ᠦᠨᠤ ᠵᠢᠯ ᠤᠨ ᠮᠠᠨ ᠤ ᠤᠷᠤᠨ ᠤ ᠠᠵᠤ ᠠᠬᠤᠶᠢᠯᠠᠯ ᠳᠤ ᠠᠰᠢᠭ ᠬᠦᠷᠲᠡᠭᠡᠬᠦ 8.68 ᠳ᠋ᠦᠩᠰᠢᠭᠤᠷ ᠲᠥᠭᠦᠷᠢᠭ ᠲᠦᠷᠦᠭᠦᠸ ᠪᠦᠯᠦᠭ ᠪᠡᠯᠡ ᠮᠥᠩᠭᠦ 921 ᠠᠵᠤ ᠠᠬᠤᠶᠢᠯᠠᠯ ᠳᠤ ᠰᠢᠭᠤᠳ ᠭᠦᠷᠦᠨ᠎ᠡ
ᠨᠡᠶᠢᠲᠡᠯᠡᠭᠰᠡᠨ ᠴᠠᠭ᠄
2024/6/27
   ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠬᠠᠮᠤᠭ ᠤᠨ ᠰᠢᠨ᠎ᠡ ᠮᠡᠳᠡᠭᠡ᠄  ᠮᠠᠨ ᠤ ᠤᠷᠤᠨ ᠤ ᠠᠵᠤ ᠠᠬᠤᠶᠢᠯᠠᠯ ᠳᠤ ᠠᠰᠢᠭ ᠬᠦᠷᠲᠡᠭᠡᠬᠦ 8.68 ᠳ᠋ᠦᠩᠰᠢᠭᠤᠷ ᠲᠥᠭᠦᠷᠢᠭ ᠲᠦᠷᠦᠭᠦᠸ ᠪᠦᠯᠦᠭ ᠪᠡᠯᠡ ᠮᠥᠩᠭᠦ  ᠶᠢ 2024 ᠣᠨ ᠳᠤ ᠣᠲᠣ ᠪᠣᠯᠲᠠᠯ᠎ᠠ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠠᠴᠠ ᠪᠥᠬᠦ ᠣᠷᠣᠨ ᠤ 921 ᠠᠵᠤ ᠠᠬᠤᠶᠢᠯᠠᠯ ᠳᠤ ᠰᠢᠭᠤᠳ ᠥᠭᠴᠦ᠂ ᠭᠤᠣᠯᠳᠠᠭᠤ ᠳᠣᠲᠣᠭᠠᠳᠤ ᠠᠷᠠᠯᠵᠢᠶ᠎ᠠ ᠶᠢᠨ ᠭᠦᠢᠯᠭᠡᠭᠡ᠂ ᠭᠠᠳᠠᠭᠠᠳᠤ ᠠᠵᠤ ᠠᠬᠤᠢ ᠠᠷᠠᠯᠵᠢᠶ᠎ᠠ ᠪᠠ ᠠᠵᠤ ᠦᠢᠯᠡᠳᠪᠦᠷᠢ ᠵᠡᠷᠭᠡ ᠬᠦᠷᠢᠶ᠎ᠡ ᠴᠠᠷᠠᠭ᠎ᠠ ᠳᠤ ᠬᠢ 1170 ᠲᠥᠷᠥᠯ ᠵᠦᠢᠯ ᠤᠨ ᠬᠥᠭᠵᠢᠯᠲᠡ ᠶᠢ ᠳᠡᠮᠵᠢᠬᠦ ᠳᠤ ᠬᠡᠷᠡᠭᠯᠡᠭᠰᠡᠨ ᠪᠠᠶᠢᠨ᠎ᠠ᠃    ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ ᠢ ᠤᠯᠠᠮ ᠰᠢᠯᠢᠳᠡᠭᠵᠢᠭᠦᠯᠬᠦ ᠶᠢᠨ ᠲᠥᠯᠥᠭᠡ᠂ ᠮᠠᠨ ᠤ ᠣᠷᠣᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠠᠬᠢᠭᠤᠯᠵᠤ᠂ 2023 ᠣᠨ ᠤ 8 ᠰᠠᠷ᠎ᠠ ᠠᠴᠠ ᠨᠠᠭᠠᠰᠢ᠂ ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠭᠤᠣᠯ ᠴᠣᠭᠴᠠ ᠪᠠ ︽ᠮᠡᠳᠡᠭᠡ ᠵᠠᠩᠭᠢ ᠶᠢ ᠢᠯᠡᠭᠦᠬᠡᠨ ᠭᠦᠶᠦᠯᠭᠡᠵᠦ᠂ ᠠᠵᠤ ᠠᠬᠤᠶᠢᠯᠠᠯ ᠢ ᠳᠤᠲᠠᠭᠤ ᠭᠦᠶᠦᠯᠭᠡᠬᠦ︾ ᠵᠠᠷᠴᠢᠮ ᠶᠣᠰᠣᠭᠠᠷ ᠥᠪᠡᠷᠲᠡᠭᠡᠨ ᠵᠠᠰᠠᠬᠤ ᠣᠷᠣᠨ ᠲᠣᠭᠠᠴᠢᠯᠠᠭᠰᠠᠨ ᠡᠳ᠋ ᠤᠨ ᠵᠠᠰᠠᠭ ᠲᠤ ᠰᠠᠭᠤᠷᠢᠯᠠᠨ᠂ ᠣᠲᠣ ᠶᠢᠨ ᠪᠠᠶᠢᠭ᠎ᠠ ᠲᠤᠬᠠᠶᠢᠯᠠᠭᠰᠠᠨ ᠠᠵᠢᠯ ᠢᠶᠠᠨ ᠳᠠᠬᠢᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠲᠥᠷᠥᠯ ᠵᠦᠢᠯ ᠤᠨ ᠬᠥᠮᠥᠷᠭᠡ ᠪᠠ ᠲᠥᠰᠥᠪ ᠤᠨ ᠬᠠᠮᠢᠶᠠᠷᠤᠯᠲᠠ ᠶᠢ ᠨᠢᠭᠡ ᠴᠣᠭᠴᠠᠵᠢᠭᠤᠯᠬᠤ ᠰᠢᠰᠲ᠋ᠧᠮ ᠢᠶᠠᠷ ᠳᠠᠮᠵᠢᠭᠤᠯᠤᠨ ᠪᠦᠲᠦᠮᠵᠢᠲᠡᠶ ᠵᠣᠯᠭᠠᠭᠤᠯᠵᠤ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠪᠡᠯᠡ ᠮᠥᠩᠭᠦ ᠶᠢ ᠥᠪᠡᠷᠲᠡᠭᠡᠨ ᠵᠠᠰᠠᠬᠤ ᠣᠷᠣᠨ ᠤ ᠲᠠᠰ ᠳᠠᠪᠬᠤᠷᠭ᠎ᠠ ᠠᠴᠠ ᠠᠵᠤ ᠠᠬᠤᠶᠢᠯᠠᠯ ᠳᠤ ᠰᠢᠭᠤᠳ ᠬᠦᠷᠭᠡᠬᠦ ᠶᠢ ᠪᠡᠶᠡᠯᠡᠭᠦᠯᠪᠡ᠃ ᠠᠵᠤ ᠠᠬᠤᠶᠢᠯᠠᠯ ᠥᠪᠡᠷᠲᠡᠭᠡᠨ ᠵᠠᠰᠠᠬᠤ ᠣᠷᠣᠨ ᠤ ᠳᠡᠰ ᠤᠨ ᠲᠥᠷᠥᠯ ᠵᠦᠢᠯ ᠤᠨ ᠬᠥᠮᠥᠷᠭᠡ ᠪᠠᠷ ᠳᠡᠮᠵᠢᠨ ᠲᠥᠷᠥᠯ ᠵᠦᠢᠯ ᠢᠶᠠᠨ ᠰᠢᠭᠤᠳ ᠮᠡᠳᠡᠭᠦᠯᠵᠦ᠂ ᠱᠠᠲᠤ ᠳᠠᠷᠠᠭᠠᠯᠠᠨ ᠬᠢᠨᠠᠨ ᠬᠠᠷᠭᠤᠭᠤᠯᠬᠤ ᠪᠠᠷ ᠳᠡᠮᠵᠢᠨ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥᠯ ᠵᠦᠢᠯ ᠢ ᠭᠤᠶᠤᠴᠢᠯᠠᠨ ᠮᠡᠳᠡᠭᠦᠯᠵᠦ ᠬᠢᠨᠠᠨ ᠬᠠᠷᠭᠤᠭᠤᠯᠬᠤ ᠠᠴᠠ ᠬᠥᠮᠥᠷᠭᠡ ᠳᠤ ᠣᠷᠣᠭᠤᠯᠬᠤ᠂ ᠲᠥᠰᠥᠪ ᠢ ᠨᠠᠶᠢᠷᠠᠭᠤᠯᠤᠨ ᠵᠣᠬᠢᠶᠠᠬᠤ ᠪᠠ ᠲᠥᠷᠥᠯ ᠵᠦᠢᠯ ᠤᠨ ᠪᠡᠯᠡ ᠮᠥᠩᠭᠦ ᠶᠢ ᠪᠠᠭᠤᠯᠭᠠᠬᠤ᠂ ᠲᠥᠷᠥᠯ ᠵᠦᠢᠯ ᠤᠨ ᠪᠡᠯᠡ ᠮᠥᠩᠭᠦ ᠶᠢ ᠬᠢᠨᠠᠨ ᠬᠠᠮᠢᠶᠠᠷᠬᠤ ᠵᠡᠷᠭᠡ ᠪᠥᠬᠦ  ᠶᠠᠪᠤᠴᠨ ᠶᠢᠨ ᠬᠥᠳᠡᠯᠦᠩᠭᠦᠢ ᠬᠠᠮᠢᠶᠠᠷᠤᠯᠲᠠ ᠶᠢ ᠪᠡᠶᠡᠯᠡᠭᠦᠯᠵᠦ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠪᠡᠯᠡ ᠮᠥᠩᠭᠦ ᠶᠢᠨ ᠰᠠᠭᠠᠳ ᠦᠭᠡᠢ ᠨᠡᠪᠲᠡᠷᠡᠬᠦ ᠵᠠᠮ ᠢ ᠨᠡᠭᠡᠭᠡᠵᠦ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ᠂ ᠠᠵᠤ ᠠᠬᠤᠶᠢᠯᠠᠯ ᠤᠨ ᠠᠰᠢᠭ ᠭᠥᠷᠳᠡᠭᠰᠡᠨ ᠲᠥᠷᠥᠭᠳᠡᠯ ᠢ ᠨᠡᠮᠡᠭᠳᠡᠭᠦᠯᠬᠦ ᠪᠠ ᠠᠵᠤ ᠠᠬᠤᠢ ᠶᠢᠨ ᠴᠢᠨᠠᠷᠯᠢᠭ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠪᠥᠭᠡᠳ ᠠᠯᠤᠰ ᠬᠡᠲᠦ ᠶᠢᠨ ᠨᠥᠯᠥᠭᠡ ᠲᠠᠢ ᠶᠤᠮ᠃    
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号