ᠮᠠᠨ ᠤ ᠤᠷᠤᠨ ᠤ ᠭᠤᠷᠪᠠᠨ ᠭᠠᠵᠠᠷ ᠳᠤᠮᠳᠠᠳᠤ ᠤᠯᠤᠰ ᠤᠨ 2024 ᠣᠨ ᠤ ᠵᠠᠭᠤᠨ ᠬᠦᠴᠦᠷᠬᠡᠭ ᠰᠢᠶᠠᠨ ᠤ ᠨᠡᠷᠡᠰ ᠲᠤ ᠵᠢᠬᠰᠠᠭᠠᠬᠳᠠᠯ᠎ᠠ
ᠨᠡᠶᠢᠲᠡᠯᠡᠭᠰᠡᠨ ᠴᠠᠭ᠄
2024/5/9
    ᠳᠤᠮᠳᠠᠳᠤ ᠤᠯᠤᠰ ᠤᠨ 2024 ᠣᠨ ᠤ  ᠵᠠᠭᠤᠨ ᠬᠦᠴᠦᠷᠬᠡᠭ ᠰᠢᠶᠠᠨ ᠤ ᠨᠡᠷᠡᠰ ᠤᠨ ᠵᠢᠭᠰᠠᠭᠠᠯᠲᠠ ᠶᠢ 5 ᠰᠠᠷ᠎ᠠ ᠶᠢᠨ 6 ᠤ ᠡᠳᠤᠷ ᠨᠡᠶᠢᠳᠡᠯᠡᠬᠦ ᠳᠤ ᠮᠠᠨ ᠤ ᠤᠷᠤᠨ ᠤ ᠣᠷᠳᠣᠰ ᠬᠤᠲᠠ ᠶᠢᠨ ᠵᠡᠭᠦᠨᠭᠠᠷ ᠬᠤᠰᠢᠭᠤ᠂ ᠡᠵᠡᠨ ᠬᠤᠷᠤᠭ᠎ᠠ ᠬᠤᠰᠢᠭᠤ᠂ ᠦᠦᠰᠢᠨ ᠬᠤᠰᠢᠭᠤ ᠨᠡᠷᠡᠰ ᠤᠨ ᠵᠢᠭᠰᠠᠭᠠᠯᠲᠠ ᠳᠤ ᠣᠷᠣᠪᠠ᠃     2023 ᠣᠨ ᠳᠤ ᠵᠡᠭᠦᠨᠭᠠᠷ ᠬᠤᠰᠢᠭᠤᠨ ᠤ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠥᠬᠦ ᠥᠷᠲᠡᠭ 1400.26 ᠳ᠋ᠦᠩᠰᠢᠭᠤᠷ ᠲᠥᠭᠦᠷᠢᠭ ᠲᠤ ᠬᠦᠷᠴᠦ᠂ ᠨᠡᠮᠡᠭᠳᠡᠯ ᠤᠨ ᠬᠤᠷᠳᠤᠴᠠ ᠨᠢ 9.7% ᠪᠠᠶᠢᠵᠤ᠂ ᠵᠠᠭᠤᠨ ᠬᠦᠴᠦᠷᠬᠡᠭ ᠰᠢᠶᠠᠨ ᠤ GDP ᠶᠢᠨ ᠳᠣᠲᠣᠷ᠎ᠠ 29 ᠳ᠋ᠤᠭᠠᠷ ᠲᠤ ᠵᠢᠭᠰᠠᠭᠠᠭᠳᠠᠵᠠᠢ᠃ ᠡᠵᠡᠨ ᠬᠤᠷᠤᠭ᠎ᠠ ᠬᠤᠰᠢᠭᠤᠨ ᠤ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠥᠬᠦ ᠥᠷᠲᠡᠭ 1220.9 ᠳ᠋ᠦᠩᠰᠢᠭᠤᠷ ᠲᠥᠭᠦᠷᠢᠭ ᠲᠤ ᠬᠦᠷᠴᠦ᠂ ᠨᠡᠮᠡᠭᠳᠡᠯ ᠤᠨ ᠬᠤᠷᠳᠤᠴᠠ ᠨᠢ 3.5%᠂ ᠵᠠᠭᠤᠨ ᠬᠦᠴᠦᠷᠬᠡᠭ ᠰᠢᠶᠠᠨ ᠤ GDP ᠶᠢᠨ ᠳᠣᠲᠣᠷ᠎ᠠ 41 ᠳ᠋ᠦᠭᠡᠷ ᠲᠤ ᠵᠢᠭᠰᠠᠭᠠᠭᠳᠠᠵᠠᠢ᠃ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢᠨ ᠲᠠᠯ᠎ᠠ ᠪᠠᠷ᠂ ᠵᠡᠭᠦᠨᠭᠠᠷ ᠬᠤᠰᠢᠭᠤ 173.3 ᠳ᠋ᠦᠩᠰᠢᠭᠤᠷ ᠲᠥᠭᠦᠷᠢᠭ ᠢᠶᠠᠷ 7 ᠳ᠋ᠤᠭᠠᠷ ᠲᠤ ᠵᠢᠭᠰᠠᠭᠠᠭᠳᠠᠵᠤ᠂ ᠡᠵᠡᠨ ᠬᠤᠷᠤᠭ᠎ᠠ ᠬᠤᠰᠢᠭᠤ 154.23 ᠳ᠋ᠦᠩᠰᠢᠭᠤᠷ ᠲᠥᠭᠦᠷᠢᠭ ᠢᠶᠠᠷ 9 ᠳ᠋ᠤᠭᠠᠷ ᠲᠤ ᠵᠢᠭᠰᠠᠭᠠᠭᠳᠠᠵᠤ᠂ ᠦᠦᠰᠢᠨ ᠬᠤᠰᠢᠭᠤ 50.92 ᠳ᠋ᠦᠩᠰᠢᠭᠤᠷ ᠲᠥᠭᠦᠷᠢᠭ ᠢᠶᠠᠷ 86 ᠳ᠋ᠤᠭᠠᠷ ᠲᠤ ᠵᠢᠭᠰᠠᠭᠠᠭᠳᠠᠵᠠᠢ᠃    2023 ᠣᠨ ᠳᠤ ᠵᠡᠭᠦᠨᠭᠠᠷ ᠬᠤᠰᠢᠭᠤᠨ ᠤ 69 ᠭᠤᠣᠯᠳᠠᠯᠭ᠎ᠠ ᠲᠠᠢ ᠲᠥᠷᠥᠯ ᠵᠦᠢᠯ ᠢ ᠪᠠᠷᠢᠯᠭ᠎ᠠ ᠡᠬᠢᠯᠡᠭᠦᠯᠦᠨ ᠪᠠᠶᠢᠭᠤᠯᠵᠤ᠂ 300 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠡᠢ᠃ ᠪᠦᠬᠦ ᠤᠯᠤᠰ ᠤᠨ ᠠᠩᠬᠠᠳᠠᠭᠴᠢ ᠲᠦᠮᠡᠨ ᠲᠣᠨ ᠤ ᠲᠡᠰ ᠤᠨ ᠰᠢᠨ᠎ᠡ ᠡᠨᠧᠷᠭᠢ ᠶᠢᠨ ᠤᠰᠤᠲᠥ᠋ᠷᠥᠭᠴᠢ ᠶᠢ ᠦᠢᠯᠡᠳᠬᠦ ᠲᠦᠷᠦᠯ ᠵᠦᠢᠯ ᠠᠮᠵᠢᠯᠲᠠ ᠲᠠᠢ ᠪᠠᠷ ︽ᠤᠰᠤᠲᠥ᠋ᠷᠥᠭᠴᠢ︾ ᠶᠢ ᠭᠠᠷᠭᠠᠵᠤ᠂ ᠢᠦᠢ ᠵᠢᠩ ᠰᠢᠯ ᠤᠨ ᠨᠢᠭᠡᠳᠦᠭᠡᠷ ᠬᠤᠭᠤᠴᠠᠭ᠎ᠠ᠂  ︽ᠶᠤᠸᠠᠨ ᠵᠢᠩ︾ 5 ᠵᠢᠸᠠ ᠰᠠᠯᠬᠢᠨ ᠬᠦᠴᠦᠨ ᠤ ᠮᠠᠰᠢᠨ ᠵᠡᠷᠭᠡ ᠲᠦᠷᠦᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠪᠠ᠃ ᠪᠦᠬᠦ ᠵᠢᠯ ᠳᠤ 3.65 ᠳ᠋ᠦᠩᠰᠢᠭᠤᠷ ᠲᠣᠨ ᠨᠡᠭᠦᠷᠡᠰᠦ ᠶᠢ ᠪᠣᠷᠣᠯᠠᠭᠤᠯᠵᠤ᠂ 480 ᠳ᠋ᠦᠩᠰᠢᠭᠤᠷ ᠭᠷᠡᠳᠦ᠋ᠰ ᠤᠨ ᠴᠠᠬᠢᠯᠭᠠᠨ ᠭᠠᠷᠭᠠᠵᠤ᠂ 25 ᠮᠤᠵᠢ ᠣᠷᠣᠨ ᠬᠤᠳᠠ ᠶᠢᠨ ᠡᠨᠧᠷᠭᠢ ᠶᠢᠨ ᠰᠤᠷᠪᠤᠯᠵᠢ ᠶᠢᠨ ᠬᠠᠩᠭᠠᠯᠭ᠎ᠠ ᠶᠢ ᠪᠠᠲᠤᠯᠠᠪᠠ᠃ 2023 ᠣᠨ ᠳᠤ ᠡᠵᠡᠨ ᠬᠤᠷᠤᠭ᠎ᠠ ᠬᠤᠰᠢᠭᠤᠨ ᠳᠤ 2.03 ᠳ᠋ᠦᠩᠰᠢᠭᠤᠷ ᠲᠣᠨ ᠨᠡᠭᠦᠷᠡᠰᠦ ᠦᠢᠯᠡᠳᠪᠦᠷᠢᠯᠡᠵᠦ ᠪᠣᠷᠣᠯᠠᠭᠤᠯᠵᠤ᠂ ᠰᠢᠨ᠎ᠡ ᠡᠨᠧᠷᠭᠢ ᠶᠢᠨ ᠴᠠᠬᠢᠯᠭᠠᠨ ᠭᠠᠷᠭᠠᠬᠤ ᠬᠡᠮᠵᠢᠶ᠎ᠡ 13.7 ᠳ᠋ᠦᠩᠰᠢᠭᠤᠷ ᠭᠷᠡᠳᠦ᠋ᠰ ᠲᠤ ᠬᠦᠷᠴᠦ᠂ 104% ᠪᠠᠷ ᠨᠡᠮᠡᠭᠳᠡᠪᠡ᠃ ᠪᠥᠬᠦ ᠵᠢᠯ ᠳᠤ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠴᠢᠬᠤᠯᠠ ᠶᠡᠭᠡ ᠲᠥᠷᠥᠯ ᠵᠦᠢᠯ ᠢ 22 ᠬᠡᠷᠡᠭᠵᠢᠭᠦᠯᠵᠦ᠂ ︽ᠯᠦᠩ ᠵᠢᠢ︾᠂ ︽ᠬᠤᠸᠠ ᠵᠢᠩ︾ ︽ᠵᠢᠶᠧ ᠴᠢᠩ︾ ᠵᠡᠷᠭᠡ ᠴᠢᠬᠤᠯᠠ ᠶᠡᠭᠡ ᠦᠢᠯᠡᠳᠬᠦ ᠦᠢᠯᠡᠰ ᠤᠨ ᠲᠥᠷᠥᠯ ᠵᠦᠢᠯ ᠢ ᠵᠠᠯᠭᠠᠭ᠎ᠠ ᠪᠠᠷ ᠪᠠᠷᠢᠯᠭ᠎ᠠ ᠳᠠᠭᠤᠰᠬᠠᠨ ᠠᠰᠢᠭᠯᠠᠯᠲᠠ ᠳᠤ ᠣᠷᠣᠭᠤᠯᠵᠤ᠂ ᠦᠢᠯᠡᠳᠬᠦ ᠦᠢᠯᠡᠰ ᠤᠨ ᠦᠢᠯᠡᠳᠬᠦᠨ ᠤ ᠥᠷᠲᠡᠭ 200 ᠳ᠋ᠦᠩᠰᠢᠭᠤᠷ ᠲᠥᠭᠦᠷᠢᠭ ᠲᠤ ᠬᠥᠷᠪᠡ᠃ ᠵᠡᠭᠦᠨᠭᠠᠷ ᠬᠤᠰᠢᠭᠤ ᠪᠣᠯᠣᠨ ᠡᠵᠡᠨ ᠬᠤᠷᠤᠭ᠎ᠠ ᠬᠤᠰᠢᠭᠤ ᠪᠦᠬᠦ ᠤᠯᠤᠰ ᠤᠨ ᠵᠠᠭᠤᠨ ᠬᠦᠴᠦᠷᠬᠡᠭ ᠰᠢᠶᠠᠨ ᠤ ᠨᠡᠷᠡᠰ ᠤᠨ ᠵᠢᠭᠰᠠᠭᠠᠯᠲᠠ ᠳᠤ ᠤᠯᠠᠨᠳᠠ ᠤᠷᠤᠵᠤ ᠪᠠᠶᠢᠨ᠎ᠠ᠃ ᠪᠥᠬᠦ ᠤᠯᠤᠰ ᠤᠨ ᠵᠠᠭᠤᠨ ᠬᠦᠴᠦᠷᠬᠡᠭ ᠰᠢᠶᠠᠨ ᠪᠣᠯᠤᠭᠰᠠᠨ ᠤ ᠬᠤᠪᠢ ᠳᠤ ᠦᠦᠰᠢᠨ ᠬᠤᠰᠢᠭᠤᠨ ᠤ  ᠬᠢᠨ ᠦᠨᠤ ᠵᠢᠯ ᠤᠨ ᠲᠦᠷᠤᠬᠦᠤ ᠤᠯᠠᠷᠢᠯ ᠤᠨ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ 113.8 ᠳ᠋ᠦᠩᠰᠢᠭᠤᠷ ᠲᠥᠭᠦᠷᠢᠭ ᠲᠤ ᠬᠦᠷᠴᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 289.9% ᠪᠠᠷ ᠨᠡᠮᠡᠭᠳᠡᠨ᠂ ᠣᠷᠳᠣᠰ ᠬᠤᠲᠠ ᠳᠤ ᠲᠡᠷᠢᠬᠦᠯᠡᠪᠡ᠃    ᠥᠪᠥᠷ ᠮᠣᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠵᠤ ᠠᠬᠤᠢ ᠰᠤᠳᠤᠯᠬᠤ ᠭᠠᠵᠠᠷ ᠤᠨ ᠳᠡᠳ᠋ ᠳᠠᠷᠤᠭ᠎ᠠ ᠯᠢ ᠶᠢᠩ᠄ ︽ᠤᠷᠴᠢᠮ ᠤᠨ ᠵᠢᠯ ᠡᠨᠡ ᠭᠤᠷᠪᠠᠨ ᠬᠤᠰᠢᠭᠤ ᠰᠢᠶᠠᠨ ᠤ ᠠᠵᠤ ᠠᠬᠤᠢ ᠶᠢᠨ ᠪᠦᠲᠦᠴᠡ ᠶᠢᠨ ᠲᠠᠯ᠎ᠠ ᠪᠠᠷ ᠲᠠᠰᠤᠷᠠᠯᠲᠠ ᠦᠭᠡᠢ ᠰᠢᠯᠢᠳᠡᠭᠵᠢᠵᠦ᠂ ᠠᠵᠤ ᠦᠢᠯᠡᠳᠪᠦᠷᠢ ᠶᠢᠨ ᠭᠤᠣᠯᠯᠠᠬᠤ ᠪᠠᠶᠢᠷᠢ ᠰᠠᠭᠤᠷᠢ ᠶᠢ ᠨᠠᠩ ᠪᠠᠲᠤᠳᠬᠠᠨ᠂ ᠨᠡᠭᠦᠷᠡᠰᠦᠲᠥ᠋ᠷᠥᠭᠴᠢ ᠶᠢ ᠪᠠᠭ᠎ᠠ ᠭᠠᠳᠠᠭᠰᠢᠯᠠᠭᠤᠯᠬᠤ ᠪᠣᠬᠢᠷᠲᠤᠯ ᠦᠭᠡᠢ ᠬᠡᠯᠪᠡᠷᠢ ᠶᠢ ᠬᠥᠭᠵᠢᠭᠦᠯᠬᠦ ᠶᠢ ᠲᠠᠰᠤᠷᠠᠯᠲᠠ ᠦᠭᠡᠢ ᠠᠬᠢᠭᠤᠯᠵᠤ ᠪᠠᠶᠢᠨ᠎ᠠ᠂ ᠡᠨᠡ ᠨᠢ ᠰᠢᠶᠠᠨ ᠤ ᠬᠡᠪᠴᠢᠶᠡᠨ ᠤ ᠡᠬᠢ ᠪᠠᠶᠠᠯᠢᠭ ᠤᠨ ᠡᠬᠢ ᠪᠠᠶᠠᠯᠢᠭ ᠤᠨ ᠳᠠᠪᠠᠭᠤᠯᠢᠭ ᠢ ᠪᠠᠳᠠᠷᠠᠭᠤᠯᠵᠤ᠂ ᠰᠢᠶᠠᠨ ᠤ ᠬᠡᠪᠴᠢᠶᠡᠨ ᠤ ᠠᠵᠤ ᠠᠬᠤᠢ ᠶᠢᠨ ᠬᠥᠭᠵᠢᠯᠲᠡ ᠶᠢᠨ ᠳᠠᠯᠳᠠ ᠬᠦᠴᠦᠨ ᠢ ᠪᠠᠳᠠᠷᠠᠭᠤᠯᠵᠤ᠂ ᠰᠢᠶᠠᠨ ᠤ ᠬᠡᠪᠴᠢᠶᠡᠨ ᠤ ᠠᠵᠤ ᠠᠬᠤᠢ ᠶᠢᠨ ᠪᠣᠬᠢᠷᠲᠤᠯ ᠦᠭᠡᠢ ᠬᠥᠭᠵᠢᠯᠲᠡ ᠶᠢ ᠪᠡᠶᠡᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ︾ ᠭᠡᠵᠤ ᠶᠠᠷᠢᠵᠠᠢ᠃     
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号