ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠤᠨ ᠬᠤᠯᠪᠣᠭ᠎ᠠ ᠶᠢᠨ ᠠᠷᠪᠠᠨ ᠭᠤᠷᠪᠠᠳᠤᠭᠠᠷ | ᠬᠤᠭᠤᠴᠠᠭᠠᠨ ᠤ ᠬᠤᠷᠢᠶ᠎ᠠ ᠶᠢᠨ ᠪᠦᠬᠦᠳᠡ ᠬᠤᠷᠠᠯ ᠡᠬᠢᠯᠡᠪᠡ | ᠯᠢ ᠢᠦᠢ ᠭᠠᠩ ᠶᠠᠷᠢᠶ᠎ᠠ ᠲᠠᠯᠪᠢᠵᠤ ᠦ᠋ ᠶᠠᠨ ᠭᠠᠩ᠂ ᠪᠦᠦ ᠰᠢᠶᠠᠨ ᠬᠤᠸᠠ᠂ ᠶᠠᠩ ᠵᠢᠶᠧ ᠨᠠᠷ ᠬᠤᠷᠠᠯ ᠳᠤ | ᠤᠷᠤᠯᠴᠠᠪᠠ | ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠤᠨ ᠬᠤᠯᠪᠣᠭ᠎ᠠ ᠶᠢᠨ ᠠᠷᠪᠠᠨ | ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠪᠥᠬᠦᠳᠡ ᠬᠤᠷᠠᠯ ᠪᠠ ᠰᠤᠷᠤᠭᠴᠢᠳ ᠤᠨ ᠬᠤᠯᠪᠣᠭ᠎ᠠ ᠶᠢᠨ | ᠠᠷᠪᠠᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ 6 ᠳ᠋ᠤᠭᠠᠷ ᠰᠠᠷ᠎ᠠ ᠶᠢᠨ 26 ᠤ ᠡᠳᠦᠷ | ᠬᠥᠬᠡᠬᠤᠲᠠ ᠳᠤ ᠡᠬᠢᠯᠡᠪᠡ᠃ | ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ | ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠢᠦᠢ ᠭᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ | ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠦ᠋ ᠶᠠᠨ ᠭᠠᠩ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ | ᠣᠷᠣᠨ ᠤ ᠳᠡᠳ᠋ ᠲᠡᠷᠢᠭᠦᠯᠡᠭᠴᠢ ᠪᠦᠦ ᠰᠢᠶᠠᠨ ᠬᠤᠸᠠ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ | ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠠᠩ ᠵᠢᠶᠧ ᠨᠠᠷ ᠬᠤᠷᠠᠯ ᠳᠤ ᠣᠷᠣᠯᠴᠠᠪᠠ᠃ | ᠬᠤᠷᠠᠯ ᠲᠡᠬᠡᠷ᠎ᠡ᠄ ︽ᠡᠯ᠎ᠡ ᠱᠠᠲᠤᠨ ᠤ ᠵᠠᠯᠠᠭᠤᠴᠤᠳ ᠤᠨ ᠬᠤᠯᠪᠣᠭ᠎ᠠ᠂ ᠰᠤᠷᠤᠭᠴᠢᠳ ᠤᠨ ᠬᠤᠯᠪᠣᠭ᠎ᠠ ᠶᠢᠨ | ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠶᠢᠨ ︿ᠵᠠᠯᠠᠭᠤᠴᠤᠳ ᠤᠨ ᠪᠦᠯᠦᠭ﹀ ᠤᠨ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠪᠠᠷ | ᠠᠵᠢᠯ ᠢᠶᠠᠨ ᠥᠷᠨᠢᠭᠦᠯᠵᠦ᠂ ᠵᠠᠯᠠᠭᠤᠴᠤᠳ ᠪᠣᠯᠣᠨ ᠵᠠᠯᠠᠭᠤ ᠰᠤᠷᠤᠭᠴᠢᠳ ᠬᠦᠰᠡᠯᠡᠩ ᠢᠲᠡᠭᠡᠯ ᠪᠢᠰᠢᠷᠡᠯ ᠢᠶᠠᠨ | ᠪᠠᠲᠤᠳᠬᠠᠵᠤ᠂ ᠭᠤᠣᠯ ᠱᠤᠭᠤᠮ ᠤᠨ ᠤᠬᠠᠮᠰᠠᠷ ᠢᠶᠠᠨ ᠴᠢᠩᠭᠠᠳᠬᠠᠵᠤ᠂ ᠴᠠᠭ ᠦᠶ᠎ᠡ ᠶᠢᠨ ᠡᠭᠦᠷᠭᠡ | ᠬᠠᠷᠢᠭᠤᠴᠠᠯᠭ᠎ᠠ ᠶᠢ ᠡᠭᠦᠷᠭᠡᠯᠡᠵᠦ᠂ ᠰᠢᠷᠭᠠᠭᠤ ᠬᠠᠲᠠᠭᠤᠵᠢᠯᠲᠠᠢ ᠲᠡᠮᠡᠴᠡᠵᠦ᠂ ᠢᠮᠠᠭᠲᠠ ᠬᠤᠶᠠᠷ ᠶᠡᠭᠡ ᠶᠠᠪᠤᠳᠠᠯ ᠢ | ᠰᠠᠶᠢᠲᠤᠷ ᠬᠢᠬᠦ ᠳᠤ ᠦᠢᠯᠡᠴᠢᠯᠡᠬᠦ ᠲᠡᠮᠡᠴᠡᠭᠴᠢ ᠪᠣᠯᠬᠤ ᠬᠡᠷᠡᠭᠲᠡᠢ︾ ᠬᠡᠵᠡᠢ᠃ | | |