ᠤᠨᠳᠤᠷᠤᠯᠳᠠ ᠶᠢᠨ ᠨᠣᠷᠮ᠎ᠠ 98% ᠶᠢ ᠲᠠᠪᠠᠭᠠᠳ ᠮᠠᠨ ᠤ ᠤᠷᠤᠨ ᠤ ᠬᠢᠨ ᠲᠦᠷᠤᠬᠦᠤ ᠤᠯᠠᠷᠢᠯ ᠳᠤ 3077 ᠲᠦᠮᠡᠨ  ᠪᠤᠳᠠ ᠪᠤᠭ ᠮᠠᠯ ᠤᠨ ᠲᠦᠯ ᠲᠤᠰᠤᠯ᠎ᠠ
ᠨᠡᠶᠢᠲᠡᠯᠡᠭᠰᠡᠨ ᠴᠠᠭ᠄
2024/5/9
    ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ  ᠬᠢᠨ ᠠᠴᠠ ᠣᠶᠢᠯᠠᠭᠠᠭᠰᠠᠨ ᠢᠶᠠᠷ᠂ ᠲᠦᠷᠤᠬᠦᠤ ᠤᠯᠠᠷᠢᠯ ᠳᠤ᠂  ᠮᠠᠨ ᠤ ᠣᠷᠣᠨ ᠤ ᠪᠤᠳᠠ ᠪᠤᠭ ᠮᠠᠯ ᠤᠨ ᠲᠦᠯ ᠤᠨ ᠤᠨᠳᠤᠷᠤᠯᠳᠠ ᠶᠢᠨ ᠨᠣᠷᠮ᠎ᠠ 3077 ᠲᠦᠮᠡ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.65% ᠪᠠᠷ ᠨᠡᠮᠡᠭᠳᠡᠨ᠂ ᠲᠥᠯ ᠤᠨ ᠤᠨᠳᠤᠷᠤᠯᠲᠠ ᠶᠢᠨ ᠨᠣᠷᠮ᠎ᠠ 98% ᠶᠢ ᠲᠠᠪᠠᠪᠠ᠃ ᠲᠦᠷᠤᠬᠦᠤ ᠤᠯᠠᠷᠢᠯ ᠳᠤ ᠪᠥᠬᠦ ᠣᠷᠣᠨ ᠤ ᠭᠠᠭ᠋ᠠᠢ ᠦᠬᠡᠷ ᠬᠤᠨᠢ ᠵᠢᠭᠦᠷᠲᠡᠨ ᠤ ᠮᠢᠬᠠᠨ ᠤ ᠭᠠᠷᠤᠯᠲᠠ 44 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8% ᠪᠠᠷ ᠨᠡᠮᠡᠭᠳᠡᠪᠡ᠂ ᠡᠭᠦᠨ ᠳᠤ ᠦᠬᠡᠷ ᠤᠨ ᠮᠢᠬ᠎ᠠ᠂ ᠬᠤᠨᠢᠨ ᠤ ᠮᠢᠬ᠎ᠠ ᠲᠣᠰ ᠲᠣᠰ 9.8% ᠪᠠ 4.9% ᠪᠠᠷ ᠨᠡᠮᠡᠭᠳᠡᠪᠡ᠃   592.5 ᠲᠦᠮᠡᠨ ᠭᠠᠭ᠋ᠠᠢ ᠲᠠᠢ ᠪᠤᠯᠵᠤ᠂ ᠠᠳᠠᠯᠢ ᠬᠤᠭᠤᠴᠠᠭᠠᠨ ᠤ  ᠬᠢ ᠠᠴᠠ 2.6% ᠨᠡᠮᠡᠭᠳᠡᠪᠡ᠃ ᠠᠯᠠᠰᠢᠨ ᠦᠬᠡᠷ 950.1 ᠲᠦᠮᠡ ᠳᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 7.9% ᠨᠡᠮᠡᠭᠳᠡᠪᠡ᠃ 6947.7 ᠲᠦᠮᠡᠨ ᠬᠤᠨᠢ ᠲᠡᠵᠢᠭᠡᠵᠦ᠂ ᠠᠳᠠᠯᠢ ᠬᠤᠭᠤᠴᠠᠭᠠᠨ ᠤ ᠬᠢ ᠠᠴᠠ 0.9% ᠨᠡᠮᠡᠭᠳᠡᠪᠡ᠃    ᠲᠥᠯ ᠲᠤᠰᠴᠤ ᠪᠣᠶᠢᠵᠢᠭᠤᠯᠬᠤ ᠪᠣᠯ ᠲᠡᠵᠢᠭᠡᠨ ᠦᠷᠡᠵᠢᠭᠦᠯᠬᠦ ᠦᠢᠯᠡᠰ ᠤᠨ ᠵᠠᠩᠭᠢᠯᠠᠭ᠎ᠠ ᠶᠢᠨ ᠭᠤᠭᠴᠤᠭ᠎ᠠ ᠪᠣᠯᠬᠤ ᠪᠥᠭᠡᠳ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠦᠷ᠎ᠡ ᠪᠦᠲᠦᠮᠵᠢ ᠲᠠᠢ ᠰᠢᠭᠤᠳ ᠬᠤᠯᠪᠣᠭᠳᠠᠵᠤ ᠪᠠᠶᠢᠳᠠᠭ᠃ ᠲᠥᠯ ᠲᠤᠰᠴᠤ ᠪᠣᠶᠢᠵᠢᠭᠤᠯᠬᠤ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠠᠬᠢᠭᠤᠯᠬᠤ ᠶᠢᠨ ᠲᠥᠯᠥᠭᠡ ᠮᠠᠨ ᠤ ᠣᠷᠣᠨ ᠤ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠨ ᠬᠢᠨ ᠮᠠᠯ ᠠᠵᠤ ᠠᠬᠤᠢ ᠶᠢᠨ ᠰᠠᠭᠤᠷᠢ ᠲᠦᠬᠦᠬᠡᠷᠤᠮᠵᠢ ᠶᠢᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠮᠠᠯ ᠤᠨ ᠳᠤᠯᠠᠭᠠᠨ ᠰᠠᠷᠠᠪᠴᠢ᠂ ᠡᠪᠡᠰᠦ ᠬᠠᠳᠠᠭᠠᠯᠠᠬᠤ ᠰᠠᠷᠠᠪᠴᠢ ᠪᠠ ᠳᠠᠷᠤᠰᠢᠭᠤᠯᠬᠤ ᠲᠦᠬᠦᠬᠡᠷᠤᠮᠵᠢ ᠵᠡᠷᠭᠡ ᠶᠢ  ᠲᠡᠰ ᠲᠡᠪᠰᠢᠬᠦᠯᠤᠨ ᠲᠦᠯ ᠲᠤᠰᠬᠤ ᠠᠵᠢᠯ ᠤᠨ ᠠᠮᠤᠷ ᠲᠦᠪᠰᠢᠨ  ᠪᠠ ᠡᠬᠡ ᠮᠠᠯ ᠤᠨ ᠲᠠᠷᠭᠤ ᠬᠦᠴᠦ ᠶᠢ ᠬᠠᠮᠠᠭᠠᠯᠠᠬᠤ ᠠᠵᠢᠯ ᠢ ᠪᠦᠲᠦᠮᠵᠢᠲᠡᠶ ᠳᠡᠭᠡᠭᠰᠢᠯᠡᠭᠦᠯᠪᠡ᠃    ᠡᠭᠦᠨ ᠤ ᠬᠠᠮᠲᠤ ᠮᠠᠨ ᠤ ᠣᠷᠣᠨ ᠤ ᠬᠢᠨ ᠡᠪᠡᠰᠦ ᠪᠣᠷᠳᠤᠭ᠎ᠠ ᠶᠢᠨ ᠬᠠᠩᠭᠠᠯᠭ᠎ᠠ ᠶᠢ ᠰᠠᠶᠢᠲᠤᠷ ᠬᠢᠵᠦ᠂ ᠲᠡᠵᠢᠭᠡᠨ ᠦᠷᠡᠵᠢᠭᠦᠯᠬᠦ ᠡᠷᠦᠬᠡ ᠶᠢ ᠵᠢᠯᠣᠭᠤᠳᠤᠨ ᠡᠪᠡᠰᠦ ᠪᠣᠷᠳᠤᠭ᠎ᠠ ᠬᠤᠳᠠᠯᠳᠤᠨ ᠠᠪᠬᠤ ᠠᠷᠭ᠎ᠠ ᠵᠠᠮ ᠲᠠᠢ ᠣᠯᠠᠨ ᠲᠠᠯ᠎ᠠ ᠪᠠᠷ ᠬᠤᠯᠪᠣᠭᠳᠠᠭᠤᠯᠵᠤ᠂ ᠡᠬᠡ ᠮᠠᠯ ᠳᠤ ᠲᠡᠵᠢᠭᠡᠯ ᠨᠥᠬᠦᠪᠦᠷᠢᠯᠡᠬᠦ ᠠᠵᠢᠯ ᠢ ᠰᠠᠶᠢᠲᠤᠷ ᠬᠢᠵᠦ᠂ ᠲᠥᠯ ᠮᠠᠯ ᠤᠨ ᠲᠡᠵᠢᠭᠡᠯ ᠪᠣᠷᠳᠤᠭ᠎ᠠ ᠶᠢᠨ ᠰᠢᠮ᠎ᠡ ᠲᠡᠵᠢᠭᠡᠯ ᠵᠦᠢ ᠵᠣᠬᠢᠰᠲᠠᠢ᠂ ᠬᠠᠩᠭᠠᠯᠭ᠎ᠠ ᠬᠦᠢᠴᠡᠳ ᠪᠠᠶᠢᠬᠤ ᠶᠢ ᠪᠠᠳᠤᠯᠠᠯ᠎ᠠ᠃ ᠲᠡᠵᠢᠭᠡᠨ ᠦᠷᠡᠵᠢᠭᠦᠯᠬᠦ ᠡᠷᠦᠬᠡ ᠶᠢ ᠵᠢᠯᠣᠭᠤᠳᠤᠨ ᠴᠠᠭ ᠲᠤᠬᠠᠢ ᠳᠤ ᠨᠢ ᠬᠠᠰᠢᠶ᠎ᠠ ᠪᠠᠨ ᠨᠥᠬᠦᠪᠦᠷᠢᠯᠡᠵᠦ᠂ ᠡᠬᠡ ᠮᠠᠯ ᠤᠨ ᠲᠡᠵᠢᠭᠡᠨ ᠠᠷᠠᠴᠢᠯᠠᠬᠤ ᠬᠠᠮᠢᠶᠠᠷᠤᠯᠲᠠ ᠶᠢ ᠰᠠᠶᠢᠲᠤᠷ ᠠᠳᠬᠤᠵᠤ᠂ ᠲᠥᠯ ᠮᠠᠯ ᠤᠨ ᠤᠨᠳᠤᠷᠤᠯᠲᠠ ᠶᠢᠨ ᠨᠣᠷᠮ᠎ᠠ ᠶᠢ ᠳᠡᠭᠡᠭᠰᠢᠯᠡᠭᠦᠯᠬᠦ ᠶᠢᠨ ᠬᠠᠮᠲᠤ᠂ ᠰᠢᠯᠢᠳᠡᠭ ᠪᠡᠯᠡᠳᠬᠡᠯ ᠡᠬᠡ ᠮᠠᠯ ᠢ ᠰᠣᠩᠭᠤᠵᠤ ᠴᠠᠭ  ᠲᠤ ᠨᠢ ᠲᠣᠬᠢᠷᠠᠭᠤᠯᠤᠨ ᠬᠠᠰᠢᠶ᠎ᠠ ᠶᠢ ᠨᠢ ᠨᠦᠬᠦᠪᠤᠷᠢᠯᠡᠬᠦᠯᠪᠡ᠃ ᠲᠤᠰᠬᠠᠢ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠤᠨ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠪᠠ ᠬᠠᠰᠢᠶ᠎ᠠ ᠰᠠᠷᠠᠪᠴᠢ ᠬᠠᠰᠢᠶᠠᠯᠠᠨ ᠠᠷᠢᠭᠤᠳᠬᠠᠬᠤ ᠠᠵᠢᠯ ᠢ ᠴᠢᠩᠭᠠᠳᠬᠠᠵᠤ᠂ ᠰᠢᠨᠵᠢᠯᠡᠬᠦ ᠤᠬᠠᠭᠠᠨᠴᠢ ᠪᠠᠷ ᠲᠡᠵᠢᠭᠡᠨ ᠠᠷᠠᠴᠢᠯᠠᠬᠤ ᠬᠠᠮᠢᠶᠠᠷᠤᠯᠲᠠ ᠶᠢᠨ ᠮᠡᠷᠭᠡᠵᠢᠯ ᠢ ᠢᠳᠡᠪᠬᠢᠲᠡᠢ ᠳᠡᠯᠭᠡᠷᠡᠭᠦᠯᠵᠦ᠂ ᠲᠡᠵᠢᠭᠡᠨ ᠦᠷᠡᠵᠢᠭᠦᠯᠬᠦ ᠡᠷᠤᠭᠡ ᠳᠤ ᠪᠠᠲᠤ ᠪᠠᠬᠢ ᠮᠡᠷᠭᠡᠵᠢᠯ ᠤᠨ ᠪᠠᠲᠤᠯᠠᠭ᠎ᠠ ᠶᠢ ᠬᠠᠨᠭ᠍ᠭᠠᠬᠰᠠᠨ ᠪᠠᠶᠢᠨ᠎ᠠ᠃      
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号