ᠠᠷᠠᠳ ᠤᠨ ᠶᠠᠪᠤᠳᠠᠯ ᠤᠨ ᠰᠢᠭᠤᠷᠬᠠᠢ ᠮᠡᠳᠡᠭᠡ
ᠨᠡᠶᠢᠲᠡᠯᠡᠭᠰᠡᠨ ᠴᠠᠭ᠄
2024/6/11
ᠠᠷᠠᠳ ᠤᠨ ᠶᠠᠪᠤᠳᠠᠯ ᠤᠨ ᠲᠢᠩᠭᠢᠮ    ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ ᠤᠷᠴᠢᠮ ᠳᠤ ᠪᠥᠬᠦ ᠣᠷᠣᠨ ᠤ ᠭᠡᠷ ᠲᠤ ᠨᠢ ᠬᠦᠷᠴᠤ ᠠᠰᠠᠷᠠᠬᠤ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡ ᠪᠠ ᠨᠠᠰᠤᠲᠠᠶᠢᠴᠤᠳ ᠤᠨ ᠬᠤᠭᠤᠯᠨ ᠤᠮᠳᠠ ᠳᠤ ᠲᠤᠰᠠᠯᠠᠬᠤ ᠦᠢᠯᠡᠴᠢᠯᠡᠭᠡ ᠶᠢ ᠢᠳᠡᠪᠬᠢᠲᠡᠢ ᠬᠥᠭᠵᠢᠭᠦᠯᠬᠦ ᠲᠤᠷᠰᠢᠯᠭ᠎ᠠ ᠰᠣᠯᠢᠯᠴᠠᠬᠤ ᠬᠤᠷᠠᠯ ᠬᠤᠷᠠᠯᠳᠤᠭᠤᠯᠪᠠ᠃ ᠬᠤᠷᠠᠯ ᠲᠡᠬᠡᠷ᠎ᠡ᠄ ︽ᠬᠤᠳᠠ ᠬᠥᠳᠡᠭᠡ ᠶᠢ ᠬᠠᠮᠤᠷᠤᠭᠰᠠᠨ ᠭᠤᠷᠪᠠᠨ ᠱᠠᠲᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠤᠤᠷᠵᠢᠯ ᠢ ᠲᠡᠬᠦᠯᠳᠡᠷᠵᠢᠬᠦᠯᠤᠨ᠂ ᠰᠢᠶᠠᠨ ᠤ ᠱᠠᠲᠤᠨ ᠤ ᠶᠡᠷᠦᠩᠬᠡᠶᠢᠯᠡᠭᠰᠡᠨ ᠵᠢᠯᠣᠭᠤᠳᠤᠯᠭ᠎ᠠ᠂ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠣᠷᠣᠨ ᠪᠦᠰᠡ ᠶᠢᠨ ᠬᠠᠮᠲᠤᠷᠠᠯᠴᠠᠭ᠎ᠠ᠂ ᠲᠣᠰᠬᠤᠨ ︵ᠨᠡᠶᠢᠭᠡᠮ ᠲᠣᠭᠤᠷᠢᠭ︶ ᠤ ᠣᠶᠢᠷ᠎ᠠ ᠬᠠᠪᠢ ᠳᠤ ᠨᠢ ᠲᠦᠬᠦᠮ ᠦᠵᠡᠭᠦᠯᠬᠦ ᠦᠢᠯᠡᠴᠢᠯᠡᠭᠡ ᠳᠡᠮᠵᠢᠯᠭᠡ ᠶᠢᠨ ᠰᠢᠰᠲ᠋ᠧᠮ ᠢ ᠪᠦᠷᠢᠯᠳᠦᠭᠦᠯᠬᠦ ᠬᠡᠷᠡᠭᠲᠡᠢ᠃ ᠦᠢᠯᠡᠴᠢᠯᠡᠭᠡᠨ ᠤ ᠬᠠᠩᠭᠠᠯᠭ᠎ᠠ ᠶᠢᠨ ᠪᠠᠶᠢᠷᠢᠰᠢᠯ ᠢ ᠰᠢᠯᠢᠳᠡᠭᠵᠢᠭᠦᠯᠵᠦ᠂ ᠭᠡᠷ ᠲᠤ ᠪᠠᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠰᠠᠭᠤᠷᠢ ᠶᠢ ᠪᠠᠬᠢᠵᠢᠭᠦᠯᠵᠦ᠂ ᠨᠡᠶᠢᠭᠡᠮ ᠲᠣᠭᠤᠷᠢᠭ ᠤᠨ ᠨᠠᠰᠤᠵᠢᠯ ᠤᠨ ᠲᠦᠰᠢᠭᠯᠡᠯ ᠤᠨ ᠦᠢᠯᠡᠳᠦᠯ ᠢ ᠴᠢᠩᠭᠠᠷᠠᠭᠤᠯᠤᠨ᠂ ᠪᠠᠶᠢᠭᠤᠯᠤᠮᠵᠢ ᠶᠢᠨ ᠨᠠᠰᠤᠵᠢᠯ ᠤᠨ ᠲᠤᠰᠬᠠᠢ ᠮᠡᠷᠭᠡᠵᠢᠯ ᠤᠨ ᠲᠤᠯᠭᠠᠭᠤᠷᠢᠯᠠᠬᠤ ᠦᠢᠯᠡᠳᠦᠯ ᠢ ᠳᠡᠭᠡᠭᠰᠢᠯᠡᠭᠦᠯᠵᠦ᠂ ᠡᠮᠴᠢᠯᠡᠭᠡ ᠰᠤᠪᠢᠯᠠᠯᠲᠠ ᠡᠷᠡᠭᠦᠯᠵᠢᠯ ᠰᠤᠪᠢᠯᠠᠯᠲᠠ ᠶᠢ ᠬᠠᠷᠢᠯᠴᠠᠨ ᠤᠶᠠᠯᠳᠤᠭᠤᠯᠬᠤ ᠶᠢ ᠠᠬᠢᠭᠤᠯᠤᠨ᠂ ᠭᠡᠷ ᠲᠤ ᠪᠠᠨ ᠰᠠᠭᠤᠵᠤ ᠪᠠᠶᠢᠭ᠎ᠠ ᠨᠠᠰᠤᠲᠠᠶᠢᠴᠤᠳ ᠲᠤ ᠨᠠᠩ ᠳᠥᠭᠦᠮ ᠳᠥᠲᠡ᠂ ᠲᠤᠰᠬᠠᠢ ᠮᠡᠷᠭᠡᠵᠢᠯ ᠤᠨ ᠡᠮᠴᠢᠯᠡᠭᠡ ᠪᠠᠷ ᠲᠤᠰᠠᠯᠠᠬᠤ᠂ ᠬᠤᠭᠤᠯᠠ ᠤᠮᠳᠠ ᠳᠤ ᠲᠤᠰᠠᠯᠠᠬᠤ ᠵᠡᠷᠭᠡ ︿ᠵᠢᠷᠭᠤᠭ᠎ᠠ ᠶᠢ ᠲᠤᠰᠠᠯᠠᠵᠤ ᠨᠢᠭᠡ ᠰᠤᠪᠢᠯᠠᠬᠤ﹀ ᠦᠢᠯᠡᠴᠢᠯᠡᠭᠡ ᠶᠢ ᠬᠦᠷᠲᠡᠭᠡᠨ᠎ᠡ︾ ᠬᠡᠵᠡᠢ᠃ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ   ᠣᠷᠳᠣᠰ ᠤᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ︽ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠳᠤᠯᠠᠭᠠᠯᠠᠵᠤ ᠬᠠᠮᠲᠤ ᠪᠠᠷ ᠤᠷᠤᠭᠰᠢᠯᠠᠭᠤᠯᠬᠤ︾ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠷᠠᠲᠤ ᠲᠥᠷᠥᠯ ᠲᠡᠮᠳᠡᠭᠲᠦ ᠪᠠᠷ  ᠪᠠᠷᠢᠴᠨ ᠪᠣᠯᠭᠠᠵᠤ᠂ ᠨᠡᠶᠢᠭᠡᠮ ᠲᠣᠭᠤᠷᠢᠭ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠪᠣᠶᠢᠵᠢᠭᠤᠯᠤᠨ ᠬᠥᠭᠵᠢᠭᠦᠯᠬᠦ ᠲᠤᠰᠬᠠᠢ ᠠᠵᠢᠯᠯᠠᠭ᠎ᠠ ᠶᠢ ᠬᠡᠷᠡᠭᠵᠢᠬᠦᠯᠪᠡ᠃ ︽ᠨᠡᠶᠢᠭᠡᠮ ᠲᠣᠭᠤᠷᠢᠭ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠶᠡᠭᠡ ᠪᠠᠷ ᠬᠥᠭᠵᠢᠭᠦᠯᠬᠦ ᠲᠤᠬᠠᠢ ᠵᠢᠯᠤᠭᠤᠳᠬᠤ ᠰᠠᠨᠠᠯ︾ ︽ᠣᠷᠳᠣᠰ ᠬᠤᠲᠠ ᠶᠢᠨ ᠨᠡᠶᠢᠭᠡᠮ ᠲᠣᠭᠤᠷᠢᠭ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠳᠠᠩᠰᠠᠯᠠᠬᠤ ᠪᠠ ᠳᠠᠩᠰᠠᠯᠠᠬᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠨᠡᠶᠢᠲᠡᠯᠡᠵᠦ᠂ 640 ᠲᠦᠮᠡᠨ ᠲᠥᠭᠦᠷᠢᠭ ᠵᠠᠷᠤᠴᠠᠭᠤᠯᠤᠨ ᠡᠯ᠎ᠡ ᠬᠤᠰᠢᠭᠤ ᠲᠣᠭᠤᠷᠢᠭ ᠤᠨ ᠨᠡᠶᠢᠭᠡᠮ ᠲᠣᠭᠤᠷᠢᠭ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠮᠢᠶ᠎ᠠ ᠪᠦᠬᠦᠢ ᠲᠥᠷᠥᠯ ᠵᠦᠢᠯ ᠢ ᠥᠷᠨᠢᠭᠦᠯᠬᠦ ᠳᠤ ᠬᠡᠷᠡᠭᠯᠡᠪᠡ᠃ ᠣᠳᠣᠬᠠᠨ ᠳᠤ ᠨᠢᠭᠡᠨᠲᠡ ᠨᠡᠶᠢᠭᠡᠮ ᠲᠣᠭᠤᠷᠢᠭ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ 1637 ᠪᠤᠯᠤᠬᠰᠠᠨ ᠤ ᠲᠤᠳᠤᠷ᠎ᠠ ᠬᠤᠳᠠ ᠪᠠᠯᠭᠠᠰᠤᠨ ᠤ ᠨᠡᠶᠢᠭᠡᠮ ᠲᠣᠭᠤᠷᠢᠭ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ 1201᠂ ᠬᠥᠳᠡᠭᠡ ᠲᠣᠰᠬᠤᠨ ᠤ ᠨᠡᠶᠢᠭᠡᠮ ᠲᠣᠭᠤᠷᠢᠭ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ 436 ᠪᠠᠶᠢᠨ᠎ᠠ᠃    ᠰᠢᠯᠢ ᠶᠢᠨ ᠭᠤᠣᠯ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠨ ᠤᠷᠴᠢᠮ ᠳᠤ ᠰᠠᠨᠠᠭᠠᠴᠢᠯᠠᠭ᠎ᠠ ᠶᠢᠨ ᠪᠢᠴᠢᠭ ᠳᠠᠷᠤᠮᠠᠯᠯᠠᠨ ᠲᠠᠷᠬᠠᠭᠠᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠰᠠᠶᠢᠨ ᠲᠤᠷᠠᠴᠤᠤᠯ ᠢ ᠵᠢᠯᠤᠭᠤᠳᠴᠤ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠠᠵᠢᠯ ᠳᠤ ᠢᠳᠡᠪᠬᠢᠲᠡᠢ ᠤᠷᠤᠯᠴᠠᠭᠤᠯᠪᠠ᠂ 6 ᠳ᠋ᠤᠭᠠᠷ ᠰᠠᠷ᠎ᠠ ᠶᠢᠨ 7 ᠤ ᠡᠳᠦᠷ ᠪᠥᠬᠦ ᠠᠶᠢᠮᠠᠭ ᠤᠨ ᠡᠯ᠎ᠡ ᠱᠠᠲᠤᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ 40 ᠮᠠᠰᠢᠨ ᠲᠡᠷᠭᠡ ᠲᠣᠮᠢᠯᠠᠵᠤ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ 200 ᠭᠠᠷᠤᠢ ᠰᠢᠯᠭᠠᠭᠤᠯᠤᠭᠴᠢ ᠶᠢ ᠲᠤᠰᠴᠤ ᠬᠦᠷᠭᠡᠬᠦ ᠡᠭᠦᠷᠭᠡ ᠶᠢ ᠪᠠᠲᠤᠯᠠᠪᠠ᠃ᠨᠠᠰᠤᠵᠢᠯ ᠤᠨ ᠦᠢᠯᠡᠴᠢᠯᠡᠭᠡ    ᠪᠤᠭᠤᠲᠤ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠤᠷᠴᠢᠮ ᠳᠤ 6 ᠰᠠᠯᠠᠭ᠎ᠠ ᠮᠥᠴᠢᠷ  ᠤᠨ ᠬᠢᠨ ᠲᠠᠢ ᠬᠠᠮᠲᠤᠷᠠᠨ ︽ᠪᠤᠭᠤᠲᠤ ᠬᠤᠲᠠ ᠶᠢᠨ ᠭᠡᠷ ᠲᠤ ᠨᠢ ᠬᠦᠷᠴᠤ ᠠᠰᠠᠷᠠᠬᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠦᠬᠦᠬᠡᠷᠤᠮᠵᠢ ᠶᠢᠨ ᠪᠦᠲᠦᠭᠡᠨ ᠪᠠᠶᠢᠭᠤᠯᠤᠯᠲᠠ ᠡᠵᠡᠩᠨᠡᠯᠲᠡ ᠶᠢᠨ ᠵᠢᠯᠣᠭᠤᠳᠤᠮᠵᠢ︾ ᠶᠢ ᠳᠠᠷᠤᠮᠠᠯᠯᠠᠨ ᠲᠠᠷᠬᠠᠭᠠᠵᠤ᠂ ᠨᠠᠰᠤᠵᠢᠯ ᠤᠨ ᠠᠰᠠᠷᠠᠮᠵᠢ ᠶᠢᠨ ᠲᠦᠬᠦᠬᠡᠷᠤᠮᠵᠢ ᠶᠢᠨ ᠪᠦᠲᠦᠭᠡᠨ ᠪᠠᠶᠢᠭᠤᠯᠤᠯᠲᠠ᠂ ᠴᠢᠳᠠᠮᠵᠢ ᠶᠢᠨ ᠪᠠᠶᠢᠷᠢ ᠲᠣᠭᠲᠠᠭᠠᠯᠲᠠ᠂ ᠭᠡᠷ ᠬᠥᠷᠥᠩᠭᠡ ᠶᠢᠨ ᠭᠠᠯ ᠤᠨᠲᠠᠷᠠᠭᠠᠬᠤ᠂ ᠡᠮᠴᠢᠯᠡᠭᠡ ᠰᠤᠪᠢᠯᠠᠯᠲᠠ ᠶᠢ ᠤᠶᠠᠯᠳᠤᠭᠤᠯᠬᠤ ᠪᠠ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠡᠵᠡᠩᠨᠡᠯᠲᠡ ᠬᠠᠮᠢᠶᠠᠷᠤᠯᠲᠠ ᠵᠡᠷᠭᠡ ᠲᠠᠯ᠎ᠠ ᠪᠠᠷ ᠭᠤᠣᠯᠯᠠᠭᠤᠯᠤᠨ᠂ ᠭᠡᠷ  ᠲᠤ ᠨᠢ ᠬᠦᠷᠴᠤ ᠠᠰᠠᠷᠠᠬᠤ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠠᠵᠢᠯᠯᠠᠭ᠎ᠠ ᠶᠢ ᠤᠯᠠᠮ ᠵᠢᠷᠤᠮᠵᠢᠭᠤᠯᠵᠤ᠂ ᠨᠠᠰᠤᠲᠠᠶᠢᠴᠤᠳ ᠤᠨ ᠣᠯᠠᠨ ᠲᠠᠰ ᠳᠠᠪᠬᠤᠷᠭ᠎ᠠ᠂ ᠣᠯᠠᠨ ᠶᠠᠩᠵᠤ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠡᠷᠡᠭᠴᠡᠭᠡ ᠶᠢ ᠬᠠᠨᠭ᠍ᠭᠠᠵᠤ ᠪᠠᠶᠢᠨ᠎ᠠ᠃ᠬᠡᠦᠬᠡᠳ ᠤᠨ ᠠᠰᠠᠷᠠᠮᠵᠢ     ᠪᠠᠶᠠᠨᠨᠠᠭᠤᠷ ᠤᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠤᠷᠴᠢᠮ ᠳᠤ ᠪᠠᠶᠠᠨᠨᠠᠭᠤᠷ ᠬᠤᠲᠠ ᠶᠢᠨ ᠨᠢᠭᠦᠯᠡᠰᠦᠩᠭᠦᠢ ᠶᠢᠨ ᠬᠤᠯᠪᠣᠭᠠᠲᠤ ᠬᠤᠷᠠᠯ ᠤᠨ ᠬᠢᠨ ᠲᠠᠢ ᠬᠠᠮᠲᠤᠷᠠᠨ ᠪᠥᠬᠦ ᠬᠤᠲᠠ ᠶᠢᠨ 484 ᠥᠨᠥᠴᠢᠨ ᠬᠡᠦᠬᠡᠳ᠂ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠪᠠ ᠣᠨᠴᠠᠭᠠᠶ ᠬᠦᠴᠢᠷᠳᠡᠯ ᠲᠠᠢ ᠬᠡᠦᠬᠡᠳ ᠲᠤ ᠠᠳᠡᠯ ᠤᠨ ᠬᠡᠮᠳᠤᠯ ᠤᠨ ᠳᠠᠭᠠᠳᠬᠠᠯ ᠪᠠ   ︽ᠦᠪᠤᠷ ᠮᠤᠩᠭᠤᠯᠴᠤᠳ ᠲᠤ ᠬᠠᠷᠠᠭᠠᠯᠵᠠᠯ ᠬᠦᠷᠳᠡᠬᠡᠬᠦ︾ ᠳᠠᠭᠠᠳᠬᠠᠯ ᠬᠤᠳᠠᠯᠳᠤᠨ ᠠᠪᠴᠤ ᠥᠭᠴᠡᠢ᠂ ᠡᠨᠡ ᠬᠦ ᠳᠠᠭᠠᠳᠬᠠᠯ 6 ᠰᠠᠷ᠎ᠠ ᠶᠢᠨ 11 ᠤ ᠡᠳᠦᠷ ᠠᠴᠠ  ᠬᠦᠴᠦᠨ ᠲᠠᠢ᠂ ᠨᠢᠭᠡ ᠵᠢᠯ ᠤᠨ ᠬᠤᠭᠤᠴᠠᠭ᠎ᠠ ᠲᠠᠢ᠃      
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号