ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠬᠦᠮᠤᠵᠢᠯ ᠤᠨ ᠤᠷᠳᠤᠨ ᠢ ᠲᠤᠭᠤᠷᠢᠨ ᠦᠵᠡᠬᠦᠯᠪᠡ
ᠨᠡᠶᠢᠲᠡᠯᠡᠭᠰᠡᠨ ᠴᠠᠭ᠄
2024/5/31
  ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠳᠤᠳᠬᠠᠵᠤ᠂ ᠪᠠᠶᠢᠭᠤᠯᠭ᠎ᠠ ᠶᠢᠨ ᠨᠠᠮ ᠤᠨ ᠭᠡᠰᠢᠭᠦᠨ ᠺᠠᠳ᠋ᠷᠴᠤᠳ ᠤᠨ ᠳᠤᠮᠳᠠᠳᠤ ᠶᠢᠨ ᠦᠨᠳᠦᠰᠦᠲᠡᠨ ᠢ ᠮᠡᠳᠡᠷᠡᠬᠦ ᠰᠡᠳᠬᠢᠯᠭᠡ ᠪᠠ ᠣᠮᠣᠭᠰᠢᠯᠲᠤ ᠰᠡᠳᠬᠢᠯᠭᠡ ᠶᠢ ᠨᠡᠮᠡᠭᠳᠡᠭᠦᠯᠵᠦ᠂ ︽ᠦᠨᠳᠦᠰᠦᠲᠡᠨ ᠤ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠶᠢᠨ ᠲᠦᠯᠤᠬᠡ 5 ᠰᠠᠷ᠎ᠠ ᠶᠢᠨ 29  ᠤ ᠡᠳᠦᠷ  ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠵᠤ ᠬᠥᠬᠡᠬᠤᠲᠠ ᠶᠢᠨ ᠦᠨᠳᠦᠰᠦᠲᠡᠨ ᠤ ᠳᠡᠭᠡᠳᠦ ᠰᠤᠷᠭᠠᠭᠤᠯᠢ ᠳᠤ ᠬᠦᠷᠴᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠬᠥᠮᠦᠵᠢᠯ ᠤᠨ ᠣᠷᠳᠣᠨ  ᠳᠤ ᠲᠤᠭᠤᠷᠢᠨ ᠦᠵᠡᠬᠦᠯᠪᠡ᠃
W020240530618210496735_ORIGIN.jpg     ᠦᠵᠡᠭᠦᠯᠦᠯᠭᠡ ᠨᠢ ᠦᠨᠳᠦᠰᠦᠲᠡᠨ ᠨᠦᠭᠦᠳ ᠤᠨ ᠠᠭᠤᠰᠤᠯᠴᠠᠨ ᠴᠤᠭᠯᠠᠷᠠᠭᠰᠠᠨ ᠳᠤᠮᠳᠠᠳᠤ ᠶᠢᠨ
ᠦᠨᠳᠦᠰᠦᠲᠡᠨ ᠤ ᠬᠠᠮᠲᠤ ᠶᠢᠨ ᠴᠣᠭᠴᠠ ᠶᠢᠨ ᠡᠭᠦᠰᠦᠯ᠂ ᠪᠦᠷᠢᠯᠳᠦᠯ ᠪᠠ ᠬᠥᠭᠵᠢᠯᠲᠡ ᠪᠠᠷ ᠦᠯᠢᠭᠡᠷ ᠤᠨ ᠭᠤᠣᠯ ᠰᠢᠵᠢᠮ ᠪᠣᠯᠭᠠᠵᠤ᠂  ︽ᠪᠢᠳᠡ ᠬᠠᠮᠢᠭ᠎ᠠ ᠠᠴᠠ ᠢᠷᠡᠭᠰᠡᠨ ᠪᠤᠶ︾ ︽ᠪᠢᠳᠡ ᠬᠡᠨ ᠪᠤᠶ︾ ︽ᠪᠢᠳᠡ ᠬᠠᠮᠢᠭ᠎ᠠ ᠣᠴᠢᠬᠤ ᠪᠤᠶ︾ ᠭᠡᠬᠦ ᠭᠤᠷᠪᠠᠨ ᠬᠡᠰᠡᠭ ᠠᠴᠠ ᠳᠤᠮᠳᠠᠳᠤ ᠶᠢᠨ ᠦᠨᠳᠦᠰᠦᠲᠡᠨ ᠤ ᠪᠤᠶᠢᠵᠢᠯᠲᠠ ᠪᠠ ᠡᠭᠦᠰᠦᠯ᠂ ᠳᠤᠮᠳᠠᠳᠤ ᠶᠢᠨ ᠦᠨᠳᠦᠰᠦᠲᠡᠨ ᠠᠶᠠᠨᠳᠠᠭᠠᠨ ᠪᠠᠶᠢᠭᠰᠠᠨ ᠠᠴᠠ ᠪᠠᠨ ᠤᠬᠠᠮᠰᠠᠷ ᠲᠠᠢ ᠲᠡᠶᠢᠰᠢ ᠠᠶᠠᠯᠠᠬᠰᠠᠨ᠂ ᠳᠤᠮᠳᠠᠳᠤ ᠶᠢᠨ ᠦᠨᠳᠦᠰᠦᠲᠡᠨ ᠠᠭᠤᠤ ᠶᠡᠭᠡ ᠰᠡᠷᠭᠦᠨ ᠮᠠᠨᠳᠤᠯᠲᠠ ᠵᠦᠭ ᠤᠷᠤᠭᠰᠢᠯᠠᠭᠰᠠᠨ ᠲᠡᠤᠬᠡ ᠶᠢ ᠲᠤᠭᠠᠴᠢᠨ ᠦᠬᠦᠯᠡᠵᠡᠢ᠃ ᠲᠣᠭᠤᠷᠢᠨ ᠦᠵᠡᠬᠦ ᠶᠠᠪᠤᠴᠠ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠪᠠᠷ ᠳᠠᠮᠵᠢᠭᠤᠯᠤᠨ ᠬᠥᠭᠵᠢᠯᠲᠡ ᠶᠢᠨ ᠲᠡᠦᠬᠡ ᠪᠠ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠦᠯᠢᠭᠡᠷ᠂ ᠦᠨᠡᠨ ᠪᠣᠳᠠᠲᠠᠢ ᠰᠢᠨ᠎ᠡ ᠰᠣᠷᠭᠤᠭ ᠭᠡᠷᠡᠯ ᠵᠢᠷᠤᠭ ᠢ ᠪᠦᠷᠢᠯᠳᠦᠭᠦᠯᠵᠦ᠂ ᠨᠠᠮ ᠤᠨ ᠭᠡᠰᠢᠭᠦᠨ ᠺᠠᠳ᠋ᠷᠴᠤᠳ ᠢ ᠰᠦᠷ ᠳᠠᠯᠠᠶᠢᠴᠠᠲᠠᠢ ᠲᠡᠦᠬᠡ ᠶᠢᠨ ᠤᠷᠳᠤ ᠠᠶᠠᠨ ᠳᠤ ᠣᠷᠣᠭᠤᠯᠵᠤ᠂ ᠦᠨᠳᠦᠰᠦᠲᠡᠨ ᠨᠦᠭᠦᠳ ᠤᠨ ᠣᠯᠣᠭᠰᠠᠨ ᠭᠡᠷᠡᠯ ᠰᠠᠴᠤᠷᠠᠩᠭᠤᠢ ᠠᠮᠵᠢᠯᠲᠠ ᠶᠢ ᠭᠦᠨ ᠰᠠᠭᠤᠭᠳᠠᠯ ᠲᠠᠢ ᠪᠠᠷ ᠡᠷᠭᠢᠴᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠳᠤᠳᠬᠠᠬᠤ ᠶᠢᠨ ᠠᠭᠤᠯᠤᠭᠳᠠᠬᠤᠨ ᠪᠠ ᠱᠠᠭᠠᠷᠳᠠᠯᠭ᠎ᠠ ᠶᠢ ᠨᠡᠩ ᠰᠢᠭᠤᠳ ᠲᠣᠳᠣᠷᠬᠠᠢ ᠮᠡᠳᠡᠷᠡᠬᠦᠯᠵᠡᠢ᠃
W020240530618211378099_ORIGIN.jpg    ᠲᠣᠭᠤᠷᠢᠨ ᠦᠵᠡᠵᠦ ᠳᠠᠭᠤᠰᠤᠭᠰᠠᠨ ᠤ ᠳᠠᠷᠠᠭ᠎ᠠ ᠨᠠᠮ ᠤᠨ ᠭᠡᠰᠢᠭᠦᠨ ᠺᠠᠳ᠋ᠷᠴᠤᠳ᠄ ︽ᠤᠭ ᠰᠠᠨᠠᠭ᠎ᠠ ᠡᠭᠦᠷᠭᠡ
ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠨᠠᠮ ᠤᠨ ᠠᠴᠢ ᠶᠢ ᠮᠡᠳᠡᠷᠡᠨ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ  ᠪᠠ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠡᠬᠦᠷᠬᠡ ᠬᠠᠷᠢᠭᠤᠴᠠᠯᠭᠠᠲᠤ ᠰᠡᠳᠬᠢᠯᠭᠡ ᠪᠠᠨ ᠤᠯᠠᠮ ᠪᠠᠲᠤᠳᠬᠠᠵᠤ᠂ ᠬᠠᠷᠠᠯᠲᠠ ᠪᠠᠨ ᠲᠤᠬᠳᠠᠭᠠᠨ ᠡᠷᠡᠯᠬᠡᠭᠯᠡᠨ ᠤᠷᠤᠭᠰᠢᠯᠠᠵᠤ᠂ ᠰᠤᠷᠤᠯᠴᠠᠯᠭ᠎ᠠ ᠶᠢᠨ ᠦᠷ᠎ᠡ ᠪᠦᠲᠦᠮᠵᠢ ᠪᠠᠨ ᠠᠷᠠᠳ ᠤᠨ ᠶᠠᠪᠤᠳᠠᠯ ᠤᠨ ᠠᠵᠢᠯ ᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠤᠨ᠎ᠠ︾ ᠭᠡᠵᠦ ᠢᠯᠡᠳᠬᠡᠵᠡᠭᠡᠪᠡ᠃    ᠲᠢᠩᠬᠢᠮ ᠤᠨ ᠤᠳᠤᠷᠢᠳᠤᠯᠭ᠎ᠠ᠂ ᠡᠯ᠎ᠡ ᠭᠠᠵᠠᠷ ᠲᠠᠰᠤᠭ ᠤᠨ ᠰᠢᠭᠤᠳ ᠬᠠᠷᠢᠶ᠎ᠠ ᠨᠢᠬᠡᠴᠢ ᠶᠢᠨ ᠳᠡᠳ᠋ ᠭᠠᠵᠠᠷ ᠤᠨ ᠲᠡᠰ ᠠᠴᠠ ᠳᠡᠭᠡᠭᠰᠢᠬᠢ ᠨᠠᠮ ᠤᠨ ᠭᠡᠰᠢᠭᠦᠨ ᠺᠠᠳ᠋ᠷ 30 ᠭᠠᠷᠤᠢ ᠬᠥᠮᠥᠨ ᠠᠵᠢᠯᠯᠠᠭ᠎ᠠ ᠳᠤ ᠣᠷᠣᠯᠴᠠᠪᠠ ᠃  
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号