ᠨᠢᠭᠡ᠂ ᠶᠠᠮᠠᠷ ᠶᠠᠮᠠᠷ ᠬᠥᠮᠥᠨ ᠦᠷᠡᠴᠢᠯᠡᠭᠳᠡᠵᠤ ᠪᠤᠯᠬᠤ ᠪᠤᠢ︖ | | | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠤᠨ ᠵᠠᠭᠤ ᠶᠡᠷᠡᠨ | ᠭᠤᠷᠪᠠᠳᠤᠭᠠᠷ ᠵᠦᠢᠯ ᠳᠤ ᠲᠠᠷᠠᠭ᠎ᠠ ᠪᠠᠷ ᠵᠢᠭᠰᠠᠭᠠᠭᠰᠠᠨ ᠨᠠᠰᠤᠨ ᠳᠤ ᠤᠶᠢᠯᠦ ᠬᠦᠷᠦᠭᠰᠡᠦᠠ ᠢ ᠡᠷᠭᠦᠨ ᠲᠡᠵᠢᠭᠡᠵᠦ | ᠪᠣᠯᠣᠨ᠎ᠠ ᠭᠡᠵᠦ ᠲᠣᠭᠲᠠᠭᠠᠪᠠ᠄ | ︵ᠨᠢᠭᠡ︶ ᠡᠴᠢᠭᠡ ᠡᠬᠡ ᠪᠠᠨ ᠠᠯᠳᠠᠭᠰᠠᠨ ᠥᠨᠥᠴᠢᠨ ᠬᠡᠦᠬᠡᠳ᠃ | ︵ᠬᠤᠶᠠᠷ︶ ᠲᠦᠷᠦᠭᠰᠡᠨ ᠡᠴᠢᠭᠡ ᠡᠬᠡ ᠪᠠᠨ ᠡᠷᠢᠵᠦ ᠣᠯᠬᠤ ᠤᠶᠢᠭᠡᠢ ᠨᠠᠰᠤᠨ ᠳᠤ ᠤᠶᠢᠯᠦ ᠬᠦᠷᠦᠭᠰᠡᠦᠠ᠃ | ︵ᠭᠤᠷᠪᠠ︶ ᠲᠦᠷᠦᠭᠰᠡᠨ ᠡᠴᠢᠭᠡ ᠡᠬᠡ ᠨᠢ ᠣᠨᠴᠠᠭᠠᠶ ᠬᠦᠴᠢᠷᠳᠡᠯ ᠲᠠᠢ ᠠᠴᠠ ᠪᠣᠯᠵᠤ ᠠᠰᠠᠷᠠᠨ ᠲᠡᠵᠢᠭᠡᠬᠦ ᠴᠢᠳᠠᠯ | ᠤᠶᠢᠭᠡᠢ ᠪᠣᠯᠤᠭᠰᠠᠨ ᠦᠷ᠎ᠡ ᠬᠡᠦᠬᠡᠳ᠃ | ᠡᠭᠦᠨ ᠤ ᠬᠠᠮᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ | ᠤᠨ ᠵᠠᠭᠤ ᠶᠡᠷᠡ ᠶᠢᠰᠦᠳᠦᠭᠡᠷ ᠵᠦᠢᠯ ᠪᠠ ᠵᠠᠭᠤ ᠭᠤᠷᠪᠠᠳᠤᠭᠠᠷ ᠵᠦᠢᠯ ᠳᠤ ᠪᠠᠰᠠ ᠭᠤᠷᠪᠠᠨ ᠦᠶ᠎ᠡ ᠶᠢᠨ ᠳᠣᠲᠣᠷᠠᠬᠢ | ᠦᠶᠡᠯᠢᠳ ᠬᠠᠶᠠᠯᠢᠳ ᠤᠳᠤᠮ ᠨᠢᠭᠡᠲᠡᠢ ᠴᠢᠰᠤᠨ ᠲᠦᠷᠦᠯ ᠤᠨ ᠦᠷ᠎ᠡ ᠬᠡᠦᠬᠡᠳ ᠪᠠ ᠳᠠᠭᠠᠭᠤᠯᠢ ᠦᠷ᠎ᠡ ᠬᠡᠦᠬᠡᠳ ᠢ | ᠡᠷᠭᠦᠨ ᠲᠡᠵᠢᠭᠡᠬᠦ ᠲᠤᠬᠠᠢ ᠲᠤᠰ ᠲᠤᠰ ᠲᠣᠭᠲᠠᠭᠠᠯ ᠭᠠᠷᠭᠠᠵᠠᠢ᠃ | | | ᠬᠤᠶᠠᠷ᠂ ᠦᠷᠡᠴᠢᠯᠡᠭᠳᠡᠭᠴᠢ ᠨᠠᠰᠤᠨ ᠤ ᠬᠢᠵᠠᠭᠠᠷ ᠲᠠᠢ ᠦᠦ︖ | | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠲᠤ | ᠦᠷᠡᠴᠢᠯᠡᠭᠳᠡᠭᠴᠢ ᠨᠢ ᠨᠠᠰᠤᠨ ᠳᠤ ᠤᠶᠢᠯᠦ ᠬᠦᠷᠦᠭᠰᠡᠦᠠ᠂ ᠲᠤᠬᠠᠶᠢᠯᠠᠪᠠᠯ ᠪᠦᠬᠦᠯᠢ ᠠᠷᠪᠠᠨ ᠨᠠᠢᠮᠠᠨ ᠨᠠᠰᠤ | ᠬᠦᠷᠦᠭᠡᠳᠦᠢ ᠬᠡᠦᠬᠡᠳ ᠪᠠᠶᠢᠬᠤ ᠬᠡᠷᠡᠭᠲᠡᠢ ᠭᠡᠵᠦ ᠲᠣᠭᠲᠠᠭᠠᠵᠠᠢ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠢᠷᠭᠡᠨ ᠤ ᠬᠠᠤᠯᠢ ᠶᠢᠨ ᠪᠢᠴᠢᠭ︾ ᠲᠤ᠂ ᠭᠤᠷᠪᠠᠨ ᠦᠶ᠎ᠡ ᠶᠢᠨ ᠳᠣᠲᠣᠷᠠᠬᠢ ᠦᠶᠡᠯᠢᠳ ᠬᠠᠶᠠᠯᠢᠳ | ᠤᠳᠤᠮ ᠨᠢᠭᠡᠲᠡᠢ ᠴᠢᠰᠤᠨ ᠲᠦᠷᠦᠯ ᠤᠨ ᠢᠶᠠᠨ ᠦᠷ᠎ᠡ ᠬᠡᠦᠬᠡᠳ ᠪᠠ ᠳᠠᠭᠠᠭᠤᠯᠢ ᠦᠷ᠎ᠡ ᠬᠡᠦᠬᠡᠳ ᠢ ᠦᠷᠡᠴᠢᠯᠡᠬᠦ ᠳᠤ | ᠦᠷᠡᠴᠢᠯᠡᠭᠳᠡᠭᠴᠢ ᠶᠢᠨ ᠲᠦᠷᠦᠭᠰᠡᠨ ᠡᠴᠢᠭᠡ ᠡᠬᠡ ᠨᠢ ᠣᠨᠴᠠᠭᠠᠶ ᠬᠦᠴᠢᠷᠳᠡᠯ ᠲᠠᠢ ᠠᠴᠠ ᠪᠣᠯᠣᠭᠠᠳ ᠠᠰᠠᠷᠠᠨ | ᠲᠡᠵᠢᠭᠡᠬᠦ ᠴᠢᠳᠠᠯ ᠦᠭᠡᠢ ᠦᠷ᠎ᠡ ᠬᠡᠦᠬᠡᠳ ᠪᠣᠯᠬᠤ ᠵᠡᠷᠭᠡ ᠨᠥᠬᠦᠴᠡᠯ ᠳᠤ ᠬᠢᠵᠠᠭᠠᠷᠯᠠᠭᠳᠠᠬᠤ ᠦᠭᠡᠢ ᠪᠠᠶᠢᠵᠤ ᠪᠣᠯᠣᠨ᠎ᠠ | ᠭᠡᠵᠦ ᠲᠣᠭᠲᠠᠭᠠᠭᠰᠠᠨ ᠪᠣᠯᠪᠠᠴᠤ ᠦᠷᠡᠴᠢᠯᠡᠭᠳᠡᠭᠴᠢ ᠶᠢᠨ ᠨᠠᠰᠤ ᠨᠢ ᠪᠦᠬᠦᠯᠢ ᠠᠷᠪᠠᠨ ᠨᠠᠢᠮᠠᠨ ᠨᠠᠰᠤ ᠠᠴᠠ ᠬᠡᠲᠦᠷᠡᠵᠦ | ᠪᠣᠯᠣᠨ᠎ᠠ ᠭᠡᠵᠦ ᠲᠣᠭᠲᠠᠭᠠᠭᠰᠠᠨ ᠦᠭᠡᠢ ᠶᠤᠮ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠢᠷᠭᠡᠨ ᠤ ᠬᠠᠤᠯᠢ ᠶᠢᠨ ᠪᠢᠴᠢᠭ︾ ᠲᠤ ᠦᠷᠡᠴᠢᠯᠡᠭᠳᠡᠭᠴᠢ ᠶᠢ ᠨᠠᠰᠤᠨ ᠳᠤ ᠦᠯᠤ ᠬᠥᠷᠦᠭᠰᠡᠳ ︵ᠪᠦᠬᠦᠯᠢ ᠠᠷᠪᠠᠨ | ᠨᠠᠢᠮᠠᠨ ᠨᠠᠰᠤᠨ ᠠᠴᠠ ᠳᠣᠭᠤᠭᠰᠢ︶ ᠢᠶᠠᠷ ᠬᠢᠵᠠᠭᠠᠷᠯᠠᠵᠤ᠂ ᠦᠷᠡᠴᠢᠯᠡᠭᠳᠡᠭᠴᠢ ᠶᠢᠨ ᠬᠦᠷᠢᠶ᠎ᠡ ᠬᠡᠪᠴᠢᠶ᠎ᠡ ᠶᠢ ᠶᠡᠭᠡ ᠪᠠᠷ | ᠳᠡᠭᠡᠭᠰᠢᠯᠡᠭᠦᠯᠦᠭᠡᠳ᠂ ᠦᠷᠡᠴᠢᠯᠡᠭᠳᠡᠭᠴᠢ ᠶᠢᠨ ᠨᠥᠬᠦᠴᠡᠯ ᠳᠤ ᠨᠡᠶᠢᠴᠡᠬᠦ ᠮᠥᠷᠲᠡᠭᠡᠨ ᠦᠷᠡᠴᠢᠯᠡᠬᠦ ᠬᠦᠰᠡᠯ ᠲᠠᠢ ᠭᠡᠷ | ᠪᠦᠯᠢ ᠳᠤ ᠬᠠᠤᠯᠢ ᠴᠠᠭᠠᠵᠠ ᠶᠢᠨ ᠦᠨᠳᠦᠰᠦ ᠪᠠᠷᠢᠮᠲᠠ ᠬᠠᠩᠭᠠᠵᠤ᠂ ᠦᠷᠡᠴᠢᠯᠡᠭᠳᠡᠭᠴᠢ ᠳᠤ ᠬᠠᠮᠤᠭ ᠤᠨ ᠠᠰᠢᠭᠲᠠᠢ | ᠪᠠᠶᠢᠬᠤ ᠵᠠᠷᠴᠢᠮ ᠢ ᠦᠨᠡᠨ ᠬᠦ ᠪᠠᠷᠢᠮᠲᠠᠯᠠᠵᠠᠢ᠃ | | | | | | | | | | |