︽ᠨᠠᠮ ᠤᠨ ᠰᠠᠬᠢᠯᠭ᠎ᠠ ᠪᠠᠳᠤ ᠶᠢᠨ ᠰᠤᠷᠤᠯᠴᠠᠯᠭ᠎ᠠ ᠬᠦᠮᠤᠵᠢᠯ︾ ᠨᠠᠮ ᠤᠨ ᠭᠡᠰᠢᠭᠦᠨ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠢᠳᠬᠡᠯ ᠣᠯᠣᠭᠰᠠᠨ ᠤ ᠳᠠᠷᠠᠭ᠎ᠠ ᠨᠠᠮ ᠤᠨ ᠰᠠᠬᠢᠯᠭ᠎ᠠ ᠪᠠᠲᠤ ᠶᠢᠨ ᠬᠠᠷᠢᠭᠤᠴᠠᠯᠭ᠎ᠠ  ᠶᠢ ᠬᠡᠷᠬᠢᠨ ᠨᠡᠬᠡᠮᠵᠢᠯᠡᠬᠦ ᠪᠤᠶ︖
ᠨᠡᠶᠢᠲᠡᠯᠡᠭᠰᠡᠨ ᠴᠠᠭ᠄
2024/6/13
︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ︾ ᠭᠤᠴᠢᠨ ᠲᠠᠪᠤᠳᠤᠭᠠᠷ ᠵᠦᠢᠯ ᠤᠨ ᠬᠤᠶᠠᠳᠤᠭᠠᠷ ᠪᠠᠳᠠᠭ ᠲᠤ᠄        ︽ᠨᠠᠮ ᠤᠨ ᠭᠡᠰᠢᠭᠦᠨ ᠬᠠᠤᠯᠢ ᠶᠣᠰᠣᠭᠠᠷ ᠵᠠᠰᠠᠭ ᠤᠨ ᠶᠠᠪᠤᠳᠠᠯ ᠤᠨ ᠰᠢᠢᠳᠬᠡᠯ  ᠣᠯᠣᠭᠰᠠᠨ᠂ ᠲᠣᠮᠢᠯᠠᠵᠤ ᠪᠠᠭᠤᠯᠭᠠᠭᠰᠠᠨ ᠪᠠᠶᠢᠭᠤᠯᠭ᠎ᠠ ︵ᠨᠢᠭᠡᠴᠢ︶ ᠠᠴᠠ ᠥᠭᠭᠦᠭᠰᠡᠨ  ᠰᠢᠢᠳᠬᠡᠯ ᠢ ᠵᠠᠰᠠᠭ ᠵᠠᠬᠢᠷᠭᠠᠨ ᠤ ᠰᠢᠢᠳᠬᠡᠯ ᠢᠶᠠᠷ ᠨᠠᠮ ᠤᠨ ᠰᠠᠬᠢᠯᠭ᠎ᠠ ᠪᠠᠲᠤ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠨᠠᠮ ᠤᠨ ᠵᠣᠬᠢᠶᠠᠨ ᠪᠠᠶᠢᠭᠤᠯᠤᠯᠲᠠ ᠨᠢ ᠬᠦᠴᠦᠨ ᠲᠠᠢ ᠪᠣᠯᠤᠭᠰᠠᠨ ᠰᠢᠢᠳᠬᠡᠯ᠂ ᠵᠠᠰᠠᠭ ᠵᠠᠬᠢᠷᠭᠠᠨ ᠤ ᠰᠢᠢᠳᠬᠡᠯ ᠤᠨ ᠲᠣᠭᠲᠠᠭᠠᠯ ᠳᠤ ᠮᠠᠭᠠᠳᠯᠠᠨ ᠲᠣᠭᠲᠠᠭᠠᠭᠰᠠᠨ ᠪᠣᠳᠠᠲᠤ ᠶᠠᠪᠤᠳᠠᠯ᠂ ᠰᠢᠨᠵᠢ ᠴᠢᠨᠠᠷ ᠪᠠ ᠦᠢᠯᠡ ᠪᠠᠶᠢᠳᠠᠯ ᠢ ᠨᠢ ᠦᠨᠳᠦᠰᠦᠯᠡᠨ ᠬᠢᠨᠠᠨ ᠬᠠᠷᠭᠤᠭᠤᠯᠤᠭᠰᠠᠨ ᠤ ᠲᠠᠷᠠᠭ᠎ᠠ ᠲᠣᠭᠲᠠᠭᠠᠯ ᠶᠣᠰᠣᠭᠠᠷ ᠬᠠᠷᠠᠭᠠᠯᠵᠠᠬᠰᠠᠨ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ  ᠪᠤᠶᠤ ᠵᠣᠬᠢᠶᠠᠨ ᠪᠠᠶᠢᠭᠤᠯᠤᠯᠲᠠ ᠶᠢᠨ ᠰᠢᠢᠳᠬᠡᠯ ᠥᠭᠴᠦ ᠪᠣᠯᠣᠨ᠎ᠠ︾ ᠭᠡᠵᠦ ᠲᠣᠭᠲᠠᠭᠠᠵᠠᠢ᠃   ᠡᠭᠦᠨ ᠳᠤ ᠨᠠᠮ ᠤᠨ ᠭᠡᠰᠢᠭᠦᠨ ᠬᠠᠤᠯᠢ ᠶᠣᠰᠣᠭᠠᠷ ᠲᠤᠰᠢᠶᠠᠯ ᠠᠴᠠ ᠨᠢ ᠤᠭᠴᠠᠷᠠᠭᠤᠯᠬᠤ ᠠᠴᠠ ᠳᠡᠭᠡᠭᠰᠢ ᠰᠢᠢᠳᠬᠡᠯ ᠣᠯᠣᠭᠰᠠᠨ  ᠪᠤᠯ ᠲᠤᠰ ᠳᠦᠷᠢᠮ ᠤᠨ ᠲᠣᠭᠲᠠᠭᠠᠯ ᠶᠣᠰᠣᠭᠠᠷ ᠨᠠᠮ ᠤᠨ ᠳᠣᠲᠣᠭᠠᠳᠤ ᠶᠢᠨ ᠲᠤᠰᠢᠶᠠᠯ ᠠᠴᠠ ᠤᠬᠴᠠᠷᠠᠭᠤᠯᠬᠤ ᠠᠴᠠ ᠳᠡᠭᠡᠭᠰᠢ   ᠰᠢᠢᠳᠬᠡᠯ ᠥᠭᠬᠦ ᠬᠡᠷᠡᠭᠲᠡᠢ ᠬᠡᠵᠡᠢ᠃    ᠵᠠᠰᠠᠭ ᠵᠠᠬᠢᠷᠭᠠᠨ ᠤ ᠰᠢᠳᠬᠡᠯ         ᠵᠠᠰᠠᠭ ᠵᠠᠬᠢᠷᠭᠠᠨ ᠤ ᠰᠢᠢᠳᠬᠡᠯ ᠭᠡᠳᠡᠭ ᠪᠣᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠨᠠᠮ ᠤᠨ ᠭᠡᠰᠢᠭᠦᠨ ᠳᠤ ᠥᠭᠭᠦᠭᠰᠡᠨ ᠳᠣᠩᠭᠤᠳᠬᠤ᠂ ᠵᠣᠭᠤᠰ ᠢᠶᠠᠷ ᠲᠣᠷᠭᠠᠬᠤ᠂ ᠵᠠᠰᠠᠭ ᠵᠠᠬᠢᠷᠭᠠᠨ ᠢᠶᠠᠷ ᠲᠦᠷ ᠬᠤᠷᠢᠬᠤ ᠵᠡᠷᠭᠡ ᠰᠢᠢᠳᠬᠡᠯ ᠢ ᠵᠢᠭᠠᠵᠤ ᠪᠠᠶᠢᠨ᠎ᠠ᠃   ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠢᠳᠬᠡᠯ ᠣᠯᠣᠭᠰᠠᠨ ᠨᠠᠮ ᠤᠨ ᠭᠡᠰᠢᠭᠦᠨ ᠳᠤ ᠨᠠᠮ ᠤᠨ ᠰᠠᠬᠢᠯᠭ᠎ᠠ ᠪᠠᠲᠤ ᠶᠢᠨ  ᠰᠢᠢᠳᠬᠡᠯ ᠥᠭᠬᠦ ᠳᠤ ᠪᠠᠨ ᠵᠠᠰᠠᠭ ᠵᠠᠬᠢᠷᠭᠠᠨ ᠤ  ᠰᠢᠢᠳᠬᠡᠯ ᠤᠨ ᠲᠣᠭᠲᠠᠭᠠᠯ ᠢ ᠦᠨᠳᠦᠰᠦᠯᠡᠬᠦ ᠠᠴᠠ ᠭᠠᠳᠠᠨ᠎ᠠ ᠪᠠᠰᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠠᠴᠠ ᠰᠢᠯᠵᠢᠬᠦᠯᠦᠭᠰᠡᠨ ᠬᠤᠯᠪᠣᠭᠳᠠᠯ ᠪᠦᠬᠦᠢ ᠭᠡᠷᠡᠴᠢ ᠪᠠᠷᠢᠮᠲᠠ ᠶᠢᠨ ᠮᠠᠲ᠋ᠧᠷᠢᠶᠠᠯ ᠢ ᠬᠢᠨᠠᠨ ᠬᠠᠷᠭᠤᠭᠤᠯᠵᠤ ᠰᠠᠬᠢᠯᠭ᠎ᠠ ᠪᠠᠲᠤ ᠶᠢ ᠵᠥᠷᠢᠴᠡᠭᠰᠡᠨ ᠪᠣᠳᠠᠲᠤ ᠬᠡᠷᠡᠭ ᠣᠷᠣᠰᠢᠵᠤ ᠪᠠᠶᠢᠬᠤ ᠡᠰᠡᠬᠦ᠂ ᠰᠢᠨᠵᠢ ᠴᠢᠨᠠᠷ ᠢ ᠲᠣᠭᠲᠠᠭᠠᠭᠰᠠᠨ ᠨᠢ ᠣᠨᠣᠪᠴᠢᠲᠠᠶ ᠪᠠᠶᠢᠬᠤ ᠡᠰᠡᠬᠦ ᠵᠡᠷᠭᠡ ᠶᠢ ᠨᠤᠲᠠᠯᠠᠬᠤ ᠬᠡᠷᠡᠭᠲᠡᠢ᠃    ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠰᠢᠯᠵᠢᠬᠦᠯᠤᠨ ᠲᠡᠪᠰᠢᠬᠦᠯᠦᠭᠰᠡᠨ ᠵᠠᠰᠠᠭ ᠵᠠᠬᠢᠷᠭᠠᠨ ᠤ  ᠰᠢᠢᠳᠬᠡᠯ ᠤᠨ ᠬᠡᠷᠡᠭ ᠢ ᠰᠢᠢᠳᠪᠦᠷᠢᠯᠡᠬᠦ ᠶᠠᠪᠤᠴᠠ ᠳᠤ ᠵᠠᠰᠠᠭ ᠵᠠᠬᠢᠷᠭᠠᠨ ᠤ ᠰᠢᠢᠳᠬᠡᠯ ᠤᠨ ᠲᠣᠭᠲᠠᠭᠠᠯ ᠤᠨ ᠪᠢᠴᠢᠭ ᠲᠤ ᠮᠠᠭᠠᠳᠯᠠᠨ ᠲᠣᠭᠲᠠᠭᠠᠭᠰᠠᠨ ᠪᠣᠳᠠᠲᠤ ᠶᠠᠪᠤᠳᠠᠯ ᠢ ᠬᠢᠨᠠᠨ ᠬᠠᠷᠭᠤᠭᠤᠯᠬᠤ ᠪᠣᠯ ᠵᠠᠪᠠᠯ ᠳᠠᠮᠵᠢᠬᠤ ᠵᠢᠷᠤᠮ ᠪᠣᠯᠬᠤᠷ ᠵᠠᠰᠠᠭ ᠵᠠᠬᠢᠷᠭᠠᠨ ᠤ ᠰᠢᠢᠳᠬᠡᠯ  ᠤᠨ ᠲᠣᠭᠲᠠᠭᠠᠯ ᠤᠨ ᠪᠢᠴᠢᠭ ᠢ ᠦᠨᠳᠦᠰᠦᠯᠡᠨ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠴᠦ ᠪᠣᠯᠬᠤ ᠦᠭᠡᠢ᠃    ᠵᠠᠰᠠᠭ ᠵᠠᠬᠢᠷᠭᠠᠨ ᠤ ᠰᠢᠢᠳᠬᠡᠯ ᠤᠨ ᠲᠣᠭᠲᠠᠭᠠᠯ ᠤᠨ ᠪᠢᠴᠢᠭ ᠪᠣᠯ ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠭ᠎ᠠ ᠶᠢᠨ ᠰᠢᠢᠳᠪᠦᠷᠢᠯᠡᠬᠦ ᠴᠢᠬᠤᠯᠠ ᠦᠨᠳᠦᠰᠦ ᠪᠠᠷᠢᠮᠲᠠ ᠮᠥᠨ ᠪᠣᠯᠪᠠᠴᠤ ᠴᠤᠷ ᠤᠨ ᠭᠠᠭᠴᠠ ᠦᠨᠳᠦᠰᠦ ᠪᠠᠷᠢᠮᠲᠠ ᠪᠢᠰᠢ᠃         ᠪᠠᠶᠢᠴᠠᠭᠠᠬᠤ ᠪᠠᠶᠢᠭᠤᠯᠭ᠎ᠠ ᠡᠷᠬᠡᠪᠰᠢ ᠪᠣᠳᠠᠲᠤ ᠶᠠᠪᠤᠳᠠᠯ᠂ ᠭᠡᠷᠡᠴᠢ ᠪᠠᠷᠢᠮᠲᠠ ᠶᠢ ᠬᠢᠨᠠᠨ ᠬᠠᠷᠭᠤᠭᠤᠯᠵᠤ᠂ ᠪᠠᠶᠢᠴᠠᠭᠠᠵᠤ ᠮᠠᠭᠠᠳᠯᠠᠨ ᠲᠣᠭᠲᠠᠭᠠᠭᠰᠠᠨ ᠰᠠᠬᠢᠯᠭ᠎ᠠ ᠪᠠᠲᠤ ᠶᠢ ᠵᠥᠷᠢᠴᠡᠭᠰᠡᠨ ᠪᠣᠳᠠᠲᠤ ᠶᠠᠪᠤᠳᠠᠯ ᠢ ᠲᠤᠰ ᠬᠥᠮᠥᠨ ᠲᠠᠢ ᠨᠢ ᠠᠭᠤᠯᠵᠠᠭᠤᠯᠤᠨ ᠬᠢᠨᠠᠨ ᠬᠠᠷᠭᠤᠭᠤᠯᠤᠭᠠᠳ ᠲᠡᠭᠦᠨ ᠤ ᠲᠣᠭᠠᠴᠢᠯᠲᠠ ᠪᠠ ᠵᠥᠪᠲᠦᠭᠡᠯᠲᠡ ᠶᠢ ᠰᠣᠨᠣᠰᠬᠤ ᠶᠢᠨ ᠬᠠᠮᠲᠤ ᠦᠨᠡᠨ ᠮᠥᠨ ᠢᠶᠠᠷ ᠨᠢ ᠲᠡᠮᠳᠡᠭᠯᠡᠵᠦ᠂ ᠴᠠᠭ ᠲᠤᠬᠠᠢ ᠳᠤ ᠨᠢ ᠬᠢᠨᠠᠨ ᠬᠠᠷᠭᠤᠭᠤᠯᠬᠤ ᠬᠡᠷᠡᠭᠲᠡᠢ᠂ ᠵᠦᠢ ᠵᠣᠬᠢᠰᠲᠠᠢ ᠪᠣᠯ ᠬᠦᠯᠢᠶᠡᠨ ᠠᠪᠴᠤ ᠬᠡᠷᠡᠭᠯᠡᠬᠦ ᠦᠭᠡᠢ ᠪᠣᠯ ᠤᠴᠢᠷ ᠰᠢᠯᠲᠠᠭᠠᠨ ᠢᠶᠠᠨ ᠲᠣᠳᠣᠷᠬᠠᠶᠢᠯᠠᠬᠤ ᠬᠡᠷᠡᠭᠲᠡᠢ᠃   ᠬᠢᠨᠠᠨ ᠪᠠᠶᠢᠴᠠᠭᠠᠬᠤ ᠪᠠᠶᠢᠭᠤᠯᠤᠯᠭ᠎ᠠ ᠶᠢᠨ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠠᠵᠢᠯ ᠤᠨ ᠬᠤᠯᠪᠣᠭᠳᠠᠯ ᠪᠦᠬᠦᠢ ᠲᠣᠭᠲᠠᠭᠠᠯ ᠳᠤ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠢᠳᠬᠡᠯ ᠣᠯᠣᠭᠰᠠᠨ ᠬᠢᠨᠠᠨ ᠪᠠᠶᠢᠴᠠᠭᠠᠭᠳᠠᠭᠴᠢ ᠳᠤ ᠵᠠᠰᠠᠭ ᠤᠨ ᠶᠠᠪᠤᠳᠠᠯ ᠤᠨ ᠰᠢᠢᠳᠬᠡᠯ ᠥᠭᠬᠦ ᠴᠢᠬᠤᠯᠠᠲᠠᠢ ᠪᠣᠯ ᠬᠤᠯᠪᠣᠭᠳᠠᠯ ᠪᠦᠬᠦᠢ ᠬᠢᠨᠠᠨ ᠪᠠᠶᠢᠴᠠᠭᠠᠬᠤ ᠰᠠᠯᠠᠭ᠎ᠠ ᠮᠥᠴᠢᠷ ᠤᠨ ᠬᠢᠨ ᠬᠡᠷᠡᠭ ᠪᠣᠯᠭᠠᠨ ᠳᠠᠩᠰᠠᠯᠠᠬᠤ ᠭᠠᠷ ᠭᠦᠢᠴᠡᠳᠬᠡᠯ ᠬᠢᠵᠦ ᠨᠠᠮ ᠤᠨ ᠰᠠᠬᠢᠯᠭ᠎ᠠ ᠪᠠᠲᠤ ᠶᠢᠨ ᠬᠠᠷᠢᠭᠤᠴᠠᠯᠭ᠎ᠠ ᠨᠡᠬᠡᠮᠵᠢᠯᠡᠬᠦ ᠠᠷᠭ᠎ᠠ ᠨᠢ ᠡᠭᠦᠨ ᠲᠠᠢ ᠠᠳᠠᠯᠢ᠃        ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠨᠠᠨ ᠪᠠᠶᠢᠴᠠᠭᠠᠬᠤ ᠬᠠᠤᠯᠢ ᠶᠢ ᠬᠡᠷᠡᠭᠵᠢᠭᠦᠯᠬᠦ ᠳᠦᠷᠢᠮ︾ ᠤᠨ ᠵᠠᠭᠤ ᠨᠠᠶᠠᠨ ᠨᠢᠭᠡᠳᠦᠭᠡᠷ ᠵᠦᠢᠯ ᠤᠨ ᠭᠤᠷᠪᠠᠳᠤᠭᠠᠷ ᠪᠠᠳᠠᠭ ᠲᠤ᠄    ︽ᠬᠠᠤᠯᠢ ᠶᠣᠰᠣᠭᠠᠷ ᠵᠠᠰᠠᠭ ᠵᠠᠬᠢᠷᠭᠠᠨ ᠤ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠭᠳᠡᠭᠰᠡᠨ ᠬᠢᠨᠠᠨ ᠪᠠᠶᠢᠴᠠᠭᠠᠭᠳᠠᠬᠤ ᠡᠲᠡᠭᠡᠳ ᠲᠤ ᠵᠠᠰᠠᠭ ᠤᠨ ᠶᠠᠪᠤᠳᠠᠯ ᠤᠨ ᠰᠢᠢᠳᠬᠡᠯ ᠥᠭᠬᠦ ᠴᠢᠬᠤᠯᠠᠲᠠᠢ ᠪᠤᠯ ᠬᠡᠷᠡᠭ ᠪᠣᠯᠭᠠᠨ ᠳᠠᠩᠰᠠᠯᠠᠬᠤ ᠭᠠᠷ ᠭᠦᠢᠴᠡᠳᠬᠡᠯ ᠢ ᠬᠠᠤᠯᠢ ᠶᠣᠰᠣᠭᠠᠷ ᠬᠢᠬᠦ ᠬᠡᠷᠡᠭᠲᠡᠢ︾ ᠭᠡᠵᠦ ᠲᠣᠭᠲᠠᠭᠠᠵᠠᠢ᠃    ᠡᠮᠦᠨ᠎ᠡ ᠲᠤᠷᠠᠳᠤᠬᠰᠠᠨ ᠲᠣᠭᠲᠠᠭᠠᠯ ᠢ ᠦᠨᠳᠦᠰᠦᠯᠡᠨ ᠨᠠᠮ ᠤᠨ ᠭᠡᠰᠢᠭᠦᠨ ᠳᠤ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠢᠳᠬᠡᠯ  ᠦᠭᠦᠭᠰᠡᠨ ᠪᠤᠯ ᠨᠠᠮ ᠤᠨ ᠵᠣᠬᠢᠶᠠᠨ ᠪᠠᠶᠢᠭᠤᠯᠤᠯᠲᠠ ᠨᠢ ᠬᠦᠴᠦᠨ ᠲᠠᠢ ᠪᠣᠯᠤᠭᠰᠠᠨ ᠵᠠᠰᠠᠭ ᠵᠠᠬᠢᠷᠭᠠᠨ ᠤ ᠰᠢᠢᠳᠬᠡᠯ ᠤᠨ ᠲᠣᠭᠲᠠᠭᠠᠯ ᠢ ᠦᠨᠳᠦᠰᠦᠯᠡᠨ ᠮᠠᠭᠠᠳᠯᠠᠨ ᠲᠣᠭᠲᠠᠭᠠᠭᠰᠠᠨ ᠪᠣᠳᠠᠲᠤ ᠬᠡᠷᠡᠭ᠂ ᠰᠢᠨᠵᠢ ᠴᠢᠨᠠᠷ ᠪᠠ ᠦᠢᠯᠡ ᠪᠠᠶᠢᠳᠠᠯ ᠢ ᠨᠢ ᠬᠡᠷᠡᠭ ᠪᠣᠯᠭᠠᠨ ᠲᠠᠩᠰᠠᠯᠠᠵᠤ ᠬᠢᠨᠠᠨ ᠬᠠᠷᠭᠤᠭᠤᠯᠤᠭᠰᠠᠨ ᠤ ᠲᠠᠷᠠᠭ᠎ᠠ ᠰᠠᠬᠢᠯᠭ᠎ᠠ ᠪᠠᠲᠤ ᠶᠢᠨ ᠰᠢᠢᠳᠬᠡᠯ ᠤᠨ ᠳᠦᠷᠢᠮ ᠵᠡᠷᠭᠡ ᠲᠣᠭᠲᠠᠭᠠᠯ ᠶᠣᠰᠣᠭᠠᠷ ᠲᠡᠭᠦᠨ ᠳᠤ ᠵᠣᠬᠢᠴᠠᠩᠭᠤᠢ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠪᠤᠶᠤ ᠵᠣᠬᠢᠶᠠᠨ ᠪᠠᠶᠢᠭᠤᠯᠤᠯᠲᠠ ᠶᠢᠨ ᠰᠢᠢᠳᠬᠡᠯ ᠥᠭᠴᠦ ᠪᠣᠯᠣᠨ᠎ᠠ᠃     ᠡᠭᠦᠨ ᠳᠤ ᠨᠠᠮ ᠤᠨ ᠭᠡᠰᠢᠭᠦᠨ ᠬᠠᠤᠯᠢ ᠶᠣᠰᠣᠭᠠᠷ ᠲᠤᠰᠢᠶᠠᠯ ᠠᠴᠠ ᠨᠢ ᠤᠭᠴᠠᠷᠠᠭᠤᠯᠬᠤ ᠠᠴᠠ ᠳᠡᠭᠡᠭᠰᠢᠬᠢ ᠰᠢᠢᠳᠬᠡᠯ ᠣᠯᠣᠭᠰᠠᠨ ᠪᠤᠯ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ ᠤᠨ ᠲᠣᠭᠲᠠᠭᠠᠯ ᠶᠣᠰᠣᠭᠠᠷ ᠲᠡᠭᠦᠨ ᠳᠤ ᠨᠠᠮ ᠤᠨ ᠳᠣᠲᠣᠭᠠᠳᠤ ᠶᠢᠨ ᠲᠤᠰᠢᠶᠠᠯ ᠠᠴᠠ ᠤᠬᠴᠠᠷᠠᠭᠤᠯᠬᠤ ᠠᠴᠠ ᠳᠡᠭᠡᠭᠰᠢᠬᠢ ᠰᠢᠢᠳᠬᠡᠯ ᠥᠭᠬᠦ ᠬᠡᠷᠡᠭᠲᠡᠢ᠃     
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号