ᠰᠦᠨ ᠱᠤᠤ ᠴᠧᠩ ᠳᠥᠷᠪᠡᠳ ᠬᠤᠰᠢᠭᠤᠨ ᠳᠤ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/6/13
    ᠰᠦᠨ ᠱᠤᠤ ᠴᠧᠩ 6 ᠳ᠋ᠤᠭᠠᠷ ᠰᠠᠷ᠎ᠠ ᠶᠢᠨ 11᠂ 12 ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠷᠢᠯᠴᠠᠬᠤ ᠴᠡᠭ ᠪᠤᠯᠬᠤ ᠳᠥᠷᠪᠡᠳ ᠬᠤᠰᠢᠭᠤᠨ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠮᠠᠯᠴᠢᠨ ᠲᠠᠷᠢᠶᠠᠴᠢᠨ ᠳᠤ ᠨᠥᠬᠦᠪᠦᠷᠢ ᠣᠯᠭᠤᠬᠤ ᠵᠡᠷᠭᠡ ᠠᠵᠢᠯ ᠤᠨ ᠲᠤᠬᠠᠢ ᠪᠠᠶᠢᠴᠠᠭᠠᠨ ᠰᠤᠳᠤᠯᠵᠠᠢ ᠃     ᠰᠦᠨ ᠱᠤᠤ ᠴᠧᠩ ᠲᠥᠮᠥᠰᠥ ᠲᠠᠷᠢᠬᠤ ᠲᠣᠭᠤᠷᠢᠭ ᠪᠣᠯᠣᠨ ᠠᠯᠠᠰᠢᠨ ᠬᠤᠨᠢ ᠦᠷᠡᠵᠢᠬᠦᠯᠬᠦ ᠲᠣᠭᠤᠷᠢᠭ ᠲᠤ ᠭᠦᠨᠵᠡᠭᠡᠶᠢᠷᠡᠵᠦ᠂ ᠲᠥᠮᠥᠰᠥ ᠶᠢᠨ ᠤᠷᠭᠤᠴᠠ ᠶᠢᠨ ᠪᠠᠶᠢᠳᠠᠯ ᠪᠣᠯᠣᠨ ᠠᠯᠠᠰᠢᠨ ᠬᠤᠨᠢ ᠶᠢ ᠬᠠᠰᠢᠶᠠᠯᠠᠨ ᠲᠡᠵᠢᠭᠡᠵᠦ ᠪᠠᠶᠢᠭ᠎ᠠ ᠪᠠᠶᠢᠳᠠᠯ ᠢ ᠪᠠᠶᠢᠴᠠᠭᠠᠨ ᠦᠵᠡᠵᠦ᠂ ᠲᠠᠷᠢᠵᠤ ᠲᠡᠵᠢᠭᠡᠨ ᠦᠷᠡᠵᠢᠭᠦᠯᠬᠦ ᠡᠷᠦᠬᠡ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠲᠡᠳᠡᠨ ᠲᠠᠢ ᠬᠠᠮᠲᠤ ᠪᠠᠷ  ᠤᠷᠤᠯᠭ᠎ᠠ ᠵᠠᠷᠤᠯᠭ᠎ᠠ ᠶᠢᠨ ᠳᠠᠩᠰᠠ ᠶᠢ ᠪᠤᠳᠤᠵᠠᠢ᠃ ᠰᠦᠨ ᠱᠤᠤ ᠴᠸᠡᠭ ᠄ ︽ᠭᠠᠵᠠᠷ ᠰᠢᠷᠣᠢ ᠡᠵᠡᠩᠨᠡᠬᠦ ᠠᠵᠢᠯ ᠢ ᠰᠠᠶᠢᠲᠤᠷ ᠬᠢᠵᠦ᠂ ᠲᠣᠰᠬᠤᠨ ᠤ ᠬᠠᠮᠲᠤ ᠶᠢᠨ ᠠᠵᠤ ᠠᠬᠤᠢ ᠶᠢ ᠢᠳᠡᠪᠬᠢᠲᠡᠢ ᠪᠠᠷ ᠪᠣᠶᠢᠵᠢᠭᠤᠯᠤᠨ ᠪᠤᠵᠠᠭᠠᠶᠢᠷᠠᠭᠤᠯᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠲᠦᠬᠦᠬᠡᠷᠤᠮᠵᠢᠳᠤ ᠲᠠᠷᠢᠶᠠᠯᠠᠩ᠂ ᠬᠠᠰᠢᠶᠠᠯᠠᠨ ᠲᠡᠵᠢᠭᠡᠬᠦ᠂ ᠬᠦᠷᠢᠶ᠎ᠡ ᠬᠠᠰᠢᠶ᠎ᠠ ᠶᠢᠨ ᠠᠵᠤ ᠠᠬᠤᠢ ᠵᠡᠷᠭᠡ ᠣᠯᠠᠨ ᠠᠷᠭ᠎ᠠ ᠪᠠᠷ ᠨᠡᠮᠡᠭᠳᠡᠭᠦᠯᠬᠦ ᠬᠡᠷᠡᠭᠲᠡᠢ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠣᠮᠣ ᠲᠠᠪᠴᠠᠩ ᠢ ᠰᠠᠶᠢᠲᠤᠷ ᠠᠰᠢᠭᠯᠠᠵᠤ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠬᠦ ᠬᠡᠷᠡᠭᠲᠡᠢ᠃ ᠲᠠᠬᠢᠨ ᠶᠠᠳᠠᠭᠤᠷᠠᠬᠤ ᠠᠴᠠ ᠰᠡᠷᠭᠡᠶᠢᠯᠡᠬᠦ ᠪᠠᠶᠢᠳᠠᠯ ᠢ ᠬᠢᠨᠠᠨ ᠬᠡᠮᠵᠢᠬᠦ ᠪᠠ ᠪᠠᠶᠢᠩᠭᠤᠵᠢᠭᠤᠯᠤᠨ ᠲᠡᠳᠬᠦᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠶᠡᠭᠡ ᠬᠡᠪᠴᠢᠶ᠎ᠡ ᠪᠠᠷ ᠲᠠᠬᠢᠨ ᠶᠠᠳᠠᠭᠤᠷᠠᠬᠤ ᠠᠴᠠ ᠰᠡᠷᠭᠡᠶᠢᠯᠡᠬᠦ ᠬᠤᠷᠢᠭ᠎ᠠ  ᠶᠢ ᠪᠠᠲᠤ ᠰᠠᠬᠢᠬᠤ ᠬᠡᠷᠡᠭᠲᠡᠢ︾ ᠬᠡᠵᠡᠢ᠃   ᠰᠦᠨ ᠱᠤᠤ ᠴᠧᠩ ᠮᠠᠯᠵᠢᠬᠤ ᠲᠠᠷᠢᠶᠠᠯᠠᠬᠤ ᠣᠷᠣᠨ ᠤ ᠡᠳ᠋ ᠤᠨ ᠵᠠᠰᠠᠭ ᠤᠨ ᠨᠥᠬᠦᠪᠦᠷᠢ ᠶᠢ ᠲᠠᠷᠬᠠᠭᠠᠭᠰᠠᠨ ᠪᠠᠶᠢᠳᠠᠯ ᠪᠣᠯᠣᠨ ᠬᠡᠷᠡᠭᠯᠡᠭᠰᠡᠨ ᠦᠷ᠎ᠡ ᠪᠦᠲᠦᠮᠵᠢ ᠶᠢ ᠲᠤᠶᠢᠯ ᠢᠶᠠᠷ ᠠᠩᠬᠠᠷᠴᠤ᠂ ᠬᠦᠷᠦᠭᠰᠡᠨ ᠭᠠᠵᠠᠷ ᠪᠣᠯᠭᠠᠨ ᠳᠤ ᠲᠤᠬᠠᠢ ᠶᠢᠨ ᠨᠤᠳᠤᠭ ᠤᠨ ᠺᠠᠳ᠋ᠷ ᠪᠣᠯᠣᠨ ᠮᠠᠯᠴᠢᠨ ᠲᠠᠷᠢᠶᠠᠴᠢᠨ ᠤ ᠲᠥᠯᠥᠭᠡᠯᠡᠭᠴᠢ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠠᠢ᠃ ᠵᠢᠯ ᠪᠦᠷᠢ ᠬᠡᠳᠦᠢ ᠨᠥᠬᠦᠪᠦᠷᠢ ᠥᠭᠬᠦ᠂ ᠶᠠᠮᠠᠷ ᠶᠠᠮᠠᠷ ᠲᠦᠷᠦᠯ ᠵᠦᠢᠯ ᠪᠠᠶᠢᠬᠤ ᠶᠢ ᠬᠡᠵᠢᠶ᠎ᠡ ᠥᠭᠬᠦ᠂ ᠠᠯᠢ ᠪᠠᠩᠬᠢ ᠠᠴᠠ ᠥᠭᠬᠦ᠂ ᠬᠡᠷᠬᠢᠨ ᠮᠡᠳᠡᠭᠳᠡᠬᠦ ᠵᠡᠷᠭᠡ  ᠶᠠᠪᠤᠴᠨ ᠨᠢᠬᠡ ᠪᠦᠷᠢ ᠶᠢ ᠴᠦᠮ ᠨᠢᠮᠪᠠᠢ ᠠᠰᠠᠭᠤᠳᠠᠭ᠃ 12 ᠤ ᠦᠳᠡ ᠶᠢᠨ ᠡᠮᠦᠨ᠎ᠡ ᠰᠦᠨ ᠱᠣᠸ ᠴᠧᠩ ᠶᠠᠷᠢᠯᠴᠠᠬᠤ ᠬᠤᠷᠠᠯ ᠡᠷᠭᠢᠯᠡᠨ ᠬᠤᠷᠠᠯᠳᠤᠭᠤᠯᠵᠤ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠤᠯᠠᠭᠠᠨᠴᠠᠪ ᠬᠤᠲᠠ ᠪᠠ ᠳᠥᠷᠪᠡᠳ ᠬᠤᠰᠢᠭᠤᠨ ᠤ ᠪᠠᠶᠢᠳᠠᠯ ᠤᠨ ᠬᠠᠷᠢᠭᠤ ᠮᠡᠳᠡᠭᠦᠯᠦᠯᠲᠡ ᠪᠠ ᠬᠢᠩᠭᠠᠨ ᠠᠶᠢᠮᠠᠭ ᠤᠨ ᠲᠤᠷᠰᠢᠯᠭ᠎ᠠ ᠶᠢ ᠰᠣᠨᠣᠰᠪᠠ᠃ ᠰᠦᠨ ᠱᠤᠤ ᠴᠸᠡᠭ᠄ ︽ᠮᠠᠯᠴᠢᠨ ᠲᠠᠷᠢᠶᠠᠴᠢᠨ ᠳᠤ ᠲᠥᠷᠥ ᠶᠢᠨ ᠪᠣᠳᠣᠯᠭ᠎ᠠ ᠶᠢᠨ ᠶᠣᠰᠣᠭᠠᠷ ᠨᠥᠬᠦᠪᠦᠷᠢ ᠣᠯᠭᠤᠬᠤ ᠪᠣᠯ ᠣᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠶᠡᠭᠡ ᠶᠠᠪᠤᠳᠠᠯ ᠂ ᠠᠷᠠᠳ ᠲᠦᠮᠡᠨ ᠢᠶᠠᠷ ᠭᠤᠣᠯ ᠪᠣᠯᠭᠠᠬᠤ ᠬᠦᠭᠵᠢᠬᠦᠯᠤᠯᠳᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠨᠥᠬᠦᠪᠦᠷᠢ ᠶᠢᠨ ᠲᠠᠷᠬᠠᠭᠠᠯᠲᠠ ᠶᠢ ᠰᠢᠯᠢᠳᠡᠭᠵᠢᠭᠦᠯᠬᠦ ᠶᠢ  ᠴᠢᠬᠤᠯᠠ ᠥᠭᠡᠷᠡᠴᠢᠯᠡᠯᠲᠡ ᠶᠢᠨ ᠠᠷᠭ᠎ᠠ ᠪᠣᠯᠭᠠᠨ ᠠᠳᠬᠤᠵᠤ᠂ ᠲᠠᠷᠬᠠᠭᠠᠯᠲᠠ ᠶᠢᠨ ᠬᠠᠮᠵᠢᠯᠴᠠᠬᠤ ᠲᠣᠭᠲᠠᠴᠠ ᠶᠢᠨ ᠰᠢᠨ᠎ᠡ ᠶᠢ ᠡᠭᠦᠳᠬᠦ ᠪᠠᠷ ᠳᠠᠮᠵᠢᠭᠤᠯᠵ᠊ ᠤ᠂ ᠲᠦᠷᠦ ᠶᠢᠨ ᠪᠣᠳᠣᠯᠭ᠎ᠠ ᠶᠢᠨ ᠬᠠᠩᠭᠠᠯᠭ᠎ᠠ ᠶᠢ ᠰᠢᠯᠢᠳᠡᠭᠵᠢᠭᠦᠯᠵᠦ᠂ ᠰᠠᠶᠢᠨ ᠶᠠᠪᠤᠳᠠᠯ ᠢ ᠰᠠᠶᠢᠲᠤᠷ ᠬᠢᠵᠦ᠂ ᠤᠯᠠᠨ ᠲᠦᠮᠡᠨ ᠳᠤ ᠨᠠᠮ ᠤᠨ ᠬᠠᠶᠢᠷ᠎ᠠ ᠬᠠᠯᠠᠮᠵᠢ ᠶᠢ ᠨᠡᠩ ᠭᠦᠨᠵᠡᠭᠡᠢ ᠮᠡᠳᠡᠷᠡᠭᠦᠯᠬᠦ ᠬᠡᠷᠡᠭᠲᠡᠢ᠃ ᠨᠥᠬᠦᠪᠦᠷᠢ ᠥᠭᠬᠦ ᠵᠦᠢᠯᠡᠰ ᠢ ᠵᠢᠷᠤᠮᠵᠢᠭᠤᠯᠤᠨ᠂ ᠨᠡᠶᠢᠯᠡᠭᠦᠯᠵᠦ ᠪᠣᠯᠬᠤ ᠶᠢ ᠨᠢ ᠴᠥᠮ ᠨᠡᠶᠢᠯᠡᠭᠦᠯᠵᠦ᠂ ᠳᠥᠭᠦᠮᠴᠢᠯᠡᠵᠦ ᠪᠣᠯᠬᠤ ᠶᠢ ᠨᠢ ᠳᠥᠭᠦᠮᠴᠢᠯᠡᠬᠦ ᠬᠡᠷᠡᠭᠲᠡᠢ᠃ ᠵᠢᠷᠤᠮ ᠢ ᠴᠢᠩᠭ᠎ᠠ ᠵᠢᠷᠤᠮᠯᠠᠨ ᠠᠵᠢᠯᠯᠠᠵᠤ᠂ ᠢᠯᠡ ᠪᠥᠭᠡᠳ ᠭᠤᠣᠯᠴᠢ ᠪᠠᠶᠢᠬᠤ ᠬᠡᠷᠡᠭᠲᠡᠢ ᠃ ᠪᠣᠳᠠᠲᠤ ᠠᠵᠢᠯᠯᠠᠭ᠎ᠠ ᠶᠢ ᠡᠷᠬᠢᠮᠯᠡᠨ ᠲᠤᠰᠠᠲᠠᠢ ᠪᠠᠶᠢᠬᠤ ᠵᠠᠷᠴᠢᠮ ᠢᠶᠠᠷ ᠨᠥᠬᠦᠪᠦᠷᠢ ᠣᠯᠭᠤᠬᠤ ᠴᠠᠭ ᠪᠠ ᠠᠷᠭ᠎ᠠ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠡᠳ᠋ ᠤᠨ ᠵᠠᠰᠠᠭ ᠤᠨ ᠪᠡᠯᠡ ᠮᠥᠩᠭᠦ ᠶᠢ ᠤᠯᠠᠨ ᠲᠦᠮᠡᠨ ᠤ ᠬᠠᠮᠤᠭ ᠤᠨ ᠬᠡᠷᠡᠭᠴᠡᠭᠡ ᠲᠠᠢ ᠭᠠᠵᠠᠷ᠂ ᠬᠠᠮᠤᠭ ᠤᠨ ᠬᠡᠷᠡᠭᠴᠡᠭᠡ ᠲᠠᠢ ᠦᠶ᠎ᠡ ᠳᠤ ᠨᠥᠬᠦᠪᠦᠷᠢᠯᠡᠬᠦ ᠬᠡᠷᠡᠭᠲᠡᠢ᠃ ᠤᠬᠠᠭᠤᠯᠭ᠎ᠠ ᠶᠢᠨ ᠠᠷᠭ᠎ᠠ ᠬᠡᠯᠪᠡᠷᠢ ᠪᠠ ᠠᠭᠤᠯᠭ᠎ᠠ ᠶᠢ ᠰᠢᠯᠢᠳᠡᠭᠵᠢᠭᠦᠯᠵᠦ᠂ ᠨᠥᠬᠦᠪᠦᠷᠢ ᠣᠯᠭᠤᠬᠤ ᠤᠭ ᠰᠠᠨᠠᠭ᠎ᠠ ᠪᠠ ᠦᠨᠳᠦᠰᠦ ᠪᠠᠷᠢᠮᠲᠠ ᠶᠢ ᠤᠯᠠᠨ ᠲᠦᠮᠡᠨ ᠳᠤ ᠲᠣᠳᠣᠷᠬᠠᠢ ᠶᠠᠷᠢᠵᠤ᠂ ᠨᠥᠬᠦᠪᠦᠷᠢ ᠶᠢᠨ ᠴᠠᠭᠠᠨᠠᠬᠢ ᠬᠠᠷᠠᠭᠠᠯᠵᠠᠭᠰᠠᠨ ᠬᠠᠷᠢᠭᠤᠴᠠᠯᠭ᠎ᠠ ᠪᠠ ᠡᠭᠦᠷᠭᠡ ᠶᠢ ᠲᠣᠳᠣᠷᠬᠠᠢ ᠶᠠᠷᠢᠵᠤ᠂ ᠤᠯᠠᠨ ᠲᠦᠮᠡᠨ ᠢ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠤᠬᠠᠮᠰᠠᠷ ᠠᠴᠠ ᠪᠠᠨ ᠨᠠᠶᠢᠳᠠᠪᠤᠷᠢᠵᠢᠭᠤᠯᠬᠤ ᠲᠡᠶᠢᠰᠢ ᠲᠠᠶᠢᠴᠢᠯᠠᠵᠤ ᠂ ᠨᠠᠮ ᠤᠨ ᠠᠴᠢ ᠲᠤᠰᠠ ᠶᠢ ᠨᠡᠩ ᠴᠢᠩ ᠰᠡᠳᠬᠢᠯ ᠠᠴᠠ ᠨᠢ ᠮᠡᠳᠡᠷᠡᠭᠦᠯᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠪᠣᠯᠭᠠᠬᠤ ᠬᠡᠷᠡᠭᠲᠡᠢ᠃    ᠰᠦᠨ ᠱᠤᠤ ᠴᠧᠩ ᠪᠠᠰᠠ ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠷᠢᠯᠴᠠᠬᠤ ᠴᠡᠭ ᠪᠤᠯᠬᠤ ᠵᠢᠢ ᠱᠧᠩ ᠲᠠᠢ ᠪᠠᠯᠭᠠᠰᠤᠨ ᠤ ᠬᠠᠢ ᠪᠥᠸᠧ ᠽᠢ ᠲᠣᠰᠬᠤᠨ ᠳᠤ ᠬᠦᠷᠴᠦ᠂ ᠲᠣᠰᠬᠤᠨ ᠤ ᠳᠦᠷᠰᠦ ᠪᠠᠶᠢᠳᠠᠯ ᠢ ᠶᠠᠪᠠᠭᠠᠨ ᠢᠶᠠᠷ ᠪᠠᠶᠢᠴᠠᠭᠠᠨ ᠦᠵᠡᠭᠰᠡᠨ ᠪᠥᠭᠡᠳ ᠲᠠᠷᠢᠶᠠᠴᠢᠨ  ᠠᠶᠢᠯ ᠳᠤ ᠤᠷᠤᠵᠤ ᠠᠷᠠᠳ ᠤᠨ ᠪᠠᠶᠢᠳᠠᠯ ᠢ ᠣᠶᠢᠯᠠᠭᠠᠪᠠ᠃  ᠰᠦᠨ ᠱᠤᠤ ᠴᠸᠡᠭ᠄ ︽ᠤᠯᠠᠨ ᠲᠦᠮᠡᠨ ᠤ ᠠᠵᠢᠯ ᠢ ᠬᠢᠵᠦ᠂ ᠤᠯᠠᠨ ᠲᠦᠮᠡᠨ ᠳᠤ ᠦᠢᠯᠡᠴᠢᠯᠡᠬᠦ ᠳᠤ ᠡᠷᠬᠡᠪᠰᠢ ᠤᠯᠠᠨ ᠲᠦᠮᠡᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠢᠶᠠᠷ ᠶᠠᠭᠤ ᠬᠢᠯᠭᠡᠬᠦ ᠶᠢ ᠬᠠᠮᠤᠭ ᠠᠴᠠ ᠢᠯᠡᠭᠦᠦ ᠬᠦᠰᠡᠵᠦ ᠪᠠᠶᠢᠬᠤ ᠶᠢ ᠲᠣᠳᠣᠷᠬᠠᠢ ᠣᠶᠢᠯᠠᠭᠠᠵᠤ᠂ ᠤᠯᠠᠨ ᠲᠦᠮᠡᠨ ᠤ ᠪᠣᠳᠠᠲᠠᠢ ᠠᠩᠬᠠᠷᠴᠤ ᠪᠠᠶᠢᠭ᠎ᠠ ᠠᠰᠠᠭᠤᠳᠠᠯ ᠢ ᠠᠩᠬᠠᠷᠴᠤ᠂ ᠤᠯᠠᠨ ᠲᠦᠮᠡᠨ ᠳᠤ ᠦᠨᠡᠨ ᠪᠣᠳᠠᠲᠠᠢ ᠪᠠᠷ ᠤᠴᠢᠷ ᠶᠠᠪᠤᠳᠠᠯ ᠪᠦᠲᠦᠭᠡᠵᠦ ᠥᠭᠬᠦ ᠠᠴᠠ ᠬᠤᠴᠤᠷᠴᠤ ᠪᠤᠯᠬᠤ ᠦᠬᠡᠢ ᠪᠦᠬᠡᠳ ᠪᠠᠰᠨ ᠪᠠᠶᠢᠷᠢ ᠲᠠᠪᠠᠵᠤ ᠪᠤᠯᠬᠤ ᠦᠬᠡᠢ᠂ ᠤᠯᠠᠨ ᠲᠦᠮᠡᠨ ᠢ ᠰᠡᠳᠬᠢᠯ ᠬᠠᠨᠤᠮᠵᠢᠲᠠᠢ ᠪᠣᠯᠭᠠᠬᠤ ᠮᠥᠷᠲᠡᠭᠡᠨ ᠦᠨᠳᠦᠰᠦᠨ ᠱᠠᠲᠤᠨ ᠤ ᠳᠠᠷᠤᠭᠠᠰᠤ ᠶᠢ ᠴᠤ ᠲᠠᠯᠠᠭᠠᠷ ᠨᠡᠮᠡᠭᠳᠡᠭᠦᠯᠵᠦ ᠪᠣᠯᠬᠤ ᠦᠭᠡᠢ᠃ ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠣᠯᠠᠨ ᠲᠦᠮᠡᠨ ᠢ ᠵᠣᠷᠢᠭᠵᠢᠭᠤᠯᠤᠨ ᠬᠠᠪᠰᠤᠷᠴᠤ ᠪᠠᠶᠢᠭᠠᠳ ᠰᠢᠷᠭᠠᠭᠤ ᠬᠥᠳᠡᠯᠮᠦᠷᠢ ᠳᠤ ᠪᠠᠨ ᠲᠦᠰᠢᠭᠯᠡᠨ ᠪᠠᠶᠠᠵᠢᠨ ᠴᠢᠨᠡᠭᠡᠯᠢᠭᠵᠢᠬᠦᠯᠬᠦ ᠬᠡᠷᠡᠭᠲᠡᠢ᠃ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠳᠤ ᠳᠡᠭᠡᠳᠦ ᠱᠠᠲᠤᠨ ᠠᠴᠠ ᠬᠦᠴᠦᠯᠡᠬᠦ ᠪᠠᠷ ᠪᠠᠷᠠᠬᠤ ᠦᠭᠡᠢ ᠪᠠᠰᠠ ᠦᠨᠳᠦᠰᠦᠨ ᠱᠠᠲᠤᠨ ᠠᠴᠠ ᠠᠷᠭ᠎ᠠ ᠪᠤᠳᠤᠬᠤ ᠶᠢ ᠴᠢᠬᠤᠯᠠᠴᠢᠯᠠᠵᠤ᠂ ᠴᠢᠬᠤᠯᠠ ᠦᠭᠡᠢ ᠵᠠᠩᠭᠢᠯᠠᠭ᠎ᠠ ᠶᠢ ᠴᠣᠮᠬᠠᠳᠬᠠᠨ ᠬᠠᠰᠤᠵᠤ᠂ ᠦᠨᠳᠦᠰᠦᠨ ᠱᠠᠲᠤᠨ ᠤ ᠺᠠᠳ᠋ᠷᠴᠤᠳ ᠤᠨ ᠠᠵᠢᠯ ᠢ ᠨᠡᠩ ᠰᠠᠶᠢᠨ ᠦᠷ᠎ᠡ ᠪᠦᠲᠦᠮᠵᠢ ᠲᠠᠢ ᠪᠣᠯᠭᠠᠬᠤ ᠬᠡᠷᠡᠭᠲᠡᠢ᠃     ᠢᠦᠢ ᠯᠢ ᠰᠢᠨ ᠠᠵᠢᠯᠯᠠᠭ᠎ᠠ ᠳᠤ ᠣᠷᠣᠯᠴᠠᠪᠠ᠃   
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号