ᠠᠷᠠᠳ ᠤᠨ ᠶᠠᠪᠤᠳᠠᠯ ᠤᠨ ᠰᠢᠭᠤᠷᠬᠠᠢ ᠮᠡᠳᠡᠭᠡ
ᠨᠡᠶᠢᠲᠡᠯᠡᠭᠰᠡᠨ ᠴᠠᠭ᠄
2024/6/13
ᠠᠷᠠᠳ ᠤᠨ ᠶᠠᠪᠤᠳᠠᠯ ᠤᠨ ᠶᠠᠮᠤᠨ    ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ᠂ ᠲᠥᠪ ᠤᠨ ᠨᠡᠶᠢᠭᠡᠮ ᠤᠨ ᠠᠵᠢᠯ ᠤᠨ ᠶᠠᠮᠤᠨ᠂ ᠠᠷᠠᠳ ᠤᠨ ᠶᠠᠪᠤᠳᠠᠯ ᠤᠨ ᠶᠠᠮᠤᠨ ᠤ ᠬᠢᠨ ᠬᠠᠮᠲᠤᠷᠠᠨ ᠤᠷᠴᠢᠮ ᠳᠤ ︽ᠠᠵᠢᠯ ᠲᠥᠷᠥᠯ ᠤᠨ ᠨᠡᠶᠢᠭᠡᠮᠯᠢᠭ ᠤᠨ ᠭᠠᠭᠴᠠᠭᠠᠷ ᠡᠵᠡᠮᠰᠢᠯ ᠢ ᠡᠰᠡᠷᠭᠦᠴᠡᠬᠦ ᠵᠦᠭᠯᠡᠭᠦᠷ ᠢ ᠰᠠᠶᠢᠲᠤᠷ ᠬᠢᠵᠦ᠂ ᠭᠠᠭᠴᠠᠭᠠᠷ ᠡᠵᠡᠮᠰᠢᠯ ᠢ ᠡᠰᠡᠷᠭᠦᠴᠡᠬᠦ ᠲᠣᠭᠲᠠᠭᠠᠯ ᠳᠤ ᠨᠡᠶᠢᠴᠡᠭᠰᠡᠨ ᠬᠠᠮᠢᠶᠠᠷᠤᠯᠲᠠ ᠶᠢᠨ  ᠲᠦᠪᠰᠢᠨ ᠢ ᠳᠡᠭᠡᠭᠰᠢᠯᠡᠭᠦᠯᠬᠦ ᠶᠢ ᠤᠬᠠᠭᠤᠯᠤᠨ  ᠲᠤᠭᠤᠰᠢᠯᠠᠭᠤᠯᠬᠤ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠪᠠ᠃ ᠵᠦᠭᠯᠡᠭᠦᠷ ᠤᠨ ᠤᠬᠠᠭᠤᠯᠭ᠎ᠠ ᠲᠠᠶᠢᠯᠤᠮᠵᠢ ᠶᠢ ᠴᠢᠩᠭᠠᠳᠬᠠᠬᠤ᠂ ᠭᠠᠭᠴᠠᠭᠠᠷ ᠡᠵᠡᠮᠰᠢᠯ ᠢ ᠡᠰᠡᠷᠭᠦᠴᠡᠬᠦ ᠳᠦᠷᠢᠮ ᠳᠤ ᠨᠡᠶᠢᠴᠡᠬᠦ ᠪᠠᠶᠢᠭᠤᠯᠤᠯᠲᠠ ᠶᠢ ᠴᠢᠩᠭᠠᠳᠬᠠᠬᠤ ᠶᠢ ᠵᠢᠯᠤᠭᠤᠳᠬᠤ᠂ ᠠᠵᠢᠯ ᠲᠥᠷᠥᠯ ᠤᠨ ᠨᠡᠶᠢᠭᠡᠮᠯᠢᠭ ᠤᠨ ᠨᠡᠶᠢᠲᠡᠯᠢᠭ ᠭᠠᠭᠴᠠᠭᠠᠷ ᠡᠵᠡᠮᠰᠢᠯ ᠤᠨ ᠬᠡᠷᠡᠭ ᠢ ᠪᠠᠶᠢᠴᠠᠭᠠᠨ ᠰᠢᠢᠳᠪᠦᠷᠢᠯᠡᠬᠦ᠂ ᠬᠢᠨᠠᠯᠲᠠ ᠬᠠᠮᠢᠶᠠᠷᠤᠯᠲᠠ ᠶᠢᠨ ᠬᠠᠮᠵᠢᠯᠴᠠᠨ ᠬᠤᠯᠪᠣᠯᠳᠤᠨ ᠨᠡᠪᠲᠡᠷᠡᠯᠴᠡᠬᠦ ᠶᠢ ᠠᠬᠢᠭᠤᠯᠬᠤ ᠵᠡᠷᠭᠡ 4 ᠭᠤᠣᠯ ᠡᠭᠦᠷᠭᠡ ᠶᠢ ᠲᠤᠷᠠᠳᠤᠬᠰᠠᠨ ᠪᠠᠶᠢᠨ᠎ᠠ᠃ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠭᠢᠮ     ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠨᠡᠶᠢᠭᠡᠮ ᠤᠨ ᠬᠡᠷᠡᠭ ᠡᠷᠬᠢᠯᠡᠬᠦ ᠭᠠᠵᠠᠷ ᠤᠨ ᠬᠢᠨ ᠤᠷᠴᠢᠮ ᠳᠤ ᠸᠢᠳᠢᠤ᠋ ᠪᠠᠷ ᠪᠦᠬᠦ ᠣᠷᠣᠨ ᠤ ᠤᠷᠤᠭ ᠲᠠᠩᠰᠠᠯᠠᠬᠤ ᠬᠠᠮᠢᠶᠠᠷᠤᠯᠲᠠ ᠶᠢᠨ ᠤᠷᠤᠭ ᠭᠡᠷ ᠪᠦᠯᠢ ᠶᠢᠨ ᠵᠢᠯᠣᠭᠤᠳᠤᠯᠭ᠎ᠠ᠂ ᠤᠷᠤᠭ ᠤᠨ ᠵᠠᠩᠰᠢᠯ ᠤᠨ ᠥᠭᠡᠷᠡᠴᠢᠯᠡᠯᠲᠡ ᠶᠢᠨ ᠨᠡᠶᠢᠲᠡᠯᠢᠭ ᠲᠤᠷᠰᠢᠯᠭ᠎ᠠ ᠶᠢᠨ ᠰᠣᠯᠢᠯᠴᠠᠭ᠎ᠠ᠂ ᠰᠦᠯᠵᠢᠶᠡᠨ ᠤ ᠮᠡᠳᠡᠭᠡ ᠵᠠᠩᠭᠢ ᠶᠢᠨ ᠠᠶᠤᠯ ᠦᠬᠡᠢ ᠶᠢᠨ ᠬᠠᠮᠠᠭᠠᠯᠠᠯᠲᠠ ᠂ ᠤᠷᠤᠭ ᠤᠨ ᠵᠠᠩᠰᠢᠯ ᠤᠨ ᠥᠭᠡᠷᠡᠴᠢᠯᠡᠯᠲᠡ ᠪᠠ ᠤᠷᠤᠭ ᠲᠠᠩᠰᠠᠯᠠᠬᠤ ᠠᠵᠢᠯ ᠳᠤ ᠪᠠᠶᠢᠩᠭᠤ ᠲᠣᠬᠢᠶᠠᠯᠳᠤᠬᠤ ᠠᠰᠠᠭᠤᠳᠠᠯ ᠤᠨ ᠬᠠᠷᠢᠭᠤᠯᠲᠠ ᠵᠡᠷᠭᠡ ᠠᠭᠤᠯᠭ᠎ᠠ ᠪᠠᠷ   ᠪᠣᠯᠪᠠᠰᠤᠷᠠᠯ ᠳᠤ  ᠤᠷᠤᠯᠴᠠᠬᠰᠠᠳ ᠲᠤ ᠣᠷᠤᠭ ᠲᠠᠩᠰᠠᠯᠠᠬᠤ ᠬᠠᠮᠢᠶᠠᠷᠤᠯᠲᠠ ᠶᠢᠨ ᠠᠵᠢᠯ ᠤᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠪᠠ ᠠᠵᠢᠯᠯᠠᠭᠠᠨ ᠤ ᠵᠢᠷᠤᠮᠵᠢᠯ ᠢ ᠨᠠᠷᠢᠨ ᠲᠠᠶᠢᠯᠪᠤᠷᠢᠯᠠᠵᠤ᠂ ᠪᠥᠬᠦ ᠣᠷᠣᠨ ᠤ ᠣᠷᠤᠭ ᠲᠠᠩᠰᠠᠯᠠᠬᠤ ᠬᠠᠮᠢᠶᠠᠷᠤᠯᠲᠠ ᠶᠢᠨ ᠠᠵᠢᠯᠲᠠᠨ ᠤ ᠮᠡᠳᠡᠯᠭᠡ ᠶᠢᠨ  ᠲᠦᠪᠰᠢᠨ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠪᠡ᠃ ᠡᠯ᠎ᠡ ᠠᠶᠢᠮᠠᠭ ᠤᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠠᠮᠢᠶ᠎ᠠ ᠪᠦᠬᠦᠢ ᠠᠵᠢᠯᠲᠠᠨ 300 ᠭᠠᠷᠤᠢ ᠬᠥᠮᠥᠨ ᠪᠣᠯᠪᠠᠰᠤᠷᠠᠯ ᠳᠤ ᠣᠷᠣᠯᠴᠠᠵᠠᠢ᠃    ᠮᠠᠨ ᠤ ᠤᠷᠤᠨ ᠤ ᠬᠢᠨ ᠤᠷᠴᠢᠮ ᠳᠤ ᠨᠠᠰᠤᠵᠢᠯ ᠤᠨ ᠦᠢᠯᠡᠰ ᠪᠠ ᠨᠠᠰᠤᠵᠢᠯ ᠤᠨ ᠦᠨᠳᠦᠰᠦᠨ ᠠᠰᠠᠷᠠᠮᠵᠢ ᠶᠢᠨ ᠦᠢᠯᠡᠴᠢᠯᠡᠭᠡᠨ ᠤ  ᠴᠢᠨᠠᠷᠯᠢᠭ ᠬᠥᠭᠵᠢᠯᠲᠡ ᠶᠢ ᠠᠬᠢᠭᠤᠯᠬᠤ ᠪᠣᠯᠪᠠᠰᠤᠷᠠᠯ ᠡᠷᠬᠢᠯᠡᠨ᠂ ᠲᠥᠪᠯᠡᠷᠡᠭᠦᠯᠦᠨ ᠬᠢᠴᠢᠶᠡᠯᠯᠡᠬᠦ ᠪᠠ ᠲᠤᠬᠠᠢ ᠶᠢᠨ ᠲᠠᠯᠠᠪᠤᠷ ᠤᠨ ᠵᠢᠭᠠᠨ ᠰᠤᠷᠭᠠᠯᠲᠠ ᠶᠢ ᠬᠠᠷᠢᠯᠴᠠᠨ ᠤᠶᠠᠯᠳᠤᠭᠤᠯᠬᠤ ᠠᠷᠭ᠎ᠠ ᠪᠠᠷ ᠬᠥᠮᠥᠨ ᠠᠮᠠ ᠶᠢᠨ ᠨᠠᠰᠤᠵᠢᠯᠲᠠ ᠶᠢᠨ ᠣᠳᠣᠬᠢ ᠪᠠᠶᠢᠳᠠᠯ᠂ ᠰᠢᠨ᠎ᠡ ᠴᠠᠭ ᠦᠶ᠎ᠡ ᠶᠢᠨ ᠨᠠᠰᠤᠵᠢᠯ ᠤᠨ ᠦᠢᠯᠡᠴᠢᠯᠡᠭᠡᠨ ᠤ ᠠᠵᠢᠯ ᠢ ᠬᠡᠷᠬᠢᠨ ᠰᠠᠶᠢᠲᠤᠷ ᠬᠢᠬᠦ ᠵᠡᠷᠭᠡ ᠲᠠᠯ᠎ᠠ ᠪᠠᠷ ᠲᠤᠰᠬᠠᠢ ᠰᠡᠳᠦᠪ ᠢᠶᠠᠷ ᠬᠢᠴᠢᠶᠡᠯᠯᠡᠵᠦ᠂ ᠬᠥᠭᠵᠢᠭᠰᠡᠨ ᠭᠠᠵᠠᠷ ᠣᠷᠣᠨ ᠤ ᠦᠨᠳᠦᠰᠦᠨ ᠨᠠᠰᠤᠵᠢᠯ ᠤᠨ ᠦᠢᠯᠡᠴᠢᠯᠡᠭᠡᠨ ᠤ  ᠰᠢᠰᠲ᠋ᠧᠮ ᠤᠨ ᠪᠠᠶᠢᠭᠤᠯᠤᠯᠲᠠ ᠶᠢᠨ ᠲᠡᠷᠢᠭᠦᠨ ᠤ ᠲᠤᠷᠰᠢᠯᠭ᠎ᠠ᠂ ᠰᠢᠨ᠎ᠡ ᠠᠷᠭ᠎ᠠ ᠶᠢ ᠰᠤᠷᠤᠯᠴᠠᠨ᠂ ᠪᠥᠬᠦ ᠣᠷᠣᠨ ᠤ ᠨᠠᠰᠤᠵᠢᠯ ᠤᠨ ᠦᠢᠯᠡᠰ ᠪᠠ ᠦᠨᠳᠦᠰᠦᠨ ᠨᠠᠰᠤᠵᠢᠯ ᠤᠨ ᠦᠢᠯᠡᠴᠢᠯᠡᠭᠡᠨ ᠤ ᠴᠢᠨᠠᠷᠯᠢᠭ ᠬᠥᠭᠵᠢᠯᠲᠡ ᠶᠢ ᠠᠬᠢᠭᠤᠯᠬᠤ ᠳᠤ ᠠᠰᠢᠭᠲᠠᠢ ᠪᠣᠳᠣᠯᠬᠢᠯᠠᠯ ᠬᠠᠩᠭᠠᠭᠰᠠᠨ ᠪᠠᠶᠢᠨ᠎ᠠ᠃ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ    ᠬᠥᠬᠡᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ︽ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ  ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯᠯᠠᠭᠠᠨ ᠤ ᠲᠥᠰᠥᠯ ᠤᠨ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠬᠦᠬᠡᠬᠤᠳᠠ ᠶᠢᠨ ᠡᠯ᠎ᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠤᠬᠠᠮᠰᠠᠷ ᠢ ᠳᠡᠭᠡᠭᠰᠢᠯᠡᠭᠦᠯᠪᠡ᠃ ᠬᠥᠬᠡᠬᠤᠲᠠ ᠶᠢᠨ ᠠᠳᠠᠯ ᠠᠬᠤᠢ ᠶᠢᠨ ᠬᠠᠮᠢᠶᠠᠷᠤᠯᠲᠠ ᠶᠢᠨ ᠨᠡᠶᠢᠭᠡᠮᠯᠢᠭ ᠢ ᠵᠢᠯᠣᠭᠤᠳᠤᠨ ︽ᠬᠥᠬᠡᠬᠤᠲᠠ ᠶᠢᠨ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠢᠲᠡᠭᠡᠮᠵᠢᠲᠡᠢ ᠪᠠᠷ ᠦᠢᠯᠡᠴᠢᠯᠡᠬᠦ ᠨᠡᠶᠢᠲᠡ ᠶᠢᠨ ᠭᠡᠷ᠎ᠡ︾ ᠶᠢ ᠲᠣᠭᠲᠠᠭᠠᠵᠤ᠂ ᠪᠥᠬᠦ ᠬᠤᠲᠠ ᠶᠢᠨ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠬᠠᠤᠯᠢ ᠶᠣᠰᠣᠭᠠᠷ ᠡᠵᠡᠩᠨᠡᠬᠦ ᠶᠢ ᠱᠠᠭᠠᠷᠳᠠᠪᠠ᠃ ᠬᠥᠬᠡᠬᠤᠲᠠ ᠶᠢᠨ ᠭᠡᠷ ᠳᠣᠲᠣᠷᠠᠬᠢ ᠵᠠᠰᠠᠯ ᠴᠢᠮᠡᠭᠯᠡᠯ ᠤᠨ ᠨᠡᠶᠢᠭᠡᠮᠯᠢᠭ ᠤᠨ ᠬᠢᠨ ᠡᠯ᠎ᠡ ᠭᠡᠰᠢᠭᠦᠨ ᠨᠢᠬᠡᠴᠢ ᠶᠢ ᠵᠢᠯᠤᠭᠤᠳᠴᠤ ᠪᠠᠶᠢᠭᠠᠳ ︽ᠢᠲᠡᠭᠡᠮᠵᠢᠲᠡᠢ ᠪᠠᠷ ᠡᠵᠡᠩᠨᠡᠬᠦ ᠠᠮᠠᠯᠠᠯᠲᠠ ᠶᠢᠨ ᠪᠢᠴᠢᠭ︾ ᠲᠤ ᠭᠠᠷ ᠤᠨ ᠥᠰᠥᠭ ᠵᠢᠷᠤᠭᠤᠯᠵᠤ᠂ ᠢᠲᠡᠭᠡᠮᠵᠢᠲᠡᠢ ᠠᠵᠤ ᠠᠬᠤᠶᠢᠯᠠᠯ ᠤᠨ ᠳᠦᠷᠢ ᠲᠥᠷᠬᠦ ᠲᠡᠳᠤᠢ ᠦᠬᠡᠢ᠂ ᠬᠠᠷᠢᠯᠴᠠᠨ ᠠᠰᠢᠭᠲᠠᠢ ᠪᠠᠷ ᠬᠠᠮᠲᠤᠷᠠᠯᠴᠠᠬᠤ᠂ ᠢᠲᠡᠭᠡᠮᠵᠢᠲᠡᠢ ᠪᠠᠶᠢᠬᠤ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠤᠯᠭᠠᠪᠠ᠃   ᠪᠤᠭᠤᠲᠤ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠤᠷᠴᠢᠮ ᠤᠨ ᠵᠢᠯ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠦᠨᠳᠦᠰᠦᠨ ᠪᠠᠶᠢᠳᠠᠯ᠂ ᠳᠣᠲᠣᠭᠠᠳᠤ ᠶᠢᠨ ᠪᠦᠲᠦᠭᠡᠨ ᠪᠠᠶᠢᠭᠤᠯᠤᠯᠲᠠ᠂ ᠨᠡᠶᠢᠭᠡᠮ ᠤᠨ ᠦᠢᠯᠡᠴᠢᠯᠡᠭᠡ ᠳᠤ ᠣᠷᠣᠯᠴᠠᠬᠤ ᠵᠡᠷᠭᠡ 7 ᠲᠠᠯ᠎ᠠ ᠠᠴᠠ  ᠭᠠᠷᠳᠠᠵᠤ 5A ᠲᠠᠰ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ 27᠂ 4A ᠲᠠᠰ ᠤᠨ 91᠂ 3A ᠲᠠᠰ ᠤᠨ 125 ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ  ᠰᠢᠯᠭᠠᠷᠠᠭᠤᠯᠤᠬᠰᠠᠨ ᠪᠠᠶᠢᠨ᠎ᠠ᠃ᠨᠡᠶᠢᠭᠡᠮ ᠤᠨ ᠶᠠᠪᠤᠳᠠᠯ   ᠣᠷᠳᠣᠰ ᠤᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠣᠷᠤᠭ ᠭᠡᠷ ᠪᠦᠯᠢ ᠶᠢᠨ  ᠵᠢᠯᠤᠭᠤᠳᠤᠮᠵᠢ ᠥᠷᠨᠢᠭᠦᠯᠬᠦ ᠪᠠᠨ ᠴᠢᠩᠭᠠᠳᠬᠠᠵᠤ᠂ ᠬᠡᠷᠡᠭᠴᠡᠭᠡ ᠱᠠᠭᠠᠷᠳᠠᠯᠭ᠎ᠠ ᠲᠠᠢ ᠲᠤᠬᠠᠢ ᠶᠢᠨ ᠬᠥᠮᠥᠨ ᠳᠤ ᠰᠡᠳᠬᠢᠯᠭᠡ ᠶᠢᠨ ᠨᠡᠪᠲᠡᠷᠡᠯᠴᠡᠭᠡ᠂ ᠰᠡᠳᠬᠢᠴᠡ ᠶᠢᠨ ᠵᠢᠯᠣᠭᠤᠳᠤᠯᠭ᠎ᠠ᠂ ᠬᠠᠷᠢᠴᠠᠭ᠎ᠠ ᠶᠢ ᠰᠡᠷᠭᠦᠭᠡᠬᠦ᠂ ᠵᠢᠭᠤᠷᠠᠯᠳᠤᠭᠠᠨ ᠢ ᠡᠶᠡᠳᠡᠭᠦᠯᠬᠦ ᠵᠡᠷᠭᠡ ᠬᠠᠮᠢᠶ᠎ᠠ ᠪᠦᠬᠦᠢ ᠦᠢᠯᠡᠴᠢᠯᠡᠭᠡ ᠶᠢ ᠬᠠᠨᠭ᠍ᠭᠠᠪᠠ᠃ ᠤᠷᠳᠤᠰ ᠬᠤᠲᠠ ᠶᠢᠨ ᠬᠢᠨ ᠦᠨᠤ ᠵᠢᠯ 45 ᠣᠷᠤᠭ ᠭᠡᠷ ᠪᠦᠯᠢ ᠶᠢᠨ ᠵᠢᠯᠣᠭᠤᠳᠤᠭᠴᠢ ᠶᠢ ᠤᠷᠢᠵᠤ ᠣᠷᠤᠭ ᠭᠡᠷ ᠪᠦᠯᠢ ᠶᠢᠨ ᠬᠠᠮᠳᠤ ᠶᠢᠨ ᠵᠢᠯᠣᠭᠤᠳᠤᠯᠭ᠎ᠠ ᠶᠢ 20 ᠤᠳᠠᠭ᠎ᠠ ᠥᠷᠨᠢᠭᠦᠯᠵᠦ᠂ ᠨᠢᠭᠡ ᠨᠢᠭᠡ ᠪᠠᠷ  1852 ᠤᠳᠠᠭ᠎ᠠ ᠵᠢᠯᠤᠭᠤᠳᠴᠤ᠂ ᠰᠠᠯᠬᠤ  ᠪᠠᠷ ᠪᠠᠶᠢᠬᠰᠠᠨ 103 ᠡᠶᠡᠳᠡᠭᠦᠯᠭᠡ  ᠪᠠᠷ ᠡᠪᠰᠡᠬᠦᠯᠪᠡ᠃ ᠦᠪᠤᠷ ᠮᠤᠩᠭᠤᠯ ᠤᠨ ᠥᠪᠡᠷᠲᠡᠭᠡᠨ ᠵᠠᠰᠠᠬᠤ ᠷᠣᠨ ᠤ ᠤᠷᠤᠭ ᠤᠨ ᠵᠠᠩᠰᠢᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ1᠂ ᠬᠤᠳᠠ ᠶᠢᠨ ᠲᠡᠰ ᠤᠨ ᠤᠷᠤᠭ ᠤᠨ ᠵᠠᠩᠰᠢᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ 3 ᠶᠢ ᠪᠠᠶᠢᠭᠤᠯᠵᠠᠢ。   
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号