ᠣᠷᠣᠯᠭ᠎ᠠ ᠪᠠᠭ᠎ᠠ ᠬᠦᠮᠦᠰ ᠢ ᠮᠠᠭᠠᠳᠯᠠᠨ ᠲᠣᠭᠲᠠᠭᠠᠬᠤ ᠪᠠ ᠬᠥᠳᠡᠯᠦᠩᠭᠦᠢ ᠪᠠᠶᠢᠳᠠᠯ ᠢ ᠨᠢ ᠬᠢᠨᠠᠨ ᠬᠡᠮᠵᠢᠬᠦ ᠠᠵᠢᠯ ᠢ ᠴᠢᠩᠭᠠᠳᠬᠠᠬᠤ ᠲᠤᠬᠠᠢ ᠠᠷᠠᠳ ᠤᠨ ᠶᠠᠪᠤᠳᠠᠯ ᠤᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2024/5/8
ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠶᠠᠪᠤᠳᠠᠯ ᠤᠨ ᠲᠢᠩᠬᠢᠮ ︵ᠲᠣᠪᠴᠢᠶ᠎ᠠ︶᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠳᠤ᠄    ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠲᠠᠷᠬᠠᠭᠠᠭᠰᠠᠨ ᠠᠷᠠᠳ ᠤᠨ ᠶᠠᠪᠤᠳᠠᠯ ᠤᠨ ᠶᠠᠮᠤᠨ ᠵᠡᠷᠭᠡ  ᠨᠢᠬᠡᠴᠢ ᠶᠢᠨ ︽ᠣᠷᠣᠯᠭ᠎ᠠ ᠪᠠᠭ᠎ᠠ ᠬᠦᠮᠦᠰ ᠤᠨ ᠬᠥᠳᠡᠯᠦᠩᠭᠦᠢ ᠪᠠᠶᠢᠳᠠᠯ ᠤᠨ ᠬᠢᠨᠠᠨ ᠬᠡᠮᠵᠢᠯᠲᠡ ᠶᠢ ᠴᠢᠩᠭᠠᠳᠬᠠᠵᠤ᠂ ᠨᠡᠶᠢᠭᠡᠮ ᠤᠨ  ᠲᠤᠰᠠᠯᠠᠮᠵᠢ ᠶᠢᠨ ᠠᠵᠢᠯ ᠢ ᠳᠡᠰ ᠲᠥᠷᠥᠯ ᠬᠤᠪᠢᠶᠠᠨ ᠰᠠᠶᠢᠲᠤᠷ ᠬᠢᠬᠦ ᠲᠤᠬᠠᠢ ᠰᠠᠨᠠᠯ︾ ᠢ ᠭᠦᠨᠵᠡᠭᠡᠢ ᠨᠠᠶᠢᠳᠠᠪᠤᠷᠢᠵᠢᠭᠤᠯᠤᠨ᠂ ᠣᠷᠣᠯᠭ᠎ᠠ  ᠪᠠᠭ᠎ᠠ ᠬᠦᠮᠦᠰ ᠤᠨ ᠬᠥᠳᠡᠯᠦᠩᠭᠦᠢ ᠪᠠᠶᠢᠳᠠᠯ ᠢ ᠬᠢᠨᠠᠨ ᠬᠡᠮᠵᠢᠬᠦ ᠪᠠ  ᠲᠤᠰᠠᠯᠠᠵᠤ ᠲᠡᠳᠬᠦᠬᠦ ᠠᠵᠢᠯ ᠢ  ᠴᠢᠩᠭᠠᠳᠬᠠᠵᠤ᠂ ᠨᠡᠶᠢᠭᠡᠮ ᠤᠨ ᠲᠤᠰᠠᠯᠠᠮᠵᠢᠨ ᠶᠢᠨ ︽ᠦᠨᠳᠦᠰᠦᠨ ᠪᠠᠳᠤᠯᠠᠭ᠎ᠠ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠬᠥᠭᠵᠢᠯᠲᠡ ᠶᠢ ᠠᠬᠢᠭᠤᠯᠬᠤ︾ ᠴᠢᠳᠠᠮᠵᠢ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠠᠷᠠᠳ ᠤᠨ ᠠᠮᠢᠳᠤᠷᠠᠯ ᠤᠨ ᠦᠨᠳᠦᠰᠦᠨ ᠪᠠᠳᠤᠯᠠᠭ᠎ᠠ ᠶᠢᠨ ᠠᠶᠤᠯ ᠦᠬᠡᠢ ᠶᠢᠨ ᠲᠤᠤᠷᠵᠢᠯ ᠢ ᠨᠢᠭᠲᠠ ᠪᠠᠲᠤ ᠰᠦᠯᠵᠢᠬᠦ ᠶᠢᠨ ᠲᠦᠯᠤᠬᠡ ᠣᠷᠣᠯᠭ᠎ᠠ ᠪᠠᠭ᠎ᠠ ᠬᠦᠮᠦᠰ ᠢ ᠮᠠᠭᠠᠳᠯᠠᠨ ᠲᠣᠭᠲᠠᠭᠠᠬᠤ ᠪᠠ ᠬᠥᠳᠡᠯᠦᠩᠭᠦᠢ ᠪᠠᠶᠢᠳᠠᠯ ᠢ ᠨᠢ ᠬᠢᠨᠠᠨ ᠬᠡᠮᠵᠢᠬᠦ ᠠᠵᠢᠯ ᠢ ᠴᠢᠩᠭᠠᠳᠬᠠᠬᠤ ᠲᠤᠬᠠᠢ ᠬᠤᠯᠪᠣᠭᠳᠠᠯ ᠪᠦᠬᠦᠢ ᠵᠦᠢᠯᠡᠰ ᠢ ᠮᠡᠳᠡᠭᠳᠡᠶ᠎ᠡ᠃    ᠨᠢᠭᠡ᠂ ᠣᠷᠣᠯᠭ᠎ᠠ  ᠪᠠᠭ᠎ᠠ ᠬᠦᠮᠦᠰ ᠢ ᠮᠠᠭᠠᠳᠯᠠᠨ ᠲᠣᠭᠲᠠᠭᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠦᠨ᠎ᠡ᠃ ᠡᠯ᠎ᠡ ᠭᠠᠵᠠᠷ ᠤᠨ ᠬᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠳᠡᠭᠰᠡᠳ᠂ ᠣᠨᠴᠠ ᠬᠦᠴᠢᠷᠳᠡᠯᠲᠡᠢ ᠬᠥᠮᠥᠰ ᠢ ᠦᠨᠡᠯᠡᠬᠦ ᠠᠵᠢᠯ ᠢ ᠰᠠᠶᠢᠲᠤᠷ ᠬᠢᠭᠰᠡᠨ ᠰᠠᠭᠤᠷᠢᠨ ᠳᠡᠭᠡᠷ᠎ᠡ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠨᠠᠭᠠᠨ᠎ᠠ ᠴᠠᠭᠠᠨ᠎ᠠ ᠪᠠᠶᠢᠭ᠎ᠠ ᠭᠡᠷ ᠪᠦᠯᠢ᠂ ᠵᠠᠶᠢᠯᠠᠰᠢ ᠦᠭᠡᠢ ᠵᠠᠷᠤᠯᠭ᠎ᠠ  ᠲᠠᠢ ᠬᠦᠴᠢᠷᠳᠡᠯᠲᠡᠢ ᠭᠡᠷ ᠪᠦᠯᠢ ᠶᠢ ᠦᠨᠡᠯᠡᠬᠦ ᠠᠵᠢᠯ ᠢ ᠪᠥᠬᠦ ᠲᠠᠯ᠎ᠠ ᠪᠠᠷ ᠥᠷᠨᠢᠭᠦᠯᠬᠦ ᠬᠡᠷᠡᠭᠲᠡᠢ᠃ ᠰᠢᠶᠠᠨ ︵ᠬᠤᠲᠠ᠂ ᠲᠣᠭᠤᠷᠢᠭ᠂ ᠬᠤᠰᠢᠭᠤ︶ ᠢᠶᠠᠷ ᠨᠢᠭᠡᠴᠢ ᠪᠣᠯᠭᠠᠵᠤ᠂ ᠭᠡᠷ ᠪᠦᠯᠢ ᠶᠢᠨ ᠪᠡᠶ᠎ᠡ ᠪᠠᠨ ᠳᠠᠭᠠᠭᠠᠵᠤ ᠭᠤᠶᠤᠴᠢᠯᠠᠨ ᠮᠡᠳᠡᠭᠦᠯᠬᠦ ᠶᠢ ᠭᠤᠶᠤᠴᠢᠯᠠᠬᠤ ᠶᠢᠨ ᠬᠠᠮᠲᠤ᠂ ᠰᠠᠨᠠᠭᠠᠴᠢᠯᠠᠭ᠎ᠠ ᠠᠴᠠ ᠪᠠᠨ ᠢᠯᠡᠷᠡᠭᠦᠯᠬᠦ ᠲᠣᠭᠲᠠᠴᠠ ᠶᠢ ᠰᠠᠶᠢᠲᠤᠷ ᠬᠡᠷᠡᠭᠯᠡᠨ᠂ ︽ᠲᠣᠮᠣ ᠳ᠋ᠠᠶᠢᠲ᠋ᠠ + ᠭᠠᠨᠭ᠌ ᠲᠦᠷᠤᠬᠡ︾ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠨᠥᠬᠦᠴᠡᠯ ᠳᠤ ᠨᠡᠶᠢᠴᠡᠬᠦ ᠦᠭᠡᠢ ᠪᠣᠯᠪᠠᠴᠤ ᠭᠡᠷ ᠪᠦᠯᠢ ᠶᠢᠨ ᠬᠥᠮᠥᠨ ᠳᠤᠮᠳᠠᠴᠢ ᠶᠢᠨ ᠣᠷᠣᠯᠭ᠎ᠠ ᠨᠢ ᠲᠤᠬᠠᠢ ᠶᠢᠨ ᠭᠠᠵᠠᠷ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ 1.5 ᠳᠠᠬᠢᠨ ᠳᠣᠣᠷ᠎ᠠ ᠮᠥᠷᠲᠡᠭᠡᠨ ᠭᠡᠷ ᠪᠦᠯᠢ ᠶᠢᠨ ᠡᠳ᠋ ᠬᠥᠷᠥᠩᠭᠡ ᠶᠢᠨ ᠪᠠᠶᠢᠳᠠᠯ ᠨᠢ ᠲᠤᠬᠠᠢ ᠶᠢᠨ ᠭᠠᠵᠠᠷ ᠤᠨ ᠬᠠᠮᠢᠶ᠎ᠠ ᠪᠦᠬᠦᠢ ᠲᠣᠭᠲᠠᠭᠠᠯ ᠳᠤ ᠨᠡᠶᠢᠴᠡᠭᠰᠡᠨ ᠭᠡᠷ ᠪᠦᠯᠢ ᠶᠢ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠨᠠᠭᠠᠨ᠎ᠠ ᠴᠠᠭᠠᠨ᠎ᠠ ᠪᠠᠶᠢᠭ᠎ᠠ ᠭᠡᠷ ᠪᠦᠯᠢ ᠪᠠᠷ ᠮᠠᠭᠠᠳᠯᠠᠨ ᠲᠣᠭᠲᠠᠭᠠᠨ᠎ᠠ᠃ ᠭᠡᠷ ᠪᠦᠯᠢ ᠶᠢᠨ ᠬᠥᠮᠥᠨ ᠳᠤᠮᠳᠠᠴᠢ ᠶᠢᠨ ᠣᠷᠣᠯᠭ᠎ᠠ ᠨᠢ ᠳᠡᠭᠡᠷ᠎ᠡ ᠵᠢᠯ ᠤᠨ ᠲᠤᠬᠠᠢ ᠶᠢᠨ ᠭᠠᠵᠠᠷ ᠤᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠠᠴᠠ ᠳᠣᠣᠷ᠎ᠠ᠂ ᠭᠡᠷ ᠪᠦᠯᠢ ᠶᠢᠨ ᠡᠳ᠋ ᠬᠥᠷᠥᠩᠭᠡ ᠶᠢᠨ ᠪᠠᠶᠢᠳᠠᠯ ᠨᠢ ᠲᠤᠬᠠᠢ ᠶᠢᠨ ᠭᠠᠵᠠᠷ ᠤᠨ ᠬᠠᠮᠢᠶ᠎ᠠ ᠪᠦᠬᠦᠢ ᠲᠣᠭᠲᠠᠭᠠᠯ ᠳᠤ ᠨᠡᠶᠢᠴᠡᠬᠦ ᠮᠥᠷᠲᠡᠭᠡᠨ ᠭᠡᠷ ᠪᠦᠯᠢ ᠶᠢᠨ ᠶᠡᠷᠦᠩᠬᠡᠢ ᠣᠷᠣᠯᠭ᠎ᠠ ᠳᠤ ᠬᠢ ᠡᠮᠴᠢᠯᠡᠭᠡ᠂ ᠰᠤᠷᠭᠠᠨ ᠬᠥᠮᠦᠵᠢᠯ ᠵᠡᠷᠭᠡ ᠴᠢᠬᠤᠯᠠ ᠪᠦᠬᠦᠢ ᠵᠠᠷᠤᠯᠭ᠎ᠠ ᠶᠢᠨ ᠡᠵᠡᠯᠡᠬᠦ ᠬᠠᠷᠢᠴᠠᠯ ᠨᠢ ᠲᠤᠬᠠᠢ ᠶᠢᠨ ᠭᠠᠵᠠᠷ ᠤᠨ ᠲᠣᠭᠲᠠᠭᠠᠭᠰᠠᠨ ᠬᠠᠷᠢᠴᠠᠯ ᠠᠴᠠ ᠬᠡᠲᠦᠷᠡᠭᠰᠡᠨ ᠭᠡᠷ ᠪᠦᠯᠢ ᠶᠢ ᠵᠠᠪᠠᠯ ᠵᠠᠷᠤᠴᠠᠭᠤᠯᠬᠤ ᠳᠤ ᠬᠦᠴᠢᠷᠲᠡᠢ ᠭᠡᠷ ᠪᠦᠯᠢ ᠪᠠᠷ ᠮᠠᠭᠠᠳᠯᠠᠨ ᠲᠣᠭᠲᠠᠭᠠᠨ᠎ᠠ᠃ ᠦᠨᠡᠯᠡᠭᠳᠡᠭᠴᠢ ᠶᠢᠨ ᠮᠡᠳᠡᠭᠡ ᠵᠠᠩᠭᠢ ᠶᠢ  ᠣᠷᠣᠯᠭ᠎ᠠ ᠪᠠᠭ᠎ᠠ ᠬᠦᠮᠦᠰ  ᠤᠨ ᠲᠤᠭ᠎ᠠ ᠪᠠᠷᠢᠮᠲᠠ ᠶᠢᠨ ᠬᠥᠮᠥᠷᠭᠡ ᠶᠢ ᠡᠯ᠎ᠡ ᠭᠠᠵᠠᠷ ᠤᠨ ᠬᠢᠨ ᠭᠤᠶᠤᠴᠢᠯᠠᠭᠰᠠᠨ ᠭᠡᠷ ᠪᠦᠯᠢ ᠶᠢᠨ ᠪᠣᠳᠠᠲᠠᠢ ᠠᠮᠢᠳᠤᠷᠠᠯ ᠤᠨ ᠪᠠᠶᠢᠳᠠᠯ ᠢ ᠦᠨᠳᠦᠰᠦᠯᠡᠨ ᠣᠷᠣᠯᠭ᠎ᠠ  ᠪᠠᠭ᠎ᠠ ᠬᠦᠮᠦᠰ ᠢ ᠮᠠᠭᠠᠳᠯᠠᠨ ᠲᠣᠭᠲᠠᠭᠠᠬᠤ ᠠᠵᠢᠯ ᠢ ᠦᠷᠨᠢᠬᠦᠯᠬᠦ ᠬᠡᠷᠡᠭᠲᠡᠢ᠃ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ  ᠨᠠᠭᠠᠨ᠎ᠠ ᠴᠠᠭᠠᠨ᠎ᠠ ᠪᠠᠶᠢᠭ᠎ᠠ ᠭᠡᠷ ᠪᠦᠯᠢ ᠪᠠ ᠵᠠᠶᠢᠯᠠᠰᠢ ᠦᠭᠡᠢ ᠵᠠᠷᠤᠯᠭ᠎ᠠ ᠶᠢᠨ ᠬᠦᠴᠢᠷᠳᠡᠯ ᠲᠠᠢ ᠭᠡᠷ ᠪᠦᠯᠢ ᠶᠢ ᠮᠠᠭᠠᠳᠯᠠᠨ ᠲᠣᠭᠲᠠᠭᠠᠬᠤ ᠳᠤ ᠮᠠᠭᠠᠳᠯᠠᠨ ᠲᠣᠭᠲᠠᠭᠠᠬᠤ ᠪᠠ ᠲᠤᠰᠠᠯᠠᠵᠤ  ᠲᠡᠳᠬᠦᠬᠦ ᠶᠢᠨ ᠬᠠᠷᠢᠴᠠᠭ᠎ᠠ ᠶᠢ ᠣᠨᠣᠪᠴᠢᠲᠠᠶ ᠡᠵᠡᠮᠳᠡᠨ᠂ ᠭᠤᠶᠤᠴᠢᠯᠠᠭᠰᠠᠨ ᠭᠡᠷ ᠪᠦᠯᠢ ᠶᠢᠨ ᠬᠤᠪᠢ ᠬᠥᠮᠥᠨ ᠤ ᠨᠢᠭᠤᠴᠠ ᠶᠢ ᠬᠠᠮᠠᠭᠠᠯᠠᠬᠤ ᠠᠴᠠ ᠡᠭᠦᠰᠴᠦ᠂ ︽ᠬᠡᠨ  ᠲᠤᠰᠠᠯᠠᠪᠠᠯ ᠬᠡᠨ ᠢᠯᠡᠵᠢᠬᠦᠯᠬᠦ︾ ᠶᠢ ᠪᠠᠷᠢᠮᠲᠠᠯᠠᠨ᠂ ᠮᠠᠭᠠᠳᠯᠠᠨ ᠲᠣᠭᠲᠠᠭᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠦᠭᠰᠡᠨ ᠰᠠᠭᠤᠷᠢᠨ ᠳᠡᠭᠡᠷ᠎ᠡ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠲᠠᠢ ᠬᠠᠮᠲᠤᠷᠠᠨ ᠲᠥᠷᠥᠯ ᠬᠤᠪᠢᠶᠠᠨ ᠲᠤᠰᠠᠯᠠᠬᠤ ᠬᠡᠷᠡᠭᠲᠡᠢ᠃    ᠬᠤᠶᠠᠷ᠂ ᠣᠷᠣᠯᠭ᠎ᠠ ᠪᠠᠭ᠎ᠠ ᠬᠦᠮᠦᠰ ᠤᠨ ᠬᠥᠳᠡᠯᠦᠩᠭᠦᠢ ᠪᠠᠷ ᠬᠢᠨᠠᠨ ᠬᠡᠮᠵᠢᠬᠦ ᠠᠵᠢᠯ ᠢ ᠴᠢᠩᠭᠠᠳᠬᠠᠬᠤ ᠬᠡᠷᠡᠭᠳᠡᠢ᠃ ᠡᠯ᠎ᠡ ᠭᠠᠵᠠᠷ ᠤᠨ ᠬᠢᠨ ︽ᠠᠶᠤᠯ ᠲᠦᠭᠰᠢᠭᠦᠷᠢ ᠶᠢ ᠰᠡᠷᠭᠡᠶᠢᠯᠡᠬᠦ︾ ᠪᠠᠷ ᠬᠠᠷᠠᠯᠲᠠ ᠪᠣᠯᠭᠠᠵᠤ᠂ ᠬᠢᠨᠠᠨ ᠰᠢᠯᠭᠠᠬᠤ ᠬᠦᠷᠢᠶ᠎ᠡ ᠬᠡᠪᠴᠢᠶ᠎ᠡ ᠪᠠᠨ ᠠᠯᠬᠤᠮ ᠠᠯᠬᠤᠮ ᠢᠶᠠᠷ ᠥᠷᠭᠡᠳᠬᠡᠵᠦ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠬᠦᠷᠳᠡᠭᠰᠡᠳ᠂ ᠣᠨᠴᠠ ᠬᠦᠴᠢᠷᠳᠡᠯ ᠲᠠᠢ ᠬᠥᠮᠥᠰ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠨᠠᠭᠠᠨ᠎ᠠ ᠴᠠᠭᠠᠨ᠎ᠠ ᠪᠠᠶᠢᠭ᠎ᠠ ᠭᠡᠷ ᠪᠦᠯᠢ᠂ ᠵᠠᠷᠤᠯᠭ᠎ᠠ ᠶᠢᠨ ᠲᠠᠯ᠎ᠠ ᠪᠠᠷ ᠬᠦᠴᠢᠷᠳᠡᠯ ᠲᠠᠢ ᠭᠡᠷ ᠪᠦᠯᠢ ᠶᠢᠨ ᠬᠢᠨᠠᠨ ᠬᠡᠮᠵᠢᠯᠲᠡ ᠶᠢ ᠰᠠᠶᠢᠲᠤᠷ ᠬᠢᠭᠰᠡᠨ ᠰᠠᠭᠤᠷᠢᠨ ᠳᠡᠭᠡᠷ᠎ᠡ᠂ ᠳᠠᠬᠢᠨ ᠶᠠᠳᠠᠭᠤᠷᠠᠬᠤ ᠠᠴᠠ ᠨᠢ ᠰᠡᠷᠬᠡᠶᠢᠯᠡᠵᠤ ᠬᠢᠨᠠᠨ ᠰᠢᠯᠭᠠᠬᠤ ᠡᠲᠡᠭᠡᠳ ᠢ ᠰᠡᠷᠭᠡᠶᠢᠯᠡᠵᠦ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯ ᠲᠠᠢ ᠬᠥᠮᠥᠰ ᠢ ᠲᠤᠰᠠᠯᠠᠵᠤ ᠠᠰᠠᠷᠠᠨ ᠲᠡᠵᠢᠭᠡᠬᠦ ᠨᠥᠬᠦᠴᠡᠯ ᠳᠤ ᠨᠡᠶᠢᠴᠡᠬᠦ ᠦᠭᠡᠢ ᠭᠤᠶᠤᠴᠢᠯᠠᠭᠰᠠᠳ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠠᠴᠠ ᠭᠠᠷᠤᠭᠰᠠᠨ᠂ ᠣᠨᠴᠠ ᠬᠦᠴᠢᠷᠳᠡᠯᠲᠡᠢ ᠬᠥᠮᠥᠰ ᠢ ᠲᠤᠰᠠᠯᠠᠵᠤ ᠠᠰᠠᠷᠠᠨ ᠲᠡᠵᠢᠭᠡᠭᠡᠳ ᠬᠤᠶᠠᠷ ᠵᠢᠯ ᠪᠣᠯᠣᠭᠠᠳᠤᠢ ᠬᠦᠮᠦᠰ ᠪᠠ ᠲᠤᠬᠠᠢ ᠶᠢᠨ ᠭᠠᠵᠠᠷ ᠤᠨ ᠵᠠᠰᠠᠭ ᠤᠨ ᠣᠷᠳᠣᠨ ᠠᠴᠠ ᠮᠠᠭᠠᠳᠯᠠᠨ ᠲᠣᠭᠲᠠᠭᠠᠭᠰᠠᠨ ᠪᠤᠰᠤᠳ ᠬᠦᠴᠢᠷᠳᠡᠯᠲᠡᠢ ᠬᠥᠮᠥᠰ ᠵᠡᠷᠭᠡ ᠨᠠᠩ ᠣᠯᠠᠨ ᠳᠠᠯᠳᠠ ᠬᠦᠴᠢᠷᠳᠡᠯ ᠲᠠᠢ ᠪᠤᠶᠤ ᠣᠷᠣᠯᠭ᠎ᠠ ᠪᠠᠭ᠎ᠠ ᠬᠦᠮᠦᠰ ᠢ ᠴᠥᠮ ᠣᠷᠣᠯᠭ᠎ᠠ  ᠪᠠᠭ᠎ᠠ ᠬᠦᠮᠦᠰ ᠤᠨ ᠬᠥᠳᠡᠯᠦᠩᠭᠦᠢ ᠪᠠᠶᠢᠳᠠᠯ ᠢ ᠬᠢᠨᠠᠨ ᠬᠡᠮᠵᠢᠬᠦ ᠮᠡᠳᠡᠭᠡ ᠵᠠᠩᠭᠢ ᠶᠢᠨ ᠲᠠᠪᠴᠠᠩ ᠳᠤ ᠣᠷᠣᠭᠤᠯᠵᠤ᠂ ᠱᠠᠲᠤ ᠬᠤᠪᠢᠶᠠᠨ ᠬᠠᠮᠢᠶᠠᠷᠬᠤ᠂ ᠬᠥᠳᠡᠯᠦᠩᠭᠦᠢ ᠪᠠᠶᠢᠳᠠᠯ ᠢ ᠬᠢᠨᠠᠨ ᠬᠡᠮᠵᠢᠬᠦ ᠶᠢ ᠴᠢᠩᠭᠠᠷᠠᠭᠤᠯᠤᠨ᠎ᠠ᠃ ᠰᠠᠭᠤᠭᠠᠯᠢ ᠠᠷᠠᠳ ᠤᠨ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠬᠠᠷᠭᠤᠭᠤᠯᠬᠤ ᠠᠭᠤᠯᠭ᠎ᠠ ᠶᠢ ᠢᠳᠡᠪᠬᠢᠲᠡᠢ ᠥᠷᠭᠡᠳᠬᠡᠵᠦ᠂ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠬᠠᠷᠭᠤᠭᠤᠯᠬᠤ ᠲᠤᠭ᠎ᠠ ᠪᠠᠷᠢᠮᠲᠠ ᠶᠢᠨ ᠵᠦᠢᠯᠡᠰ ᠢ ᠠᠯᠬᠤᠮ ᠠᠯᠬᠤᠮ ᠢᠶᠠᠷ ᠨᠡᠮᠡᠭᠳᠡᠭᠦᠯᠬᠦ ᠬᠡᠷᠡᠭᠲᠡᠢ᠃ ᠣᠷᠣᠯᠭ᠎ᠠ ᠪᠠᠭ᠎ᠠ ᠬᠦᠮᠦᠰ ᠤᠨ ᠬᠥᠳᠡᠯᠦᠩᠭᠦᠢ ᠪᠠᠶᠢᠳᠠᠯ ᠢ ᠬᠢᠨᠠᠨ ᠬᠡᠮᠵᠢᠬᠦ ᠮᠡᠳᠡᠭᠡ ᠵᠠᠩᠭᠢ ᠶᠢᠨ ᠲᠠᠪᠴᠠᠩ ᠤᠨ ᠴᠢᠳᠠᠮᠵᠢ ᠶᠢᠨ ᠬᠡᠰᠡᠭ ᠢ ᠥᠷᠭᠡᠳᠬᠡᠵᠦ᠂ ᠬᠥᠳᠡᠯᠮᠦᠷᠢᠯᠡᠬᠦ ᠴᠢᠳᠠᠪᠤᠷᠢ᠂ ᠬᠥᠳᠡᠯᠮᠦᠷᠢᠯᠡᠬᠦ ᠨᠥᠬᠦᠴᠡᠯ᠂ ᠬᠥᠳᠡᠯᠮᠦᠷᠢᠯᠡᠬᠦ ᠬᠦᠰᠡᠯ᠂ ᠢᠳᠡᠬᠦ ᠤᠰᠤᠨ ᠤ ᠠᠶᠤᠯ ᠦᠬᠡᠢ᠂ ᠣᠷᠣᠨ ᠰᠠᠭᠤᠴᠠ ᠶᠢᠨ ᠠᠮᠤᠷ ᠲᠦᠪᠰᠢᠨ ᠤ ᠱᠣᠰᠢᠭ᠎ᠠ ᠲᠡᠮᠳᠡᠭ ᠢ ᠨᠡᠮᠡᠵᠦ᠂ ᠬᠠᠮᠢᠶ᠎ᠠ ᠪᠦᠬᠦᠢ ᠲᠤᠭ᠎ᠠ ᠪᠠᠷᠢᠮᠲᠠ ᠶᠢᠨ ᠬᠡᠷᠡᠭᠯᠡᠯᠲᠡ ᠶᠢ ᠴᠢᠩᠭᠠᠷᠠᠭᠤᠯᠤᠨ᠎ᠠ᠃ ᠬᠢᠨᠠᠨ ᠬᠡᠮᠵᠢᠵᠦ ᠰᠡᠷᠡᠮᠵᠢᠯᠡᠭᠦᠯᠬᠦ ᠭᠦᠢᠴᠡᠳᠬᠡᠯ ᠲᠤᠭ᠎ᠠ ᠶᠢᠨ ᠰᠢᠰᠲ᠋ᠧᠮ ᠢ ᠲᠡᠬᠦᠯᠳᠡᠷᠵᠢᠬᠦᠯᠤᠨ᠂ ᠡᠮᠴᠢᠯᠡᠭᠡᠨ ᠤ ᠵᠠᠷᠤᠯᠭ᠎ᠠ᠂ ᠰᠤᠷᠭᠠᠭᠤᠯᠢ ᠳᠤ ᠣᠷᠣᠬᠤ᠂ ᠵᠡᠮᠳᠡᠭᠷᠡᠬᠦ ᠵᠡᠷᠭᠡ ᠶᠢᠨ ᠰᠡᠷᠡᠮᠵᠢᠯᠡᠭᠦᠯᠬᠦ ᠭᠦᠢᠴᠡᠳᠬᠡᠯ ᠲᠤᠭ᠎ᠠ ᠶᠢ ᠲᠡᠭᠦᠯᠳᠡᠷᠵᠢᠭᠦᠯᠦᠨ᠂ ᠴᠠᠭ ᠲᠤᠬᠠᠢ ᠳᠤ ᠨᠢ ᠬᠢᠨᠠᠨ ᠬᠡᠮᠵᠢᠵᠦ᠂ ᠴᠠᠭ ᠲᠤᠬᠠᠢ  ᠳᠤ ᠨᠢ ᠰᠡᠷᠡᠮᠵᠢᠯᠡᠬᠦᠯᠤᠨ᠎ᠡ᠃ ᠱᠠᠲᠤ ᠬᠤᠪᠢᠶᠠᠨ ᠬᠠᠮᠢᠶᠠᠷᠬᠤ᠂ ᠬᠥᠳᠡᠯᠦᠩᠭᠦᠢ ᠪᠠᠷ ᠬᠢᠨᠠᠨ ᠬᠡᠮᠵᠢᠬᠦ᠂ ᠬᠡᠷᠡᠭᠴᠡᠭᠡ ᠠᠴᠠ ᠪᠣᠯᠵᠤ ᠬᠦᠷᠭᠡᠬᠦ᠂ ᠦᠷ᠎ᠡ ᠳ᠋ᠦᠩ ᠢ ᠬᠠᠷᠢᠭᠤ ᠲᠤᠰᠬᠠᠬᠤ ᠠᠵᠢᠯ ᠤᠨ  ᠶᠠᠪᠤᠴᠨ ᠶᠣᠰᠣᠭᠠᠷ  ᠣᠷᠣᠯᠭ᠎ᠠ ᠪᠠᠭ᠎ᠠ ᠬᠦᠮᠦᠰ ᠢ ᠡᠮᠴᠢᠯᠡᠬᠦ᠂ ᠰᠤᠷᠭᠠᠨ ᠬᠥᠮᠦᠵᠢᠯ᠂ ᠣᠷᠣᠨ ᠰᠠᠭᠤᠴᠠ᠂ ᠠᠵᠢᠯ ᠣᠯᠭᠤᠯᠲᠠ᠂ ᠠᠵᠤ ᠦᠢᠯᠡᠰ ᠢᠶᠠᠷ  ᠲᠡᠳᠬᠦᠬᠦ ᠵᠡᠷᠭᠡ ᠬᠡᠷᠡᠭᠴᠡᠭᠡ ᠱᠠᠭᠠᠷᠳᠠᠯᠭ᠎ᠠ ᠶᠢᠨ ᠮᠡᠳᠡᠭᠡ ᠵᠠᠩᠭᠢ ᠶᠢ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠴᠠᠭ ᠲᠤᠬᠠᠢ ᠳᠤ ᠨᠢ ᠬᠦᠷᠭᠡᠵᠦ᠂ ᠬᠠᠮᠢᠶ᠎ᠠ ᠪᠦᠬᠦᠢ ᠰᠠᠯᠠᠭ᠎ᠠ ᠮᠥᠴᠢᠷ ᠢ ᠨᠢᠭᠡᠳᠦᠯᠲᠡᠢ ᠲᠥᠯᠥᠪᠯᠡᠨ ᠵᠣᠬᠢᠴᠠᠭᠤᠯᠵᠤ ᠪᠠᠶᠢᠭᠠᠳ ᠲᠤᠰᠠᠯᠠᠵᠤ ᠲᠡᠳᠬᠦᠬᠦ ᠮᠡᠳᠡᠭᠡ ᠵᠠᠩᠭᠢ ᠶᠢ ᠴᠠᠭ ᠲᠤᠬᠠᠢ ᠳᠤ ᠨᠢ ᠬᠠᠷᠢᠭᠤ ᠲᠤᠰᠬᠠᠵᠤ᠂ ︽ᠨᠢᠭᠡ ᠡᠷᠦᠬᠡ ︵ᠬᠥᠮᠥᠨ︶ ᠶᠢ ᠨᠢᠭᠡ ᠠᠷᠭ᠎ᠠ ᠪᠠᠷ ᠲᠤᠰᠠᠯᠠᠬᠤ︾  ᠬᠠᠮᠢᠶᠠᠷᠤᠯᠲᠠ ᠶᠢᠨ ᠲᠣᠭᠲᠠᠴᠠ ᠶᠢ ᠪᠣᠶ ᠪᠣᠯᠭᠠᠬᠤ ᠬᠡᠷᠡᠭᠲᠡᠢ᠃     ᠭᠤᠷᠪᠠ᠂ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠵᠤ᠂ ᠵᠢᠱᠢᠯᠲᠡ ᠶᠢ ᠵᠦᠢ ᠵᠣᠬᠢᠰᠲᠠᠢ   ᠵᠢᠯᠣᠭᠤᠳᠤᠨ᠎ᠠ᠃ ᠡᠯ᠎ᠡ ᠭᠠᠵᠠᠷ ᠤᠨ ᠬᠢᠨ ᠨᠡᠶᠢᠭᠡᠮ ᠤᠨ ᠲᠤᠰᠠᠯᠠᠮᠵᠢ ᠶᠢᠨ ᠲᠥᠷᠥ ᠶᠢᠨ ᠪᠣᠳᠣᠯᠭ᠎ᠠ ᠶᠢ ᠶᠡᠭᠡ ᠪᠠᠷ ᠤᠬᠠᠭᠤᠯᠬᠤ ᠶᠢᠨ ᠬᠠᠮᠲᠤ᠂ ᠣᠷᠣᠯᠭ᠎ᠠ ᠪᠠᠭ᠎ᠠ ᠬᠦᠮᠦᠰ ᠤᠨ ᠬᠥᠳᠡᠯᠦᠩᠭᠦᠢ ᠪᠠᠶᠢᠳᠠᠯ ᠢ ᠬᠢᠨᠠᠨ ᠬᠡᠮᠵᠢᠬᠦ ᠠᠵᠢᠯ ᠪᠠ ᠱᠠᠲᠤ ᠲᠥᠷᠥᠯ ᠬᠤᠪᠢᠶᠠᠭᠰᠠᠨ ᠨᠡᠶᠢᠭᠡᠮ ᠤᠨ  ᠲᠤᠰᠠᠯᠠᠮᠵᠢ ᠶᠢᠨ ᠰᠢᠰᠲ᠋ᠧᠮ ᠤᠨ ᠤᠬᠠᠭᠤᠯᠭ᠎ᠠ ᠶᠢ ᠴᠢᠩᠭᠠᠳᠬᠠᠵᠤ᠂ ᠣᠷᠣᠯᠭ᠎ᠠ ᠪᠠᠭ᠎ᠠ ᠬᠦᠮᠦᠰ ᠢ ᠬᠥᠳᠡᠯᠦᠩᠭᠦᠢ ᠪᠠᠷ ᠬᠢᠨᠠᠨ ᠬᠡᠮᠵᠢᠬᠦ ᠠᠷᠭ᠎ᠠ ᠶᠢ ᠬᠡᠷᠡᠭᠵᠢᠭᠦᠯᠬᠦ ᠨᠢ ᠠᠶᠤᠯ ᠲᠦᠭᠰᠢᠭᠦᠷᠢ ᠶᠢ ᠪᠦᠲᠦᠮᠵᠢᠲᠡᠶ ᠪᠠᠷ ᠰᠡᠷᠭᠡᠶᠢᠯᠡᠬᠦ ᠪᠠ ᠠᠮᠢᠳᠤᠷᠠᠯ ᠤᠨ ᠬᠦᠴᠢᠷᠳᠡᠯ ᠢ ᠨᠠᠮᠳᠠᠭᠤᠯᠬᠤ ᠳᠤ ᠦᠵᠡᠭᠦᠯᠬᠦ ᠢᠳᠡᠪᠬᠢᠲᠡᠢ ᠦᠢᠯᠡᠳᠦᠯ ᠢ ᠤᠯᠠᠨ ᠲᠦᠮᠡᠨ ᠳᠤ ᠥᠷᠭᠡᠨ ᠢᠶᠠᠷ ᠮᠡᠳᠡᠭᠦᠯᠵᠦ᠂  ᠠᠮᠢᠳᠤᠷᠠᠯ ᠤᠨ ᠦᠨᠳᠤᠰᠤᠨ  ᠲᠤᠰᠠᠯᠠᠮᠵᠢ᠂ ᠲᠤᠰᠬᠠᠢ ᠵᠦᠢᠯ ᠤᠨ ᠨᠡᠶᠢᠭᠡᠮ ᠤᠨ ᠲᠤᠰᠠᠯᠠᠮᠵᠢ ᠪᠠ ᠪᠤᠰᠤᠳ ᠲᠤᠰᠠᠯᠠᠮᠵᠢ ᠶᠢᠨ ᠲᠦᠷᠦ ᠶᠢᠨ ᠪᠣᠳᠣᠯᠭ᠎ᠠ ᠶᠢ ᠭᠤᠶᠤᠴᠢᠯᠠᠬᠤ ᠨᠥᠬᠦᠴᠡᠯ᠂ ᠲᠤᠰᠠᠯᠠᠮᠵᠢ ᠶᠢᠨ ᠠᠭᠤᠯᠭ᠎ᠠ ᠵᠡᠷᠭᠡ ᠶᠢ ᠣᠶᠢᠯᠠᠭᠠᠭᠤᠯᠵᠤ᠂ ᠤᠯᠠᠨ ᠲᠦᠮᠡᠨ ᠤ ᠲᠠᠭᠠᠮᠠᠭ ᠢ ᠵᠦᠢ ᠵᠣᠬᠢᠰᠲᠠᠢ ᠪᠠᠷ ᠵᠢᠯᠣᠭᠤᠳᠤᠨ᠎ᠠ᠃ ᠨᠡᠶᠢᠭᠡᠮ ᠤᠨ ᠲᠤᠰᠠᠯᠠᠮᠵᠢ ᠶᠢᠨ ︽ᠬᠦᠴᠢᠷᠳᠡᠯ ᠲᠠᠢ ᠪᠣᠯ ᠵᠠᠪᠠᠯ ᠬᠠᠪᠰᠤᠷᠴᠤ᠂ ᠬᠦᠴᠢᠷᠳᠡᠯ ᠲᠠᠢ ᠪᠣᠯ ᠵᠠᠪᠠᠯ ᠠᠪᠤᠷᠠᠬᠤ︾ ᠪᠤᠳᠤᠯᠭ᠎ᠠ ᠶᠢ ᠢᠳᠡᠪᠬᠢᠲᠡᠢ ᠤᠬᠠᠭᠤᠯᠵᠤ᠂ ᠬᠦᠴᠢᠷᠳᠡᠯ ᠲᠠᠢ ᠤᠯᠠᠨ ᠲᠦᠮᠡᠨ ᠢ ᠰᠠᠨᠠᠭᠠᠴᠢᠯᠠᠭ᠎ᠠ ᠠᠴᠠ ᠪᠠᠨ ᠲᠤᠰᠠᠯᠠᠮᠵᠢ ᠭᠤᠶᠤᠴᠢᠯᠠᠬᠤ ᠲᠡᠶᠢᠰᠢ ᠵᠢᠯᠤᠭᠤᠳᠤᠨ ᠠᠮᠢᠳᠤᠷᠠᠯ ᠤᠨ ᠢᠲᠡᠭᠡᠯ ᠢ ᠨᠢ ᠪᠤᠢ ᠪᠣᠯᠭᠠᠵᠤ᠂ ᠨᠡᠶᠢᠭᠡᠮ ᠤᠨ ᠶᠣᠰᠣ ᠰᠤᠷᠲᠠᠬᠤᠨ ᠠᠴᠠ ᠲᠡᠷᠰᠯᠡᠬᠦ ᠬᠡᠷᠡᠭ ᠡᠭᠦᠰᠬᠦ ᠶᠢ ᠰᠡᠷᠭᠡᠶᠢᠯᠡᠬᠦ ᠬᠡᠷᠡᠭᠲᠡᠢ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠵᠤ᠂ ᠬᠥᠳᠡᠯᠮᠦᠷᠢᠯᠡᠬᠦ ᠴᠢᠳᠠᠪᠤᠷᠢ ᠲᠠᠢ ᠣᠷᠣᠯᠭ᠎ᠠ ᠪᠠᠭ᠎ᠠ ᠬᠦᠮᠦᠰ ᠢ ᠥᠪᠡᠷ ᠢ ᠪᠠᠨ ᠬᠦᠴᠦᠷᠬᠡᠭᠵᠢᠭᠦᠯᠦᠨ ᠪᠡᠶ᠎ᠡ ᠪᠠᠨ ᠳᠠᠭᠠᠭᠠᠬᠤ ᠲᠡᠶᠢᠰᠢ ᠵᠢᠯᠤᠭᠤᠳᠴᠤ᠂ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ᠂ ᠠᠵᠢᠯ ᠣᠯᠭᠤᠯᠲᠠ᠂ ᠠᠵᠤ ᠦᠢᠯᠡᠰ ᠢᠶᠠᠷ ᠲᠡᠳᠬᠦᠬᠦ ᠵᠡᠷᠭᠡ ᠠᠷᠭ᠎ᠠ ᠪᠠᠷ     ᠬᠦᠴᠢᠷᠳᠡᠯ ᠠᠴᠠ ᠨᠢ ᠠᠩᠭᠢᠵᠢᠷᠠᠭᠤᠯᠬᠤ ᠬᠡᠷᠡᠭᠲᠡᠢ᠃     ᠡᠯ᠎ᠡ ᠭᠠᠵᠠᠷ ᠤᠨ ᠬᠢᠨ ᠣᠷᠣᠯᠭ᠎ᠠ  ᠪᠠᠭ᠎ᠠ ᠬᠦᠮᠦᠰ ᠢ ᠮᠠᠭᠠᠳᠯᠠᠨ ᠲᠣᠭᠲᠠᠭᠠᠬᠤ ᠪᠠ ᠬᠥᠳᠡᠯᠦᠩᠭᠦᠢ ᠪᠠᠶᠢᠳᠠᠯ ᠢ ᠬᠢᠨᠠᠨ ᠬᠡᠮᠵᠢᠬᠦ ᠠᠵᠢᠯ ᠢ ᠴᠢᠩᠭᠠᠳᠬᠠᠬᠤ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠤᠯᠤᠰ ᠲᠥᠷᠥ ᠶᠢᠨ ᠵᠣᠭᠰᠣᠴᠠ ᠪᠠᠨ   ᠳᠡᠭᠡᠭᠰᠢᠯᠡᠭᠦᠯᠵᠦ᠂ ᠣᠷᠣᠯᠭ᠎ᠠ  ᠪᠠᠭ᠎ᠠ ᠬᠦᠮᠦᠰ ᠢ ᠮᠠᠭᠠᠳᠯᠠᠨ ᠲᠣᠭᠲᠠᠭᠠᠬᠤ ᠪᠠ ᠬᠥᠳᠡᠯᠦᠩᠭᠦᠢ ᠪᠠᠶᠢᠳᠠᠯ ᠢ ᠬᠢᠨᠠᠨ ᠬᠡᠮᠵᠢᠬᠦ ᠠᠵᠢᠯ ᠢ ᠰᠠᠶᠢᠲᠤᠷ ᠬᠢᠬᠦ ᠶᠢ ᠨᠠᠮ ᠤᠨ ᠬᠤᠷᠢᠳᠤᠭᠠᠷ ᠶᠡᠭᠡ ᠬᠤᠷᠠᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ  ᠨᠠᠶᠢᠳᠠᠪᠤᠷᠢᠵᠢᠭᠤᠯᠬᠤ ᠶᠠᠪᠤᠳᠠᠯ ᠪᠣᠯᠭᠠᠵᠤ᠂ ᠳᠡᠰ ᠲᠥᠷᠥᠯ ᠬᠤᠪᠢᠶᠠᠭᠰᠠᠨ ᠨᠡᠶᠢᠭᠡᠮ ᠤᠨ  ᠲᠤᠰᠠᠯᠠᠮᠵᠢ ᠶᠢᠨ ᠰᠢᠰᠲ᠋ᠧᠮ ᠤᠨ ᠴᠢᠬᠤᠯᠠ ᠰᠠᠭᠤᠷᠢ ᠴᠢᠨᠠᠷᠲᠠᠢ ᠠᠵᠢᠯ ᠢ ᠲᠡᠭᠦᠯᠳᠡᠷᠵᠢᠭᠦᠯᠵᠦ᠂ ᠬᠠᠷᠢᠭᠤᠴᠠᠯᠭᠠᠲᠤ ᠰᠡᠳᠬᠢᠯᠭᠡ᠂ ᠲᠤᠯᠭᠠᠮ ᠰᠡᠳᠬᠢᠯᠭᠡ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ᠂ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠᠨ ᠴᠢᠩᠭᠠᠳᠬᠠᠵᠤ᠂ ︽ᠴᠢᠩᠭ᠎ᠠ ᠪᠣᠳᠠᠲᠠᠢ ᠲᠦᠷᠭᠡᠨ︾ ᠠᠵᠢᠯ ᠤᠨ ᠰᠤᠷᠲᠠᠯ ᠢᠶᠠᠷ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠠᠷᠠᠳ ᠤᠨ ᠠᠮᠢᠳᠤᠷᠠᠯ ‍ᠤᠨ‌ᠦᠨᠳᠦᠰᠦᠨ  ᠬᠤᠷᠢᠭ᠎ᠠ ᠱᠤᠭᠤᠮ ᠢ ᠪᠠᠲᠤ  ᠰᠠᠬᠢᠬᠤ ᠬᠡᠷᠡᠭᠲᠡᠢ᠃     ᠡᠯ᠎ᠡ ᠭᠠᠵᠠᠷ ᠤᠨ ᠬᠢᠨ ᠣᠷᠣᠯᠭ᠎ᠠ ᠪᠠᠭ᠎ᠠ ᠬᠦᠮᠦᠰ ᠢ ᠮᠠᠭᠠᠳᠯᠠᠨ ᠲᠣᠭᠲᠠᠭᠠᠬᠤ ᠪᠠ ᠬᠥᠳᠡᠯᠦᠩᠭᠦᠢ ᠪᠠᠶᠢᠳᠠᠯ ᠢ ᠬᠢᠨᠠᠨ ᠬᠡᠮᠵᠢᠬᠦ ᠠᠵᠢᠯ ᠢ ᠥᠷᠨᠢᠭᠦᠯᠦᠭᠰᠡᠨ ᠬᠤᠯᠪᠣᠭᠳᠠᠯ ᠪᠦᠬᠦᠢ ᠪᠠᠶᠢᠳᠠᠯ ᠢ ᠠᠷᠠᠳ ᠤᠨ ᠶᠠᠪᠤᠳᠠᠯ ᠤᠨ ᠶᠠᠮᠤᠨ ᠤ ᠨᠡᠶᠢᠭᠡᠮ ᠤᠨ ᠲᠤᠰᠠᠯᠠᠮᠵᠢ ᠶᠢᠨ ᠵᠤᠷᠭᠠᠨ ᠳᠤ ᠴᠠᠭ ᠲᠤᠬᠠᠢ ᠳᠤ ᠨᠢ ᠮᠡᠳᠡᠬᠦᠯᠬᠦ ᠬᠡᠷᠡᠭᠳᠡᠢ᠃    ᠠᠷᠠᠳ ᠤᠨ ᠶᠠᠪᠤᠳᠠᠯ ᠤᠨ ᠶᠠᠮᠤᠨ ᠤ ᠠᠯᠪᠠᠨ ᠲᠢᠩᠬᠢᠮ        2024 ᠣᠨ ᠤ 4 ᠳ᠋ᠤᠬᠡᠷ ᠰᠠᠷ᠎ᠠ ᠶᠢᠨ 26 ᠤ ᠡᠳᠤᠷ 
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号