︽ᠬᠡᠤᠬᠡᠳ ᠤᠨ ᠰᠡᠳᠬᠢᠯ ᠢ ᠨᠢ ᠤᠮᠳᠠᠯᠠᠨ᠂ ᠢᠷᠡᠭᠡᠳᠦᠢ ᠪᠠᠨ ᠬᠠᠮᠳᠤ ᠪᠠᠷ ᠬᠠᠮᠠᠭᠠᠯᠠᠶ᠎ᠠ︾ ᠭᠡᠬᠦ ᠭᠤᠣᠯ ᠰᠡᠳᠦᠪᠲᠦ ᠠᠵᠢᠯᠯᠠᠭ᠎ᠠ ᠶᠢ ᠮᠠᠨᠵᠤᠤᠷ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ︽ᠬᠡᠤᠬᠡᠳ ᠤᠨ ᠰᠡᠳᠬᠢᠯ ᠢ ᠨᠢ ᠤᠮᠳᠠᠯᠠᠨ᠂ ᠢᠷᠡᠭᠡᠳᠦᠢ ᠪᠠᠨ ᠬᠠᠮᠳᠤ ᠪᠠᠷ ᠬᠠᠮᠠᠭᠠᠯᠠᠶ᠎ᠠ︾ ᠭᠡᠬᠦ ᠭᠤᠣᠯ ᠰᠡᠳᠦᠪᠲᠦ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/6/11
   ᠮᠠᠨᠵᠤᠤᠷ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ 5 ᠳ᠋ᠤᠭᠠᠷ ᠰᠠᠷ᠎ᠠ ᠶᠢᠨ 30 ᠤ ᠡᠳᠦᠷ  ᠮᠠᠨᠵᠤᠤᠷ ᠬᠤᠲᠠ ᠶᠢᠨ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ ᠬᠡᠯᠲᠡᠰ᠂ ᠮᠠᠨᠵᠤᠤᠷ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂  ᠮᠠᠨᠵᠤᠤᠷ ᠬᠤᠳᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠮᠠᠨᠵᠤᠤᠷ ᠬᠳᠠ ᠶᠢᠨ ᠡᠪᠯᠡᠯ ᠤᠨ ᠬᠤᠷᠢᠶ᠎ᠠ᠂ ᠮᠠᠨᠵᠤᠤᠷ ᠬᠤᠳᠠ ᠶᠢᠨ ᠡᠮᠡᠭᠲᠡᠶᠢᠴᠦᠳ ᠤᠨ ᠬᠤᠯᠪᠣᠭ᠎ᠠ ᠶᠢᠨ ᠬᠢᠨ ᠲᠠᠢ ᠬᠠᠮᠲᠤᠷᠠᠨ ︽ᠬᠡᠤᠬᠡᠳ ᠤᠨ ᠰᠡᠳᠬᠢᠯ ᠢ ᠨᠢ ᠤᠮᠳᠠᠯᠠᠨ᠂ ᠢᠷᠡᠭᠡᠳᠦᠢ ᠪᠠᠨ ᠬᠠᠮᠳᠤ ᠪᠠᠷ ᠬᠠᠮᠠᠭᠠᠯᠠᠶ᠎ᠠ ︾ ᠬᠦᠴᠢᠷᠳᠡᠯ ᠳᠤ ᠲᠤᠯᠭᠠᠷᠠᠭᠰᠠᠨ ᠬᠡᠦᠬᠡᠳ ᠢ  ᠬᠠᠯᠠᠮᠵᠢᠯᠠᠬᠤ ︽ᠵᠢᠷᠭᠤᠭᠠᠨ ᠰᠠᠷ᠎ᠠ ᠶᠢᠨ ᠨᠢᠭᠡᠨ︾ ᠤ ᠭᠤᠣᠯ ᠰᠡᠳᠦᠪᠲᠦ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠪᠠ᠃
    ᠡᠬᠢᠯᠡᠯᠲᠡ ᠶᠢᠨ ᠶᠣᠰᠣᠯᠠᠯ ᠳᠡᠭᠡᠷ᠎ᠡ᠂ ᠮᠠᠨᠵᠤᠤᠷ ᠬᠤᠲᠠ ᠶᠢᠨ ᠠᠷᠠᠳ ᠤᠨ ᠤᠯᠤᠰ ᠲᠥᠷᠥ ᠶᠢᠨ ᠲᠣᠪᠴᠢᠶᠠᠨ ᠤ ᠳᠠᠷᠤᠭ᠎ᠠ ᠫᠠᠩ ᠶᠧ ᠴᠢᠩ ᠵᠢᠷᠭᠤᠭᠠᠨ ᠰᠠᠯᠠᠭ᠎ᠠ ᠮᠥᠴᠢᠷ ᠤᠨ ᠬᠢᠨ ᠢ ᠲᠥᠯᠥᠭᠡᠯᠡᠨ ᠮᠠᠨᠵᠤᠤᠷ ᠬᠤᠲᠠ ᠶᠢᠨ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠯᠠᠮᠵᠢᠯᠠᠨ ᠬᠠᠮᠠᠭᠠᠯᠠᠬᠤ ᠰᠠᠨᠠᠭᠠᠴᠢᠯᠠᠭ᠎ᠠ ᠶᠢᠨ ᠪᠢᠴᠢᠭ ᠢ ᠤᠩᠰᠢᠪᠠ᠃ ᠮᠠᠨᠵᠤᠤᠷ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠪᠠ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠲᠥᠪ  ᠤᠨ ᠬᠢᠨ ᠨᠢ ᠬᠦᠴᠢᠷᠳᠡᠯ ᠳᠤ ᠲᠤᠯᠭᠠᠷᠠᠭᠰᠠᠨ 167 ᠬᠡᠦᠬᠡᠳ ᠲᠤ 2.224 ᠲᠦᠮᠡᠨ ᠲᠥᠭᠦᠷᠢᠭ ᠤᠨ ᠥᠷᠲᠡᠭ ᠪᠦᠬᠦᠢ ᠪᠠᠶᠠᠷ ᠤᠨ ᠡᠳᠦᠷ ᠤᠨ ᠲᠣᠬᠤᠨᠢᠭᠤᠯᠬᠤ ᠮᠥᠩᠭᠦ ᠪᠠ ᠲᠣᠬᠤᠨᠢᠭᠤᠯᠬᠤ ᠪᠣᠳᠠᠰ ᠣᠯᠭᠤᠪᠠ᠃
      ᠮᠠᠨᠵᠤᠤᠷ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠬᠢᠭᠡᠳ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠢᠨ ᠬᠠᠮᠳᠤ ᠪᠠᠷ ᠮᠠᠨᠵᠤᠤᠷ ᠬᠤᠲᠠ ᠶᠢᠨ ᠨᠢᠭᠡᠳᠦᠭᠡᠷ ᠡᠮᠨᠡᠯᠭᠡ ᠶᠢᠨ ᠬᠤᠷᠢᠶ᠎ᠠ ᠳᠤ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠣᠨᠣᠰᠢᠯᠠᠨ ᠡᠮᠨᠡᠵᠦ  ᠬᠠᠯᠠᠮᠵᠢᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠰᠠᠭᠤᠷᠢᠨ ᠭᠠᠵᠠᠷ ᠤᠨ ᠫᠠᠶᠢᠰᠠ ᠣᠯᠭᠤᠵᠤ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠲᠤ ᠰᠡᠳᠬᠢᠴᠡ ᠶᠢᠨ ᠬᠠᠯᠠᠮᠵᠢ ᠶᠢᠨ ᠣᠨᠣᠰᠢᠯᠠᠨ ᠡᠮᠨᠡᠬᠦ ᠦᠢᠯᠡᠴᠢᠯᠡᠭᠡᠨ ᠤ ᠲᠠᠯᠠᠪᠤᠷ  ᠪᠠ ᠲᠦᠬᠦᠬᠡᠷᠤᠮᠵᠢ ᠬᠠᠨᠭ᠍ᠭᠠᠯ᠎ᠠ᠃
    ᠮᠠᠨᠵᠤᠤᠷ ᠬᠤᠳᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠪᠣᠯᠣᠨ ᠨᠡᠶᠢᠭᠡᠮ ᠤᠨ ᠠᠵᠢᠯ ᠤᠨ ᠭᠠᠵᠠᠷ ᠤᠨ  ᠬᠢᠨ ᠮᠠᠨᠵᠤᠤᠷ ᠬᠤᠳᠠ ᠶᠢᠨ ︽ᠧᠦ ᠮᠧᠢ ᠳ᠋ᠠ︾ ᠪᠣᠯᠪᠠᠰᠤᠷᠠᠯ ᠤᠨ ᠰᠤᠷᠭᠠᠭᠤᠯᠢ᠂ ᠬᠤᠳᠠ ᠶᠢᠨ ᠬᠦᠰᠡᠯᠡᠩ ᠤᠨ ᠬᠡᠦᠬᠡᠳ ᠤᠨ ᠴᠡᠴᠡᠷᠯᠢᠭ᠂  ︽ᠪᠠᠭᠪᠠᠭᠠᠢ ᠴᠡᠴᠡᠭ ︾ ᠰᠠᠶᠢᠨ  ᠲᠤᠷᠠᠴᠤᠤᠯ ᠤᠨ ᠦᠢᠯᠡᠴᠢᠯᠡᠬᠡᠨ ᠤ ᠪᠦᠯᠬᠦᠮ᠂ ︽ᠬᠤᠩ ᠢᠦᠢ︾ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠥᠪ᠂ ᠭᠤᠤ ᠶᠤᠸᠠᠨ ᠨᠡᠶᠢᠭᠡᠮ ᠲᠣᠭᠤᠷᠢᠭ ᠤᠨ ᠠᠵᠢᠯ ᠤᠨ ᠦᠢᠯᠡᠴᠢᠯᠡᠭᠡᠨ ᠤ ᠲᠥᠪ᠂ ︽ᠵᠦᠩ ᠱᠢ︾ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠥᠪ ᠲᠤ ᠬᠠᠶᠢᠷ᠎ᠠ ᠬᠠᠯᠠᠮᠵᠢ ᠶᠢᠨ ᠪᠠᠶᠢᠭᠤᠯᠤᠮᠵᠢ ᠶᠢᠨ ᠫᠠᠶᠢᠰᠠ ᠣᠯᠭᠤᠵᠤ᠂ ᠡᠯ᠎ᠡ ᠪᠠᠶᠢᠭᠤᠯᠤᠮᠵᠢ ᠶᠢᠨ ᠤᠷᠳᠤ ᠬᠤᠭᠤᠴᠠᠭᠠᠨ ᠤ ᠲᠤᠷᠰᠢ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠲᠡᠳᠬᠦᠭᠰᠡᠨ ᠪᠠ ᠬᠠᠶᠢᠷ᠎ᠠ ᠬᠠᠯᠠᠮᠵᠢ ᠶᠢᠨ ᠲᠤᠰᠠᠯᠠᠮᠵᠢ ᠦᠵᠡᠭᠦᠯᠦᠭᠰᠡᠨ ᠳᠤ ᠲᠠᠯᠠᠷᠬᠠᠯ ᠢᠯᠡᠷᠬᠡᠶᠢᠯᠡᠭᠰᠡᠨ ᠪᠠᠶᠢᠨ᠎ᠠ᠃       
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号