ᠰᠢᠯᠢ ᠶᠢᠨ ᠭᠤᠣᠯ ᠠᠶᠢᠮᠠᠭ ᠤᠨ ᠲᠤᠯᠤᠨ ᠨᠠᠭᠤᠷ ᠰᠢᠶᠠᠨ ᠤ ᠬᠠᠮᠲᠤ ᠶᠢᠨ ᠬᠤᠷᠢᠮ ᠤᠨ ᠶᠣᠰᠣᠯᠠᠯ ᠨᠢ ᠮᠠᠯᠴᠢᠨ ᠲᠠᠷᠢᠶᠠᠴᠢᠨ ᠤ ᠵᠣᠯ ᠵᠢᠷᠭᠠᠯ ᠤᠨ ᠦᠨ᠎ᠡ ᠴᠡᠨ᠎ᠡ ᠶᠢ ᠨᠡᠮᠡᠭᠳᠡᠭᠦᠯᠵᠡᠢ
ᠨᠡᠶᠢᠲᠡᠯᠡᠭᠰᠡᠨ ᠴᠠᠭ᠄
2024/6/11
    ᠲᠡᠩᠳᠡᠬᠦᠤ ᠦᠨ᠎ᠡ ᠲᠠᠢ ᠬᠦᠷᠬᠡᠬᠡᠯᠳᠡ ᠶᠢᠨ ᠪᠡᠯᠡᠭ ᠦᠬᠡᠢ᠂ ᠬᠡᠬᠡᠨᠴᠢᠷ ᠲᠡᠷᠭᠡ ᠤᠨᠤᠭ᠎ᠠ ᠪᠠᠷ  ᠤᠷᠤᠭ ᠲᠤᠰᠤᠬᠰᠠᠨ ᠦᠬᠡᠢ᠂  ᠦᠪᠡᠳᠡᠭᠰᠢ ᠳᠠᠶᠢᠯᠠᠯᠭ᠎ᠠ ᠪᠠᠵᠠᠭᠠᠬᠰᠠᠨ ᠦᠬᠡᠢ ᠬᠠᠷᠢᠨ ᠠᠶᠢᠯ ᠰᠠᠭᠠᠬᠠᠯᠲᠠ ᠶᠢᠨ ᠬᠢ ᠨᠢ ᠬᠠᠪᠰᠤᠷᠤᠯᠴᠠᠨ ᠤᠷᠤᠭ ᠢᠶᠠᠨ ᠤᠭᠲᠤᠵᠤ᠂ ᠬᠠᠷᠠᠩᠭ᠎ᠠ ᠬᠡᠩᠭᠡᠷᠭᠡ ᠲᠡᠯᠡᠳᠤᠨ ᠲᠠᠭᠤᠯᠠᠨ ᠪᠦᠵᠢᠭᠯᠡᠵᠤ ᠬᠦᠬᠡᠷᠤᠯᠳᠤᠨ ᠂ ᠲᠣᠰᠬᠤᠨ ᠤ ᠲᠣᠭᠤᠭᠠᠴᠢ ᠨᠠᠷ ᠭᠠᠷ ᠭᠠᠷᠭᠠᠵᠤ ᠬᠡᠷ ᠤᠨ ᠬᠤᠭᠤᠯᠨ ᠪᠤᠳᠠᠭ᠎ᠠ ᠶᠢᠨ ᠠᠮᠳᠠ ᠬᠠᠨᠭ᠍ᠬᠤᠯᠵᠤ ᠪᠠᠶᠢᠯ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠣᠯ ᠠᠶᠢᠮᠠᠭ ᠤᠨ ᠲᠤᠯᠤᠨ ᠨᠠᠭᠤᠷ ᠰᠢᠶᠠᠨ ᠤ ᠨᠠᠭᠤᠷ ᠪᠠᠯᠭᠠᠰᠤᠨ ᠤ ᠱᠤᠸᠠᠩ ᠵᠢᠩ ᠽᠢ ᠲᠣᠰᠬᠤᠨ ᠳᠤ ᠬᠠᠮᠲᠤ ᠶᠢᠨ ᠬᠤᠷᠢᠮ ᠤᠨ ᠶᠣᠰᠣᠯᠠᠯ ᠶᠠᠪᠤᠬᠳᠠᠵᠤ ᠪᠠᠶᠢᠯ᠎ᠠ᠃     ︽ᠬᠠᠮᠲᠤ ᠶᠢᠨ ᠬᠤᠷᠢᠮ ᠤᠨ ᠶᠣᠰᠣᠯᠠᠯ ᠨᠢ ᠪᠢᠳᠡᠨ ᠳᠤ ᠮᠠᠰᠢ ᠰᠠᠶᠢᠬᠠᠨ ᠳᠤᠷᠠᠳᠬᠠᠯ ᠦᠯᠡᠳᠡᠭᠡᠵᠡᠢ᠂ ᠮᠢᠨᠤ ᠦᠵᠡᠬᠦ ᠪᠠᠷ ᠬᠤᠷᠢᠮ ᠤᠨ ᠶᠣᠰᠣᠯᠠᠯ ᠢ ᠬᠢᠬᠦ ᠳᠤ ᠳᠥᠭᠦᠮ ᠪᠥᠭᠡᠳ ᠬᠠᠯᠠᠭᠤᠨ ᠳᠣᠲᠣᠨᠣ ᠪᠠᠶᠢᠪᠠᠯ ᠮᠠᠰᠢ ᠰᠠᠶᠢᠨ᠂ ᠶᠡᠭᠡ ᠪᠠᠷ ᠬᠢᠬᠦ ᠨᠢ ᠳᠡᠮᠡᠢ ᠶᠡᠭᠡ ᠤᠳᠬ᠎ᠠ ᠠᠭᠤᠯᠭ᠎ᠠ ᠦᠭᠡᠢ᠂ ᠡᠨᠡ ᠤᠳᠠᠭᠠᠨ ᠤ ᠬᠠᠮᠲᠤ ᠶᠢᠨ ᠬᠤᠷᠢᠮ ᠤᠨ ᠵᠠᠷᠤᠳᠠᠯ ᠮᠠᠰᠢ ᠪᠠᠭ᠎ᠠ ᠪᠣᠯᠬᠤᠷ ᠪᠢᠳᠡ ᠵᠣᠯ ᠵᠢᠷᠭᠠᠯᠲᠤ ᠠᠮᠢᠳᠤᠷᠠᠯ ᠳᠤ ︿ᠪᠡᠶ᠎ᠡ ᠬᠥᠩᠭᠡᠨ ᠢᠶᠠᠷ ᠣᠷᠣᠯᠴᠠᠵᠤ﹀᠂ ᠨᠡᠩ ᠣᠯᠠᠨ ᠣᠶᠤᠨ ᠴᠢᠳᠠᠯ ᠪᠣᠯᠣᠨ ᠵᠣᠭᠤᠰ ᠮᠥᠩᠭᠦ ᠪᠠᠨ ᠬᠥᠳᠡᠯᠮᠦᠷᠢ ᠪᠠᠷ ᠢᠶᠠᠨ ᠪᠠᠶᠠᠵᠢᠬᠤ ᠳᠡᠭᠡᠷ᠎ᠡ ᠬᠡᠷᠡᠭᠯᠡᠵᠦ ᠪᠣᠯᠣᠨ᠎ᠠ︾ ᠭᠡᠵᠤ ᠱᠤᠸᠠᠩ ᠵᠢᠩ ᠽᠢ ᠲᠣᠰᠬᠤᠨ ᠤ ᠢᠷᠬᠡᠨ ᠳ᠋ᠧᠩ ᠼᠠᠢ ᠶᠢᠨ ᠶᠠᠷᠢᠵᠤ ᠪᠠᠶᠢᠯ᠎ᠠ᠃    ᠬᠤᠷᠢᠮ ᠤᠨ ᠪᠡᠯᠡᠳᠬᠡᠯ ᠠᠴᠠ ᠬᠤᠷᠢᠮ ᠨᠠᠶᠢᠷ ᠬᠢᠬᠦ ᠬᠦᠷᠲᠡᠯ᠎ᠡ᠂ ᠬᠤᠷᠢᠮ ᠤᠨ ᠬᠡᠯᠪᠡᠷᠢ ᠮᠠᠶ᠋ᠢᠭ ᠠᠴᠠ ᠬᠤᠷᠢᠮ ᠤᠨ ᠠᠭᠤᠷ ᠠᠮᠢᠰᠬᠤᠯ ᠬᠦᠷᠲᠡᠯ᠎ᠡ ᠳᠥᠭᠦᠮ ᠪᠥᠭᠡᠳ ᠲᠣᠬᠢᠷᠠᠮᠵᠢᠲᠠᠢ᠂ ᠪᠣᠯᠪᠠᠰᠤᠨ ᠳᠣᠲᠣᠨᠣ ᠪᠠᠶᠢᠬᠤ ᠨᠢ ᠴᠥᠭᠡᠨ ᠪᠤᠰᠤ ᠬᠥᠮᠥᠰ ᠤᠨ ᠬᠤᠷᠢᠮ ᠤᠨ ᠶᠣᠰᠣᠯᠠᠯ ᠬᠢᠬᠦ ᠰᠢᠨ᠎ᠡ ᠬᠥᠭᠡᠭᠡᠴᠡᠯᠳᠦᠯ ᠪᠣᠯᠵᠠᠢ᠃    ᠱᠤᠸᠠᠩ ᠵᠢᠩ ᠽᠢ ᠲᠣᠰᠬᠤᠨ ᠤ ᠨᠠᠮ ᠤᠨ ᠡᠭᠦᠷ ᠤᠨ ᠱᠦᠵᠢ᠂ ᠲᠣᠰᠬᠤᠨ ᠤ ᠠᠷᠠᠳ ᠤᠨ ᠵᠥᠪᠯᠡᠯ ᠤᠨ ᠡᠷᠬᠢᠯᠡᠭᠴᠢ ᠵᠠᠩ ᠢᠦᠢ ᠹᠠ᠄ ︽ᠱᠤᠸᠠᠩ ᠵᠢᠩ ᠽᠢ ᠲᠣᠰᠬᠤᠨ ᠪᠣᠯ ᠲᠤᠬᠠᠢ ᠶᠢᠨ ᠭᠠᠵᠠᠷ ᠤᠨ ᠬᠤᠷᠢᠮ ᠤᠨ ᠵᠠᠩ ᠳᠠᠳᠬᠠᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠪᠣᠯᠣᠨ᠎ᠠ᠂ ᠡᠳᠦᠷ ᠲᠤᠳᠤᠮ ᠤᠨ ᠤᠬᠠᠭᠤᠯᠵᠤ ᠵᠢᠯᠤᠭᠤᠳᠬᠤ ᠠᠵᠢᠯ ᠯᠠᠪᠳᠠᠭᠤᠨ ᠪᠠᠲᠤᠲᠠᠢ ᠶᠠᠪᠤᠭᠳᠠᠵᠤ ᠪᠤᠢ᠃ ᠡᠨᠡ ᠤᠳᠠᠭᠠᠨ ᠤ ᠬᠠᠮᠲᠤ ᠶᠢᠨ ᠬᠤᠷᠢᠮ ᠤᠨ ᠶᠣᠰᠣᠯᠠᠯ ᠤᠨ ᠬᠤᠶᠠᠷ ᠰᠢᠨ᠎ᠡ ᠬᠤᠣᠰ ᠨᠢ ᠪᠦᠷ  ᠮᠠᠨ ᠤ ᠲᠣᠰᠬᠤᠨ ᠬᠢ᠂ ᠲᠦᠷᠦᠯ ᠰᠠᠳᠤᠨ ᠨᠠᠶᠢᠵᠠ ᠨᠥᠬᠦᠳ  ᠨᠢ ᠦᠨᠳᠦᠰᠦᠨ ᠳᠤ ᠪᠠᠨ ᠪᠦᠷ ᠨᠢᠭᠡ ᠯᠡ ᠠᠮᠢᠳᠤᠷᠠᠯ ᠤᠨ ᠲᠤᠭᠤᠷᠢᠭ ᠤᠨ  ᠬᠥᠮᠥᠰ ᠪᠤᠯᠬᠤᠷ ᠵᠦᠪᠳᠡᠯᠴᠡᠬᠡᠳ ᠬᠤᠷᠢᠮ ᠤᠨ ᠶᠤᠰᠤᠯᠠᠯ ᠢᠶᠠᠨ ᠬᠠᠮᠲᠤ ᠪᠠᠷ ᠬᠢᠬᠦ ᠪᠠᠷ ᠰᠠᠨᠠᠯ ᠨᠢᠬᠡᠳᠴᠡᠢ᠃      ᠬᠤᠷᠢᠮ ᠤᠨ ᠶᠣᠰᠣᠯᠠᠯ ᠤᠨ ᠲᠤᠬᠠᠢ ᠶᠢᠨ ᠲᠠᠯᠠᠪᠠᠢ ᠳᠤ ᠲᠣᠰᠬᠤᠨ ᠤ ᠤᠷᠠᠨ ᠰᠠᠶᠢᠬᠠᠨ ᠤ ᠲᠣᠭᠯᠠᠯᠲᠠ ᠶᠢᠨ ᠠᠩᠭᠢ ᠪᠣᠯᠣᠨ ᠬᠥᠳᠡᠭᠡ ᠪᠠᠭᠤᠵᠤ ᠲᠣᠭᠯᠠᠯᠲᠠ ᠭᠠᠷᠭᠠᠵᠤ ᠪᠠᠶᠢᠭᠰᠠᠨ ᠲᠤᠯᠤᠨ ᠨᠠᠭᠤᠷ ᠰᠢᠶᠠᠨ ᠤ ᠤᠯᠠᠭᠠᠨᠮᠥ᠋ᠴᠢᠷ ᠤᠨ ᠬᠢᠨ ᠰᠢᠨ᠎ᠡ ᠬᠥᠮᠥᠰ ᠲᠤ ᠵᠥᠩᠨᠡᠯ ᠳᠡᠪᠰᠢᠭᠦᠯᠵᠦ᠂ ᠵᠠᠳᠠᠭᠠᠢ ᠲᠠᠶᠢᠰᠠᠨ ᠳᠡᠭᠡᠷ᠎ᠡ ᠠᠮᠢᠳᠤᠷᠠᠯ ᠳᠤ ᠣᠶᠢᠷᠠᠲᠤᠭᠰᠠᠨ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠬᠤᠷᠢᠮ ᠤᠨ ᠶᠣᠰᠣᠯᠠᠯ ᠤᠨ ᠪᠦᠬᠦ ᠶᠠᠪᠤᠴᠨ ᠶᠢ ᠦᠪᠡᠳᠡᠭᠰᠢ ᠪᠥᠭᠡᠳ ᠬᠠᠯᠠᠭᠤᠨ ᠳᠤᠯᠠᠭᠠᠨ ᠪᠣᠯᠭᠠᠭᠰᠠᠨ ᠪᠠᠶᠢᠨ᠎ᠠ᠃           
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号