ᠮᠠᠨ ᠤ ᠣᠷᠣᠨ ᠬᠠᠭᠤᠴᠢᠨ ᠭᠡᠷ ᠤᠨ ᠴᠠᠬᠢᠯᠭᠠᠨ ᠬᠡᠷᠡᠭᠰᠡᠯ ᠢᠶᠠᠨ ᠰᠢᠨ᠎ᠡ ᠪᠠᠷ ᠰᠣᠯᠢᠬᠤ ᠨᠥᠬᠦᠪᠦᠷᠢ ᠶᠢᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2024/6/27
    ᠪᠥᠬᠦ ᠣᠷᠣᠨ ᠤ ᠭᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠨ ᠰᠢᠨ᠎ᠡ ᠪᠠᠷ ᠰᠣᠯᠢᠬᠤ ᠠᠵᠢᠯ ᠢ ᠨᠠᠩ ᠰᠠᠶᠢᠲᠤᠷ ᠠᠬᠢᠭᠤᠯᠬᠤ ᠶᠢᠨ ᠲᠥᠯᠥᠭᠡ᠂ ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠭᠤᠴᠢᠨ ᠭᠡᠷ ᠤᠨ ᠴᠠᠬᠢᠯᠭᠠᠨ ᠬᠡᠷᠡᠭᠰᠡᠯ  ᠢ ᠰᠢᠨ᠎ᠡ ᠪᠠᠷ ᠰᠣᠯᠢᠬᠤ ᠨᠥᠬᠦᠪᠦᠷᠢ ᠶᠢᠨ ᠲᠤᠬᠠᠢ ᠬᠡᠷᠡᠭᠵᠢᠭᠦᠯᠬᠦ ᠲᠥᠰᠥᠯ︾ ᠢ ᠲᠣᠭᠲᠠᠭᠠᠨ ᠳᠠᠷᠤᠮᠠᠯᠯᠠᠨ ᠲᠠᠷᠬᠠᠭᠠᠬᠰᠠᠨ ᠪᠠᠶᠢᠨ᠎ᠠ᠃   ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠭᠤᠴᠢᠨ ᠭᠡᠷ ᠤᠨ ᠴᠠᠬᠢᠯᠭᠠᠨ ᠬᠡᠷᠡᠭᠰᠡᠯ  ᠢ ᠰᠢᠨ᠎ᠡ  ᠪᠠᠷ ᠰᠣᠯᠢᠬᠤ ᠨᠥᠬᠦᠪᠦᠷᠢ ᠶᠢᠨ ᠲᠤᠬᠠᠢ ᠬᠡᠷᠡᠭᠵᠢᠭᠦᠯᠬᠦ ᠲᠥᠰᠥᠯ︾ ᠳᠤ ᠨᠥᠬᠦᠪᠦᠷᠢ ᠣᠯᠭᠤᠬᠤ ᠡᠲᠡᠭᠡᠳ ᠪᠠ ᠬᠦᠷᠢᠶ᠎ᠡ ᠬᠡᠪᠴᠢᠶ᠎ᠡ ᠶᠢ ᠲᠣᠳᠣᠷᠬᠠᠢ ᠲᠣᠭᠲᠠᠭᠠᠪᠠ᠄     2024 ᠣᠨ ᠤ 7 ᠳ᠋ᠤᠭᠠᠷ ᠰᠠᠷ᠎ᠠ ᠶᠢᠨ 1 ᠤ ᠡᠳᠦᠷ ᠠᠴᠠ 2024 ᠣᠨ ᠤ 12 ᠳ᠋ᠤᠭᠠᠷ ᠰᠠᠷ᠎ᠠ ᠶᠢᠨ 20 ᠤ ᠡᠳᠦᠷ ᠪᠣᠯᠲᠠᠯ᠎ᠠ ᠭᠡᠷ ᠤᠨ ᠴᠠᠬᠢᠯᠭᠠᠨ ᠬᠡᠷᠡᠭᠰᠡᠯ ᠪᠣᠷᠣᠯᠠᠭᠤᠯᠬᠤ᠂ ᠡᠭᠡᠭᠦᠯᠦᠨ ᠬᠤᠷᠢᠶᠠᠬᠤ ᠠᠵᠤ ᠠᠬᠤᠶᠢᠯᠠᠯ ᠳᠤ ᠬᠠᠭᠤᠴᠢᠨ ᠭᠡᠷ ᠤᠨ ᠴᠠᠬᠢᠯᠭᠠᠨ ᠬᠡᠷᠡᠭᠰᠡᠯ ︵ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠪᠠᠭᠲᠠᠨ᠎ᠠ ︶ ᠢ ᠲᠤᠰᠢᠶᠠᠨ ᠬᠤᠳᠠᠯᠳᠤᠬᠤ ᠶᠢᠨ ᠬᠠᠮᠲᠤ ᠰᠢᠨ᠎ᠡ ᠭᠡᠷ ᠤᠨ ᠴᠠᠬᠢᠯᠭᠠᠨ ᠬᠡᠷᠡᠭᠰᠡᠯ ᠬᠤᠳᠠᠯᠳᠤᠨ ᠠᠪᠤᠭᠰᠠᠨ ᠮᠥᠷᠲᠡᠭᠡᠨ ᠪᠣᠷᠣᠯᠠᠭᠤᠯᠤᠭᠰᠠᠨ ᠪᠠᠷᠢᠮᠲᠠ ᠣᠯᠣᠭᠰᠠᠨ ᠬᠤᠪᠢ  ᠶᠢᠨ ᠬᠡᠷᠡᠭᠯᠡᠭᠴᠢᠳ ᠰᠢᠨ᠎ᠡ ᠭᠡᠷ ᠤᠨ ᠴᠠᠬᠢᠯᠭᠠᠨ ᠬᠡᠷᠡᠭᠰᠡᠯ ᠬᠤᠳᠠᠯᠳᠤᠨ ᠠᠪᠬᠤ ᠳᠤ ᠪᠠᠨ  ᠬᠠᠭᠤᠴᠢᠨ ᠭᠡᠷ ᠤᠨ ᠴᠠᠬᠢᠯᠭᠠᠨ ᠬᠡᠷᠡᠭᠰᠡᠯ   ᠢᠶᠠᠨ ᠰᠢᠨ᠎ᠡ ᠪᠠᠷ ᠰᠣᠯᠢᠬᠤ ᠨᠥᠬᠦᠪᠦᠷᠢ ᠶᠢ ᠭᠥᠷᠳᠡᠵᠦ ᠪᠣᠯᠣᠨ᠎ᠠ᠃ ᠪᠣᠳᠠᠲᠠᠢ ᠨᠥᠬᠦᠪᠦᠷᠢ ᠶᠢᠨ ᠪᠠᠷᠢᠮᠵᠢᠶ᠎ᠠ ᠶᠢ ᠡᠯ᠎ᠡ ᠠᠶᠢᠮᠠᠭ ᠬᠤᠲᠠ ᠨᠤᠭᠤᠳ ᠥᠪᠡᠷᠲᠡᠭᠡᠨ ᠲᠣᠭᠲᠠᠭᠠᠵᠤ᠂ ᠰᠢᠨ᠎ᠡ ᠭᠡᠷ ᠤᠨ ᠴᠠᠬᠢᠯᠭᠠᠨ ᠬᠡᠷᠡᠭᠰᠡᠯ ᠬᠤᠳᠠᠯᠳᠤᠨ ᠠᠪᠬᠤ ᠳᠤ ᠬᠠᠭᠤᠴᠢᠨ ᠭᠡᠷ ᠤᠨ ᠴᠠᠬᠢᠯᠭᠠᠨ ᠬᠡᠷᠡᠭᠰᠡᠯ ᠤᠨ ᠲᠥᠷᠥᠯ ᠵᠦᠢᠯ ᠤᠨ ᠲᠤᠬᠠᠢ  ᠬᠠᠷᠠᠭᠠᠯᠵᠠᠬᠰᠠᠨ ᠬᠢᠵᠠᠭᠠᠷᠯᠠᠯ ᠳᠤ ᠪᠠᠷᠢᠬᠳᠠᠬᠤ ᠦᠭᠡᠢ ᠲᠤ ᠲᠤᠬᠳᠠᠭᠠᠯ᠎ᠠ᠃      ᠨᠥᠬᠦᠪᠦᠷᠢ ᠥᠭᠬᠦ ᠬᠡᠪᠴᠢᠶ᠎ᠡ ᠳᠤ᠄  ᠠᠭᠠᠷᠵᠢᠭᠤᠯᠤᠬᠴᠢ᠂ ᠬᠥᠷᠥᠭᠡᠭᠦᠷ ︵ᠬᠥᠯᠳᠡᠭᠡᠭᠦᠷ ᠢ ᠪᠠᠭᠲᠠᠭᠠᠨ᠎ᠠ︶᠂ ᠬᠤᠪᠴᠠᠰᠤ ᠤᠬᠢᠶᠠᠬᠤ ᠮᠠᠰᠢᠨ ︵ᠬᠤᠪᠴᠠᠰᠤ ᠬᠠᠳᠠᠭᠠᠬᠤ ᠮᠠᠰᠢᠨ ᠪᠠᠭᠲᠠᠨ᠎ᠠ︶᠂ ᠲᠧᠯᠸᠢᠰ᠂ ᠤᠰᠤ ᠬᠠᠯᠠᠭᠠᠭᠤᠷ ︵ᠬᠠᠨ᠎ᠠ ᠶᠢᠨ ᠡᠯᠭᠦᠮᠡᠯ ᠵᠤᠤᠬ᠎ᠠ ᠶᠢ ᠪᠠᠭᠲᠠᠭᠠᠨ᠎ᠠ︶᠂ ᠲᠣᠰᠣᠨ ᠤ ᠣᠲᠤᠭ᠎ᠠ ᠰᠣᠷᠣᠬᠤ ᠮᠠᠰᠢᠨ᠂ ᠰᠢᠲᠠᠮᠠᠬᠠᠢ ᠬᠡᠢ ᠶᠢᠨ ᠵᠤᠤᠬ᠎ᠠ ︵ᠬᠤᠷᠠᠮᠠᠯ ᠵᠤᠤᠬ᠎ᠠ ᠶᠢ ᠪᠠᠭᠲᠠᠭᠠᠨ᠎ᠠ︶᠂ ᠠᠶᠠᠭ᠎ᠠ ᠤᠬᠢᠶᠠᠬᠤ ᠮᠠᠰᠢᠨ᠂ ᠠᠭᠠᠷ ᠴᠡᠪᠡᠷᠰᠢᠭᠦᠯᠬᠦ ᠮᠠᠰᠢᠨ᠂ ᠪᠢᠴᠢᠯ ᠳᠣᠯᠭᠢᠶᠠᠨ ᠤ ᠵᠤᠤᠬ᠎ᠠ ︵ᠨᠢᠭᠡ ᠪᠡᠶᠡᠲᠦ ᠮᠠᠰᠢᠨ ᠢ ᠪᠠᠭᠲᠠᠭᠠᠨ᠎ᠠ︶᠂ ᠴᠠᠬᠢᠯᠭᠠᠨ ᠰᠣᠷᠢᠨᠵᠢᠨ ᠵᠤᠤᠬ᠎ᠠ᠂ ᠴᠠᠬᠢᠯᠭᠠᠨ ᠲᠣᠭᠤᠭ᠎ᠠ᠂ ᠴᠠᠬᠢᠯᠭᠠᠨ ᠰᠡᠩᠰᠡ ᠪᠠ ᠤᠰᠤ ᠴᠡᠪᠡᠷᠰᠢᠭᠦᠯᠬᠦ ᠮᠠᠰᠢᠨ ᠵᠡᠷᠭᠡ 14 ᠲᠥᠷᠥᠯ ᠤᠨ ᠦᠢᠯᠡᠳᠬᠦᠨ ᠪᠠᠭᠲᠠᠨ᠎ᠠ᠃ ᠦᠢᠯᠡᠳᠬᠦᠨ ᠨᠢ ᠡᠷᠬᠡᠪᠰᠢ ᠳᠤᠮᠳᠠᠳᠤ ᠤᠯᠤᠰ ᠤᠨ ᠡᠨᠧᠷᠭᠢ ᠶᠢᠨ ᠠᠰᠢᠭᠯᠠᠮᠵᠢ ᠪᠤᠶᠤ ᠤᠰᠤᠨ ᠤ ᠠᠰᠢᠭᠯᠠᠮᠵᠢ ᠶᠢᠨ ᠢᠯᠡᠷᠬᠡᠶᠢᠯᠡᠯ ᠤᠨ ᠰᠦᠯᠵᠢᠶᠡᠨ ᠳᠤ ᠳᠠᠩᠰᠠᠯᠠᠭᠤᠯᠤᠭᠰᠠᠨ ᠪᠥᠭᠡᠳ ᠬᠤᠶᠠᠳᠤᠭᠠᠷ ᠳᠡᠰ ᠪᠠ ᠲᠡᠭᠦᠨ ᠠᠴᠠ ᠳᠡᠭᠡᠭᠰᠢᠬᠢ ᠡᠨᠧᠷᠭᠢ ᠶᠢᠨ ᠠᠰᠢᠭᠯᠠᠮᠵᠢ ᠳᠤ ᠬᠦᠷᠴᠦ᠂ ᠤᠯᠤᠰ ᠤᠨ ᠪᠠᠷᠢᠮᠵᠢᠶ᠎ᠠ ᠶᠢᠨ 13 ᠣᠷᠣᠨᠲᠤ ᠨᠢᠭᠡᠳᠦᠯᠲᠡᠢ ᠲᠠᠸᠠᠷ ᠤᠨ ᠳ᠋ᠤᠭᠠᠷᠯᠠᠯ ᠲᠠᠢ ᠪᠠᠶᠢᠬᠤ ᠬᠡᠷᠡᠭᠲᠡᠢ᠃   ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠭᠤᠴᠢᠨ ᠭᠡᠷ ᠤᠨ ᠴᠠᠬᠢᠯᠭᠠᠨ ᠬᠡᠷᠡᠭᠰᠡᠯ  ᠢ ᠰᠢᠨ᠎ᠡ  ᠪᠠᠷ ᠰᠣᠯᠢᠬᠤ ᠨᠥᠬᠦᠪᠦᠷᠢ ᠶᠢᠨ ᠲᠤᠬᠠᠢ ᠬᠡᠷᠡᠭᠵᠢᠭᠦᠯᠬᠦ ᠲᠥᠰᠥᠯ︾  ᠳᠤ ᠨᠥᠬᠦᠪᠦᠷᠢ ᠶᠢᠨ ᠲᠡᠮᠳᠡᠭᠲᠦ ᠶᠢ ᠲᠠᠷᠬᠠᠭᠠᠵᠤ ᠬᠡᠷᠡᠭᠯᠡᠬᠦ ᠶᠠᠪᠤᠴᠠ ᠶᠢ ᠲᠣᠳᠣᠷᠬᠠᠢ ᠲᠣᠭᠲᠠᠭᠠᠵᠠᠢ᠄     ᠲᠣᠰ ᠤᠳᠠᠭᠠᠨ ᠤ ᠨᠥᠬᠦᠪᠦᠷᠢ ᠶᠢ ᠰᠦᠯᠵᠢᠶᠡᠨ ᠳᠡᠭᠡᠷᠡᠬᠢ ᠲᠠᠪᠴᠠᠩ ᠢᠶᠠᠷ ᠳᠠᠮᠵᠢᠭᠤᠯᠤᠨ ᠲᠠᠷᠬᠠᠭᠠᠵᠤ᠂ ᠤᠷᠢᠳ ᠢᠶᠠᠷ ᠬᠦᠷᠭᠡᠪᠡᠯ ᠤᠷᠢᠳ ᠢᠶᠠᠷ ᠣᠯᠵᠤ᠂ ᠲᠠᠷᠬᠠᠭᠠᠵᠤ ᠳᠠᠭᠤᠰᠲᠠᠯ᠎ᠠ ᠣᠯᠭᠤᠨ᠎ᠠ᠃ ᠬᠠᠭᠤᠴᠢᠨ ᠭᠡᠷ ᠤᠨ ᠴᠠᠬᠢᠯᠭᠠᠨ ᠬᠡᠷᠡᠭᠰᠡᠯ ᠢᠶᠠᠨ  ᠰᠢᠨ᠎ᠡ ᠪᠠᠷ ᠰᠣᠯᠢᠬᠤ ᠨᠥᠬᠦᠪᠦᠷᠢ ᠶᠢ ᠭᠤᠶᠤᠴᠢᠯᠠᠬᠤ ᠪᠠᠷ ᠪᠠᠶᠢᠭ᠎ᠠ ᠬᠤᠪᠢ ᠬᠦᠮᠦᠨ᠂  ᠸᠢᠴᠠᠲ ᠲᠠᠪᠴᠠᠩ ᠢᠶᠠᠷ ᠳᠠᠮᠵᠢᠭᠤᠯᠤᠨ ᠬᠠᠭᠤᠴᠢᠨ ᠭᠡᠷ ᠤᠨ ᠴᠠᠬᠢᠯᠭᠠᠨ ᠬᠡᠷᠡᠭᠰᠡᠯ ᠤᠨ ᠲᠥᠷᠥᠯ ᠢᠯᠭᠠᠯ᠂ ᠨᠠᠷᠠᠲᠤ ᠲᠡᠮᠳᠡᠭ᠂ ᠬᠠᠭᠤᠴᠢᠨ ᠭᠡᠷ ᠤᠨ ᠴᠠᠬᠢᠯᠭᠠᠨ ᠬᠡᠷᠡᠭᠰᠡᠯ ᠤᠨ ᠪᠤᠴᠠᠭᠠᠨ ᠬᠤᠷᠢᠶᠠᠬᠤ ᠦᠨ᠎ᠡ ᠬᠠᠩᠰᠢ᠂ ᠴᠣᠷ ᠤᠨ ᠭᠠᠭᠴᠠ ᠳ᠋ᠤᠭᠠᠷᠯᠠᠭᠰᠠᠨ ᠬᠠᠭᠤᠴᠢᠨ ᠭᠡᠷ ᠤᠨ ᠴᠠᠬᠢᠯᠭᠠᠨ ᠬᠡᠷᠡᠭᠰᠡᠯ ᠤᠨ ᠭᠡᠷᠡᠴᠢ ᠪᠠᠷᠢᠮᠲᠠ ᠶᠢᠨ ᠳ᠋ᠤᠭᠠᠷᠯᠠᠯ ᠤᠨ ᠳ᠋ᠤᠭᠠᠷ᠂ ᠰᠢᠨ᠎ᠡ ᠮᠠᠰᠢᠨ ᠬᠤᠳᠠᠯᠳᠤᠨ ᠠᠪᠤᠭᠴᠢ ᠶᠢᠨ ᠨᠡᠷ᠎ᠡ᠂ ᠪᠡᠶ᠎ᠡ ᠶᠢᠨ ᠦᠨᠡᠮᠯᠡᠯ ᠤᠨ ᠨᠣᠮᠧᠷ᠂ ᠬᠠᠭᠤᠴᠢᠨ ᠭᠡᠷ ᠤᠨ ᠴᠠᠬᠢᠯᠭᠠᠨ ᠬᠡᠷᠡᠭᠰᠡᠯ ᠤᠨ ᠬᠡᠷᠡᠯ ᠵᠢᠷᠤᠭ ᠵᠡᠷᠭᠡ ᠮᠡᠳᠡᠭᠡ ᠵᠠᠩᠭᠢ ᠶᠢ ᠬᠤᠷᠢᠶᠠᠯᠭᠠᠬᠤ ᠪᠠᠷ ᠲᠡᠩᠰᠠᠯᠠᠭᠤᠯᠤᠨ᠎ᠠ᠃ ᠬᠠᠭᠤᠴᠢᠨ ᠭᠡᠷ ᠤᠨ ᠴᠠᠬᠢᠯᠭᠠᠨ ᠬᠡᠷᠡᠭᠰᠡᠯ ᠢᠶᠠᠨ ᠰᠢᠨ᠎ᠡ ᠪᠠᠷ ᠰᠣᠯᠢᠬᠤ ᠠᠵᠢᠯᠯᠠᠭ᠎ᠠ ᠳᠤ ᠣᠷᠣᠯᠴᠠᠭᠰᠠᠨ ᠬᠤᠳᠠᠯᠳᠤᠭᠴᠢ᠃ ᠬᠠᠭᠤᠴᠢᠨ ᠭᠡᠷ ᠤᠨ ᠴᠠᠬᠢᠯᠭᠠᠨ ᠬᠡᠷᠡᠭᠰᠡᠯ ᠤᠨ ᠲᠤᠬᠠᠢ ᠮᠡᠳᠡᠭᠡ ᠵᠠᠩᠭᠢ ᠶᠢ ᠬᠤᠷᠢᠶᠠᠭᠰᠠᠨ ᠢ ᠨᠤᠲᠠᠯᠠᠭᠰᠠᠨ ᠤ ᠳᠠᠷᠠᠭ᠎ᠠ᠂ ᠬᠡᠷᠡᠭᠯᠡᠭᠴᠢᠳ ᠬᠠᠮᠢᠶ᠎ᠠ ᠪᠦᠬᠦᠢ ᠲᠠᠪᠴᠠᠩ ᠳᠤ ︽ᠬᠠᠭᠤᠴᠢᠨ ᠢᠶᠠᠷ ᠰᠢᠨ᠎ᠡ ᠶᠢ ᠰᠣᠯᠢᠬᠤ ︾ ᠨᠥᠬᠦᠪᠦᠷᠢ ᠶᠢᠨ ᠲᠡᠮᠳᠡᠭᠲᠦ ᠶᠢ ᠳᠠᠩᠰᠠᠯᠠᠭᠤᠯᠬᠤ ᠶᠢᠨ ᠬᠠᠮᠲᠤ ᠭᠡᠷ ᠤᠨ ᠴᠠᠬᠢᠯᠭᠠᠨ ᠬᠡᠷᠡᠭᠰᠡᠯ ᠢ ᠠᠪᠤᠨ᠎ᠠ᠃ ᠬᠠᠭᠤᠴᠢᠨ ᠭᠡᠷ ᠤᠨ ᠴᠠᠬᠢᠯᠭᠠᠨ ᠬᠡᠷᠡᠭᠰᠡᠯ ᠢ ᠲᠤᠰᠢᠶᠠᠨ ᠬᠤᠳᠠᠯᠳᠤᠬᠤ ᠪᠠ ᠰᠢᠨ᠎ᠡ ᠭᠡᠷ ᠤᠨ ᠴᠠᠬᠢᠯᠭᠠᠨ ᠬᠡᠷᠡᠭᠰᠡᠯ ᠢ ᠬᠤᠳᠠᠯᠳᠤᠨ ᠠᠪᠬᠤ ᠬᠥᠮᠥᠨ ᠡᠷᠬᠡᠪᠰᠢ ᠨᠢᠭᠡᠳᠦᠯᠲᠡᠢ ᠪᠠᠶᠢᠬᠤ ᠬᠡᠷᠡᠭᠲᠡᠢ᠃ ᠬᠡᠷᠪᠡ ᠨᠥᠬᠦᠪᠦᠷᠢ ᠶᠢᠨ ᠪᠡᠯᠡ ᠮᠥᠩᠭᠦ ᠶᠢ ᠬᠡᠷᠡᠭᠯᠡᠵᠦ ᠳᠠᠭᠤᠰᠪᠠᠯ᠂ ᠠᠶᠢᠮᠠᠭ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠬᠢᠨ ᠲᠦᠬᠡᠬᠡᠵᠤ ᠲᠠᠭᠤᠰᠤᠬᠰᠠᠨ ᠲᠤᠬᠠᠢ ᠠᠯᠪᠠᠨ ᠵᠠᠷ ᠢ ᠴᠠᠭ ᠲᠤᠬᠠᠢ  ᠳᠤ ᠨᠢ ᠨᠡᠶᠢᠲᠡᠯᠡᠨ᠎ᠡ᠃     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠭᠤᠴᠢᠨ ᠭᠡᠷ ᠤᠨ ᠴᠠᠬᠢᠯᠭᠠᠨ ᠬᠡᠷᠡᠭᠰᠡᠯ  ᠢ ᠰᠢᠨ᠎ᠡ ᠪᠠᠷ ᠰᠣᠯᠢᠬᠤ ᠨᠥᠬᠦᠪᠦᠷᠢ ᠶᠢᠨ ᠲᠤᠬᠠᠢ ᠬᠡᠷᠡᠭᠵᠢᠭᠦᠯᠬᠦ ᠲᠥᠰᠥᠯ︾ ᠳᠤ ᠬᠢᠨᠠᠯᠲᠠ ᠬᠠᠮᠢᠶᠠᠷᠤᠯᠲᠠ ᠶᠢᠨ ᠲᠠᠯ᠎ᠠ  ᠪᠠᠷ ᠨᠢ ᠱᠠᠭᠠᠷᠳᠠᠯᠭ᠎ᠠ ᠶᠢ ᠲᠣᠳᠣᠷᠬᠠᠶᠢᠯᠠᠪᠠ᠄       ᠡᠯ᠎ᠡ ᠠᠶᠢᠮᠠᠭ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠨᠢ ᠡᠳ᠋ ᠤᠨ ᠵᠠᠰᠠᠭ ᠤᠨ ᠲᠣᠪᠴᠢᠶ᠎ᠠ ᠲᠠᠢ ᠬᠠᠮᠲᠤᠷᠠᠨ ᠬᠡᠷᠡᠭᠵᠢᠭᠦᠯᠬᠦ ᠲᠥᠰᠥᠯ ᠲᠣᠭᠲᠠᠭᠠᠵᠤ᠂ ᠬᠦᠨᠳᠡᠯᠡᠨ ᠤ ᠲᠠᠪᠴᠠᠩ ᠢ ᠲᠣᠭᠲᠠᠭᠠᠨ᠎ᠠ᠃ ᠠᠶᠢᠮᠠᠭ ᠬᠤᠳᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠬᠢᠨ ᠨᠥᠬᠦᠪᠦᠷᠢ ᠶᠢᠨ ᠪᠡᠯᠡ ᠮᠥᠩᠭᠦ ᠶᠢ ᠬᠢᠨᠠᠨ ᠬᠠᠷᠭᠤᠭᠤᠯᠬᠤ ᠠᠵᠢᠯ ᠢ ᠬᠠᠷᠢᠭᠤᠴᠠᠵᠤ᠂ ᠡᠳ᠋ ᠤᠨ ᠵᠠᠰᠠᠭ ᠤᠨ ᠲᠣᠪᠴᠢᠶ᠎ᠠ ᠶᠢᠨ ᠬᠢᠨ ᠨᠥᠬᠦᠪᠦᠷᠢ ᠶᠢᠨ ᠪ᠊ ᠮᠥᠩᠭᠦ ᠶᠢ ᠲᠠᠰᠤᠯᠵᠤ ᠥᠭᠬᠦ ᠶᠢ ᠬᠠᠷᠢᠭᠤᠴᠠᠨ᠎ᠠ᠃ ᠡᠯ᠎ᠡ ᠠᠶᠢᠮᠠᠭ ᠬᠤᠲᠠ ᠨᠤᠭᠤᠳ ᠭᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠲᠤᠬᠠᠢ  ᠯᠠᠪᠯᠠᠭ᠎ᠠ ᠶᠢᠨ ᠪᠠᠶᠢᠡᠭᠭᠤ ᠶᠢᠨ ᠤᠲᠠᠰᠤ ᠭᠠᠷᠭᠠᠵᠤ᠂ ᠣᠯᠠᠨ ᠨᠡᠶᠢᠲᠡ ᠶᠢᠨ ᠬᠦᠰᠡᠯ ᠱᠠᠭᠠᠷᠳᠠᠯᠭ᠎ᠠ ᠳᠤ ᠴᠠᠭ ᠲᠤᠬᠠᠢ  ᠳᠤ ᠨᠢ ᠬᠠᠷᠢᠭᠤ ᠥᠭᠴᠦ᠂ ᠨᠡᠶᠢᠭᠡᠮ ᠤᠨ ᠬᠢᠨᠠᠯᠲᠠ ᠶᠢ ᠬᠦᠯᠢᠶᠡᠬᠦ ᠬᠡᠷᠡᠭᠲᠡᠢ᠃   
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号