ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ︽ᠥᠪᠥᠷ ᠮᠣᠩᠭᠤᠯ ᠤᠨ ᠪᠡᠭᠡᠵᠢᠩ᠂ ᠲᠢᠶᠠᠨᠵᠢᠨ᠂ ᠾᠧᠪᠧᠢ ᠶᠢᠨ ᠬᠠᠮᠵᠢᠯᠴᠠᠨ ᠬᠥᠭᠵᠢᠬᠦ ᠯᠦᠭᠡ ᠭᠦᠨᠵᠡᠭᠡᠢ ᠠᠭᠤᠰᠤᠯᠴᠠᠬᠤ ᠶᠢ ᠠᠬᠢᠭᠤᠯᠬᠤ︾ ᠲᠤᠰᠬᠠᠢ ᠰᠡᠳᠦᠪᠲᠦ ᠵᠥᠪᠯᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/25
    ᠦᠪᠤᠷ ᠮᠤᠩᠭᠤᠯ ‍ᠤᠨ‌ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ  ᠤ ᠬᠢᠨ 6 ᠳ᠋ᠤᠭᠠᠷ ᠰᠠᠷ᠎ᠠ ᠶᠢᠨ 24 ᠤ ᠡᠳᠦᠷ ︽ᠥᠪᠥᠷ ᠮᠣᠩᠭᠤᠯ ᠤᠨ ᠪᠡᠭᠡᠵᠢᠩ᠂ ᠲᠢᠶᠠᠨᠵᠢᠨ᠂ ᠾᠧᠪᠧᠢ ᠶᠢᠨ ᠬᠠᠮᠵᠢᠯᠴᠠᠨ ᠬᠥᠭᠵᠢᠬᠦ ᠯᠦᠭᠡ ᠭᠦᠨᠵᠡᠭᠡᠢ ᠠᠭᠤᠰᠤᠯᠴᠠᠬᠤ ᠶᠢ ᠠᠬᠢᠭᠤᠯᠬᠤ︾ ᠲᠤᠰᠬᠠᠢ ᠰᠡᠳᠦᠪᠲᠦ ᠵᠥᠪᠯᠡᠬᠦ ᠬᠤᠷᠠᠯ ᠬᠤᠷᠠᠯᠳᠤᠭᠤᠯᠪᠠ᠃   ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠵᠠᠩ ᠶᠠᠨ ᠺᠦᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠪᠠᠶᠢᠳᠠᠯ ᠢ ᠮᠡᠳᠡᠬᠦᠯᠵᠤ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠠᠨ ᠷᠦᠨ ᠱᠧᠩ ᠬᠤᠷᠠᠯ ᠢ ᠡᠷᠭᠢᠯᠡᠭᠰᠡᠨ ᠪᠥᠭᠡᠳ ᠪᠠᠶᠢᠴᠠᠭᠠᠨ ᠰᠤᠳᠤᠯᠤᠯᠲᠠ ᠶᠢᠨ ᠪᠠᠶᠢᠳᠠᠯ ᠢ ᠲᠤᠳᠤᠷᠬᠠᠶᠢᠯᠠᠪᠠ᠃    ᠬᠤᠷᠠᠯ ᠳᠡᠭᠡᠷ᠎ᠡ ᠦᠪᠤᠷ ᠮᠤᠩᠭᠤᠯ ‍ᠤᠨ‌ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠯᠤᠰ ᠲᠥᠷᠥ ᠶᠢᠨ ᠰᠤᠳᠤᠯᠭᠠᠨ ᠤ ᠲᠠᠰᠤᠭ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠦᠪᠤᠷ ᠮᠤᠩᠭᠤᠯ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠢᠩᠬᠢᠮ ᠤᠨ ᠬᠠᠷᠢᠭᠤᠴᠠᠯᠭᠠᠲᠠᠨ ᠨᠥᠬᠦᠳ ᠪᠠᠶᠢᠳᠠᠯ ᠢ ᠮᠡᠳᠡᠭᠳᠡᠵᠦ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠂ ᠣᠶᠤᠨ ᠤ ᠬᠥᠮᠥᠷᠭᠡ ᠶᠢᠨ ᠲᠤᠰᠬᠠᠢ ᠮᠡᠷᠭᠡᠵᠢᠯᠲᠡᠨ  ᠪᠤᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠦᠭᠡ ᠬᠡᠯᠡᠭᠰᠡᠨ ᠪᠥᠭᠡᠳ ᠰᠠᠨᠠᠯ ᠢᠶᠠᠨ ᠰᠣᠯᠢᠯᠴᠠᠪᠠ᠃    ᠬᠤᠷᠠᠯ  ᠲᠡᠬᠡᠷ᠎ᠡ᠄ ︽ᠪᠦᠬᠦ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠰᠢᠰᠲ᠋ᠧᠮ ᠤᠨ ᠬᠢᠨ ᠥᠪᠥᠷ ᠮᠣᠩᠭᠤᠯ ᠤᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ᠂ ᠠᠵᠤ ᠦᠢᠯᠡᠰ ᠤᠨ ᠰᠢᠯᠵᠢᠯᠲᠡ ᠶᠢᠨ ᠥᠨᠳᠦᠷᠯᠢᠭ᠂ ᠴᠢᠬᠤᠯᠠ ᠡᠨᠧᠷᠭᠢ ᠪᠣᠯᠣᠨ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ᠂ ᠵᠠᠮ ᠬᠠᠷᠢᠯᠴᠠᠭ᠎ᠠ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠪᠠᠶᠢᠷᠢᠰᠢᠯ᠂ ᠪᠣᠬᠢᠷᠲᠤᠯ ᠦᠭᠡᠢ ᠪᠣᠳᠣᠯᠭ᠎ᠠ ᠶᠢᠨ ᠪᠠᠳᠤᠯᠠᠭ᠎ᠠ ᠶᠢᠨ ᠰᠠᠭᠤᠷᠢᠨ ᠭᠠᠵᠠᠷ᠂ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢᠨ ᠰᠠᠭᠤᠷᠢᠨ ᠭᠠᠵᠠᠷ ᠢ ᠪᠠᠶᠢᠭᠤᠯᠬᠤ ᠳᠤ ᠬᠦᠴᠦ ᠨᠡᠮᠡᠷᠢᠯᠡᠬᠦ ᠬᠡᠷᠡᠭᠳᠡᠢ᠃ ᠥᠪᠥᠷ ᠮᠣᠩᠭᠤᠯ ᠤᠨ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠪᠡᠭᠡᠵᠢᠩ᠂ ᠲᠢᠶᠠᠨᠵᠢᠨ᠂ ᠾᠧᠪᠧᠢ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠨᠡᠶᠢᠭᠡᠮ ᠤᠨ ᠦᠢᠯᠡᠰ ᠤᠨ ᠬᠠᠮᠵᠢᠯᠴᠠᠨ ᠬᠥᠭᠵᠢᠬᠦ ᠳᠤ ᠢᠳᠡᠪᠬᠢᠲᠡᠢ ᠪᠠᠷ ᠵᠠᠭᠤᠴᠢ ᠪᠣᠯᠵᠤ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠮᠠᠨ ᠤ ᠣᠷᠣᠨ ᠤ ᠴᠢᠨᠠᠷᠯᠢᠭ ᠬᠥᠭᠵᠢᠯᠲᠡ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠬᠦᠬᠦ ᠬᠡᠷᠡᠭᠳᠡᠢ︾ ᠭᠡᠵᠤ ᠴᠢᠬᠤᠯᠠᠴᠢᠯᠠᠨ ᠲᠤᠷᠠᠳᠤᠬᠰᠠᠨ ᠪᠠᠶᠢᠨ᠎ᠠ᠃    
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号