ᠠᠷᠠᠳ ᠤᠨ ᠶᠠᠪᠤᠳᠠᠯ ᠤᠨ ᠰᠢᠭᠤᠷᠬᠠᠢ ᠮᠡᠳᠡᠭᠡ
ᠨᠡᠶᠢᠲᠡᠯᠡᠭᠰᠡᠨ ᠴᠠᠭ᠄
2024/6/11
ᠠᠷᠠᠳ ᠤᠨ ᠶᠠᠪᠤᠳᠠᠯ ᠤᠨ ᠶᠠᠮᠤᠨ   ᠠᠷᠠᠳ ᠤᠨ ᠶᠠᠪᠤᠳᠠᠯ ᠤᠨ ᠶᠠᠮᠤᠨ ᠤ ᠬᠢᠨ 6 ᠰᠠᠷ᠎ᠠ ᠶᠢᠨ 5 ᠤ ᠡᠳᠦᠷ ᠮᠡᠳᠡᠭᠳᠡᠯ ᠲᠠᠷᠬᠠᠭᠠᠵᠤ᠂ ︽ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠶᠢᠨ ᠢᠯᠡ ᠪᠠᠷ ᠬᠠᠨᠳᠢᠪ ᠴᠤᠭᠯᠠᠭᠤᠯᠬᠤ ᠬᠠᠮᠢᠶᠠᠷᠤᠯᠲᠠ ᠶᠢᠨ ᠠᠷᠭ᠎ᠠ ︵ᠵᠠᠰᠠᠪᠤᠷᠢ ᠣᠷᠣᠭᠤᠯᠤᠭᠰᠠᠨ ᠰᠠᠨᠠᠯ ᠬᠤᠷᠢᠶᠠᠬᠤ ᠨᠣᠣᠷᠠᠭ︶︾ ᠶᠢᠨ ᠲᠤᠬᠠᠢ ᠨᠡᠶᠢᠭᠡᠮ ᠤᠨ ᠡᠯ᠎ᠡ ᠡᠲᠡᠭᠡᠳ ᠤᠨ  ᠬᠢᠨ ᠤ ᠰᠠᠨᠠᠯ ᠢ ᠬᠤᠷᠢᠶᠠᠪᠠ᠃ ᠬᠦᠮᠦᠰ ᠵᠠᠰᠠᠪᠤᠷᠢ ᠣᠷᠣᠭᠤᠯᠬᠤ ᠰᠠᠨᠠᠯ ᠪᠤᠯ ᠠᠷᠠᠳ ᠤᠨ ᠶᠠᠪᠤᠳᠠᠯ ᠤᠨ ᠶᠠᠮᠤᠨ ᠤ ᠰᠦᠯᠵᠢᠶ᠎ᠡ᠂ ᠢᠮᠧᠯ ᠪᠤᠶᠤ ᠵᠠᠬᠢᠳᠠᠯ ᠢᠶᠠᠷ ᠬᠠᠷᠢᠭᠤ ᠲᠤᠰᠬᠠᠵᠤ ᠪᠣᠯᠣᠨ᠎ᠠ᠃ 7 ᠳ᠋ᠤᠭᠠᠷ ᠰᠠᠷ᠎ᠠ ᠶᠢᠨ 5 ᠤ ᠡᠳᠦᠷ ᠪᠤᠯᠳᠠᠯ᠎ᠠ ᠰᠠᠨᠠᠯ ᠬᠤᠷᠢᠶᠠᠨ᠎ᠠ᠃ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠬᠢᠨ 6 ᠳ᠋ᠤᠭᠠᠷ ᠰᠠᠷ᠎ᠠ ᠶᠢᠨ 5 ᠤ ᠡᠳᠦᠷ 2024 ᠣᠨ ᠤ 8 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠪᠠ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠰᠤᠷᠤᠯᠴᠠᠬᠤ ᠲᠤᠰᠬᠠᠢ ᠰᠡᠳᠦᠪᠲᠦ ᠬᠠᠪᠰᠤᠷᠤᠨ ᠵᠢᠯᠤᠭᠤᠳᠬᠤ ᠲᠠᠶᠢᠯᠤᠮᠵᠢ ᠬᠢᠪᠡ᠃ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠣᠭᠤᠷᠢᠨ ᠪᠠᠶᠢᠴᠠᠭᠠᠭᠴᠢ᠂ ᠡᠯ᠎ᠡ ᠭᠠᠵᠠᠷ ᠲᠠᠰᠤᠭ ᠤᠨ ᠳᠡᠳ᠋ ᠭᠠᠵᠠᠷ ᠤᠨ ᠲᠡᠰ ᠠᠴᠠ ᠳᠡᠭᠡᠭᠰᠢᠬᠢ ᠺᠠᠳ᠋ᠷ᠂ ᠰᠢᠭᠤᠳ ᠬᠠᠷᠢᠶ᠎ᠠ ᠨᠢᠬᠡᠴᠢ ᠶᠢᠨ ᠤᠳᠤᠷᠢᠳᠬᠤ ᠪᠠᠭ ᠤᠨ ᠪᠦᠷᠢᠯᠳᠦᠭᠦᠨ ᠨᠠᠷ ᠰᠤᠷᠤᠯᠴᠠᠯᠭ᠎ᠠ ᠳᠤ ᠣᠷᠣᠯᠴᠠᠪᠠ᠃ᠨᠡᠶᠢᠭᠡᠮ ᠤᠨ ᠬᠡᠷᠡᠭ ᠶᠠᠪᠤᠳᠠᠯ    ᠤᠯᠠᠭᠠᠨᠴᠠᠪ ᠤᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠰᠠᠯᠠᠭ᠎ᠠ ᠮᠥᠴᠢᠷ ᠬᠤᠯᠪᠤᠭᠠᠯᠠᠨ ᠬᠥᠳᠡᠯᠦᠯᠴᠡᠬᠦ ᠶᠢ ᠪᠠᠷᠢᠮᠲᠠᠯᠠᠵᠤ᠂ ᠡᠮᠡᠭᠲᠡᠶᠢᠴᠦᠳ ᠤᠨ ᠬᠤᠯᠪᠤᠭ᠎ᠠ᠂ ᠬᠠᠤᠯᠢ ᠴᠠᠭᠠᠵᠠ ᠵᠡᠷᠭᠡ ᠰᠠᠯᠠᠭ᠎ᠠ ᠮᠥᠴᠢᠷ ᠤᠨ  ᠬᠢᠨ ᠲᠠᠢ ᠬᠤᠯᠪᠤᠭᠠᠯᠠᠨ ᠡᠯ᠎ᠡ ᠭᠠᠵᠠᠷ ᠲᠤ ᠣᠷᠤᠭ ᠭᠡᠷ ᠪᠦᠯᠢ ᠶᠢᠨ ᠵᠢᠭᠤᠷᠠᠯᠳᠤᠭᠠᠨ ᠢ ᠠᠷᠠᠳ ᠤᠨ ᠡᠶᠡᠳᠡᠭᠦᠯᠬᠦ ᠺᠣᠮᠢᠰ ᠪᠠᠶᠢᠭᠤᠯᠵᠤ᠂ ᠣᠷᠤᠭ ᠤᠨ ᠶᠠᠪᠤᠳᠠᠯ ᠤᠨ ᠭᠠᠵᠠᠷ ᠲᠤ ᠲᠣᠭᠤᠷᠢᠭ ᠤᠨ ᠣᠷᠤᠭ ᠭᠡᠷ ᠪᠦᠯᠢ ᠶᠢᠨ ᠵᠢᠭᠤᠷᠠᠯᠳᠤᠭᠠᠨ ᠢ ᠡᠶᠡᠳᠡᠭᠦᠯᠬᠦ ᠠᠵᠢᠯ ᠤᠨ ᠲᠠᠰᠤᠭ ᠪᠠᠶᠢᠭᠤᠯᠵᠤ᠂ ᠲᠤᠰᠬᠠᠢ ᠲᠤᠰᠢᠶᠠᠯᠲᠤ ᠬᠠᠪᠰᠤᠷᠤᠨ ᠵᠢᠯᠣᠭᠤᠳᠤᠭᠴᠢ ᠶᠢ ᠢᠯᠡ ᠪᠠᠷ ᠤᠷᠢᠨ ᠡᠶᠡᠳᠡᠭᠦᠯᠬᠦ ᠠᠵᠢᠯ ᠬᠢᠯᠭᠡᠪᠡ᠃ ᠦᠨᠤ ᠵᠢᠯ 1759 ᠰᠢᠨ᠎ᠡ ᠬᠤᠤᠰ ᠲᠤ ᠤᠷᠤᠭᠯᠠᠬᠤ ᠠᠴᠠ ᠡᠮᠦᠨᠡᠬᠢ ᠵᠢᠯᠤᠭᠤᠳᠤᠮᠵᠢ ᠦᠭᠴᠤ ᠦᠭᠪᠡ᠃ᠨᠠᠰᠤᠵᠢᠯ ᠤᠨ ᠦᠢᠯᠡᠴᠢᠯᠡᠭᠡ      ᠬᠥᠬᠡᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠤᠷᠴᠢᠮ ᠤᠨ ᠵᠢᠯ ᠭᠡᠷ ᠪᠠᠶᠢᠰᠢᠩ ᠤᠨ ᠲᠠᠯᠠᠪᠤᠷ᠂ ᠪᠦᠲᠦᠭᠡᠨ ᠪᠠᠶᠢᠭᠤᠯᠤᠯᠲᠠ ᠶᠢᠨ ᠪᠠᠶᠢᠷᠢᠰᠢᠭᠤᠯᠤᠯᠲᠠ᠂ ᠭᠠᠶᠢᠯᠢ ᠰᠦᠢᠳᠬᠡᠯ ᠢ ᠬᠠᠰᠤᠵᠤ ᠬᠡᠯᠲᠦᠷᠢᠭᠦᠯᠬᠦ᠂ ᠡᠵᠡᠩᠨᠡᠯᠲᠡ ᠶᠢᠨ ᠪᠠᠷᠢᠮᠵᠢᠶ᠎ᠠ ᠵᠡᠷᠭᠡ ᠲᠠᠯ᠎ᠠ ᠶᠢ ᠬᠠᠮᠤᠷᠤᠭᠰᠠᠨ ᠨᠠᠰᠤᠲᠠᠶᠢᠴᠤᠳ ᠤᠨ ᠬᠤᠭᠤᠯᠠ ᠤᠮᠳᠠ ᠳᠤ ᠲᠤᠰᠠᠯᠠᠬᠤ ᠦᠢᠯᠡᠴᠢᠯᠡᠭᠡᠨ ᠤ ᠵᠢᠯᠤᠭᠤᠳᠬᠤ ᠲᠥᠷᠥ ᠶᠢᠨ ᠪᠣᠳᠣᠯᠭ᠎ᠠ ᠶᠢ ᠲᠣᠭᠲᠠᠭᠠᠬᠤ ᠪᠠᠷ ᠳᠠᠮᠵᠢᠭᠤᠯᠤᠨ᠂ ᠴᠢᠳᠠᠮᠵᠢ ᠶᠢ ᠨᠢᠭᠡ ᠪᠦᠯᠦᠭ ᠳᠠᠪᠬᠤᠴᠠᠭᠤᠯᠤᠨ᠂ ᠨᠢᠭᠡ ᠪᠦᠯᠦᠭ ᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠪᠠᠶᠢᠭᠤᠯᠬᠤ᠂ ᠨᠢᠭᠡ ᠪᠦᠯᠦᠭ ᠢ ᠨᠡᠶᠢᠯᠡᠭᠦᠯᠵᠦ ᠠᠰᠢᠭᠯᠠᠬᠤ᠂ ᠬᠥᠷᠰᠢ ᠵᠡᠷᠭᠡᠯᠡᠳᠡᠭᠡ ᠨᠢᠭᠡ ᠪᠦᠯᠦᠭ ᠢ ᠬᠠᠷᠢᠯᠴᠠᠨ ᠬᠠᠪᠰᠤᠷᠤᠯᠴᠠᠬᠤ᠂ ᠨᠢᠭᠡ ᠪᠦᠯᠦᠭ ︽ᠲᠠᠪᠤᠨ ᠨᠢᠭᠡ ᠪᠦᠯᠦᠭ︾ ᠢ ᠬᠠᠮᠤᠷᠤᠭᠰᠠᠨ ᠪᠦᠲᠦᠭᠡᠨ ᠪᠠᠶᠢᠭᠤᠯᠤᠯᠲᠠ ᠶᠢᠨ ᠵᠠᠭᠪᠤᠷ ᠢ ᠪᠣᠶ ᠪᠣᠯᠭᠠᠪᠠ᠃ ᠡᠭᠦᠨ ᠤ ᠬᠠᠮᠲᠤ ᠨᠡᠶᠢᠭᠡᠮ ᠲᠣᠭᠤᠷᠢᠭ ᠤᠨ ᠪᠦᠷᠬᠦᠴᠡ ᠶᠢᠨ ᠨᠣᠷᠮ᠎ᠠ ᠪᠠ ᠨᠠᠰᠤᠲᠠᠶᠢᠴᠤᠳ ᠤᠨ ᠬᠤᠭᠤᠯᠠ ᠢᠳᠡᠬᠦ ᠳᠤ ᠲᠥᠬᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠥᠯᠥᠭᠡ  11 ᠰᠠᠯᠠᠭ᠎ᠠ ᠮᠥᠴᠢᠷ ᠤᠨ ᠬᠢᠨ ᠲᠠᠢ ᠬᠠᠮᠲᠤᠷᠠᠨ ︽ᠬᠥᠬᠡᠬᠤᠲᠠ ᠶᠢᠨ ᠨᠠᠰᠤᠲᠠᠶᠢᠴᠤᠳ ᠤᠨ ᠬᠤᠭᠤᠯᠠ ᠤᠮᠳᠠ ᠳᠤ ᠲᠤᠰᠠᠯᠠᠬᠤ ᠦᠢᠯᠡᠴᠢᠯᠡᠭᠡ ᠶᠢ ᠢᠳᠡᠪᠬᠢᠲᠡᠢ ᠬᠥᠭᠵᠢᠭᠦᠯᠬᠦ ᠠᠵᠢᠯᠯᠠᠭᠠᠨ ᠤ ᠲᠥᠰᠥᠯ︾ ᠢ ᠲᠣᠭᠲᠠᠭᠠᠨ ᠨᠡᠶᠢᠲᠡᠯᠡᠵᠦ᠂ ᠨᠠᠰᠤᠲᠠᠶᠢᠴᠤᠳ ᠤᠨ ᠬᠤᠭᠤᠯᠠ ᠤᠮᠳᠠ ᠳᠤ ᠲᠤᠰᠠᠯᠠᠬᠤ ᠦᠢᠯᠡᠴᠢᠯᠡᠭᠡᠨ ᠤ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠪᠡ᠃    ᠰᠢᠯᠢ ᠶᠢᠨ ᠭᠤᠣᠯ ᠠᠶᠢᠮᠠᠭ ᠤᠨ ᠬᠢᠨ ︽ᠵᠠᠬ᠎ᠠ ᠳᠡᠯᠭᠡᠭᠦᠷ ᠤᠨ ᠭᠤᠣᠯ ᠴᠣᠭᠴᠠ + ᠨᠡᠶᠢᠭᠡᠮ ᠲᠣᠭᠤᠷᠢᠭ ᠤᠨ ᠬᠤᠭᠤᠯᠠᠨ ᠭᠡᠷ︾ ︽ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠲᠥᠬᠦᠭᠡᠷᠦᠮᠵᠢ + ᠬᠠᠭᠤᠴᠢᠨ ᠬᠤᠭᠤᠯᠠᠨ ᠭᠡᠷ︾ ︽ᠨᠠᠰᠤᠵᠢᠯ ᠤᠨ ᠪᠠᠶᠢᠭᠤᠯᠤᠮᠵᠢ + ᠨᠠᠰᠤᠲᠠᠶᠢᠴᠤᠳ ᠤᠨ ᠬᠤᠭᠤᠯᠠᠨ ᠭᠡᠷ︾᠂ ︽ᠲᠥᠪ ᠲᠣᠭᠤᠭᠠᠨ ᠭᠡᠷ︾ ᠵᠡᠷᠭᠡ ᠵᠠᠭᠪᠤᠷ ᠢ ᠰᠦᠪᠡᠭᠴᠢᠯᠡᠬᠦ ᠪᠠᠷ ᠳᠠᠮᠵᠢᠭᠤᠯᠤᠨ᠂ ︽15 ᠮᠢᠨᠦ᠋ᠲ ᠤᠨ ᠨᠠᠰᠤᠵᠢᠯ ᠤᠨ ᠠᠰᠠᠷᠠᠮᠵᠢ ᠶᠢᠨ ᠬᠤᠭᠤᠯᠠᠨ ᠭᠡᠷ︾ ᠤᠨ ᠦᠢᠯᠡᠴᠢᠯᠡᠭᠡᠨ ᠤ ᠲᠤᠤᠷᠵᠢᠯ︾ ᠶᠢ ᠪᠣᠶ ᠪᠣᠯᠭᠠᠵᠤ᠂ ᠨᠠᠰᠤᠲᠠᠶᠢᠴᠤᠳ ᠤᠨ ᠬᠤᠭᠤᠯᠠ ᠢᠳᠡᠬᠦ ᠳᠤ ᠬᠦᠴᠢᠷᠲᠡᠢ ᠪᠠᠶᠢᠬᠤ ᠠᠰᠠᠭᠤᠳᠠᠯ ᠢ ᠣᠶᠢᠷ᠎ᠠ ᠬᠠᠪᠢ ᠳᠤ  ᠨᠢ ᠰᠢᠢᠳᠪᠦᠷᠢᠯᠡᠵᠦ ᠪᠣᠯᠣᠨ᠎ᠠ᠃  ᠰᠢᠯᠢ ᠶᠢᠨ ᠭᠤᠤᠯ ᠠᠶᠢᠮᠠᠭ ᠤᠨ ᠬᠢᠨ ᠨᠠᠰᠤᠲᠠᠶᠢᠴᠤᠳ ᠤᠨ ᠬᠤᠭᠤᠯᠠᠨ ᠭᠡᠷ ᠢ 51  ᠪᠠᠶᠢᠭᠤᠯᠵᠤ᠂ ᠦᠨᠤ ᠵᠢᠯ 3.27 ᠲᠦᠮᠨ ᠤᠳᠠᠭ᠎ᠠ ᠳᠤ ᠬᠤᠭᠤᠯᠠᠨ ᠭᠡᠷ ᠤᠨ ᠦᠢᠯᠡᠴᠢᠯᠡᠭᠡ ᠶᠢ ᠬᠠᠩᠭᠠᠵᠤ ᠪᠠᠶᠢᠨ᠎ᠠ᠃ᠬᠡᠦᠬᠡᠳ ᠤᠨ ᠠᠰᠠᠷᠠᠮᠵᠢ        ᠬᠥᠬᠡᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ᠂ ᠬᠥᠬᠡᠬᠤᠲᠠ ᠶᠢᠨ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠲᠥᠪ ᠤᠨ ᠬᠢᠨ ᠬᠥᠬᠡᠬᠤᠲᠠ ᠶᠢᠨ ᠰᠠᠭᠰᠤᠨ ᠪᠥᠮᠪᠦᠭᠡ ᠶᠢᠨ ᠨᠡᠶᠢᠭᠡᠮᠯᠢᠭ᠂ ᠥᠪᠥᠷ ᠮᠣᠩᠭᠤᠯ ᠤᠨ ︽ᠵᠢᠤᠢ ᠷᠧᠨᠨ︾ ᠪᠡᠶ᠎ᠡ ᠶᠢᠨ   ᠲᠠᠮᠢᠷ ᠤᠨ ᠬᠢᠵᠠᠭᠠᠷᠲᠤ ᠺᠣᠮᠫᠠᠨᠢ ᠶᠢᠨ ᠬᠢᠨ ᠲᠠᠢ ᠬᠠᠮᠲᠤᠷᠠᠨ ︽ᠬᠡᠤᠬᠡᠳ ᠤᠨ ᠰᠡᠳᠬᠢᠯ ᠢ ᠨᠢ ᠤᠮᠳᠠᠯᠠᠨ᠂ ᠢᠷᠡᠭᠡᠳᠦᠢ ᠪᠠᠨ ᠬᠠᠮᠳᠤ ᠪᠠᠷ ᠬᠠᠮᠠᠭᠠᠯᠠᠶ᠎ᠠ︾ — ︽ᠬᠡᠦᠬᠡᠳ ᠤᠨ ᠰᠡᠳᠬᠢᠯ ᠨᠠᠮ ᠢᠶᠠᠨ ᠲᠠᠭᠠᠵᠤ ᠦᠰᠦᠨ ᠪᠣᠶᠢᠵᠢᠬᠤ ᠳᠤ ᠬᠦᠴᠦᠨ ᠨᠡᠮᠡᠷᠢᠯᠡᠶ᠎ᠡ︾ ᠭᠡᠬᠦ ᠵᠢᠷᠭᠤᠭᠠᠨ ᠰᠠᠷ᠎ᠠ ᠶᠢᠨ ᠨᠢᠭᠡᠨ ᠤ ᠬᠡᠦᠬᠡᠳ ᠤᠨ ᠪᠠᠶᠠᠷ ᠪᠠ ᠬᠠᠮᠲᠤ ᠶᠢᠨ ᠲᠦᠷᠦᠭᠰᠡᠨ ᠡᠳᠦᠷ ᠢᠶᠠᠨ ᠪᠡᠯᠬᠡᠯᠡᠬᠦ ᠭᠤᠣᠯ ᠰᠡᠳᠦᠪᠲᠦ ᠠᠵᠢᠯᠯᠠᠭ᠎ᠠ ᠶᠢ  ᠦᠷᠨᠢᠬᠦᠯᠤᠨ᠂ ᠲᠠᠩᠰᠤᠭ ᠰᠠᠶᠢᠬᠠᠨ ᠲᠣᠭᠯᠠᠭᠠᠮ ᠪᠠ ᠲᠣᠭᠯᠠᠯᠲᠠ ᠭᠠᠷᠭᠠᠬᠤ᠂ᠲᠥᠷᠥᠭᠰᠡᠨ ᠡᠳᠦᠷ ᠤᠨ ᠨᠠᠶᠢᠷ ᠡᠷᠭᠢᠯᠡᠬᠦ ᠵᠡᠷᠭᠡ ᠠᠷᠭ᠎ᠠ ᠤ ᠬᠡᠦᠬᠡᠳ ᠤᠳ ᠲᠤ ᠨᠡᠶᠢᠭᠡᠮ ᠤᠨ ᠬᠠᠯᠠᠮᠵᠢᠯᠠᠯ ᠶᠢ  ᠬᠦᠷᠳᠡᠬᠡᠯ᠎ᠡ᠃     
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号