠬᠤᠶᠠᠷ︶ ᠠᠵᠢᠯᠯᠠᠭ᠎ᠠ ᠶᠢᠨ ᠬᠡᠯᠪᠡᠷᠢ ᠶᠢᠨ ᠰᠢᠨ᠎ᠡ ᠶᠢ ᠡᠭᠦᠳᠦᠨ᠎ᠡ᠃ ᠰᠦᠯᠵᠢᠶ᠎ᠡ᠂ ᠰᠣᠨᠢᠨ᠂ ᠵᠢᠷᠭᠢᠶ᠎ᠡ᠂ APP᠂ ᠸᠢᠴᠠᠲ᠂ ᠸᠢᠳᠢᠤ᠋᠂ ᠡᠯᠧᠺᠲᠷᠣᠨ ᠳᠡᠯᠭᠡᠴᠡ ᠵᠡᠷᠭᠡ ᠡᠬᠢ ᠪᠠᠶᠠᠯᠢᠭ ᠤᠨ ᠲᠠᠪᠴᠠᠩ ᠪᠣᠯᠣᠨ ᠤᠬᠠᠭᠤᠯᠭ᠎ᠠ ᠶᠢᠨ ᠠᠷᠭ᠎ᠠ ᠵᠠᠮ ᠢ ᠶᠡᠷᠦᠩᠬᠡᠶᠢᠯᠡᠨ ᠬᠡᠷᠡᠭᠯᠡᠵᠦ᠂ ᠤᠬᠠᠭᠤᠯᠭ᠎ᠠ ᠶᠢᠨ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠤᠬᠠᠭᠤᠯᠭ᠎ᠠ ᠶᠢᠨ ᠠᠭᠤᠯᠭ᠎ᠠ ᠶᠢ ᠭᠦᠨᠵᠡᠭᠡᠶᠢᠷᠡᠭᠦᠯᠵᠦ᠂ ᠤᠬᠠᠭᠤᠯᠭ᠎ᠠ ᠶᠢᠨ ᠦᠷ᠎ᠡ ᠪᠦᠲᠦᠮᠵᠢ ᠶᠢ ᠴᠢᠩᠭᠠᠳᠬᠠᠬᠤ ᠬᠡᠷᠡᠭᠲᠡᠢ᠃ ᠭᠤᠣᠯ ᠰᠡᠳᠦᠪᠲᠦ ᠡᠳᠦᠷ᠂ ᠨᠡᠭᠡᠭᠡᠯᠲᠡᠲᠤ ᠡᠳᠦᠷ᠂ ᠪᠡᠶ᠎ᠡ ᠶᠢᠨ ᠲᠠᠮᠢᠷ ᠤᠨ ᠴᠤᠭᠯᠠᠭᠠᠨ᠂ ᠲᠤᠰᠬᠠᠢ ᠰᠡᠳᠦᠪᠲᠦ ᠲᠠᠶᠢᠯᠤᠮᠵᠢ᠂ ᠮᠡᠳᠡᠯᠭᠡ ᠶᠢᠨ ᠤᠷᠤᠯᠳᠤᠭᠠᠨ ᠵᠡᠷᠭᠡ ᠤᠯᠠᠨ ᠵᠦᠢᠯ ᠤᠨ ᠠᠵᠢᠯᠯᠠᠭ᠎ᠠ ᠶᠢᠨ ᠠᠴᠢᠶᠠᠯᠠᠪᠤᠷᠢ ᠶᠢ ᠰᠢᠨ᠎ᠡ ᠪᠠᠷ ᠡᠭᠦᠳᠦᠨ ᠬᠡᠷᠡᠭᠯᠡᠵᠦ᠂ ᠰᠡᠳᠬᠢᠴᠡ ᠶᠢᠨ ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠥᠮᠦᠵᠢᠯ ᠢ ᠴᠢᠩᠭᠠᠳᠬᠠᠵᠤ᠂ ᠭᠤᠣᠯ ᠰᠡᠳᠦᠪᠲᠦ ᠠᠵᠢᠯᠯᠠᠭ᠎ᠠ ᠶᠢᠨ ᠦᠷ᠎ᠡ ᠪᠦᠲᠦᠮᠵᠢ ᠶᠢ ᠴᠢᠩᠭᠠᠳᠬᠠᠬᠤ ᠬᠡᠷᠡᠭᠲᠡᠢ᠃ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠪᠡᠶ᠎ᠡ ᠰᠡᠳᠬᠢᠯ ᠤᠨ ᠬᠥᠭᠵᠢᠯᠲᠡ ᠶᠢᠨ ᠣᠨᠴᠠᠯᠢᠭ ᠪᠠ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ ᠬᠠᠮᠢᠶ᠎ᠠ ᠪᠦᠬᠦᠢ ᠠᠵᠢᠯᠯᠠᠭ᠎ᠠ ᠶᠢ  ᠬᠠᠨᠳᠤᠯᠭ᠎ᠠ  ᠲᠠᠢ ᠪᠠᠷ ᠲᠥᠯᠥᠪᠯᠡᠵᠦ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠯᠠᠮᠵᠢᠯᠠᠨ ᠲᠠᠶᠢᠳᠬᠤᠷᠠᠭᠤᠯᠵᠤ᠂ ᠬᠡᠦᠬᠡᠳ ᠪᠠ ᠭᠡᠷ ᠤᠨ ᠠᠬᠠᠮᠠᠳ ᠢ ᠦᠨᠡᠨ ᠪᠣᠳᠠᠲᠠᠢ ᠬᠦᠷᠲᠡᠮᠵᠢ ᠶᠢᠨ ᠲᠥᠷᠥᠭᠳᠡᠯ ᠲᠠᠢ ᠪᠣᠯᠭᠠᠬᠤ ᠬᠡᠷᠡᠭᠲᠡᠢ᠃ ︽ᠵᠢᠷᠭᠤᠭᠠᠨ ᠰᠠᠷ᠎ᠠ ᠶᠢᠨ ᠨᠢᠭᠡᠨ ᠤ ᠬᠡᠷᠡᠯᠳᠤᠬᠦᠯᠬᠡ︾ ᠰᠢᠷᠢᠰ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠪᠥᠬᠦ ᠨᠡᠶᠢᠭᠡᠮ ᠢᠶᠠᠷ ᠢᠶᠠᠨ ᠬᠡᠦᠬᠡᠳ ᠤᠨ ᠰᠡᠳᠬᠢᠴᠡ ᠶᠢᠨ ᠡᠷᠡᠭᠦᠯ ᠮᠡᠨᠳᠦ ᠶᠢ  ᠬᠠᠯᠠᠮᠵᠢᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ᠃    ︵ᠭᠤᠷᠪᠠ︶ ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠬᠡᠷᠡᠭᠲᠡᠢ᠃ ︽ᠰᠡᠳᠬᠢᠯ ᠰᠠᠨᠠᠭ᠎ᠠ ᠪᠠᠨ ᠠᠭᠤᠵᠢᠷᠠᠭᠤᠯᠤᠨ ᠦᠰᠦᠨ ᠪᠣᠶᠢᠵᠢᠵᠤ᠂ ᠰᠡᠳᠬᠢᠯ ᠰᠠᠨᠠᠭ᠎ᠠ ᠪᠠᠨ ᠨᠢᠭᠡᠳᠬᠡᠨ ᠢᠷᠡᠭᠡᠳᠦᠢ ᠪᠠᠨ ᠬᠠᠮᠠᠭᠠᠯᠠᠬᠤ ︾ ᠭᠤᠣᠯ ᠰᠡᠳᠦᠪᠲᠦ ᠠᠵᠢᠯᠯᠠᠭ᠎ᠠ ᠪᠠᠷ ᠠᠴᠢᠶᠠᠯᠠᠪᠤᠷᠢ ᠪᠣᠯᠭᠠᠵᠤ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠪᠤᠯᠤᠨ ᠭᠡᠷ ᠪᠦᠯᠢ ᠶᠢᠨ ᠰᠡᠳᠬᠢᠴᠡ ᠶᠢᠨ ᠡᠷᠡᠭᠦᠯ ᠮᠡᠨᠳᠦ ᠶᠢ ᠣᠨᠣᠰᠢᠯᠠᠨ ᠡᠮᠨᠡᠬᠦ᠂  ᠬᠠᠯᠠᠮᠵᠢᠯᠠᠬᠤ ᠦᠢᠯᠡᠴᠢᠯᠡᠭᠡ ᠵᠡᠷᠭᠡ ᠲᠠᠯ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠲᠣᠳᠣᠷᠬᠠᠢ ᠣᠶᠢᠯᠠᠭᠠᠭᠰᠠᠨ ᠰᠠᠭᠤᠷᠢᠨ ᠳᠡᠭᠡᠷ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠵᠣᠬᠢᠴᠠᠭᠤᠯᠤᠨ ᠬᠡᠦᠬᠡᠳ ᠤᠨ ᠰᠡᠳᠬᠢᠴᠡ ᠶᠢᠨ ᠯᠠᠪᠯᠠᠯᠭ᠎ᠠ ᠬᠠᠨᠭ᠍ᠭᠠᠬᠤ᠂ ᠠᠰᠠᠭᠤᠨ ᠣᠨᠣᠰᠢᠯᠠᠵᠤ ᠡᠪᠡᠳᠴᠢᠨ ᠦᠵᠡᠭᠦᠯᠬᠦ᠂ ᠰᠤᠷᠭᠠᠭᠤᠯᠢ ᠳᠤ ᠠᠭᠤᠰᠤᠯᠴᠠᠬᠤ ᠵᠡᠷᠭᠡ ᠲᠠᠯ᠎ᠠ ᠶᠢᠨ ᠪᠠᠴᠢᠮᠳᠠᠯ ᠬᠦᠴᠢᠷᠳᠡᠯ ᠵᠤᠪᠠᠨᠢᠯ ᠢ ᠨᠢ ᠲᠥᠪᠯᠡᠷᠡᠭᠦᠯᠦᠨ ᠰᠢᠢᠳᠪᠦᠷᠢᠯᠡᠬᠦ ᠬᠡᠷᠡᠭᠲᠡᠢ᠃ ᠠᠵᠢᠯ ᠤᠨ ᠰᠤᠳᠤᠯᠭᠠᠨ ᠢᠶᠠᠨ ᠴᠢᠩᠭᠠᠳᠬᠠᠵᠤ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠰᠡᠳᠬᠢᠴᠡ ᠶᠢᠨ ᠡᠷᠡᠭᠦᠯ ᠮᠡᠨᠳᠦ ᠶᠢ ᠬᠠᠯᠠᠮᠵᠢᠯᠠᠬᠤ ᠦᠢᠯᠡᠴᠢᠯᠡᠭᠡᠨ ᠤ ᠰᠢᠨ᠎ᠡ ᠵᠠᠮ᠂ ᠰᠢᠨ᠎ᠡ ᠵᠠᠭᠪᠤᠷ ᠢ ᠠᠯᠬᠤᠮ ᠠᠯᠬᠤᠮ ᠢᠶᠠᠷ ᠰᠦᠪᠡᠭᠴᠢᠯᠡᠬᠦ ᠬᠡᠷᠡᠭᠲᠡᠢ᠃ ᠤᠬᠠᠭᠤᠯᠤᠨ  ᠵᠢᠯᠤᠭᠤᠳᠬᠤ ᠡᠷᠴᠢᠮ ᠢᠶᠠᠨ ᠴᠢᠩᠭᠠᠳᠬᠠᠵᠤ᠂ ᠰᠠᠶᠢᠨ ᠠᠷᠭ᠎ᠠ᠂ ᠰᠠᠶᠢᠨ ᠲᠤᠷᠰᠢᠯᠭ᠎ᠠ᠂ ᠰᠠᠶᠢᠨ ᠨᠡᠶᠢᠲᠡᠯᠢᠭ ᠵᠢᠱᠢᠶ᠎ᠡ ᠶᠢ ᠴᠠᠭ ᠲᠤᠬᠠᠢ ᠳᠤ ᠨᠢ ᠠᠭᠤᠳᠠᠯᠵᠤ᠂ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠪᠥᠬᠦ ᠤᠯᠤᠰ ᠤᠨ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠰᠡᠳᠬᠢᠴᠡ ᠶᠢᠨ ᠡᠷᠡᠭᠦᠯ ᠮᠡᠨᠳᠦ ᠶᠢ  ᠬᠠᠯᠠᠮᠵᠢᠯᠠᠬᠤ ᠦᠢᠯᠡᠴᠢᠯᠡᠭᠡᠨ ᠤ ᠠᠵᠢᠯ ᠢ ᠳᠠᠬᠢᠨ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠬᠤ ᠬᠡᠷᠡᠭᠲᠡᠢ᠃    ᠠᠷᠠᠳ ᠤᠨ ᠶᠠᠪᠤᠳᠠᠯ ᠤᠨ ᠶᠠᠮᠤᠨ    ᠰᠤᠷᠭᠠᠨ ᠬᠥᠮᠦᠵᠢᠯ ᠤᠨ ᠶᠠᠮᠤᠨ     ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ    ᠡᠪ ᠬᠠᠮᠲᠤ ᠵᠠᠯᠠᠭᠤᠴᠤᠳ ᠤᠨ ᠡᠪᠯᠡᠯ ᠤᠨ ᠲᠦᠪ ᠬᠤᠷᠢᠶ᠎ᠠ        2024 ᠣᠨ ᠤ 5 ᠳ᠋ᠤᠭᠠᠷ ᠰᠠᠷ᠎ᠠ ᠶᠢᠨ 24      
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号